| 5 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠴᠠᠭ ᠮᠥᠴᠡ ᠶᠢ ᠠᠯᠳᠠᠯ ᠦᠭᠡᠢ ᠴᠢᠷᠮᠠᠶᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠪᠥᠭᠡᠳ | ᠨᠠᠷᠢᠯᠢᠭ ᠠᠳᠬᠤᠵᠤ ᠪᠠᠶᠢᠭ᠎ᠠ ᠪᠠᠶᠢᠳᠠᠯ ᠢ ᠲᠠᠨᠢᠯᠴᠠᠭᠤᠯᠪᠠ᠂ ᠬᠠᠮᠲᠤ ᠳᠤ ᠪᠠᠨ ᠣᠶᠢᠯᠠᠭᠠᠶ᠎ᠠ︕ | ᠣᠶᠢᠷ᠎ᠠ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠪᠠᠭᠤᠷᠠᠬᠤ ᠬᠠᠨᠳᠤᠰᠢ ᠲᠠᠢ ᠪᠠᠶᠢᠨ᠎ᠠ | ᠣᠶᠢᠷ᠎ᠠ ᠶᠢᠨ ᠬᠤᠭᠤᠴᠠᠭᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠦᠷᠭᠦᠯᠵᠢᠯᠡᠨ | ᠪᠠᠭᠤᠷᠠᠬᠤ ᠬᠠᠨᠳᠤᠰᠢ ᠲᠠᠢ ᠪᠣᠯᠵᠤ᠂ 5 ᠳ᠋ᠤᠭᠠᠷ ᠰᠠᠷ᠎ᠠ ᠶᠢᠨ 5 ᠤ ᠡᠳᠦᠷ ᠠᠴᠠ ᠨᠠᠭᠠᠰᠢ᠂ ᠪᠥᠬᠦ ᠤᠯᠤᠰ ᠤᠨ ᠡᠳᠦᠷ | ᠪᠦᠷᠢ ᠶᠢᠨ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠰᠠᠳ ᠴᠥᠮ 5000 ᠬᠥᠮᠥᠨ ᠠᠴᠠ | ᠳᠣᠣᠷ᠎ᠠ ᠪᠠᠶᠢᠨ᠎ᠠ᠃ 5 ᠳ᠋ᠤᠭᠠᠷ ᠰᠠᠷ᠎ᠠ ᠶᠢᠨ 12 ᠤᠨ ᠡᠳᠦᠷ ᠪᠦᠬᠦ ᠤᠯᠤᠰ ᠤᠨ ᠰᠢᠨ᠎ᠡ ᠪᠠᠷ ᠨᠡᠮᠡᠭᠳᠡᠭᠰᠡᠨ | ᠬᠠᠯᠳᠠᠪᠤᠷᠢᠯᠠᠭᠰᠠᠳ ᠤᠨ ᠲᠤᠭ᠎ᠠ 2300 ᠠᠴᠠ ᠳᠣᠷᠣᠭᠰᠢ ᠪᠣᠯᠵᠠᠢ᠃ | ᠣᠳᠣᠬᠠᠨ ᠳᠤ᠂ ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠰᠠᠶᠢᠵᠢᠷᠠᠵᠤ᠂ ᠪᠥᠬᠦ ᠬᠤᠲᠠ ᠶᠢᠨ | ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠲᠤᠭ᠎ᠠ ᠲᠣᠭᠲᠠᠭᠤᠨ ᠢᠶᠠᠷ ᠪᠠᠭᠤᠷᠠᠬᠤ ᠬᠠᠨᠳᠤᠰᠢ ᠲᠠᠢ ᠪᠠᠶᠢᠨ᠎ᠠ᠃ | ᠭᠢᠷᠢᠨ ᠮᠤᠵᠢ ᠶᠢᠨ ᠬᠢᠵᠢᠭ ᠤᠨ ᠪᠠᠶᠢᠳᠠᠯ ᠰᠡᠭᠦᠯ ᠬᠤᠷᠢᠶᠠᠬᠤ ᠱᠠᠲᠤᠨ ᠳᠤ ᠣᠷᠣᠪᠠ᠃ | ᠣᠶᠢᠷ᠎ᠠ ᠳᠤ ᠪᠡᠭᠡᠵᠢᠩ ᠬᠤᠲᠠ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠲᠤᠭ᠎ᠠ ᠡᠳᠦᠢ ᠲᠡᠳᠦᠢ | ᠪᠠᠭᠠᠰᠴᠤ᠂ ᠬᠠᠮᠤᠭ ᠤᠨ ᠥᠨᠳᠥᠷ ᠲᠤ ᠪᠠᠨ 70 ᠭᠠᠷᠤᠢ ᠬᠥᠮᠥᠨ ᠪᠠᠶᠢᠭᠰᠠᠨ ᠠᠴᠠ 5 ᠳ᠋ᠤᠭᠠᠷ ᠰᠠᠷ᠎ᠠ ᠶᠢᠨ 12 ᠤᠨ | ᠡᠳᠦᠷ ᠲᠤ 47 ᠬᠥᠮᠥᠨ ᠪᠣᠯᠵᠤ ᠪᠠᠭᠤᠷᠠᠪᠠ᠂ ᠡᠨᠡ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ | ᠪᠠ ᠦᠷ᠎ᠡ ᠪᠦᠲᠦᠮᠵᠢ ᠶᠢ ᠢᠯᠡᠷᠡᠭᠦᠯᠵᠦ ᠪᠠᠶᠢᠪᠠᠴᠤ ᠬᠠᠮᠢᠶᠠᠷᠤᠨ ᠡᠵᠡᠮᠳᠡᠬᠦ ᠪᠠᠶᠢᠳᠠᠯ ᠳᠤ ᠣᠷᠤᠭ᠎ᠠ ᠦᠭᠡᠢ | ᠬᠠᠯᠳᠠᠪᠤᠷᠢᠯᠠᠭᠰᠠᠳ ᠤᠨ ᠮᠡᠳᠡᠭᠦᠯᠦᠯᠲᠡ ᠮᠥᠨ ᠯᠠ ᠢᠯᠡᠷᠡᠵᠦ᠂ ᠨᠡᠶᠢᠭᠡᠮ ᠲᠣᠭᠤᠷᠢᠭ ᠤᠨ ᠬᠠᠯᠳᠠᠪᠤᠷᠢᠯᠠᠬᠤ ᠲᠦᠭᠰᠢᠭᠦᠷᠢ ᠶᠢ | ᠬᠠᠷᠠᠬᠠᠨ ᠪᠦᠷᠢᠮᠦᠰᠦᠨ ᠬᠤᠷᠢᠭᠯᠠᠵᠤ ᠳᠡᠶᠢᠯᠦᠭᠡᠳᠦᠢ ᠪᠠᠶᠢᠨ᠎ᠠ᠃ | ᠰᠧᠴᠤᠸᠠᠨ ᠤ ᠭᠤᠸᠠᠩ ᠠᠨ ᠤ ᠬᠢᠵᠢᠭ ᠤᠨ ᠪᠠᠶᠢᠳᠠᠯ ᠮᠥᠨ ᠬᠦ ᠬᠥᠭᠵᠢᠵᠦ ᠪᠠᠶᠢᠭ᠎ᠠ ᠪᠣᠯᠬᠤᠷ ᠠᠯᠢ ᠲᠦᠷᠭᠡᠨ ᠢᠶᠠᠷ | ᠢᠯᠭᠠᠷᠠᠭᠤᠯᠤᠨ ᠪᠠᠶᠢᠴᠠᠭᠠᠵᠤ ᠬᠠᠮᠢᠶᠠᠷᠤᠨ ᠡᠵᠡᠮᠳᠡᠬᠦ ᠴᠢᠬᠤᠯᠠᠲᠠᠢ ᠪᠠᠶᠢᠨ᠎ᠠ᠃ | ᠾᠧᠨᠠᠨ᠂ ᠵᠢᠶᠠᠩᠰᠤ᠂ ᠵᠧᠵᠢᠶᠠᠩ᠂ ᠵᠢᠶᠠᠩᠰᠢ᠂ ᠯᠢᠶᠣᠤᠨᠢᠩ ᠵᠡᠷᠭᠡ ᠭᠠᠵᠠᠷ ᠤᠨ ᠬᠢᠵᠢᠭ ᠤᠨ ᠪᠠᠶᠢᠳᠠᠯ ᠤᠯᠠᠮ ᠢᠶᠠᠷ | ᠲᠣᠭᠲᠠᠭᠤᠨ ᠪᠣᠯᠵᠤ ᠪᠠᠶᠢᠪᠠᠴᠤ ᠮᠥᠨ ᠬᠦ ᠠᠯᠢ ᠲᠦᠷᠭᠡᠨ ᠢᠶᠠᠷ ᠲᠡᠭ ᠪᠣᠯᠭᠠᠬᠤ ᠴᠢᠬᠤᠯᠠᠲᠠᠢ ᠪᠠᠶᠢᠨ᠎ᠠ᠃ | ᠤᠮᠢᠺᠷᠤᠨ ᠬᠢᠵᠢᠭ ᠤᠨ ᠪᠠᠶᠢᠳᠠᠯ ᠤᠨ ᠰᠢᠨ᠎ᠡ ᠣᠨᠴᠠᠯᠢᠭ ᠲᠤ ᠴᠢᠭᠯᠡᠭᠦᠯᠦᠨ᠂ ᠪᠢᠲᠡᠭᠦᠮᠵᠢᠯᠡᠬᠦ᠂ ᠬᠠᠮᠢᠶᠠᠷᠬᠤ᠂ | ᠬᠢᠵᠠᠭᠠᠷᠯᠠᠬᠤ ᠴᠠᠭ ᠢ ᠤᠯᠠᠮ ᠨᠢᠭᠡ ᠠᠯᠬᠤᠮ ᠲᠦᠷᠭᠡᠳᠬᠡᠵᠦ᠂ ᠲᠥᠪᠯᠡᠷᠡᠭᠦᠯᠦᠨ ᠲᠤᠰᠠᠭᠠᠷᠯᠠᠬᠤ ᠴᠠᠭ ᠢ ᠪᠣᠭᠤᠨᠢᠰᠬᠠᠨ᠎ᠠ | ᠤᠮᠢᠺᠷᠤᠨ ᠬᠢᠵᠢᠭ ᠤᠨ ᠪᠠᠶᠢᠳᠠᠯ ᠨᠢ ᠥᠩᠭᠡᠷᠡᠭᠰᠡᠨ ᠤ ᠬᠢᠵᠢᠭ ᠤᠨ ᠪᠠᠶᠢᠳᠠᠯ ᠤᠨ ᠣᠨᠴᠠᠯᠢᠭ ᠲᠠᠢ ᠠᠳᠠᠯᠢ ᠦᠭᠡᠢ᠂ | ᠣᠨᠴᠠᠭᠠᠶᠢᠯᠠᠨ ᠲᠠᠷᠬᠠᠬᠤ ᠬᠤᠷᠳᠤᠴᠠ ᠨᠢ ᠲᠦᠷᠭᠡᠨ᠂ ᠨᠢᠭᠤᠭᠳᠠᠬᠤ ᠬᠤᠭᠤᠴᠠᠭ᠎ᠠ ᠨᠢ ᠣᠬᠤᠷ᠂ ᠨᠢᠭᠤᠭᠳᠠᠮᠠᠯ ᠴᠢᠨᠠᠷ ᠢᠶᠠᠷ | ᠴᠢᠩᠭ᠎ᠠ ᠵᠡᠷᠭᠡ ᠣᠨᠴᠠᠯᠢᠭ ᠲᠠᠢ ᠪᠠᠶᠢᠳᠠᠭ᠃ ︽ᠭᠤᠷᠪᠠᠨ ᠣᠷᠣᠨ︾ ᠤ ᠬᠠᠮᠢᠶᠠᠷᠤᠯᠲᠠ ᠪᠣᠯ ᠪᠦᠲᠦᠮᠵᠢᠲᠡᠶ ᠰᠢᠢᠳᠪᠦᠷᠢᠯᠡᠬᠦ | ᠠᠷᠭ᠎ᠠ ᠮᠥᠨ᠂ ᠤᠮᠢᠺᠷᠤᠨ ᠬᠢᠵᠢᠭ ᠤᠨ ᠪᠠᠶᠢᠳᠠᠯ ᠤᠨ ᠰᠢᠨ᠎ᠡ ᠣᠨᠴᠠᠯᠢᠭ ᠲᠤ ᠴᠢᠭᠯᠡᠭᠦᠯᠦᠨ᠂ ᠪᠢᠲᠡᠭᠦᠮᠵᠢᠯᠡᠬᠦ᠂ ᠬᠠᠮᠢᠶᠠᠷᠬᠤ | ᠂ ᠬᠢᠵᠠᠭᠠᠷᠯᠠᠬᠤ ᠴᠠᠭ ᠢ ᠤᠯᠠᠮ ᠨᠢᠭᠡ ᠠᠯᠬᠤᠮ ᠲᠦᠷᠭᠡᠳᠬᠡᠵᠦ᠂ ᠲᠥᠪᠯᠡᠷᠡᠭᠦᠯᠦᠨ ᠲᠤᠰᠠᠭᠠᠷᠯᠠᠬᠤ ᠴᠠᠭ ᠢ ᠪᠣᠭᠤᠨᠢᠰᠬᠠᠨ᠎ᠠ᠃ | ᠲᠦᠷ ᠴᠠᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ ᠲᠦᠷᠭᠡᠨ ᠬᠠᠮᠢᠶᠠᠷᠴᠤ ᠲᠦᠷᠭᠡᠨ ᠰᠢᠯᠢᠬᠦ ᠠᠷᠭ᠎ᠠ | ᠪᠣᠳᠣᠯᠭ᠎ᠠ ᠪᠠᠷ ᠳᠠᠮᠵᠢᠭᠤᠯᠤᠨ᠂ ᠲᠦᠷᠭᠡᠨ ᠢᠶᠠᠷ ᠲᠦᠷᠭᠡᠨ ᠢ ᠡᠵᠡᠮᠳᠡᠵᠦ᠂ ᠲᠦᠭᠰᠢᠭᠦᠷᠢ ᠭᠠᠳᠠᠭᠰᠢ ᠯᠡᠪᠡᠷᠡᠬᠦ ᠠᠴᠠ | ᠰᠡᠷᠭᠡᠶᠢᠯᠡᠵᠦ᠂ ᠲᠦᠭᠰᠢᠭᠦᠷᠢ ᠶᠢ ᠠᠷᠢᠯᠭᠠᠭᠰᠠᠨ ᠤ ᠳᠠᠷᠠᠭ᠎ᠠ ᠳᠠᠷᠤᠢ ᠲᠦᠷᠭᠡᠨ ᠤᠤᠯ ᠪᠠᠶᠢᠳᠠᠯ ᠳᠤ ᠨᠢ ᠪᠤᠴᠠᠭᠠᠬᠤ ᠬᠡᠷᠡᠭᠲᠡᠢ᠃ | | ᠶᠡᠭᠡ ᠬᠤᠲᠠ ᠳᠤ ᠶᠠᠪᠠᠭᠠᠨ ᠢᠶᠠᠷ 15 ᠮᠢᠨᠦ᠋ᠲ ᠤᠨ ᠵᠠᠢ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ︽ᠥᠯᠢᠭᠡᠷ | ᠠᠪᠬᠤ ᠴᠠᠭᠠᠷᠢᠭ︾ ᠢ ᠪᠠᠶᠢᠭᠤᠯᠤᠨ᠎ᠠ | ᠶᠡᠭᠡ ᠬᠤᠲᠠ ᠳᠤ ᠶᠠᠪᠠᠭᠠᠨ ᠢᠶᠠᠷ 15 ᠮᠢᠨᠦ᠋ᠲ ᠤᠨ ᠵᠠᠢ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ︽ᠥᠯᠢᠭᠡᠷ | ᠠᠪᠬᠤ ᠴᠠᠭᠠᠷᠢᠭ︾ ᠪᠠᠶᠢᠭᠤᠯᠬᠤ ᠨᠢ ᠨᠢᠭᠡ ᠲᠠᠯ᠎ᠠ ᠪᠠᠷ ᠣᠯᠠᠨ ᠨᠡᠶᠢᠲᠡ ᠶᠢᠨ ᠣᠶᠢᠷ᠎ᠠ ᠬᠠᠪᠢ ᠳᠤ ᠪᠠᠨ ᠪᠥᠭᠡᠮ ᠬᠦᠴᠢᠯ ᠢ | ᠪᠠᠶᠢᠴᠠᠭᠠᠨ ᠰᠢᠯᠭᠠᠬᠤ ᠦᠢᠯᠡᠴᠢᠯᠡᠭᠡ ᠶᠢ ᠬᠦᠯᠢᠶᠡᠬᠦ ᠳᠤ ᠠᠰᠢᠭᠲᠠᠢ ᠪᠥᠭᠡᠳ ᠬᠠᠯᠳᠠᠪᠤᠷᠢᠯᠠᠭᠳᠠᠭᠰᠠᠳ ᠢ ᠡᠷᠲᠡᠬᠡᠨ | ᠢᠯᠡᠷᠡᠭᠦᠯᠬᠦ ᠳᠤ ᠨᠠᠩ ᠠᠰᠢᠭᠲᠠᠢ ᠪᠠᠶᠢᠵᠤ᠂ ᠪᠠᠶᠢᠴᠠᠭᠠᠨ ᠰᠢᠯᠭᠠᠵᠤ ᠤᠷᠢᠳᠴᠢᠯᠠᠨ ᠰᠡᠷᠡᠮᠵᠢᠯᠡᠭᠦᠯᠬᠦ ᠬᠤᠷᠳᠤᠴᠠ ᠶᠢ | ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠡᠷᠲᠡᠬᠡᠨ ᠢᠯᠡᠷᠡᠭᠦᠯᠵᠦ᠂ ᠬᠢᠵᠢᠭ ᠤᠨ ᠪᠠᠶᠢᠳᠠᠯ ᠢ ᠴᠠᠭ ᠲᠤᠬᠠᠢ ᠳᠤ ᠨᠢ | ᠡᠵᠡᠮᠳᠡᠬᠦ ᠳᠤ ᠠᠰᠢᠭᠲᠠᠢ᠃ | ᠶᠠᠪᠠᠭᠠᠨ ᠢᠶᠠᠷ 15 ᠮᠢᠨᠦ᠋ᠲ ᠤᠨ ᠵᠠᠢ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ︽ᠥᠯᠢᠭᠡᠷ ᠠᠪᠬᠤ ᠴᠠᠭᠠᠷᠢᠭ︾ | ᠨᠢ ᠠᠵᠢᠯᠲᠠᠨ ᠤ ᠬᠡᠷᠡᠭᠴᠡᠭᠡ ᠶᠢ ᠤᠯᠠᠮ ᠨᠢᠭᠡ ᠠᠯᠬᠤᠮ ᠥᠷᠭᠡᠳᠬᠡᠬᠦ ᠶᠢ ᠱᠠᠭᠠᠷᠳᠠᠵᠤ ᠪᠠᠶᠢᠨ᠎ᠠ᠃ ᠨᠢᠭᠡ ᠲᠠᠯ᠎ᠠ ᠪᠠᠷ | ᠰᠢᠯᠭᠠᠨ ᠪᠠᠶᠢᠴᠠᠭᠠᠬᠤ ᠮᠡᠷᠭᠡᠵᠢᠯ ᠤᠨ ᠠᠵᠢᠯᠲᠠᠨ ᠡᠨᠡ ᠬᠤᠶᠠᠷ ᠵᠢᠯ ᠤᠨ ᠪᠣᠯᠪᠠᠰᠤᠷᠠᠯ ᠢᠶᠠᠷ ᠳᠡᠮᠵᠢᠨ ᠵᠣᠬᠢᠬᠤ ᠨᠥᠭᠡᠴᠡ ᠲᠠᠢ | ᠪᠣᠯᠵᠤ᠂ ᠨᠥᠭᠦᠭᠡ ᠲᠠᠯ᠎ᠠ ᠪᠠᠷ ᠡᠶᠢᠮᠦ ᠣᠯᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠡᠭ ᠢ ᠪᠠᠶᠢᠷᠢᠯᠠᠭᠤᠯᠬᠤ ᠳᠤ | ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠥᠯᠢᠭᠡᠷ ᠠᠪᠬᠤ ᠠᠵᠢᠯᠲᠠᠨ ᠤ ᠡᠩᠨᠡᠭᠡ ᠶᠢ ᠤᠯᠠᠮ ᠨᠢᠭᠡ ᠠᠯᠬᠤᠮ | ᠥᠷᠭᠡᠳᠬᠡᠬᠦ ᠬᠡᠷᠡᠭᠲᠡᠢ᠃ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠰᠤᠷᠤᠯᠴᠠᠭᠰᠠᠨ ᠬᠥᠮᠥᠰ ᠤᠨ ᠲᠤᠬᠠᠢ ᠶᠢᠨ | ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠣᠯᠪᠠᠰᠤᠷᠠᠯ ᠢᠶᠠᠷ ᠳᠡᠮᠵᠢᠨ | ᠪᠥᠭᠡᠮ ᠬᠦᠴᠢᠯ ᠤᠨ ᠥᠯᠢᠭᠡᠷ ᠠᠪᠬᠤ ᠠᠵᠢᠯ ᠳᠤ ᠣᠷᠤᠯᠴᠠᠬᠤ ᠶᠢ ᠵᠣᠷᠢᠭᠵᠢᠭᠤᠯᠵᠤ᠂ ᠵᠥᠪᠬᠡᠨ ᠣᠲᠣ ᠶᠢᠨ ᠪᠠᠶᠢᠭ᠎ᠠ | ᠡᠮᠴᠢ ᠪᠠ ᠰᠤᠪᠢᠯᠠᠭᠴᠢ ᠪᠠᠷ ᠬᠢᠵᠠᠭᠠᠷᠯᠠᠬᠤ ᠦᠭᠡᠢ᠃ ᠡᠭᠦᠨ ᠠᠴᠠ ᠭᠠᠳᠠᠨ᠎ᠠ᠂ ᠪᠥᠭᠡᠮ ᠬᠦᠴᠢᠯ ᠤᠨ ᠥᠯᠢᠭᠡᠷ ᠠᠪᠬᠤ | ᠲᠤᠬᠠᠢ ᠶᠢᠨ ᠲᠠᠯᠠᠪᠤᠷ ᠲᠤ ᠪᠠᠰᠠ ᠨᠢᠭᠡ ᠪᠦᠯᠦᠭ ᠬᠥᠮᠥᠰ ᠢ ᠱᠠᠭᠠᠷᠳᠠᠵᠤ᠂ ᠭᠤᠣᠯᠳᠠᠭᠤ ᠮᠡᠳᠡᠭᠡ ᠵᠠᠩᠭᠢ ᠣᠷᠣᠭᠤᠯᠬᠤ᠂ | ᠡᠮᠬᠢ ᠳᠢᠭᠯᠢᠮ ᠢ ᠬᠠᠮᠠᠭᠠᠯᠠᠬᠤ ᠠᠵᠢᠯ ᠢ ᠬᠠᠷᠢᠴᠠᠭᠤᠯᠵᠤ᠂ ᠪᠠᠰᠠ ᠠᠷᠠᠳ ᠣᠯᠠᠨ ᠤ ᠮᠠᠳᠠᠭ ᠲᠠᠢ ᠠᠰᠠᠭᠤᠳᠠᠯ ᠢ | ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠢᠯᠭᠡᠵᠦ ᠪᠤᠢ᠂ ᠡᠨᠡ ᠬᠡᠰᠡᠭ | ᠠᠵᠢᠯ ᠢ ᠡᠩ ᠤᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢ ᠪᠠᠷ ᠡᠭᠦᠷᠭᠡᠯᠡᠭᠦᠯᠵᠦ ᠪᠣᠯᠣᠨ᠎ᠠ᠃ | ᠮᠠᠨ ᠤ ᠤᠯᠤᠰ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠨᠢᠭᠡᠨᠲᠡ ᠲᠠᠩ ᠬᠤᠭᠤᠯᠠᠢ ᠪᠠᠷ ᠡᠳᠦᠷ | ᠪᠦᠷᠢ 5700 ᠲᠦᠮᠡᠨ ᠬᠤᠭᠤᠯᠠᠢ ᠦᠯᠢᠭᠡᠷ ᠠᠪᠬᠤ ᠬᠡᠮᠵᠢᠶᠡᠨ ᠳᠤ ᠬᠦᠷᠴᠡᠢ | ᠬᠤᠶᠠᠷ ᠵᠢᠯ ᠭᠠᠷᠤᠢ ᠶᠢᠨ ᠢᠳᠡᠪᠬᠢᠲᠡᠢ ᠪᠦᠲᠦᠭᠡᠨ ᠪᠠᠶᠢᠭᠤᠯᠤᠯᠲᠠ ᠪᠠᠷ ᠳᠠᠮᠵᠢᠭᠠᠳ᠂ ᠮᠠᠨ ᠤ ᠤᠯᠤᠰ ᠤᠨ ᠪᠥᠭᠡᠮ | ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠶᠡᠬᠡᠬᠡᠨ ᠲᠠᠪᠰᠢᠯᠳᠠ ᠲᠠᠢ ᠪᠣᠯᠵᠠᠢ᠃ ᠣᠲᠣ ᠪᠣᠯᠲᠠᠯ᠎ᠠ᠂ ᠪᠥᠬᠦ ᠤᠯᠤᠰ ᠲᠤ | ᠪᠥᠭᠡᠮ ᠬᠦᠴᠢᠯ ᠤᠨ ᠪᠠᠶᠢᠴᠠᠭᠠᠯᠲᠠ ᠬᠢᠵᠦ ᠪᠣᠯᠬᠤ 1.3 ᠲᠦᠮᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ | ᠪᠣᠯᠣᠭᠰᠠᠨ ᠪᠥᠭᠡᠳ 15.3 ᠲᠦᠮᠡᠨ ᠲᠤᠰᠬᠠᠢ ᠮᠡᠷᠭᠡᠵᠢᠯ ᠤᠨ ᠠᠵᠢᠯᠲᠠᠨ ᠪᠥᠭᠡᠮ ᠬᠦᠴᠢᠯ ᠤᠨ ᠪᠠᠶᠢᠴᠠᠭᠠᠯᠲᠠ ᠶᠢᠨ | ᠮᠡᠷᠭᠡᠵᠢᠯ ᠤᠨ ᠠᠵᠢᠯ ᠢ ᠬᠢᠵᠦ ᠪᠣᠶ᠃ ᠣᠳᠣᠬᠠᠨ ᠳᠤ ᠡᠳᠦᠷ ᠪᠦᠷᠢ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ | ᠴᠢᠳᠠᠪᠤᠷᠢ ᠨᠢ ᠨᠢᠭᠡᠨᠲᠡ ᠲᠠᠩ ᠬᠤᠭᠤᠯᠠᠢ ᠪᠠᠷ ᠡᠳᠦᠷ ᠪᠦᠷᠢ 5700 ᠲᠦᠮᠡᠨ ᠬᠤᠭᠤᠯᠠᠢ ᠦᠯᠢᠭᠡᠷ ᠠᠪᠬᠤ ᠬᠡᠮᠵᠢᠶᠡᠨ ᠳᠤ | ᠬᠦᠷᠴᠦ ᠪᠠᠶᠢᠨ᠎ᠠ᠂ ᠶᠡᠷᠦᠩᠬᠡᠢ ᠳᠤ ᠨᠢ ᠠᠪᠴᠤ ᠦᠵᠡᠪᠡᠯ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ | ᠢᠯᠡᠳᠲᠡ ᠳᠡᠭᠡᠭᠰᠢᠯᠡᠵᠡᠢ᠃ | ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠴᠢᠩᠭᠠᠳᠬᠠᠬᠤ ᠲᠠᠷᠢᠯᠭ᠎ᠠ ᠶᠢ ᠲᠠᠷᠢᠬᠤ ᠨᠢ ᠬᠦᠨᠳᠦ | ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠰᠡᠷᠭᠡᠶᠢᠯᠡᠬᠦ ᠳᠤ ᠴᠢᠭᠯᠡᠭᠦᠯᠦᠭᠰᠡᠨ ᠬᠠᠮᠠᠭᠠᠯᠠᠯᠲᠠ ᠶᠢᠨ ᠦᠷ᠎ᠡ ᠪᠦᠲᠦᠮᠵᠢ ᠨᠢ | ᠨᠡᠩ ᠰᠠᠶᠢᠨ | ᠣᠳᠣᠬᠠᠨ ᠳᠤ ᠮᠠᠨ ᠤ ᠤᠯᠤᠰ ᠤᠨ ᠤᠮᠢᠺᠷᠤᠨ ᠳᠡᠯᠭᠡᠷᠡᠵᠦ ᠪᠠᠶᠢᠭ᠎ᠠ ᠭᠠᠵᠠᠷ ᠣᠷᠣᠨ᠂ ᠢᠯᠠᠩᠭᠤᠶ᠎ᠠ ᠥᠷᠭᠡᠨ | ᠳᠡᠯᠭᠡᠷᠡᠩᠭᠦᠢ᠂ ᠬᠦᠨᠳᠦ ᠨᠣᠴᠢᠲᠠᠢ ᠳᠡᠯᠭᠡᠷᠡᠵᠦ ᠪᠠᠶᠢᠭ᠎ᠠ ᠭᠠᠵᠠᠷ ᠣᠷᠣᠨ ᠤ ᠬᠢᠨᠠᠨ ᠪᠠᠶᠢᠴᠠᠭᠠᠭᠰᠠᠨ ᠪᠠ ᠦᠨᠡᠯᠡᠨ ᠵᠢᠱᠢᠭᠰᠡᠨ | ᠦᠷ᠎ᠡ ᠳ᠋ᠦᠩ ᠠᠴᠠ ᠠᠪᠴᠤ ᠦᠵᠡᠪᠡᠯ᠂ ᠸᠠᠺᠼᠢᠨ ᠤ ᠲᠠᠷᠢᠯᠭ᠎ᠠ ᠬᠢᠭᠰᠡᠨ ᠦᠭᠡᠢ ᠪᠠ ᠬᠤᠶᠠᠷ ᠤᠳᠠᠭ᠎ᠠ ᠲᠠᠷᠢᠯᠭ᠎ᠠ ᠬᠢᠭᠰᠡᠨ᠂ | ᠭᠤᠷᠪᠠᠨ ᠤᠳᠠᠭ᠎ᠠ ᠲᠠᠷᠢᠯᠭ᠎ᠠ ᠬᠢᠭᠰᠡᠨ ᠤ ᠬᠤᠭᠤᠷᠣᠨᠳᠣᠬᠢ ᠬᠠᠮᠠᠭᠠᠯᠠᠬᠤ ᠦᠢᠯᠡᠳᠦᠯ ᠤᠨ ᠵᠥᠷᠢᠶ᠎ᠡ ᠨᠢ ᠮᠠᠰᠢ ᠢᠯᠡᠷᠬᠡᠢ | ᠪᠠᠶᠢᠳᠠᠭ ᠪᠥᠭᠡᠳ ᠬᠤᠶᠠᠷ ᠤᠳᠠᠭ᠎ᠠ ᠲᠠᠷᠢᠯᠭ᠎ᠠ ᠬᠢᠭᠰᠡᠨ ᠪᠠ ᠭᠤᠷᠪᠠᠨ ᠤᠳᠠᠭ᠎ᠠ ᠲᠠᠷᠢᠯᠭ᠎ᠠ ᠬᠢᠭᠰᠡᠨ ᠤ ᠬᠤᠭᠤᠷᠣᠨᠳᠣᠬᠢ | ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠰᠡᠷᠭᠡᠶᠢᠯᠡᠬᠦ ᠦᠢᠯᠡᠳᠦᠯ ᠤᠨ ᠲᠠᠯ᠎ᠠ ᠪᠠᠷ ᠴᠤ ᠢᠯᠡᠷᠬᠡᠢ ᠵᠥᠷᠢᠶ᠎ᠡ ᠲᠠᠢ | ᠪᠠᠶᠢᠬᠤ ᠶᠢ ᠣᠯᠵᠤ ᠬᠠᠷᠠᠵᠤ ᠪᠣᠯᠣᠨ᠎ᠠ᠃ ᠡᠩ ᠤᠨ ᠪᠠᠶᠢᠳᠠᠯ ᠠᠴᠠ ᠠᠪᠴᠤ ᠬᠡᠯᠡᠪᠡᠯ ᠵᠥᠷᠢᠶ᠎ᠡ ᠨᠢ ᠭᠤᠣᠯᠳᠠᠭᠤ ᠬᠤᠶᠠᠷ | ᠲᠠᠯ᠎ᠠ ᠪᠠᠷ ᠢᠯᠡᠷᠡᠵᠦ ᠪᠤᠢ᠄ ᠨᠢᠭᠡ ᠳᠤ ᠠᠨᠲ᠋ᠢᠪᠤᠳ ᠤᠨ ᠬᠢᠷᠢ ᠲᠦᠪᠰᠢᠨ ᠤ ᠬᠤᠪᠢᠷᠠᠯᠲᠠ ᠶᠢᠨ ᠪᠠᠶᠢᠳᠠᠯ︔ ᠬᠤᠶᠠᠷ ᠲᠤ | ᠡᠪᠡᠳᠴᠢᠯᠡᠬᠦ ᠨᠤᠷᠮ᠎ᠠ᠂ ᠬᠦᠨᠳᠦ ᠡᠪᠡᠳᠴᠢᠨ ᠳᠤ ᠨᠡᠷᠪᠡᠭᠳᠡᠬᠦ ᠨᠤᠷᠮ᠎ᠠ᠂ ᠡᠪᠡᠳᠴᠢᠨ ᠢᠶᠠᠷ ᠦᠬᠦᠬᠦ ᠨᠤᠷᠮ᠎ᠠ ᠶᠢᠨ ᠵᠥᠷᠢᠶ᠎ᠡ | ᠵᠡᠷᠭᠡ ᠳᠤ ᠬᠤᠯᠪᠣᠭᠳᠠᠨ᠎ᠠ᠃ | ᠰᠢᠶᠠᠩᠭᠠᠩ ᠤᠨ ᠡᠷᠡᠭᠦᠯ ᠬᠠᠮᠠᠭᠠᠯᠠᠯ ᠤᠨ ᠵᠠᠬᠢᠷᠭ᠎ᠠ ᠶᠢᠨ 5 ᠳ᠋ᠤᠭᠠᠷ ᠰᠠᠷ᠎ᠠ ᠶᠢᠨ 5 ᠤ ᠡᠳᠦᠷ ᠨᠡᠶᠢᠲᠡᠯᠡᠭᠰᠡᠨ ᠮᠡᠳᠡᠭᠡ | ᠵᠠᠩᠭᠢ ᠶᠢ ᠦᠨᠳᠦᠰᠦᠯᠡᠪᠡᠯ᠂ ᠰᠢᠶᠠᠩᠭᠠᠩ ᠳᠤ ᠸᠠᠺᠼᠢᠨ ᠤ ᠲᠠᠷᠢᠯᠭ᠎ᠠ ᠬᠢᠭᠰᠡᠨ ᠦᠭᠡᠢ 70 ︱ 79 ᠨᠠᠰᠤᠨ ᠤ | ᠬᠤᠭᠤᠷᠣᠨᠳᠤᠬᠢ ᠨᠠᠰᠤᠲᠠᠶᠢᠴᠤᠳ ᠤᠨ ᠳᠣᠲᠣᠷ᠎ᠠ ᠡᠪᠡᠳᠴᠢᠨ ᠢᠶᠠᠷ ᠦᠬᠦᠭᠰᠡᠨ ᠨᠣᠷᠮ᠎ᠠ ᠨᠢ 5.55% ᠪᠠᠶᠢᠵᠤ᠂ ᠬᠤᠶᠠᠷ | ᠤᠳᠠᠭ᠎ᠠ ᠸᠠᠺᠼᠢᠨ ᠤ ᠲᠠᠷᠢᠯᠭ᠎ᠠ ᠬᠢᠭᠰᠡᠳ ᠤᠨ ᠡᠪᠡᠳᠴᠢᠨ ᠢᠶᠠᠷ ᠦᠬᠦᠭᠰᠡᠨ ᠨᠣᠷᠮ᠎ᠠ ᠨᠢ 0.59% ᠪᠠᠶᠢᠵᠤ᠂ ᠭᠤᠷᠪᠠᠨ | ᠤᠳᠠᠭ᠎ᠠ ᠸᠠᠺᠼᠢᠨ ᠤ ᠲᠠᠷᠢᠯᠭ᠎ᠠ ᠬᠢᠭᠰᠡᠳ ᠤᠨ ᠡᠪᠡᠳᠴᠢᠨ ᠢᠶᠠᠷ ᠦᠬᠦᠭᠰᠡᠨ ᠨᠣᠷᠮ᠎ᠠ ᠨᠢ 0.16% ᠪᠠᠶᠢᠪᠠ᠃ | ᠥᠭᠡᠷ᠎ᠡ ᠪᠠᠷ ᠬᠡᠯᠡᠪᠡᠯ᠂ ᠸᠠᠺᠼᠢᠨ ᠤ ᠲᠠᠷᠢᠯᠭ᠎ᠠ ᠬᠢᠭᠰᠡᠨ ᠦᠭᠡᠢ 70 ︱ 79 ᠨᠠᠰᠤᠨ ᠤ ᠬᠤᠭᠤᠷᠣᠨᠳᠤᠬᠢ | ᠨᠠᠰᠤᠲᠠᠶᠢᠴᠤᠳ ᠤᠨ ᠡᠪᠡᠳᠴᠢᠨ ᠢᠶᠠᠷ ᠦᠬᠦᠬᠦ ᠨᠣᠷᠮ᠎ᠠ ᠨᠢ ᠲᠣᠰ ᠲᠣᠰ ᠬᠤᠶᠠᠷ ᠤᠳᠠᠭ᠎ᠠ᠂ ᠭᠤᠷᠪᠠᠨ ᠤᠳᠠᠭ᠎ᠠ ᠲᠠᠷᠢᠯᠭ᠎ᠠ | ᠬᠢᠭᠰᠡᠨ ᠲᠣᠰ ᠨᠠᠰᠤᠨ ᠤ ᠬᠥᠮᠥᠰ ᠤᠨ 9 ᠳᠠᠬᠢᠨ ᠪᠠ 34 ᠳᠠᠬᠢᠨ ᠪᠣᠯᠣᠨ᠎ᠠ᠃ | ᠤᠮᠢᠺᠷᠤᠨ ᠳᠡᠯᠭᠡᠷᠡᠭᠰᠡᠨ ᠬᠤᠭᠤᠴᠠᠭᠠᠨ ᠳᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠭᠢᠷᠢᠨ ᠬᠤᠲᠠ ᠳᠤ | ᠰᠤᠳᠤᠯᠤᠯᠲᠠ ᠬᠢᠭᠰᠡᠨ ᠦᠷ᠎ᠡ ᠳ᠋ᠦᠩ ᠢ ᠨᠢᠭᠡᠨᠲᠡ ᠨᠡᠶᠢᠲᠡᠯᠡᠪᠡ᠃ 60 ᠨᠠᠰᠤᠨ ᠠᠴᠠ ᠳᠡᠭᠡᠭᠰᠢᠬᠢ ᠬᠥᠮᠥᠰ ᠤᠨ ᠳᠣᠲᠣᠷ᠎ᠠ᠂ | ᠸᠠᠺᠼᠢᠨ ᠤ ᠲᠠᠷᠢᠯᠭ᠎ᠠ ᠬᠢᠭᠰᠡᠨ ᠦᠭᠡᠢ ᠪᠠ ᠨᠢᠭᠡ ᠯᠡ ᠤᠳᠠᠭ᠎ᠠ ᠢᠳᠡᠪᠬᠢ ᠦᠭᠡᠶᠢᠳᠡᠭᠦᠯᠬᠦ ᠸᠠᠺᠼᠢᠨ ᠤ ᠲᠠᠷᠢᠯᠭ᠎ᠠ | ᠬᠢᠭᠰᠡᠳ ᠤᠨ ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠨᠢ ᠬᠤᠶᠠᠷ ᠤᠳᠠᠭ᠎ᠠ᠂ ᠭᠤᠷᠪᠠ ᠤᠳᠠᠭ᠎ᠠ ᠸᠠᠺᠼᠢᠨ ᠤ | ᠲᠠᠷᠢᠯᠭ᠎ᠠ ᠬᠢᠭᠰᠡᠳ ᠤᠨ ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠶᠢᠨ 20 ᠳᠠᠬᠢᠨ ᠠᠴᠠ ᠳᠡᠭᠡᠭᠰᠢ ᠪᠠᠶᠢᠳᠠᠭ᠃ | ᠡᠲᠡᠭᠡᠷ ᠲᠤᠭ᠎ᠠ ᠪᠠᠷᠢᠮᠲᠠ ᠪᠠᠷ ᠳᠡᠮᠵᠢᠨ ᠪᠥᠬᠦ ᠶᠠᠪᠤᠴᠠ ᠳᠤ ᠸᠠᠺᠼᠢᠨ ᠤ ᠲᠠᠷᠢᠯᠭ᠎ᠠ ᠶᠢ ᠲᠠᠷᠢᠬᠤ᠂ ᠴᠢᠩᠭᠠᠳᠬᠠᠬᠤ | ᠲᠠᠷᠢᠯᠭ᠎ᠠ ᠶᠢ ᠲᠠᠷᠢᠬᠤ ᠨᠢ ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠤᠷᠢᠳᠴᠢᠯᠠᠨ ᠰᠡᠷᠭᠡᠶᠢᠯᠡᠬᠦ ᠳᠤ | ᠴᠢᠭᠯᠡᠭᠦᠯᠦᠭᠰᠡᠨ ᠬᠠᠮᠠᠭᠠᠯᠠᠯᠲᠠ ᠶᠢᠨ ᠦᠷ᠎ᠡ ᠳ᠋ᠦᠩ ᠨᠢ ᠨᠠᠩ ᠰᠠᠶᠢᠨ ᠪᠣᠯᠬᠤ ᠶᠢ ᠮᠡᠳᠡᠵᠦ ᠪᠣᠯᠣᠨ᠎ᠠ᠃ | ᠬᠡᠷᠪᠡ ᠰᠡᠷᠭᠡᠶᠢᠯᠡᠨ ᠡᠵᠡᠮᠳᠡᠬᠦ ᠠᠷᠭ᠎ᠠ ᠪᠠᠨ ᠰᠤᠯᠠᠳᠬᠠᠪᠠᠯ᠂ ᠣᠬᠤᠷ ᠬᠤᠭᠤᠴᠠᠭᠠᠨ ᠳᠤ ᠶᠡᠭᠡ ᠬᠡᠮᠵᠢᠶᠡᠨ ᠤ ᠬᠥᠮᠥᠰ | ᠡᠪᠡᠳᠴᠢᠨ ᠳᠤ ᠬᠠᠯᠳᠠᠪᠤᠷᠢᠯᠠᠭᠳᠠᠨ᠎ᠠ | ᠤᠮᠢᠺᠷᠤᠨ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠬᠤ ᠴᠢᠨᠠᠷ ᠨᠢ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ | ᠂ R0 ᠬᠡᠮᠵᠢᠭᠳᠡᠯ ᠨᠢ 9.5 ᠪᠠᠶᠢᠵᠤ᠂ ᠳ᠋ᠧᠯᠲᠨ ᠣᠨᠳᠣᠣᠰᠢᠭᠰᠠᠨ ᠸᠢᠷᠦ᠋ᠰ ᠤᠨ 2 ᠳᠠᠬᠢᠨ ᠪᠠᠶᠢᠳᠠᠭ᠂ ᠬᠠᠷᠢᠨ | ᠦᠶ᠎ᠡ ᠶᠢᠨ ᠬᠤᠭᠤᠷᠣᠨᠳᠣᠬᠢ ᠵᠠᠢ ᠨᠢ ᠵᠥᠪᠬᠡᠨ 2.83 ᠡᠳᠦᠷ ᠪᠠᠶᠢᠵᠤ᠂ ᠲᠠᠷᠬᠠᠬᠤ ᠶᠠᠪᠤᠴᠠ ᠳᠤ ᠪᠠᠰᠠ ᠵᠣᠬᠢᠬᠤ | ᠬᠠᠷᠢᠴᠠᠯ ᠤᠨ ᠬᠠᠯᠳᠠᠪᠤᠷᠢᠯᠠᠭᠰᠠᠳ ᠨᠢ ᠡᠪᠡᠳᠴᠢᠨ ᠤ ᠢᠯᠡᠷᠡᠯ ᠦᠭᠡᠢ ᠪᠠᠶᠢᠳᠠᠭ᠃ ᠡᠶᠢᠮᠦ ᠠᠴᠠ ᠲᠠᠷᠬᠠᠬᠤ ᠬᠤᠷᠳᠤᠴᠠ ᠨᠢ | ᠲᠦᠷᠭᠡᠨ ᠮᠥᠷᠲᠡᠭᠡᠨ ᠠᠮᠠᠷᠬᠠᠨ ᠮᠡᠳᠡᠭᠳᠡᠬᠦ ᠦᠭᠡᠢ ᠪᠠᠶᠢᠵᠤ᠂ ᠰᠡᠷᠭᠡᠶᠢᠯᠡᠨ ᠡᠵᠡᠮᠳᠡᠬᠦ ᠬᠦᠴᠢᠷᠳᠡᠯ ᠢ ᠴᠦ ᠨᠡᠮᠡᠭᠳᠡᠭᠦᠯᠵᠡᠢ᠃ | ᠭᠡᠪᠡᠴᠦ ᠪᠢᠳᠡ ᠬᠡᠷᠪᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠤᠯᠠᠷᠠᠭᠤᠯᠪᠠᠯ᠂ ᠣᠬᠤᠷᠬᠠᠨ ᠬᠤᠭᠤᠴᠠᠭᠠᠨ ᠤ | ᠳᠣᠲᠣᠷ᠎ᠠ ᠶᠡᠭᠡ ᠬᠡᠮᠵᠢᠶᠡᠨ ᠤ ᠬᠥᠮᠥᠰ ᠡᠪᠡᠳᠴᠢᠨ ᠳᠤ ᠬᠠᠯᠳᠠᠪᠤᠷᠢᠯᠠᠭᠳᠠᠬᠤ ᠪᠣᠯᠣᠨ᠎ᠠ᠃ ᠮᠠᠨ ᠤ ᠤᠯᠤᠰ ᠤᠨ ᠬᠥᠮᠥᠨ | ᠠᠮᠠ ᠶᠢᠨ ᠰᠠᠭᠤᠷᠢ ᠲᠤᠭ᠎ᠠ ᠶᠡᠭᠡ᠂ ᠨᠠᠰᠤᠵᠢᠭᠰᠠᠨ ᠬᠥᠮᠥᠨ ᠠᠮᠠ ᠤᠯᠠᠨ᠃ ᠨᠠᠰᠤᠲᠠᠶᠢᠴᠤᠳ ᠪᠠ ᠰᠠᠭᠤᠷᠢ ᠴᠢᠨᠠᠷᠲᠠᠢ | ᠡᠪᠡᠳᠴᠢᠨ ᠡᠮᠭᠡᠭ ᠲᠠᠢ ᠬᠥᠮᠥᠰ ᠡᠪᠡᠳᠴᠢᠨ ᠳᠤ ᠬᠠᠯᠳᠠᠪᠤᠷᠢᠯᠠᠭᠳᠠᠪᠠᠯ ᠠᠮᠠᠷᠬᠠᠨ ᠬᠦᠨᠳᠦ ᠡᠪᠡᠳᠴᠢᠨ ᠪᠣᠯᠵᠤ ᠬᠥᠭᠵᠢᠨ᠎ᠡ᠂ | ᠡᠭᠦᠨ ᠤ ᠳᠡᠭᠡᠷ᠎ᠡ ᠮᠠᠨ ᠤ ᠤᠯᠤᠰ ᠤᠨ ᠡᠮᠴᠢᠯᠡᠭᠡᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ | ᠢᠯᠠᠩᠭᠤᠶ᠎ᠠ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠤᠳᠠ ᠬᠥᠳᠡᠭᠡ᠂ ᠣᠷᠣᠨ ᠪᠦᠰᠡ ᠶᠢᠨ ᠬᠤᠭᠤᠷᠣᠨᠳᠣᠬᠢ | ᠲᠠᠷᠬᠠᠯᠲᠠ ᠲᠡᠩᠴᠡᠭᠦᠷᠢ ᠦᠭᠡᠢ ᠪᠠᠶᠢᠳᠠᠭ᠃ ᠬᠦᠨᠳᠦ ᠡᠪᠡᠳᠴᠢᠨ ᠤ ᠡᠮᠴᠢᠯᠡᠭᠡᠨ ᠤ ᠡᠬᠢ ᠪᠠᠶᠠᠯᠢᠭ ᠢᠶᠠᠷ ᠵᠢᠱᠢᠶᠡᠯᠡᠪᠡᠯ᠂ | ᠥᠨᠳᠥᠷ ᠬᠢᠷᠢ ᠲᠦᠪᠰᠢᠨ ᠪᠦᠬᠦᠢ ᠬᠦᠨᠳᠦ ᠡᠪᠡᠳᠴᠢᠨ ᠤ ᠡᠮᠴᠢᠯᠡᠭᠡᠨ ᠤ ᠪᠦᠯᠬᠦᠮ ᠪᠤᠶᠤ ᠬᠦᠨᠳᠦ ᠡᠪᠡᠳᠴᠢᠲᠡᠨ ᠤ ᠣᠷᠣ | ᠶᠡᠷᠦ ᠨᠢ ᠲᠣᠮᠣ ᠡᠮᠨᠡᠯᠭᠡ ᠶᠢᠨ ᠬᠤᠷᠢᠶ᠎ᠠ ᠪᠠ ᠲᠣᠮᠣ ᠬᠤᠲᠠ ᠳᠤ ᠲᠥᠪᠯᠡᠷᠡᠵᠦ ᠪᠠᠶᠢᠳᠠᠭ᠃ | ᠡᠶᠢᠮᠦ ᠠᠴᠠ ᠪᠢᠳᠡ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠨᠣᠯᠵᠢᠬᠤᠨ ᠢ | ᠪᠠᠷᠢᠮᠲᠠᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ | ᠬᠢᠵᠦ ᠪᠠᠶᠢᠭᠠᠳ ᠶᠡᠭᠡ ᠬᠡᠪᠴᠢᠶᠡᠨ ᠤ ᠬᠥᠮᠥᠰ ᠤᠨ ᠬᠠᠯᠳᠠᠪᠤᠷᠢᠯᠠᠯ ᠠᠴᠠ ᠵᠠᠶᠢᠯᠠᠰᠬᠢᠵᠦ᠂ ᠡᠭᠦᠨ ᠤ ᠤᠯᠠᠮ ᠠᠴᠠ ᠠᠷᠠᠳ | ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠹᠢᠽᠢᠺ ᠤᠨ ᠲᠤᠰᠠᠭᠠᠷᠯᠠᠯ ᠤᠨ ᠠᠷᠭ᠎ᠠ ᠠᠪᠴᠠᠯ ᠠᠪᠬᠤ ᠶᠢᠨ ᠬᠠᠮᠲᠤ ᠠᠮᠤᠷ ᠲᠦᠪᠰᠢᠨ ᠤ ᠨᠡᠪᠲᠡᠷᠡᠬᠦ ᠵᠠᠮ᠂ ᠠᠮᠢ | ᠨᠠᠰᠤᠨ ᠤ ᠨᠡᠪᠲᠡᠷᠡᠬᠦ ᠵᠠᠮ ᠢ ᠰᠠᠶᠢᠲᠤᠷ ᠦᠯᠡᠳᠡᠭᠡᠬᠦ ᠬᠡᠷᠡᠭᠲᠡᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠵᠠᠷᠢᠮ ᠪᠣᠭᠤᠮᠲᠠ ᠲᠣᠬᠢᠷᠠᠭᠤᠯᠬᠤ᠂ ᠣᠷᠣᠵᠤ ᠭᠠᠷᠬᠤ ᠶᠢ | ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠭᠠᠳᠠᠭᠰᠢ ᠯᠡᠪᠡᠷᠡᠬᠦ ᠶᠢ | ᠰᠡᠷᠭᠡᠶᠢᠯᠡᠬᠦ ᠪᠠ ᠵᠠᠷᠢᠮ ᠬᠦᠮᠦᠰ ᠤᠨ ᠲᠦᠭᠰᠢᠭᠦᠷᠢᠲᠦ ᠣᠷᠣᠨ ᠳᠤ ᠣᠷᠣᠬᠤ ᠶᠢ ᠰᠡᠷᠭᠡᠶᠢᠯᠡᠵᠦ᠂ ᠥᠷᠭᠡᠨ ᠤᠯᠠᠨ ᠠᠷᠠᠳ | ᠤᠯᠠᠨ ᠤ ᠡᠷᠡᠭᠦᠯ ᠮᠡᠨᠳᠤ ᠶᠢ ᠬᠠᠮᠠᠭᠠᠯᠠᠬᠤ ᠳᠤ ᠲᠤᠶᠢᠯ ᠤᠨ ᠴᠢᠬᠤᠯᠠᠲᠠᠢ ᠶᠤᠮ᠃ ᠭᠡᠪᠡᠴᠦ ᠹᠢᠽᠢᠺ ᠤᠨ ᠲᠤᠰᠠᠭᠠᠷᠯᠠᠯ ᠤᠨ | ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠭᠠᠵᠠᠷ ᠵᠦᠢ ᠶᠢᠨ ᠣᠷᠴᠢᠨ ᠲᠣᠭᠤᠷᠢᠨ ᠲᠠᠢ ᠪᠠᠨ ᠤᠶᠠᠯᠳᠤᠭᠤᠯᠤᠨ ᠠᠮᠤᠷ | ᠲᠦᠪᠰᠢᠨ ᠤ ᠨᠡᠪᠲᠡᠷᠡᠬᠦ ᠵᠠᠮ᠂ ᠠᠮᠢ ᠨᠠᠰᠤᠨ ᠤ ᠨᠡᠪᠲᠡᠷᠡᠬᠦ ᠵᠠᠮ ᠢ ᠰᠠᠶᠢᠲᠤᠷ ᠦᠯᠡᠳᠡᠭᠡᠵᠦ᠂ ᠲᠤᠰᠬᠠᠢ ᠬᠥᠮᠥᠨ | ᠲᠣᠬᠢᠷᠠᠭᠤᠯᠤᠨ ᠵᠢᠵᠢᠭᠦᠷᠯᠡᠭᠦᠯᠵᠦ᠂ ᠣᠨᠢᠰᠤᠯᠠᠵᠤ ᠦᠭᠡᠢ᠂ ᠪᠢᠲᠡᠭᠦᠮᠵᠢᠯᠡᠬᠦ ᠦᠭᠡᠢ ᠪᠠᠶᠢᠵᠤ᠂ ᠪᠠᠴᠢᠮ ᠪᠠᠶᠢᠳᠠᠯ ᠭᠠᠷᠬᠤ | ᠦᠶ᠎ᠡ ᠳᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠵᠡᠭᠡᠯᠢ ᠰᠢᠶᠠᠩ᠂ ᠨᠡᠶᠢᠭᠡᠮ ᠲᠣᠭᠤᠷᠢᠭ ︵ᠲᠣᠰᠬᠤᠨ︶ ᠨᠢ ᠪᠠᠰᠠ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ | ᠣᠷᠣᠨ ᠪᠦᠰᠡ ᠶᠢᠨ ᠳᠣᠲᠣᠷᠠᠬᠢ ᠭᠤᠣᠯᠳᠠᠯᠭ᠎ᠠ ᠲᠠᠢ ᠬᠥᠮᠥᠰ ᠤᠨ ᠰᠠᠭᠤᠷᠢ ᠲᠤᠭ᠎ᠠ ᠪᠣᠯᠣᠨ ᠲᠠᠷᠬᠠᠯᠲᠠ ᠶᠢᠨ ᠪᠠᠶᠢᠳᠠᠯ ᠢ | ᠡᠵᠡᠮᠰᠢᠵᠦ᠂ ᠬᠠᠷᠢᠶᠠᠲᠤ ᠣᠷᠣᠨ ᠤ ᠳᠣᠲᠣᠷᠠᠬᠢ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ | ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠴᠢᠭᠯᠡᠯᠲᠦ ᠴᠢᠨᠠᠷᠲᠠᠢ ᠪᠠᠷ ᠲᠣᠭᠲᠠᠭᠠᠨ᠂ ᠬᠠᠷᠢᠯᠴᠠᠬᠤ | ᠬᠥᠮᠥᠨ᠂ ᠬᠠᠷᠢᠯᠴᠠᠬᠤ ᠠᠷᠭ᠎ᠠ ᠮᠠᠶ᠋ᠢᠭ ᠢᠶᠠᠨ ᠰᠠᠨᠠᠭᠠᠴᠢᠯᠠᠭ᠎ᠠ ᠠᠴᠠ ᠪᠠᠨ ᠰᠠᠭᠤᠭᠠᠯᠢ ᠠᠷᠠᠳ ᠲᠤ ᠨᠡᠶᠢᠲᠡᠯᠡᠵᠦ᠂ ᠰᠠᠭᠤᠭᠠᠯᠢ | ᠠᠷᠠᠳ ᠬᠡᠷᠪᠡ ᠪᠠᠴᠢᠮ ᠪᠠᠶᠢᠳᠠᠯ ᠳᠤ ᠲᠤᠯᠭᠠᠷᠠᠪᠠᠯ ᠠᠵᠢᠯᠲᠠᠨ ᠢ ᠡᠷᠢᠵᠦ ᠣᠯᠬᠤ᠂ ᠲᠦᠷᠭᠡᠨ ᠵᠠᠶᠢᠯᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ | ᠬᠥᠮᠥᠰ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠳᠤ ᠣᠷᠤᠯᠴᠠᠬᠤ ᠳᠤ ᠪᠠᠨ ᠶᠠᠭᠤ ᠶᠢ ᠠᠩᠬᠠᠷᠪᠠᠯ | ᠵᠣᠬᠢᠬᠤ ᠪᠣᠶ︖ | ᠲᠤᠬᠠᠢ ᠶᠢᠨ ᠲᠠᠯᠠᠪᠤᠷ ᠲᠤ ᠦᠯᠢᠭᠡᠷ ᠠᠪᠬᠤ ᠠᠵᠢᠯ ᠢ ᠰᠠᠶᠢᠲᠤᠷ ᠬᠢᠬᠦ ᠳᠤ ᠤᠯᠠᠨ ᠨᠡᠶᠢᠲᠡ ᠶᠢᠨ ᠢᠳᠡᠪᠬᠢᠲᠡᠢ | ᠬᠠᠮᠵᠢᠯᠴᠠᠭ᠎ᠠ ᠠᠴᠠ ᠰᠠᠯᠵᠤ ᠴᠢᠳᠠᠬᠤ ᠦᠭᠡᠢ᠃ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠥᠮᠥᠰ ᠠᠮᠠᠪᠴᠢ ᠵᠡᠭᠦᠵᠦ᠂ | ᠪᠥᠭᠡᠮᠨᠡᠷᠡᠬᠦ ᠦᠭᠡᠢ᠂ ᠠᠮᠤᠷ ᠲᠦᠪᠰᠢᠨ ᠤ ᠵᠠᠢ ᠶᠢ ᠪᠠᠲᠤᠯᠠᠬᠤ ᠬᠡᠷᠡᠭᠲᠡᠢ᠃ ᠲᠤᠬᠠᠢ ᠶᠢᠨ ᠲᠠᠯᠠᠪᠤᠷ ᠤᠨ ᠠᠵᠢᠯᠲᠠᠨ ᠤ | ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠳᠠᠭᠠᠵᠤ᠂ ᠥᠯᠢᠭᠡᠷ ᠠᠪᠬᠤ ᠶᠠᠪᠤᠴᠠ ᠳᠤ ᠥᠯᠢᠭᠡᠷ ᠠᠪᠬᠤ ᠲᠠᠪᠴᠠᠩ ᠵᠢᠴᠢ | ᠥᠯᠢᠭᠡᠷ ᠠᠪᠬᠤ ᠲᠠᠪᠴᠠᠩ ᠳᠡᠭᠡᠷᠡᠬᠢ ᠶᠠᠮᠠᠷᠪᠠ ᠡᠳ᠋ ᠪᠣᠳᠠᠰ ᠲᠤ ᠭᠠᠷ ᠬᠦᠷᠴᠦ ᠪᠣᠯᠬᠤ ᠦᠭᠡᠢ᠂ ᠥᠯᠢᠭᠡᠷ ᠠᠪᠴᠤ | ᠪᠠᠷᠠᠭᠰᠠᠨ ᠤ ᠳᠠᠷᠠᠭ᠎ᠠ ᠳᠠᠷᠤᠢ ᠲᠦᠷᠭᠡᠨ ᠠᠮᠠᠪᠴᠢ ᠪᠠᠨ ᠵᠡᠭᠦᠵᠦ᠂ ᠲᠤᠬᠠᠢ ᠶᠢᠨ ᠲᠠᠯᠠᠪᠤᠷ ᠠᠴᠠ ᠲᠦᠷᠭᠡᠨ ᠵᠠᠶᠢᠯᠠᠨ᠎ᠠ᠃ | ᠶᠡᠭᠡ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠯᠢᠭᠡᠷ ᠠᠪᠬᠤ ᠠᠵᠢᠯ ᠢ ᠰᠠᠶᠢᠲᠤᠷ ᠬᠢᠬᠦ ᠨᠢ | ᠲᠡᠶᠢᠮᠦ ᠬᠢᠯᠪᠠᠷ ᠶᠠᠪᠤᠳᠠᠯ ᠪᠢᠰᠢ ᠶᠤᠮ᠂ ᠨᠠᠷᠢᠨ ᠨᠢᠭᠲᠠ ᠵᠣᠬᠢᠶᠠᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ | ᠱᠠᠭᠠᠷᠳᠠᠬᠤ ᠶᠢᠨ ᠬᠠᠮᠲᠤ ᠤᠯᠠᠨ ᠨᠡᠶᠢᠲᠡ ᠶᠢᠨ ᠮᠠᠰᠢ ᠰᠠᠶᠢᠨ ᠬᠠᠮᠵᠢᠯᠴᠠᠭ᠎ᠠ ᠶᠢ ᠱᠠᠭᠠᠷᠳᠠᠨ᠎ᠠ᠃ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢ ᠬᠡᠷᠡᠭᠴᠡᠭᠡ ᠲᠠᠢ ᠦᠶ᠎ᠡ ᠳᠤ ᠲᠦᠷᠭᠡᠨ ᠬᠡᠷᠡᠭᠯᠡᠬᠦ ᠶᠢ ᠬᠡᠷᠬᠢᠨ ᠪᠠᠲᠤᠯᠠᠬᠤ ᠪᠣᠶ︖ | | ᠣᠳᠣᠬᠠᠨ ᠳᠤ ᠣᠯᠠᠩᠬᠢ ᠮᠤᠵᠢ ᠬᠤᠲᠠ ᠶᠢᠨ ᠬᠢᠨ ᠨᠢᠭᠡᠨᠲᠡ ᠱᠠᠭᠠᠷᠳᠠᠯᠭ᠎ᠠ ᠶᠣᠰᠣᠭᠠᠷ ᠵᠣᠬᠢᠬᠤ ᠲᠣᠭᠠᠨ ᠤ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠭᠠᠷᠭᠠᠭᠰᠠᠨ ᠪᠥᠭᠡᠳ ᠣᠮᠢᠺᠷᠦᠨ ᠣᠨᠳᠣᠣᠰᠢᠭᠰᠠᠨ ᠸᠢᠷᠦ᠋ᠰ ᠠᠴᠠ ᠪᠣᠯᠤᠭᠰᠠᠨ | ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠵᠣᠬᠢᠬᠤ ᠬᠡᠮᠵᠢᠶᠡᠨ ᠤ ᠡᠪᠡᠳᠴᠢᠨ ᠤ ᠣᠷᠣ ᠶᠢ ᠨᠥᠭᠡᠴᠡᠯᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ ᠡᠯ᠎ᠡ ᠮᠤᠵᠢ ᠶᠢᠨ ᠬᠢᠨ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ | ᠢᠯᠠᠩᠭᠤᠶ᠎ᠠ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠡᠯᠡᠳᠬᠡᠯ ᠲᠠᠢ ᠪᠠᠶᠢᠬᠤ | ᠬᠡᠷᠡᠭᠲᠡᠢ ᠭᠡᠵᠦ ᠱᠠᠭᠠᠷᠳᠠᠵᠠᠢ᠃ | ᠨᠢᠭᠡᠳᠦᠭᠡᠷ ᠲᠤ᠂ ᠡᠯ᠎ᠡ ᠮᠤᠵᠢ ᠶᠢᠨ ᠬᠢᠨ ᠲᠤᠰᠬᠠᠢ ᠣᠷᠣᠨ ᠤ ᠲᠡᠰ ᠤᠨ ᠬᠤᠳᠠ ᠪᠠᠷ ᠨᠢᠭᠡᠴᠢ ᠪᠣᠯᠭᠠᠵᠤ᠂ ᠡᠩ ᠤᠨ | ᠦᠶ᠎ᠡ ᠪᠠ ᠬᠢᠵᠢᠭ ᠤᠨ ᠦᠶ᠎ᠡ ᠶᠢ ᠤᠶᠠᠯᠳᠤᠭᠤᠯᠬᠤ ᠵᠠᠷᠴᠢᠮ ᠢᠶᠠᠷ᠂ ᠵᠣᠬᠢᠬᠤ ᠲᠣᠭᠠᠨ ᠤ ᠴᠢᠩᠭᠡᠯᠢᠭᠲᠦ ᠡᠮᠨᠡᠯᠭᠡ ᠶᠢᠨ | ᠬᠤᠷᠢᠶ᠎ᠠ ᠶᠢ ᠬᠡᠪ ᠤᠨ ᠪᠠᠶᠢᠳᠠᠯ ᠢᠶᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠤᠯᠪᠣᠭᠳᠠᠯ ᠪᠦᠬᠦᠢ ᠤᠰᠤ᠂ | ᠴᠠᠬᠢᠯᠭᠠᠨ᠂ ᠵᠣᠷᠯᠣᠩ᠂ ᠰᠦᠷᠴᠢᠭᠦᠷ ᠤᠬᠢᠶᠠᠯᠭ᠎ᠠ᠂ ᠰᠠᠯᠬᠢ ᠨᠡᠪᠲᠡᠷᠡᠭᠦᠯᠬᠦ ᠵᠡᠷᠭᠡ ᠰᠠᠭᠤᠷᠢ ᠪᠡᠯᠡᠳᠬᠡᠮᠵᠢ ᠶᠢᠨ | ᠪᠠᠶᠢᠷᠢᠰᠢᠭᠤᠯᠤᠯᠲᠠ ᠶᠢᠨ ᠥᠭᠡᠷᠡᠴᠢᠯᠡᠯᠲᠡ ᠶᠢ ᠤᠷᠢᠳᠴᠢᠯᠠᠨ ᠪᠣᠳᠠᠲᠠᠶᠢᠵᠢᠭᠤᠯᠬᠤ ᠬᠡᠷᠡᠭᠲᠡᠢ ᠭᠡᠵᠦ ᠤᠯᠠᠮ ᠴᠢᠨᠠᠭᠰᠢᠳᠠ | ᠱᠠᠭᠠᠷᠳᠠᠪᠠ᠃ | ᠬᠤᠶᠠᠳᠤᠭᠠᠷ ᠲᠤ᠂ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠨ ᠪᠠ ᠡᠮᠴᠢᠯᠡᠭᠡᠨ ᠤ | ᠲᠥᠬᠦᠭᠡᠷᠦᠮᠵᠢ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠬᠤ ᠬᠠᠷᠢᠴᠠᠯ ᠢᠶᠠᠷ ᠡᠮᠴᠢᠯᠡᠭᠡᠨ ᠤ ᠡᠩᠨᠡᠭᠡ ᠶᠢ | ᠰᠠᠶᠢᠲᠤᠷ ᠵᠣᠬᠢᠶᠠᠨ ᠪᠠᠶᠢᠭᠤᠯᠬᠤ ᠶᠢᠨ ᠬᠠᠮᠲᠤ ᠠᠪᠤᠷᠠᠨ ᠵᠠᠰᠠᠬᠤ ᠪᠠ ᠬᠠᠯᠳᠠᠪᠤᠷᠢᠯᠠᠯ ᠢ ᠡᠵᠡᠮᠳᠡᠬᠦ ᠵᠡᠷᠭᠡ ᠲᠠᠯ᠎ᠠ ᠶᠢᠨ | ᠪᠣᠯᠪᠠᠰᠤᠷᠠᠯ ᠢ ᠰᠠᠶᠢᠲᠤᠷ ᠬᠢᠬᠦ ᠬᠡᠷᠡᠭᠲᠡᠢ᠃ ᠡᠭᠦᠨ ᠠᠴᠠ ᠭᠠᠳᠠᠨ᠎ᠠ ᠡᠪᠡᠳᠴᠢᠲᠡᠨ ᠤ ᠣᠷᠣ ᠶᠢᠨ ᠨᠢᠭᠡᠴᠢ᠂ ᠡᠮᠴᠢᠯᠡᠭᠡᠨ ᠳᠤ | ᠬᠡᠷᠡᠭᠯᠡᠬᠦ ᠡᠳ᠋ ᠪᠣᠳᠠᠰ᠂ ᠡᠮᠴᠢᠯᠡᠭᠡᠨ ᠤ ᠲᠣᠨᠤᠭ ᠲᠥᠬᠦᠭᠡᠷᠦᠮᠵᠢ ᠶᠢ ᠰᠠᠶᠢᠲᠤᠷ ᠨᠥᠭᠡᠴᠡᠯᠡᠬᠦ ᠶᠢᠨ ᠬᠠᠮᠲᠤ ᠡᠮᠴᠢᠯᠡᠭᠡᠨ ᠤ | ᠮᠡᠳᠡᠭᠡ ᠵᠠᠩᠭᠢ ᠶᠢᠨ ᠰᠢᠰᠲ᠋ᠧᠮ ᠢ ᠰᠠᠶᠢᠲᠤᠷ ᠪᠠᠶᠢᠭᠤᠯᠵᠤ᠂ ᠬᠢᠵᠢᠭ ᠤᠨ ᠪᠠᠶᠢᠳᠠᠯ ᠭᠠᠷᠪᠠᠯ 24 ᠴᠠᠭ ᠤᠨ ᠳᠣᠲᠣᠷ᠎ᠠ | ᠡᠲᠡᠭᠡᠷ ᠲᠣᠨᠤᠭ ᠲᠥᠬᠦᠭᠡᠷᠦᠮᠵᠢ ᠶᠢ ᠨᠢᠭᠡᠨᠲᠡ ᠪᠡᠯᠡᠳᠬᠡᠭᠰᠡᠨ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠣᠷᠣᠭᠤᠯᠵᠤ᠂ | ᠡᠮᠨᠡᠯᠭᠡ ᠶᠢᠨ ᠠᠵᠢᠯᠲᠠᠨ ᠵᠢᠴᠢ ᠬᠠᠮᠢᠶ᠎ᠠ ᠪᠦᠬᠦᠢ ᠲᠣᠨᠤᠭ ᠲᠥᠬᠦᠭᠡᠷᠦᠮᠵᠢ ᠶᠢ ᠴᠦ ᠭᠦᠢᠴᠡᠳ ᠣᠷᠣᠭᠤᠯᠵᠤ ᠴᠢᠳᠠᠬᠤ | ᠬᠡᠷᠡᠭᠲᠡᠢ ᠭᠡᠵᠦ ᠱᠠᠭᠠᠷᠳᠠᠪᠠ᠃ | ᠭᠤᠷᠪᠠᠳᠤᠭᠠᠷ ᠲᠤ᠂ ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠪᠠ ᠠᠵᠢᠯᠯᠠᠭᠠᠨ ᠢ ᠰᠠᠶᠢᠲᠤᠷ ᠪᠠᠲᠤᠯᠠᠵᠤ | ᠂ ᠡᠯ᠎ᠡ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ | ᠵᠢᠴᠢ ᠪᠦᠲᠦᠭᠡᠨ ᠪᠠᠶᠢᠭᠤᠯᠤᠭᠰᠠᠨ ᠤ ᠳᠠᠷᠠᠭᠠᠬᠢ ᠬᠡᠪ ᠤᠨ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ | ᠬᠡᠷᠡᠭᠴᠡᠭᠡ ᠲᠠᠢ ᠦᠶ᠎ᠡ ᠳᠤ ᠨᠢᠭᠡ ᠡᠳᠦᠷ ᠤᠨ ᠳᠣᠲᠣᠷ᠎ᠠ᠂ ᠥᠭᠡᠷ᠎ᠡ ᠪᠠᠷ ᠬᠡᠯᠡᠪᠡᠯ 24 ᠴᠠᠭ ᠤᠨ ᠳᠣᠲᠣᠷ᠎ᠠ ᠴᠢᠩᠭᠡᠯᠢᠭᠲᠦ | ᠡᠮᠨᠡᠯᠭᠡ ᠶᠢᠨ ᠬᠤᠷᠢᠶ᠎ᠠ ᠪᠣᠯᠭᠠᠨ ᠬᠤᠪᠢᠷᠠᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ | ᠡᠪᠡᠳᠴᠢᠲᠡᠨ ᠢ ᠠᠯᠢ ᠲᠦᠷᠭᠡᠨ ᠢᠶᠠᠷ ᠡᠮᠨᠡᠨ ᠵᠠᠰᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠨ ᠠᠪᠴᠤ᠂ | ᠵᠠᠰᠠᠪᠠᠰᠤ ᠵᠣᠬᠢᠬᠤ ᠶᠢ ᠨᠢ ᠪᠦᠬᠦᠨ ᠢ ᠵᠠᠰᠠᠬᠤ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | |