ᠮᠠᠨ ᠤ ᠰᠢᠶᠠᠨ ᠠᠩᠬᠠᠳᠤᠭᠠᠷ ᠬᠤᠭᠤᠴᠠᠭᠠᠨ ᠤ ᠠᠵᠢᠯᠲᠠᠳ ᠤᠨ︽ᠪᠡᠶ᠎ᠡ ᠴᠢᠭᠢᠷᠠᠭᠵᠢᠭᠤᠯᠬᠤ ᠲᠠᠮᠢᠷ᠂ ᠵᠠᠭᠤᠨ ᠬᠥᠮᠥᠨ ᠤ ᠡᠷᠡᠭᠦᠯᠵᠢᠯ ᠤᠨ ᠠᠯᠬᠤᠯᠲᠠ︾ ᠶᠢᠨ ᠤᠷᠤᠯᠳᠤᠭᠠᠨ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/5/18
   5 ᠰᠠᠷ᠎ᠠ ᠶᠢᠨ 17 ᠤ ᠡᠳᠦᠷ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ︽ᠪᠡᠶ᠎ᠡ ᠴᠢᠭᠢᠷᠠᠭᠵᠢᠭᠤᠯᠬᠤ ᠲᠠᠮᠢᠷ᠂ ᠵᠠᠭᠤᠨ ᠬᠥᠮᠥᠨ ᠤ ᠡᠷᠡᠭᠦᠯᠵᠢᠯ ᠤᠨ ᠠᠯᠬᠤᠯᠲᠠ︾ ᠶᠢᠨ ᠤᠷᠤᠯᠳᠤᠭᠠᠨ ᠤ ᠠᠵᠢᠯᠯᠠᠭ᠎ᠠ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠪᠡᠶ᠎ᠡ ᠲᠠᠮᠢᠷ ᠤᠨ ᠲᠠᠯᠠᠪᠠᠶ ᠳᠤ ᠡᠬᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠦ ᠱᠢ ᠮᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠢᠦᠢ ᠵᠢᠤᠸᠠᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠴᠢᠩ ᠾᠧ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

1.png

   ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠢᠦᠢ ᠵᠢᠤᠸᠠᠨ ᠪᠠᠶᠠᠷ ᠤᠨ ᠦᠭᠡᠨ ᠳᠡᠭᠡᠨ ᠵᠢᠭᠠᠵᠤ

ᠭᠠᠷᠭᠠᠭᠰᠠᠨ ᠨᠢ᠂ ᠲᠤᠰ ᠤᠳᠠᠭᠠᠨ ᠤ ᠠᠵᠢᠯᠯᠠᠭ᠎ᠠ  ᠶᠢ ᠥᠷᠨᠢᠭᠦᠯᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ

ᠵᠠᠰᠠᠭ ᠤᠨ ᠣᠷᠳᠣᠨ ᠤ ︽ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠳᠦᠷᠢᠮ︾ ᠢ 

ᠲᠤᠭᠤᠰᠢᠯᠠᠭᠤᠯᠬᠤ ᠴᠢᠬᠤᠯᠠ ᠶᠡᠭᠡ ᠠᠵᠢᠯᠯᠠᠭ᠎ᠠ ᠪᠣᠯᠬᠤ  ᠪᠠᠷ ᠪᠠᠷᠠᠬᠤ ᠦᠭᠡᠢ᠂ ᠮᠥᠨ ᠴᠦ ᠪᠦᠬᠦ ᠰᠢᠶᠠᠨ ᠤ

ᠠᠵᠢᠯᠲᠠᠨ ᠠᠵᠢᠯᠴᠢᠨ ᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠡᠷᠡᠭᠦᠯ ᠴᠢᠭᠢᠷᠠᠭ ᠪᠡᠶ᠎ᠡ ᠮᠠᠬᠠᠪᠤᠳ ᠢ

ᠬᠠᠷᠠᠭᠤᠯᠬᠤ ᠴᠢᠬᠤᠯᠠ ᠠᠵᠠ ᠲᠣᠬᠢᠶᠠᠯ ᠮᠥᠨ᠂ ᠥᠷᠭᠡᠨ ᠤᠯᠠᠨ ᠠᠵᠢᠯᠲᠠᠨ ᠠᠵᠢᠯᠴᠢᠨ ᠳᠤ ᠰᠠᠶᠢᠨ ᠰᠠᠶᠢᠬᠠᠨ

ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠲᠠᠪᠴᠠᠩ ᠢ ᠪᠠᠶᠢᠭᠤᠯᠵᠤ ᠂

ᠥᠷᠭᠡᠨ ᠤᠯᠠᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠡᠭᠡᠷ᠎ᠡ ᠪᠠᠨ ᠬᠤᠴᠣᠷᠬᠤ ᠳᠤᠷ᠎ᠠ ᠦᠭᠡᠢ ᠂ ᠲᠡᠷᠢᠭᠦᠨ

ᠪᠠᠶᠢᠷᠢ ᠶᠢ ᠲᠡᠮᠡᠴᠡᠨ ᠣᠯᠣᠨ᠎ᠠ ᠭᠡᠬᠦ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠬᠠᠷᠢᠭᠤᠴᠠᠯᠭ᠎ᠠ

ᠡᠭᠦᠷᠭᠡᠯᠡᠨ ᠠᠵᠢᠯ ᠶᠠᠪᠤᠳᠠᠯ ᠬᠢᠵᠦ ᠂ ᠡᠷᠡᠯᠬᠡᠭᠯᠡᠨ ᠲᠡᠮᠡᠴᠡᠵᠦ ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ

ᠳᠦᠷᠰᠦ ᠪᠠᠶᠢᠳᠠᠯ ᠪᠣᠯᠣᠨ ᠲᠡᠮᠡᠴᠡᠯ ᠤᠨ ᠳᠦᠷᠰᠦ ᠪᠠᠶᠢᠳᠠᠯ ᠢᠶᠠᠷ ᠬᠤᠸᠠᠳᠧ  ᠶᠢᠨ ᠬᠥᠭᠵᠢᠯᠲᠡ ᠶᠢᠨ ᠰᠢᠨ᠎ᠡ

ᠬᠠᠭᠤᠳᠠᠰᠤ ᠶᠢ ᠴᠢᠷᠮᠠᠶᠢᠨ ᠪᠢᠴᠢᠭᠯᠡᠵᠦ ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ

ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠬᠦᠰᠡᠵᠦ ᠪᠠᠶᠢᠨ᠎ᠠ ᠭᠡᠵᠦ ᠭᠡᠪᠡ᠃

2.png

   ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠮᠠᠨ ᠤ ᠰᠢᠶᠠᠨ ᠤ ᠡᠷᠭᠢᠯᠡᠭᠰᠡᠨ ᠠᠩᠬᠠᠳᠤᠭᠠᠷ ᠬᠤᠭᠤᠴᠠᠭᠠᠨ ᠤ

ᠠᠵᠢᠯᠲᠠᠨ ᠠᠵᠢᠯᠴᠢᠨ ᠤ ︽ᠪᠡᠶ᠎ᠡ ᠴᠢᠭᠢᠷᠠᠭᠵᠢᠭᠤᠯᠬᠤ ᠲᠠᠮᠢᠷ᠂ ᠡᠷᠡᠭᠦᠯᠵᠢᠯ ᠤᠨ ᠠᠯᠬᠤᠯᠲᠠ︾ ᠶᠢᠨ ᠤᠷᠤᠯᠳᠤᠭᠠᠨ ᠤ

ᠳᠤᠮᠳᠠᠬᠢ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ ᠨᠢ ᠪᠠᠶᠠᠷ ᠬᠥᠷ ᠲᠠᠢ ᠬᠥᠭᠵᠢᠮ ᠤᠨ ᠠᠶᠠᠰ ᠤᠨ

ᠳᠤᠮᠳᠠ ᠬᠥᠰᠢᠭᠡ ᠪᠠᠨ ᠰᠡᠬᠦᠪᠡ᠃

   ᠤᠷᠤᠯᠳᠤᠭᠠᠨ ᠤ ᠲᠠᠯᠠᠪᠤᠷ ᠲᠤ ᠂ ᠦᠵᠡᠰᠬᠦᠯᠡᠩ ᠰᠠᠶᠢᠬᠠᠨ ᠬᠤᠪᠴᠠᠰᠤ ᠵᠠᠰᠠᠯ ᠂ ᠪᠠᠶᠠᠷ ᠪᠠᠶᠠᠰᠬᠤᠯᠠᠩ ᠲᠠᠢ 

ᠬᠦᠭᠵᠢᠮ ᠠᠶᠠᠯᠭᠤ᠂ ᠵᠢᠪᠬᠤᠭ᠎ᠠ ᠲᠡᠭᠦᠯᠳᠡᠷ ᠪᠥᠵᠢᠭ ᠤᠨ ᠬᠦᠳᠡᠯᠭᠡᠭᠡᠨ᠂  ᠬᠠᠯᠠᠭᠤᠨ ᠤᠷᠮᠠᠰ ᠨᠢ ᠣᠷᠭᠢᠯᠤᠭᠰᠠᠨ

ᠲᠣᠭᠯᠠᠯᠲᠠ ᠶᠢᠨ 12 ᠪᠠᠭ ᠡᠭᠡᠯᠵᠢᠯᠡᠨ ᠲᠠᠯᠠᠪᠠᠢ ᠳᠤ ᠭᠠᠷᠤᠯ᠎ᠠ ᠃ ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ

ᠰᠡᠳᠬᠢᠯᠭᠡ ᠲᠠᠢ ᠂ ᠲᠡᠮᠡᠴᠡᠯ ᠤᠨ ᠵᠣᠷᠢᠭ ᠣᠷᠭᠢᠯᠤᠮ᠎ᠠ ᠪᠠᠳᠠᠷᠠᠩᠭᠤᠢ ᠪᠠᠷ ᠪᠦᠬᠦ ᠰᠢᠶᠠᠨ ᠤ ᠺᠠᠳ᠋ᠷ ᠠᠵᠢᠯᠲᠠᠨ

ᠠᠵᠢᠯᠴᠢᠨ ᠤ ᠴᠤᠭ ᠪᠠᠳᠠᠷᠠᠩᠭᠤᠢ ᠂ ᠡᠷᠡᠭᠦᠯ ᠥᠭᠡᠳᠡᠷᠬᠡᠭ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ

ᠬᠠᠷᠠᠭᠤᠯᠵᠠᠢ ᠃

3.png

   ᠲᠤᠰᠬᠠᠢ ᠮᠡᠷᠭᠡᠵᠢᠯ ᠤᠨ ᠰᠢᠯᠭᠠᠷᠠᠭᠤᠯᠤᠯᠲᠠ ᠪᠠᠷ ᠳᠡᠮᠵᠢᠨ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ

ᠳᠡᠰ ᠤᠨ ᠱᠠᠩᠨᠠᠯ ᠢ ᠲᠣᠰ ᠲᠣᠰ ᠰᠢᠯᠭᠠᠷᠠᠭᠤᠯᠤᠭᠰᠠᠨ ᠪᠥᠭᠡᠳ ᠲᠤᠬᠠᠢ ᠶᠢᠨ ᠲᠠᠯᠠᠪᠤᠷ ᠲᠤᠨᠢ ᠬᠥᠬᠢᠭᠦᠯᠦᠨ ᠱᠠᠩᠨᠠᠪᠠ

   ᠣᠶᠢᠯᠠᠭᠠᠭᠰᠠᠨ ᠢᠶᠠᠷ᠂ ᠤᠷᠤᠯᠳᠤᠭᠠᠨ ᠢ ᠬᠤᠶᠠᠷ ᠡᠳᠦᠷ ᠶᠠᠪᠤᠭᠳᠠᠭᠤᠯᠤᠨ᠎ᠠ᠂ 5 ᠰᠠᠷ᠎ᠠ ᠶᠢᠨ 18 ᠤ ᠡᠳᠦᠷ

ᠪᠠᠰᠠ ᠳ᠋ᠧ ᠱᠧᠩ ᠠᠭᠤᠯᠠᠨ ᠳᠤ ᠵᠠᠭᠤᠨ ᠬᠥᠮᠥᠨ ᠤ ᠢᠳᠡᠷᠡᠭᠦᠨ ᠠᠯᠬᠤᠬᠤ ᠤᠷᠤᠯᠳᠤᠭᠠᠨ ᠤ ᠠᠵᠢᠯᠯᠠᠭ᠎ᠠ

ᠶᠠᠪᠤᠭᠳᠠᠭᠤᠯᠤᠨ᠎ᠠ᠂ ᠡᠭᠦᠨ ᠤ ᠵᠣᠷᠢᠯᠭ᠎ᠠ ᠨᠢ ᠠᠵᠢᠯᠲᠠᠨ ᠠᠵᠢᠯᠴᠢᠨ ᠢ ᠤᠯᠠᠮ ᠨᠢᠭᠡ ᠠᠯᠬᠤᠮ ᠬᠥᠲᠥᠯᠥᠨ

ᠵᠢᠯᠤᠭᠤᠳᠴᠤ ᠪᠠᠶᠢᠭᠠᠳ ᠢᠳᠡᠪᠬᠢᠲᠡᠢ ᠪᠥᠭᠡᠳ ᠡᠷᠡᠭᠦᠯ ᠴᠢᠭᠢᠷᠠᠭ᠂ ᠪᠣᠬᠢᠷᠳᠤᠯ ᠦᠭᠡᠢ᠂ ᠠᠷᠪᠢᠲᠠᠢ ᠪᠥᠭᠡᠳ

ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠶᠠᠭᠠᠷᠠᠯᠲᠠᠢ ᠠᠵᠢᠯ ᠤᠨ

ᠴᠢᠯᠦᠭᠡ ᠪᠠᠷ ᠢᠶᠠᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠤᠬᠠᠮᠰᠠᠷ ᠢ ᠨᠢ ᠴᠢᠩᠭᠠᠷᠠᠭᠤᠯᠵᠤ᠂ ᠡᠷᠡᠭᠦᠯ ᠴᠢᠭᠢᠷᠠᠭ

ᠪᠡᠶ᠎ᠡ ᠮᠠᠬᠠᠪᠤᠳ᠂ ᠴᠤᠭ ᠵᠢᠪᠬᠤᠭ᠎ᠠ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ

ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠯᠭᠡᠬᠦ ᠶᠢᠨ ᠲᠥᠯᠥᠭᠡ ᠶᠤᠮ᠃

4.png

   ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ᠂

ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ ᠰᠢᠶᠠᠨ ᠤ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ

ᠰᠤᠷᠭᠠᠭᠤᠯᠢ ᠵᠡᠷᠭᠡ ᠶᠢᠨ ᠬᠠᠮᠵᠢᠯᠴᠠᠨ ᠡᠷᠭᠢᠯᠡᠬᠦ ᠪᠠ ᠳᠠᠭᠠᠭᠠᠨ ᠡᠷᠭᠢᠯᠡᠬᠦ ᠨᠢᠭᠡᠴᠡ ᠶᠢᠨ ᠬᠠᠮᠢᠶ᠎ᠠ ᠪᠦᠬᠦᠢ

ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2