| ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠵᠠᠮ ᠬᠠᠷᠢᠯᠴᠠᠭ᠎ᠠ ᠡᠳ᠋ | ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ | ᠲᠦᠭᠵᠢᠷᠡᠯ ᠢ ᠤᠯᠠᠮ ᠨᠢᠭᠡ ᠠᠯᠬᠤᠮ ᠨᠠᠪᠲᠠᠷᠡᠭᠦᠯᠵᠦ᠂ ᠣᠷᠴᠢᠯ ᠢ ᠰᠠᠭᠠᠳ ᠦᠭᠡᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 5 ᠳ᠋ᠤᠭᠠᠷ ᠰᠠᠷ᠎ᠠ ᠶᠢᠨ 11 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯᠲᠤ ᠬᠤᠷᠠᠯ ᠬᠤᠷᠠᠯᠳᠤᠭᠤᠯᠵᠤ᠂ | ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ | ᠪᠠᠶᠢᠭ᠎ᠠ ᠪᠠᠶᠢᠳᠠᠯ ᠢ ᠲᠠᠨᠢᠯᠴᠠᠭᠤᠯᠪᠠ᠂ ᠣᠯᠠᠨ ᠢᠶᠠᠷ ᠢᠶᠠᠨ ᠠᠩᠬᠠᠷᠴᠠᠭᠠᠶ᠎ᠠ︕ | ᠪᠠᠷᠠᠭᠠᠨ ᠤ ᠲᠡᠭᠡᠭᠡᠪᠦᠷᠢ ᠶᠢᠨ ᠭᠦᠢᠯᠭᠡᠭᠡ ᠨᠡᠪᠲᠡᠷᠡᠬᠦ ᠦᠭᠡᠢ ᠤᠷᠤᠭᠰᠢ ᠦᠭᠡᠢ ᠪᠠᠶᠢᠬᠤ ᠵᠡᠷᠭᠡ ᠠᠰᠠᠭᠤᠳᠠᠯ ᠢ ᠠᠩᠬ᠎ᠠ | ᠠᠯᠬᠤᠮ ᠨᠠᠮᠳᠠᠭᠤᠯᠪᠠ | ᠡᠯ᠎ᠡ ᠭᠠᠵᠠᠷ ᠣᠷᠣᠨ ᠪᠣᠯᠣᠨ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠪᠠᠷᠠᠭᠠᠨ ᠤ | ᠲᠡᠭᠡᠭᠡᠪᠦᠷᠢ ᠶᠢᠨ ᠭᠦᠢᠯᠭᠡᠭᠡᠨ ᠤ ᠨᠡᠪᠲᠡᠷᠡᠬᠦ ᠦᠭᠡᠢ ᠤᠷᠤᠭᠰᠢ ᠦᠭᠡᠢ ᠪᠠᠶᠢᠬᠤ ᠵᠡᠷᠭᠡ ᠠᠰᠠᠭᠤᠳᠠᠯ ᠢ ᠠᠩᠬ᠎ᠠ ᠠᠯᠬᠤᠮ | ᠨᠠᠮᠳᠠᠭᠤᠯᠵᠤ᠂ ᠪᠠᠷᠠᠭᠠᠨ ᠤ ᠭᠦᠢᠯᠭᠡᠭᠡ ᠶᠢᠨ ᠠᠵᠢᠯᠯᠠᠭᠠᠨ ᠤ ᠭᠤᠣᠯ ᠭᠦᠢᠴᠡᠳᠬᠡᠯ ᠲᠤᠭ᠎ᠠ ᠦᠷᠭᠦᠯᠵᠢᠯᠡᠨ ᠰᠠᠶᠢᠵᠢᠷᠠᠪᠠ᠃ | ᠪᠥᠬᠦ ᠤᠯᠤᠰ ᠤᠨ ᠬᠠᠭᠠᠵᠤ ᠵᠣᠭᠰᠣᠭᠠᠭᠰᠠᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ | ᠥᠷᠲᠡᠭᠡ ᠪᠠ ᠦᠢᠯᠡᠴᠢᠯᠡᠭᠡᠨ ᠤ ᠲᠣᠭᠤᠷᠢᠭ ᠢ ᠦᠨᠳᠦᠰᠦᠨ ᠳᠤ ᠪᠠᠨ ᠦᠭᠡᠶᠢᠰᠬᠡᠪᠡ︔ | 5 ᠳ᠋ᠤᠭᠠᠷ ᠰᠠᠷ᠎ᠠ ᠶᠢᠨ 10 ᠤ ᠡᠳᠦᠷ᠂ ᠪᠥᠬᠦ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠴᠢᠶᠠᠨ ᠤ | ᠲᠡᠷᠭᠡ ᠶᠢᠨ ᠤᠷᠤᠰᠬᠠᠯ ᠤᠨ ᠬᠡᠮᠵᠢᠶ᠎ᠡ 4 ᠳ᠋ᠦ᠋ᠭᠡᠷ ᠰᠠᠷ᠎ᠠ ᠶᠢᠨ 18 ᠤ ᠡᠳᠦᠷ ᠤᠨ ᠬᠢ ᠠᠴᠠ 8.59% ᠪᠠᠷ ᠳᠡᠭᠡᠭᠰᠢᠯᠡᠵᠦ᠂ | ᠲᠡᠮᠦᠷ ᠵᠠᠮ ᠤᠨ ᠪᠠᠷᠠᠭ᠎ᠠ ᠬᠦᠷᠭᠡᠬᠦ ᠬᠡᠮᠵᠢᠶ᠎ᠡ᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ᠂ ᠭᠤᠣᠯ ᠭᠠᠷᠠᠮ ᠤᠨ | ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ 4 ᠳ᠋ᠦ᠋ᠭᠡᠷ ᠰᠠᠷ᠎ᠠ ᠶᠢᠨ 18 ᠤ ᠡᠳᠦᠷ ᠤᠨ ᠬᠢ ᠠᠴᠠ ᠲᠣᠰ ᠲᠣᠰ 5.71%᠂ | 6.16%᠂ 1.12% ᠢᠶᠠᠷ ᠨᠡᠮᠡᠭᠳᠡᠵᠦ᠂ ᠭᠤᠣᠯ ᠪᠣᠯᠬᠤ ᠣᠯᠠᠨ ᠤᠯᠤᠰ ᠤᠨ ᠠᠭᠠᠷ ᠠᠶᠠᠯᠠᠯ ᠤᠨ ᠪᠣᠭᠤᠮᠲᠠ ᠶᠢᠨ | ᠪᠠᠷᠠᠭ᠎ᠠ ᠰᠢᠤᠳᠠᠨ ᠤ ᠲᠡᠭᠡᠭᠡᠪᠦᠷᠢ ᠶᠢᠨ ᠬᠡᠮᠵᠢᠶ᠎ᠡ ᠪᠠᠷᠤᠭ ᠠᠷᠪᠠᠨ ᠤ ᠭᠤᠷᠪᠠᠨ ᠬᠤᠪᠢ ᠪᠠᠷ ᠨᠡᠮᠡᠭᠳᠡᠵᠦ᠂ ᠰᠢᠤᠳᠠᠨ ᠤ | ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷᠤᠭ ᠠᠷᠪᠠᠨ ᠤ ᠬᠤᠶᠠᠷ ᠬᠤᠪᠢ ᠪᠠᠷ ᠨᠡᠮᠡᠭᠳᠡᠵᠡᠢ︔ | ᠱᠠᠩᠬᠠᠢ ᠭᠠᠷᠠᠮ ᠤᠨ ᠴᠢᠩᠭᠡᠯᠢᠭ ᠤᠨ ᠡᠳᠦᠷ ᠤᠨ ᠣᠷᠣᠭᠤᠯᠵᠤ ᠭᠠᠷᠭᠠᠬᠤ ᠬᠡᠮᠵᠢᠶ᠎ᠡ 10 ᠲᠦᠮᠡᠨ ᠪᠠᠷᠢᠮᠵᠢᠶᠠᠲᠤ | ᠬᠠᠶᠢᠷᠴᠠᠭ ᠲᠤ ᠲᠣᠭᠲᠠᠪᠤᠷᠢᠵᠢᠵᠤ᠂ ᠬᠢᠵᠢᠭ ᠤᠨ ᠪᠠᠶᠢᠳᠠᠯ ᠠᠴᠠ ᠡᠮᠦᠨᠡᠬᠢ ᠬᠡᠮᠵᠢᠶ᠎ᠡ ᠠᠴᠠ ᠠᠷᠪᠠᠨ ᠤ ᠨᠠᠢᠮᠠᠨ ᠬᠤᠪᠢ ᠳᠤ | ᠬᠦᠷᠲᠡᠯ᠎ᠡ ᠳᠡᠭᠡᠭᠰᠢᠯᠡᠪᠡ︔ | ᠫᠦᠳᠥ᠋ᠩ ᠨᠢᠰᠬᠡᠯ ᠤᠨ ᠪᠠᠭᠤᠳᠠᠯ ᠪᠣᠯᠣᠨ ᠪᠠᠢ ᠶᠦᠨ ᠨᠢᠰᠬᠡᠯ ᠤᠨ ᠪᠠᠭᠤᠳᠠᠯ ᠤᠨ ᠪᠠᠷᠠᠭ᠎ᠠ ᠰᠢᠤᠳᠠᠨ ᠤ ᠣᠷᠣᠭᠤᠯᠵᠤ | ᠭᠠᠷᠭᠠᠬᠤ ᠬᠡᠮᠵᠢᠶ᠎ᠡ ᠠᠷᠪᠠᠨ ᠤ ᠵᠢᠷᠭᠤᠭᠠᠨ ᠬᠤᠪᠢ ᠳᠤ ᠬᠦᠷᠲᠡᠯ᠎ᠡ ᠳᠡᠭᠡᠭᠰᠢᠯᠡᠪᠡ᠃ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠤᠨ ᠲᠤᠬᠠᠢ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠢᠶᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠦᠨᠳᠦᠰᠦᠨ ᠱᠠᠭᠠᠷᠳᠠᠯᠭ᠎ᠠ ᠶᠢ ᠣᠷᠣᠯᠠᠵᠤ ᠳᠡᠶᠢᠯᠬᠦ ᠦᠭᠡᠢ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠪᠣᠯ ᠪᠠᠴᠢᠮ ᠪᠠᠶᠢᠳᠠᠯ ᠢ ᠠᠷᠭᠠᠴᠠᠭᠠᠬᠤ | ᠪᠠᠶᠢᠳᠠᠯ ᠳᠣᠣᠷ᠎ᠠ᠂ ᠭᠤᠣᠯᠳᠠᠯᠭ᠎ᠠ ᠲᠠᠢ ᠭᠠᠵᠠᠷ ᠣᠷᠣᠨ ᠤ ᠣᠨᠴᠠᠭᠠᠢ ᠴᠠᠭ ᠬᠤᠭᠤᠴᠠᠭᠠᠨ ᠳᠠᠬᠢ ᠭᠤᠣᠯᠳᠠᠯᠭ᠎ᠠ ᠲᠠᠢ ᠡᠳ᠋ | ᠪᠠᠷᠠᠭ᠎ᠠ ᠶᠢᠨ ᠣᠷᠣᠨ ᠪᠦᠰᠡ ᠠᠯᠤᠰᠯᠠᠨ ᠲᠡᠭᠡᠭᠡᠪᠦᠷᠢᠯᠡᠬᠦ ᠶᠢ ᠪᠠᠲᠤᠯᠠᠬᠤ ᠶᠢᠨ ᠲᠤᠰᠠᠳᠠ ᠣᠯᠭᠤᠭᠰᠠᠨ ᠰᠢᠯᠵᠢᠭᠦᠯᠦᠨ | ᠲᠡᠭᠡᠭᠡᠪᠦᠷᠢᠯᠡᠬᠦ ᠪᠠᠷᠢᠮᠲᠠ ᠪᠠ ᠬᠠᠩᠭᠠᠯᠭ᠎ᠠ ᠶᠢ ᠪᠠᠲᠤᠯᠠᠬᠤ ᠭᠡᠷᠡᠴᠢᠯᠡᠭᠡ ᠪᠠᠶᠢᠵᠤ᠂ ᠭᠤᠣᠯ ᠵᠣᠷᠢᠯᠭ᠎ᠠ ᠨᠢ ᠬᠢᠵᠢᠭ ᠲᠤ | ᠬᠤᠯᠪᠣᠭᠳᠠᠭᠰᠠᠨ ᠭᠠᠵᠠᠷ ᠣᠷᠣᠨ ᠤ ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡ ᠶᠢᠨ ᠲᠦᠷᠭᠡᠨ ᠪᠥᠭᠡᠳ | ᠳᠥᠭᠦᠮ ᠳᠥᠲᠡ ᠨᠡᠪᠲᠡᠷᠡᠬᠦ ᠶᠢ ᠪᠠᠲᠤᠯᠠᠬᠤ ᠶᠢᠨ ᠲᠥᠯᠥᠭᠡ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠦᠨᠳᠦᠰᠦᠨ ᠱᠠᠭᠠᠷᠳᠠᠯᠭ᠎ᠠ ᠶᠢ ᠣᠷᠣᠯᠠᠵᠤ ᠳᠡᠶᠢᠯᠬᠦ ᠦᠭᠡᠢ᠃ | ᠪᠠᠷᠠᠭ᠎ᠠ ᠲᠡᠭᠡᠭᠡᠪᠦᠷᠢᠯᠡᠬᠦ ᠲᠡᠷᠭᠡ ᠪᠥᠬᠦᠨ ᠭᠤᠣᠯᠳᠠᠯᠭ᠎ᠠ ᠲᠠᠢ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠢ | ᠭᠦᠢᠴᠡᠳᠬᠡᠬᠦ ᠴᠢᠬᠤᠯᠠ ᠦᠭᠡᠢ | ᠣᠨᠴᠠᠭᠠᠶᠢᠯᠠᠨ ᠲᠣᠳᠣᠷᠬᠠᠶᠢᠯᠠᠬᠤ ᠴᠢᠬᠤᠯᠠᠲᠠᠢ ᠨᠢ᠂ ᠪᠠᠷᠠᠭ᠎ᠠ ᠲᠡᠭᠡᠭᠡᠪᠦᠷᠢᠯᠡᠬᠦ ᠲᠡᠷᠭᠡ ᠪᠦᠬᠦᠨ ᠨᠡᠪᠲᠡᠷᠡᠬᠦ ᠦᠨᠡᠮᠯᠡᠯ | ᠠᠪᠬᠤ ᠴᠢᠬᠤᠯᠠᠲᠠᠢ ᠪᠢᠰᠢ᠂ ᠲᠡᠭᠡᠭᠡᠪᠦᠷᠢᠯᠡᠬᠦ ᠭᠠᠵᠠᠷ ᠤᠨ ᠬᠤᠶᠠᠷ ᠦᠵᠦᠭᠦᠷ ᠨᠢ ᠴᠥᠮ ᠬᠢᠵᠢᠭ ᠲᠤ ᠬᠤᠯᠪᠣᠭᠳᠠᠭᠰᠠᠨ | ᠭᠠᠵᠠᠷ ᠣᠷᠣᠨ ᠳᠤ ᠪᠠᠶᠢᠬᠤ ᠦᠭᠡᠢ ᠪᠤᠶᠤ ᠭᠤᠣᠯᠳᠠᠯᠭ᠎ᠠ ᠲᠠᠢ ᠡᠳ᠋ ᠪᠠᠷᠠᠭ᠎ᠠ ᠪᠢᠰᠢ ᠲᠡᠷᠭᠡ ᠨᠢ ᠨᠡᠪᠲᠡᠷᠡᠬᠦ ᠦᠨᠡᠮᠯᠡᠯ ᠠᠪᠬᠤ᠂ | ᠭᠦᠢᠴᠡᠳᠬᠡᠬᠦ ᠪᠠ ᠬᠡᠷᠡᠭᠯᠡᠬᠦ ᠴᠢᠬᠤᠯᠠ ᠦᠭᠡᠢ᠃ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ | ᠳᠣᠣᠷ᠎ᠠ᠂ ᠡᠯ᠎ᠡ ᠭᠠᠵᠠᠷ ᠤᠨ ᠬᠢᠨ ᠲᠡᠷᠭᠡᠨ ᠤ ᠨᠡᠪᠲᠡᠷᠡᠬᠦ ᠦᠨᠡᠮᠯᠡᠯ ᠪᠠᠶᠢᠬᠤ ᠦᠭᠡᠢ ᠭᠡᠳᠡᠭ ᠢᠶᠠᠷ ᠰᠢᠯᠲᠠᠭᠯᠠᠵᠤ ᠲᠡᠷᠭᠡ | ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠂ ᠨᠡᠪᠲᠡᠷᠡᠬᠦ ᠦᠨᠡᠮᠯᠡᠯ ᠪᠠᠶᠢᠬᠤ ᠲᠡᠷᠭᠡᠨ ᠳᠤ ᠡᠯ᠎ᠡ ᠭᠠᠵᠠᠷ ᠤᠨ ᠬᠢᠨ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠤᠷᠢᠳ ᠢᠶᠠᠷ ᠲᠦᠷᠭᠡᠨ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠣᠯᠭᠤᠬᠤ ᠰᠠᠯᠠᠭ᠎ᠠ ᠮᠥᠴᠢᠷ ᠪᠠ | ᠬᠡᠷᠡᠭᠯᠡᠬᠦ ᠨᠢᠭᠡᠴᠢ ᠨᠦᠭᠦᠳ ᠴᠥᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ | ᠦᠨᠡᠮᠯᠡᠯ ᠣᠯᠭᠤᠬᠤ ᠭᠤᠭᠴᠤᠭ᠎ᠠ ᠳᠤ᠂ ᠦᠨᠡᠮᠯᠡᠯ ᠣᠯᠭᠤᠭᠰᠠᠨ ᠨᠢᠭᠡᠴᠢ ᠨᠢ ᠦᠨᠡᠮᠯᠡᠯ ᠠᠪᠤᠭᠰᠠᠨ ᠨᠢᠭᠡᠴᠢ ᠪᠠ | ᠳᠠᠭᠠᠭᠠᠨ ᠲᠡᠭᠡᠭᠡᠪᠦᠷᠢᠯᠡᠬᠦ ᠨᠢᠭᠡᠴᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠢ︔ | ᠲᠡᠷᠭᠡᠨ ᠤ ᠲᠡᠭᠡᠭᠡᠪᠦᠷᠢᠯᠡᠬᠦ ᠭᠤᠭᠴᠤᠭ᠎ᠠ ᠳᠤ᠂ ᠦᠨᠡᠮᠯᠡᠯ ᠭᠦᠢᠴᠡᠳᠬᠡᠬᠦ ᠨᠢᠭᠡᠴᠢ ᠨᠢ ᠨᠡᠪᠲᠡᠷᠡᠬᠦ ᠦᠨᠡᠮᠯᠡᠯ ᠤᠨ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠵᠣᠷᠢᠭᠰᠠᠨ ᠭᠠᠵᠠᠷ ᠤᠨ ᠪᠠᠷᠠᠭ᠎ᠠ ᠬᠤᠷᠢᠶᠠᠵᠤ ᠶᠠᠪᠤᠭᠤᠯᠬᠤ ᠨᠢᠭᠡᠴᠢ ᠳᠤ ᠴᠠᠭ | ᠲᠤᠬᠠᠢ ᠳᠤ ᠨᠢ ᠬᠦᠷᠭᠡᠵᠦ ᠳᠠᠩᠰᠠᠯᠠᠭᠤᠯᠬᠤ ᠬᠡᠷᠡᠭᠲᠡᠢ︔ | ᠲᠡᠷᠭᠡᠨ ᠤ ᠬᠦᠷᠬᠦ ᠭᠤᠭᠴᠤᠭ᠎ᠠ ᠳᠤ᠂ ᠬᠡᠷᠪᠡ ᠠᠶᠠᠯᠠᠯ ᠤᠨ ᠺᠣᠳ᠋ ᠨᠢ ᠨᠣᠭᠤᠭᠠᠨ ᠥᠩᠭᠡᠲᠡᠢ ᠪᠥᠭᠡᠳ * ᠲᠡᠮᠳᠡᠭ ᠦᠭᠡᠢ | ᠪᠣᠯ᠂ ᠡᠷᠬᠡᠪᠰᠢ ᠳᠠᠷᠦ᠋ᠢᠬᠠᠨ ᠶᠠᠪᠤᠭᠤᠯᠬᠤ ᠬᠡᠷᠡᠭᠲᠡᠢ᠃ ᠠᠶᠠᠯᠠᠯ ᠤᠨ ᠺᠣᠳ᠋ ᠨᠢ ᠨᠣᠭᠤᠭᠠᠨ ᠥᠩᠭᠡᠲᠡᠢ ᠪᠥᠭᠡᠳ * | ᠲᠡᠮᠳᠡᠭ ᠲᠠᠢ ᠪᠣᠯ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢᠯᠡᠭᠡ ᠲᠠᠢ᠂ ᠡᠷᠡᠭᠦᠯ ᠮᠡᠨᠳᠦ ᠶᠢᠨ ᠺᠣᠳ᠋ ᠨᠢ ᠬᠡᠪ ᠤᠨ᠂ ᠠᠶᠠᠯᠠᠯ ᠤᠨ ᠺᠣᠳ᠋ ᠨᠢ ᠨᠣᠭᠤᠭᠠᠨ ᠥᠩᠭᠡᠲᠡᠢ᠂ ᠥᠭᠡᠷ᠎ᠡ ᠪᠠᠷ | ᠬᠡᠯᠡᠪᠡᠯ ᠶᠡᠷᠦᠳᠡ ᠶᠢᠨ ᠬᠡᠯᠡᠳᠡᠭ ︽ᠨᠢᠭᠡ ᠦᠨᠡᠮᠯᠡᠯ ᠬᠤᠶᠠᠷ ᠺᠣᠳ᠋︾ ᠤᠨ ᠱᠠᠭᠠᠷᠳᠠᠯᠭ᠎ᠠ ᠳᠤ ᠨᠡᠶᠢᠴᠡᠪᠡᠯ᠂ ᠲᠡᠷᠡ | ᠳᠠᠷᠤᠢ ᠳᠤ ᠨᠢ ᠶᠠᠪᠤᠭᠤᠯᠵᠤ᠂ ᠳᠠᠪᠬᠤᠷ ᠳᠠᠪᠬᠤᠷ ᠳᠠᠷᠤᠭᠠᠰᠤ ᠨᠡᠮᠡᠵᠦ ᠪᠣᠯᠬᠤ ᠦᠭᠡᠢ᠃ ᠪᠠᠷᠠᠭ᠎ᠠ ᠬᠤᠷᠢᠶᠠᠵᠤ ᠲᠠᠷᠬᠠᠭᠠᠬᠤ | ᠨᠢᠭᠡᠴᠢ ᠠᠴᠠ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠠᠴᠠ ᠵᠣᠷᠢᠭᠰᠠᠨ ᠭᠠᠵᠠᠷ ᠬᠦᠷᠲᠡᠯᠡᠬᠢ ᠪᠢᠲᠡᠭᠦᠮᠵᠢᠲᠦ | ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠴᠡᠭ ᠠᠴᠠ ᠴᠡᠭ ᠲᠤ ᠲᠡᠭᠡᠭᠡᠪᠦᠷᠢᠯᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠣᠯᠣᠨ᠎ᠠ᠃ | ᠭᠤᠣᠯᠳᠠᠯᠭ᠎ᠠ ᠲᠠᠢ ᠡᠳ᠋ ᠪᠠᠷᠠᠭ᠎ᠠ ᠲᠡᠭᠡᠭᠡᠪᠦᠷᠢᠯᠡᠬᠦ ᠲᠡᠷᠭᠡᠨ ᠤ ᠨᠡᠪᠲᠡᠷᠡᠬᠦ ᠦᠨᠡᠮᠯᠡᠯ ᠳᠤ ᠠᠦ᠋ᠲ᠋ᠣ᠋ ᠪᠠᠷ ᠲᠠᠰᠤᠯᠬᠤ | ᠲᠣᠭᠲᠠᠴᠠ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠣᠳᠠᠲᠠᠶᠢᠵᠢᠭᠤᠯᠤᠭᠰᠠᠨ | ᠦᠭᠡᠢ ᠠᠴᠠ ᠪᠣᠯᠵᠤ ᠬᠢᠵᠢᠭ ᠤᠨ ᠪᠠᠶᠢᠳᠠᠯ ᠢ ᠲᠠᠷᠬᠠᠭᠠᠭᠰᠠᠨ ᠪᠣᠯ᠂ ᠪᠠᠷᠠᠭ᠎ᠠ ᠬᠤᠷᠢᠶᠠᠵᠤ ᠲᠠᠷᠬᠠᠭᠠᠬᠤ ᠨᠢᠭᠡᠴᠢ ᠪᠠ | ᠳᠠᠭᠠᠭᠠᠴᠢᠯᠠᠨ ᠲᠡᠭᠡᠭᠡᠪᠦᠷᠢᠯᠡᠬᠦ ᠨᠢᠭᠡᠴᠢ ᠳᠤ ᠨᠡᠪᠲᠡᠷᠡᠬᠦ ᠦᠨᠡᠮᠯᠡᠯ ᠭᠦᠢᠴᠡᠳᠬᠡᠬᠦ ᠶᠢ ᠠᠶᠠᠨᠳᠠᠭᠠᠨ ᠠᠦ᠋ᠲ᠋ᠣ᠋ ᠪᠠᠷ ᠲᠦᠷ | ᠵᠣᠭᠰᠣᠭᠠᠨ᠎ᠠ᠃ | ᠠᠴᠢᠶᠠᠨ ᠤ ᠲᠡᠷᠭᠡᠨ ᠵᠢᠯᠣᠭᠤᠴᠢ ᠶᠢᠨ ᠠᠵᠢᠯᠯᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠢ | ᠠᠴᠢᠶᠠᠨ ᠤ ᠲᠡᠷᠭᠡᠨ ᠵᠢᠯᠣᠭᠤᠴᠢ ᠶᠢᠨ ᠲᠡᠷᠭᠡ ᠵᠣᠭᠰᠤᠭᠠᠬᠤ ᠳᠤ ᠬᠦᠴᠢᠷᠲᠡᠢ᠂ ᠪᠥᠭᠡᠮ ᠬᠦᠴᠢᠯ ᠤᠨ ᠪᠠᠶᠢᠴᠠᠭᠠᠯᠲᠠ | ᠬᠢᠬᠦ ᠳᠤ ᠬᠦᠴᠢᠷᠲᠡᠢ᠂ ᠬᠤᠭᠤᠯᠠ ᠢᠳᠡᠬᠦ ᠳᠤ ᠬᠦᠴᠢᠷᠲᠡᠢ᠂ ᠨᠡᠪᠲᠡᠷᠡᠨ ᠥᠩᠭᠡᠷᠡᠬᠦ ᠳᠤ ᠬᠦᠴᠢᠷᠲᠡᠢ ᠵᠡᠷᠭᠡ ᠠᠰᠠᠭᠤᠳᠠᠯ ᠢ | ᠴᠢᠳᠠᠬᠤ ᠶᠢᠨ ᠬᠢᠷᠢ ᠪᠠᠷ ᠰᠢᠢᠳᠪᠦᠷᠢᠯᠡᠨ᠎ᠡ | ︽ᠰᠠᠨᠠᠭ᠎ᠠ ᠠᠮᠤᠷ ᠵᠣᠭᠰᠤᠭᠠᠬᠤ︾ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠮᠠᠯ ᠵᠠᠮ ᠤᠨ | ᠦᠢᠯᠡᠴᠢᠯᠡᠭᠡᠨ ᠤ ᠲᠣᠭᠤᠷᠢᠭ ᠨᠢ ᠲᠡᠷᠭᠡᠨ ᠵᠣᠭᠰᠣᠭᠠᠯ ᠤᠨ ᠪᠠᠶᠢᠷᠢᠰᠢᠯ ᠢ ᠰᠢᠯᠢᠳᠡᠭᠵᠢᠭᠦᠯᠬᠦ᠂ ᠴᠠᠭ ᠤᠨ ᠬᠢᠵᠠᠭᠠᠷ ᠲᠠᠢ | ᠲᠡᠷᠭᠡᠨ ᠵᠣᠭᠰᠣᠭᠠᠯ ᠢ ᠲᠣᠬᠢᠷᠠᠭᠤᠯᠬᠤ ᠵᠡᠷᠭᠡ ᠠᠷᠭ᠎ᠠ ᠪᠠᠷ ᠳᠠᠮᠵᠢᠭᠤᠯᠤᠨ᠂ ᠠᠴᠢᠶᠠᠨ ᠤ ᠲᠡᠷᠭᠡᠨ ᠵᠣᠭᠰᠣᠭᠠᠯ ᠤᠨ | ᠪᠠᠶᠢᠷᠢᠰᠢᠯ ᠢ ᠵᠣᠬᠢᠰᠲᠠᠢ ᠨᠡᠮᠡᠭᠳᠡᠭᠦᠯᠵᠦ᠂ ᠠᠴᠢᠶᠠᠨ ᠤ ᠲᠡᠷᠭᠡ ᠵᠣᠭᠰᠤᠭᠠᠬᠤ ᠱᠠᠭᠠᠷᠳᠠᠯᠭ᠎ᠠ ᠶᠢ ᠬᠠᠩᠭᠠᠨ᠎ᠠ︔ ᠡᠭᠦᠨ ᠤ | ᠬᠠᠮᠲᠤ ᠠᠮᠤᠷ ᠢ ᠬᠠᠮᠠᠭᠠᠯᠠᠵᠤ ᠲᠣᠭᠤᠷᠢᠨ ᠴᠠᠭᠳᠠᠬᠤ ᠳᠠᠪᠲᠠᠮᠵᠢ ᠤᠳᠠᠭ᠎ᠠ ᠪᠠᠨ ᠨᠢᠭᠤᠴᠠᠯᠠᠵᠤ᠂ ᠲᠣᠰᠣ ᠬᠤᠯᠠᠭᠠᠶᠢᠯᠠᠬᠤ ᠪᠠ | ᠪᠠᠷᠠᠭ᠎ᠠ ᠬᠤᠯᠠᠭᠠᠶᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ | ᠰᠡᠷᠭᠡᠶᠢᠯᠡᠨ᠎ᠡ᠃ | ︽ᠰᠦᠢᠳᠬᠡᠯ ᠦᠭᠡᠢ ᠪᠠᠶᠢᠴᠠᠭᠠᠯᠲᠠ︾ ᠶᠢᠨ ᠦᠢᠯᠡᠴᠢᠯᠡᠭᠡ ᠶᠢ ᠢᠳᠡᠪᠬᠢᠲᠡᠢ ᠳᠡᠯᠭᠡᠷᠡᠭᠦᠯᠦᠨ᠎ᠡ᠃ ᠲᠡᠷᠭᠡᠨ ᠤ | ᠤᠷᠤᠰᠬᠠᠯ ᠤᠨ ᠬᠡᠮᠵᠢᠶ᠎ᠡ ᠶᠡᠬᠡᠲᠡᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ ᠰᠦᠢᠳᠬᠡᠯ | ᠬᠤᠷᠢᠶᠠᠬᠤ ᠥᠷᠲᠡᠭᠡ ᠲᠠᠯᠠᠪᠠᠶ ᠵᠡᠷᠭᠡ ᠲᠠᠯᠠᠪᠤᠷ ᠲᠤ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠢ ᠨᠢᠭᠲᠠ | ᠪᠠᠶᠢᠷᠢᠯᠠᠭᠤᠯᠵᠤ᠂ ᠥᠷᠭᠡᠨ ᠣᠯᠠᠨ ᠵᠢᠯᠣᠭᠤᠴᠢ ᠠᠶᠠᠨᠴᠢᠳ ᠤᠨ ᠣᠶᠢᠷ᠎ᠠ ᠬᠠᠪᠢ ᠳᠤ ᠪᠥᠭᠡᠮ ᠬᠦᠴᠢᠯ ᠤᠨ ᠪᠠᠶᠢᠴᠠᠭᠠᠯᠲᠠ | ᠬᠢᠬᠦ ᠦᠢᠯᠡᠴᠢᠯᠡᠭᠡ ᠬᠠᠩᠭᠠᠨ᠎ᠠ᠃ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠨᠢ ᠰᠦᠢᠳᠬᠡᠯ ᠠᠪᠬᠤ ᠦᠭᠡᠢ ᠪᠠᠷ | ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ︽ᠬᠠᠯᠠᠮᠵᠢᠲᠤ ᠬᠤᠭᠤᠯᠠ︾ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠦᠢᠯᠡᠴᠢᠯᠡᠭᠡᠨ ᠤ | ᠲᠣᠭᠤᠷᠢᠭ ᠤᠨ ᠡᠳ᠋ ᠪᠠᠷᠠᠭ᠎ᠠ ᠨᠥᠭᠡᠴᠡᠯᠡᠬᠦ ᠡᠷᠴᠢᠮ ᠢ ᠴᠢᠩᠭᠠᠷᠠᠭᠤᠯᠤᠨ᠎ᠠ᠃ ᠨᠥᠬᠦᠴᠡᠯ ᠪᠦᠷᠢᠳᠦᠭᠦᠯᠦᠭᠰᠡᠨ | ᠦᠢᠯᠡᠴᠢᠯᠡᠭᠡᠨ ᠤ ᠲᠣᠭᠤᠷᠢᠭ ᠢ ᠵᠣᠷᠢᠭᠵᠢᠭᠤᠯᠵᠤ᠂ ᠦᠨ᠎ᠡ ᠨᠢ ᠬᠢᠮᠳᠠ᠂ ᠬᠡᠮᠵᠢᠶ᠎ᠡ ᠨᠢ ᠭᠦᠢᠴᠡᠳ᠂ ᠠᠮᠲᠠ ᠨᠢ ᠰᠠᠶᠢᠬᠠᠨ ︽ | ᠬᠠᠯᠠᠮᠵᠢᠯᠠᠵᠤ ᠬᠤᠭᠤᠯᠠ︾ ᠬᠦᠷᠭᠡᠵᠦ ᠪᠣᠭᠤᠳᠠᠯᠯᠠᠬᠤ ᠦᠢᠯᠡᠴᠢᠯᠡᠭᠡ ᠬᠠᠩᠭᠠᠵᠤ᠂ ᠠᠴᠢᠶᠠᠨ ᠤ ᠮᠠᠰᠢᠨ ᠤ ᠵᠢᠯᠣᠭᠤᠴᠢ ᠶᠢᠨ | ᠬᠤᠭᠤᠯᠠ ᠢᠳᠡᠬᠦ ᠳᠤ ᠬᠦᠴᠢᠷᠲᠡᠢ ᠠᠰᠠᠭᠤᠳᠠᠯ ᠢ ᠨᠢ ᠰᠢᠢᠳᠪᠦᠷᠢᠯᠡᠨ᠎ᠡ᠃ | ︽ᠥᠯᠥ ᠬᠦᠷᠦᠯᠴᠡᠬᠦ︾ ᠦᠢᠯᠡᠴᠢᠯᠡᠭᠡ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠳᠡᠭᠡᠳᠦ ᠬᠤᠷᠳᠤ ᠶᠢᠨ ᠵᠠᠰᠠᠮᠠᠯ | ᠵᠠᠮ ᠤᠨ ᠰᠦᠢᠳᠬᠡᠯ ᠬᠤᠷᠢᠶᠠᠬᠤ ᠥᠷᠲᠡᠭᠡ ᠶᠢᠨ ᠲᠤᠬᠠᠢ ᠶᠢᠨ ᠲᠠᠯᠠᠪᠤᠷ ᠤᠨ ᠦᠢᠯᠡᠴᠢᠯᠡᠭᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠵᠢᠯᠣᠭᠤᠴᠢ ᠠᠶᠠᠨᠴᠢᠳ ᠤᠨ ᠴᠢᠬᠤᠯᠠ ᠦᠭᠡᠢ ᠪᠣᠯ ᠲᠡᠷᠭᠡᠨ ᠠᠴᠠ ᠪᠠᠭᠤᠬᠤ ᠦᠭᠡᠢ᠂ ᠴᠢᠬᠤᠯᠠ | ᠦᠭᠡᠢ ᠪᠣᠯ ᠬᠦᠷᠦᠯᠴᠡᠬᠦ ᠦᠭᠡᠢ ᠪᠠᠶᠢᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃ | ︽ᠤᠷᠢᠳ ᠢᠶᠠᠷ ᠨᠡᠪᠲᠡᠷᠡᠭᠦᠯᠬᠦ︾ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠠᠮᠢᠳᠤ ᠰᠣᠷᠭᠤᠭ | ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ︽ᠰᠠᠭᠠᠳ ᠦᠭᠡᠢ ᠨᠡᠪᠲᠡᠷᠡᠬᠦ ᠵᠠᠮ︾ ᠤᠨ ᠲᠦᠷᠦ ᠶᠢᠨ ᠪᠣᠳᠣᠯᠭ᠎ᠠ ᠶᠢ | ᠴᠢᠩᠭ᠎ᠠ ᠬᠡᠷᠡᠭᠵᠢᠭᠦᠯᠵᠦ᠂ ᠤᠯᠠᠨ ᠲᠦᠮᠡᠨ ᠤ ︽ᠢᠳᠡᠰᠢᠨ ᠨᠣᠭᠤᠭ᠎ᠠ︾ ᠶᠢᠨ ᠬᠠᠩᠭᠠᠯᠭ᠎ᠠ ᠶᠢ ᠦᠨᠡᠨ ᠬᠦ ᠪᠠᠲᠤᠯᠠᠬᠤ | ᠬᠡᠷᠡᠭᠲᠡᠢ︔ ︽ᠭᠤᠷᠪᠠ ᠶᠢ ᠬᠢᠬᠦ ᠦᠭᠡᠢ᠂ ᠨᠢᠭᠡ ᠶᠢ ᠤᠷᠢᠳ ᠢᠶᠠᠷ ᠨᠡᠪᠲᠡᠷᠡᠭᠦᠯᠬᠦ︾ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠡᠭᠡᠭᠡᠪᠦᠷᠢ ᠶᠢᠨ ᠲᠡᠷᠭᠡ ᠬᠥᠰᠬᠡ ᠶᠢ | ᠰᠦᠢᠳᠬᠡᠯ ᠬᠤᠷᠢᠶᠠᠬᠤ ᠦᠭᠡᠢ᠂ ᠲᠡᠷᠭᠡ ᠵᠣᠭᠰᠤᠭᠠᠬᠤ ᠦᠭᠡᠢ ᠪᠠᠷ ᠲᠦᠷᠭᠡᠨ ᠨᠡᠪᠲᠡᠷᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ︔ ᠡᠨᠧᠷᠭᠢ᠂ ᠠᠮᠤ ᠪᠤᠳᠠᠭ᠎ᠠ ᠵᠡᠷᠭᠡ ᠦᠢᠯᠡᠳᠪᠦᠷᠢᠯᠡᠯ ᠠᠮᠢᠳᠤᠷᠠᠯ ᠤᠨ ᠴᠢᠬᠤᠯᠠ ᠡᠳ᠋ ᠪᠠᠷᠠᠭ᠎ᠠ ᠤᠨ | ᠲᠡᠭᠡᠭᠡᠪᠦᠷᠢ ᠶᠢᠨ ᠲᠡᠷᠭᠡᠨ ᠤ ᠤᠷᠢᠳ ᠢᠶᠠᠷ ᠳᠥᠭᠦᠮ ᠳᠥᠲᠡ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠴᠠᠬᠢᠯᠭᠠᠨ ᠤ ᠨᠡᠭᠦᠷᠡᠰᠦ ᠲᠡᠭᠡᠭᠡᠪᠦᠷᠢᠯᠡᠬᠦ ᠵᠠᠰᠠᠮᠠᠯ ᠵᠠᠮ ᠤᠨ ᠦᠢᠯᠡᠴᠢᠯᠡᠭᠡᠨ ᠤ ᠪᠠᠲᠤᠯᠠᠭ᠎ᠠ ᠶᠢ ᠭᠤᠣᠯᠳᠠᠯᠭ᠎ᠠ ᠲᠠᠢ ᠰᠠᠶᠢᠲᠤᠷ | ᠬᠢᠨ᠎ᠡ᠃ | ᠠᠴᠢᠶᠠᠨ ᠤ ᠮᠠᠰᠢᠨ ᠤ ᠵᠢᠯᠣᠭᠤᠴᠢᠳ ᠲᠡᠭᠡᠭᠡᠪᠦᠷᠢᠯᠡᠬᠦ ᠶᠠᠪᠤᠴᠠ ᠳᠤ ᠪᠠᠨ ᠬᠢᠵᠢᠭ ᠢ ᠬᠡᠲᠦᠷᠡᠲᠡᠯ᠎ᠡ ᠰᠡᠷᠭᠡᠶᠢᠯᠡᠬᠦ ᠵᠡᠷᠭᠡ | ᠠᠰᠠᠭᠤᠳᠠᠯ ᠳᠤ ᠲᠤᠯᠭᠠᠷᠠᠪᠠᠯ ᠳᠠᠷᠦ᠋ᠢᠬᠠᠨ 12345᠂ 12328 ᠵᠡᠷᠭᠡ ᠳᠤ ᠤᠲᠠᠰᠤᠳᠠᠪᠠᠯ᠂ ᠣᠷᠣᠨ ᠨᠤᠲᠤᠭ ᠤᠨ | ᠵᠠᠰᠠᠭ ᠤᠨ ᠣᠷᠳᠣᠨ ᠵᠢᠴᠢ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠴᠠᠭ ᠲᠤᠬᠠᠢ ᠳᠤ ᠨᠢ ᠮᠥᠷᠳᠡᠨ | ᠳᠠᠭᠠᠵᠤ ᠵᠣᠬᠢᠴᠠᠭᠤᠯᠤᠨ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠪᠣᠯᠣᠨ᠎ᠠ᠃ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ︽ᠡᠴᠦᠰ ᠤᠨ ᠨᠢᠭᠡ ᠺᠢᠯᠣᠮᠧᠳ᠋ᠷ︾ ᠤᠨ ᠬᠦᠴᠢᠷᠳᠡᠯ ᠢ | ᠰᠢᠢᠳᠪᠦᠷᠢᠯᠡᠬᠦ ᠲᠤᠬᠠᠢ | ᠬᠢᠵᠢᠭ ᠢ ᠰᠡᠷᠭᠡᠶᠢᠯᠡᠬᠦ ᠡᠳ᠋ ᠪᠠᠷᠠᠭ᠎ᠠ᠂ ᠠᠷᠠᠳ ᠤᠨ ᠠᠮᠢᠳᠤᠷᠠᠯ ᠤᠨ ᠡᠳ᠋ ᠪᠠᠷᠠᠭ᠎ᠠ ᠪᠠ ᠦᠢᠯᠡᠳᠪᠦᠷᠢᠯᠡᠯ ᠠᠮᠢᠳᠤᠷᠠᠯ ᠤᠨ | ᠴᠢᠬᠤᠯᠠ ᠡᠳ᠋ ᠪᠠᠷᠠᠭ᠎ᠠ ᠶᠢ ᠳᠠᠮᠵᠢᠭᠤᠯᠤᠨ ᠬᠦᠷᠭᠡᠬᠦ ᠵᠠᠩᠭᠢᠶᠠᠰᠤ᠂ ᠲᠣᠣᠷ ᠴᠡᠭ ᠤᠨ ᠪᠢᠲᠡᠭᠦᠮᠵᠢᠯᠡᠯ ᠢ ᠤᠷᠢᠳ ᠢᠶᠠᠷ | ᠲᠠᠶᠢᠯᠤᠨ᠎ᠠ | ᠠᠵᠢᠯ ᠢᠶᠠᠨ ᠰᠡᠷᠭᠦᠭᠡᠬᠦ ᠶᠢ ᠠᠬᠢᠭᠤᠯᠬᠤ ᠶᠢᠨ ᠲᠣᠭᠤᠷᠢᠨ ᠳᠤ᠂ ᠡᠯ᠎ᠡ ᠭᠠᠵᠠᠷ ᠤᠨ ᠬᠠᠭᠠᠵᠤ ᠵᠣᠭᠰᠣᠭᠠᠭᠰᠠᠨ ᠰᠢᠤᠳᠠᠨ ᠤ | ᠶᠠᠪᠤᠳᠠᠯ ᠤᠨ ᠲᠦᠷᠭᠡᠨ ᠬᠦᠷᠭᠡᠯᠲᠡ ᠶᠢᠨ ᠬᠤᠪᠢᠶᠠᠷᠢᠯᠠᠨ ᠰᠠᠯᠭᠠᠬᠤ ᠲᠥᠪ᠂ ᠡᠵᠡᠩᠨᠡᠯᠲᠡ ᠶᠢᠨ ᠲᠣᠣᠷ ᠴᠡᠭ᠂ ᠲᠦᠷᠭᠡᠨ | ᠬᠦᠷᠭᠡᠯᠲᠡ ᠶᠢᠨ ᠦᠢᠯᠡᠴᠢᠯᠡᠭᠡᠨ ᠤ ᠥᠷᠲᠡᠭᠡ ᠵᠡᠷᠭᠡ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠠᠩᠭᠢᠶᠠᠰᠤ᠂ | ᠲᠣᠣᠷ ᠴᠡᠭ ᠢ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ ᠡᠮᠬᠢ ᠵᠢᠷᠤᠮ ᠲᠠᠢ ᠪᠠᠷ | ᠪᠢᠲᠡᠭᠦᠮᠵᠢᠯᠡᠯ ᠢ ᠲᠠᠶᠢᠯᠤᠨ᠎ᠠ᠃ | ᠬᠢᠵᠢᠭ ᠢ ᠰᠡᠷᠭᠡᠶᠢᠯᠡᠬᠦ ᠡᠳ᠋ ᠪᠠᠷᠠᠭ᠎ᠠ᠂ ᠠᠷᠠᠳ ᠤᠨ ᠠᠮᠢᠳᠤᠷᠠᠯ ᠤᠨ ᠡᠳ᠋ ᠪᠠᠷᠠᠭ᠎ᠠ ᠪᠠ ᠦᠢᠯᠡᠳᠪᠦᠷᠢᠯᠡᠯ ᠠᠮᠢᠳᠤᠷᠠᠯ ᠤᠨ | ᠴᠢᠬᠤᠯᠠ ᠡᠳ᠋ ᠪᠠᠷᠠᠭ᠎ᠠ ᠶᠢ ᠳᠠᠮᠵᠢᠭᠤᠯᠤᠨ ᠬᠦᠷᠭᠡᠬᠦ ᠡᠭᠦᠷᠭᠡ ᠶᠢ ᠳᠠᠭᠠᠭᠠᠵᠤ ᠠᠪᠤᠭᠰᠠᠨ ᠲᠣᠣᠷ ᠴᠡᠭ ᠤᠨ᠂ | ᠪᠢᠲᠡᠭᠦᠮᠵᠢᠯᠡᠯ ᠢ ᠨᠢ ᠤᠷᠢᠳ ᠢᠶᠠᠷ ᠲᠠᠶᠢᠯᠤᠨ᠎ᠠ᠃ | ᠭᠡᠷ ᠲᠤ ᠪᠠᠨ ᠲᠤᠰᠠᠭᠠᠷᠯᠠᠭᠰᠠᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠠᠵᠢᠯ ᠡᠷᠬᠢᠯᠡᠭᠰᠡᠳ ᠨᠢ | ᠲᠤᠬᠠᠢ ᠶᠢᠨ ᠭᠠᠵᠠᠷ ᠤᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠣᠷ᠎ᠠ᠂ ᠠᠵᠢᠯ ᠤᠨ | ᠪᠠᠶᠢᠷᠢ ᠳᠤ ᠪᠠᠨ ᠳᠠᠷᠦ᠋ᠢᠬᠠᠨ ᠪᠤᠴᠠᠵᠤ ᠠᠵᠢᠯ ᠢᠶᠠᠨ ᠰᠡᠷᠭᠦᠭᠡᠬᠦ ᠶᠢ ᠠᠬᠢᠭᠤᠯᠤᠨ᠎ᠠ᠃ | ᠴᠢᠳᠠᠬᠤ ᠶᠢᠨ ᠴᠢᠨᠡᠭᠡ ᠪᠠᠷ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠠᠩᠭᠢᠶᠠᠰᠤ᠂ ᠲᠣᠣᠷ ᠴᠡᠭ ᠢ | ᠪᠢᠲᠡᠭᠦᠮᠵᠢᠯᠡᠨ ᠡᠵᠡᠮᠳᠡᠬᠦ ᠣᠷᠣᠨ ᠤ ᠭᠠᠳᠠᠨ᠎ᠠ ᠲᠣᠬᠢᠷᠠᠭᠤᠯᠵᠤ᠂ ᠲᠣᠣᠷ ᠴᠡᠭ ᠤᠨ ᠡᠮᠬᠢ ᠵᠢᠷᠤᠮ ᠲᠠᠢ ᠠᠵᠢᠯᠯᠠᠬᠤ ᠶᠢ | ᠪᠠᠲᠤᠯᠠᠨ᠎ᠠ | ᠠᠵᠢᠯᠯᠠᠭᠤᠯᠤᠨ ᠡᠷᠭᠢᠯᠳᠦᠭᠦᠯᠬᠦ ᠶᠢ ᠪᠠᠲᠤᠯᠠᠬᠤ ᠶᠢᠨ ᠲᠣᠭᠤᠷᠢᠨ ᠳᠤ᠂ ᠡᠯ᠎ᠡ ᠭᠠᠵᠠᠷ ᠢ ᠵᠢᠯᠤᠭᠤᠳᠴᠤ ᠪᠠᠶᠢᠭᠠᠳ | ᠪᠢᠲᠡᠭᠦᠮᠵᠢᠯᠡᠨ ᠡᠵᠡᠮᠳᠡᠬᠦ ᠣᠷᠣᠨ ᠢ ᠬᠤᠪᠢᠶᠠᠷᠢᠯᠠᠨ ᠲᠣᠭᠲᠠᠭᠠᠬᠤ ᠦᠶᠡᠰ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠵᠠᠩᠭᠢᠶᠠᠰᠤ᠂ ᠲᠣᠣᠷ ᠴᠡᠭ ᠢ ᠪᠢᠲᠡᠭᠦᠮᠵᠢᠯᠡᠨ ᠡᠵᠡᠮᠳᠡᠬᠦ ᠣᠷᠣᠨ ᠤ ᠭᠠᠳᠠᠨ᠎ᠠ ᠲᠣᠬᠢᠷᠠᠭᠤᠯᠵᠤ᠂ ᠲᠣᠣᠷ ᠴᠡᠭ ᠤᠨ | ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠨ᠎ᠠ᠃ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠵᠠᠩᠭᠢᠶᠠᠰᠤ᠂ ᠲᠣᠣᠷ ᠴᠡᠭ ᠨᠢ ᠪᠢᠲᠡᠭᠦᠮᠵᠢᠯᠡᠨ ᠡᠵᠡᠮᠳᠡᠬᠦ ᠣᠷᠣᠨ᠂ | ᠬᠠᠮᠢᠶᠠᠷᠤᠨ ᠡᠵᠡᠮᠳᠡᠬᠦ ᠣᠷᠣᠨ ᠪᠠ ᠰᠡᠷᠭᠡᠶᠢᠯᠡᠯᠲᠡ ᠶᠢᠨ ᠣᠷᠣᠨ ᠤ ᠭᠠᠳᠠᠨ᠎ᠠ ᠪᠠᠶᠢᠪᠠᠯ᠂ ᠳᠤᠷ᠎ᠠ ᠪᠠᠷ ᠢᠶᠠᠨ ᠬᠠᠭᠠᠵᠤ | ᠵᠣᠭᠰᠣᠭᠠᠵᠤ ᠪᠣᠯᠬᠤ ᠦᠭᠡᠢ᠃ | ᠰᠡᠷᠭᠡᠶᠢᠯᠡᠯᠲᠡ ᠶᠢᠨ ᠣᠷᠣᠨ᠂ ᠬᠠᠮᠢᠶᠠᠷᠤᠨ ᠡᠵᠡᠮᠳᠡᠬᠦ ᠣᠷᠣᠨ ᠤ ᠬᠡᠪᠴᠢᠶᠡᠨ ᠳᠣᠲᠣᠷᠠᠬᠢ ᠮᠤᠵᠢ ᠶᠢᠨ ᠬᠤᠭᠤᠷᠣᠨᠳᠣᠬᠢ᠂ | ᠬᠤᠲᠠ ᠶᠢᠨ ᠬᠤᠭᠤᠷᠣᠨᠳᠣᠬᠢ ᠬᠠᠩᠭᠠᠯᠭ᠎ᠠ ᠶᠢ ᠬᠠᠷᠢᠭᠤᠴᠠᠭᠰᠠᠨ ᠦᠢᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠪᠠ | ᠰᠢᠤᠳᠠᠨ ᠤ ᠵᠦᠢᠯ ᠤᠨ ᠲᠦᠷᠭᠡᠨ ᠬᠦᠷᠭᠡᠯᠲᠡ ᠶᠢ ᠬᠠᠭᠠᠵᠤ ᠵᠣᠭᠰᠤᠭᠠᠬᠤ ᠴᠢᠬᠤᠯᠠᠲᠠᠢ ᠪᠣᠯ᠂ ᠲᠠᠰ ᠳᠠᠷᠠᠭᠠᠯᠠᠯ ᠶᠣᠰᠣᠭᠠᠷ | ᠲᠣᠰ ᠲᠣᠰ ᠮᠤᠵᠢ ᠶᠢᠨ ᠱᠠᠲᠤ᠂ ᠬᠤᠲᠠ ᠶᠢᠨ ᠱᠠᠲᠤᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠳᠤ ᠳᠡᠪᠰᠢᠭᠦᠯᠵᠦ ᠵᠥᠪᠰᠢᠶᠡᠷᠡᠭᠦᠯᠬᠦ ᠬᠡᠷᠡᠭᠲᠡᠢ᠃ | ᠱᠠᠭᠠᠷᠳᠠᠯᠭ᠎ᠠ ᠳᠤ ᠨᠡᠶᠢᠴᠡᠭᠰᠡᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠡᠷᠭᠡᠨ ᠤ ᠨᠡᠪᠲᠡᠷᠡᠬᠦ ᠶᠢ | ᠳᠤᠷ᠎ᠠ ᠪᠠᠷ ᠬᠢᠵᠠᠭᠠᠷᠯᠠᠵᠤ ᠪᠣᠯᠬᠤ ᠦᠭᠡᠢ | ᠤᠷᠢᠳ ᠢᠶᠠᠷ ᠨᠡᠪᠲᠡᠷᠡᠭᠦᠯᠬᠦ ᠶᠢᠨ ᠲᠣᠭᠤᠷᠢᠨ ᠳᠤ᠂ ᠡᠯ᠎ᠡ ᠭᠠᠵᠠᠷ ᠢ ᠵᠢᠯᠣᠭᠤᠳᠤᠨ ᠬᠠᠷᠢᠶ᠎ᠠ ᠣᠷᠣᠨ ᠤ ᠳᠣᠲᠣᠷᠠᠬᠢ | ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠠᠮᠢᠶᠠᠷᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ | ᠲᠤᠬᠠᠢ ᠳᠤ ᠨᠢ ᠨᠡᠶᠢᠭᠡᠮ ᠨᠡᠶᠢᠲᠡ ᠳᠤ ᠨᠡᠶᠢᠲᠡᠯᠡᠵᠦ᠂ ᠱᠠᠭᠠᠷᠳᠠᠯᠭ᠎ᠠ ᠳᠤ ᠨᠡᠶᠢᠴᠡᠭᠰᠡᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠲᠡᠷᠭᠡᠨ ᠤ ᠨᠡᠪᠲᠡᠷᠡᠬᠦ ᠶᠢ ᠳᠤᠷ᠎ᠠ ᠪᠠᠷ ᠬᠢᠵᠠᠭᠠᠷᠯᠠᠵᠤ ᠪᠣᠯᠬᠤ ᠦᠭᠡᠢ᠃ | ᠡᠯ᠎ᠡ ᠭᠠᠵᠠᠷ ᠤᠨ ᠬᠢᠨ ᠤ ᠬᠤᠲᠠ ᠶᠢᠨ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠬᠠᠷᠢᠭᠤᠴᠠᠬᠤ ᠠᠷᠠᠯᠵᠢᠶᠠᠨ ᠤ | ᠭᠦᠢᠯᠭᠡᠭᠡ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠯᠲᠡ ᠪᠠ ᠰᠢᠤᠳᠠᠨ ᠤ ᠲᠦᠷᠭᠡᠨ ᠬᠦᠷᠭᠡᠯᠲᠡ ᠶᠢᠨ ᠠᠵᠤ | ᠠᠬᠤᠶᠢᠯᠠᠯ ᠤᠨ ᠨᠡᠷᠡᠰ ᠤᠨ ᠬᠠᠭᠤᠳᠠᠰᠤ ᠶᠢ ᠲᠦᠷᠭᠡᠳᠬᠡᠨ ᠪᠠᠶᠢᠭᠤᠯᠬᠤ ᠶᠢ ᠠᠬᠢᠭᠤᠯᠵᠤ᠂ ᠨᠡᠷᠡᠰ ᠤᠨ ᠬᠠᠭᠤᠳᠠᠰᠤᠨ ᠳᠤ | ᠣᠷᠣᠭᠤᠯᠤᠭᠰᠠᠨ ᠠᠵᠤ ᠠᠬᠤᠶᠢᠯᠠᠯ ᠳᠤ ᠬᠤᠲᠠ ᠶᠢᠨ ᠳᠣᠲᠣᠷ᠎ᠠ ᠨᠡᠪᠲᠡᠷᠡᠬᠦ ᠲᠡᠷᠭᠡᠨ ᠤ ᠦᠨᠡᠮᠯᠡᠯ ᠢ ᠤᠷᠢᠳ ᠢᠶᠠᠷ | ᠭᠦᠢᠴᠡᠳᠬᠡᠵᠦ᠂ ᠲᠡᠷᠭᠡᠨ ᠤ ᠤᠷᠢᠳ ᠢᠶᠠᠷ ᠳᠥᠭᠦᠮ ᠳᠥᠲᠡ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠬᠥᠳᠡᠭᠡ ᠲᠣᠰᠬᠤᠨ ᠤ ᠵᠠᠰᠠᠮᠠᠯ ᠵᠠᠮ ᠤᠨ ︽ᠪᠢᠴᠢᠯ ᠣᠷᠴᠢᠯ︾ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠲᠤᠬᠠᠢ | | ᠡᠩ ᠤᠨ ᠵᠠᠰᠠᠮᠠᠯ ᠵᠠᠮ ᠢᠯᠠᠩᠭᠤᠶ᠎ᠠ ᠬᠥᠳᠡᠭᠡ ᠲᠣᠰᠬᠤᠨ ᠤ ᠵᠠᠰᠠᠮᠠᠯ ᠵᠠᠮ ᠤᠨ ︽ᠪᠢᠴᠢᠯ ᠣᠷᠴᠢᠯ︾ ᠤᠨ ᠰᠠᠭᠠᠳ | ᠦᠭᠡᠢ ᠨᠡᠪᠲᠡᠷᠡᠬᠦ ᠶᠢ ᠪᠠᠲᠤᠯᠠᠨ᠎ᠠ | ᠡᠩ ᠤᠨ ᠵᠠᠰᠠᠮᠠᠯ ᠵᠠᠮ ᠤᠨ ᠲᠠᠰᠤᠯᠤᠭᠳᠠᠭᠰᠠᠨ ᠪᠠ ︽ᠡᠴᠦᠰ ᠤᠨ ᠨᠢᠭᠡ ᠺᠢᠯᠣᠮᠧᠳ᠋ᠷ︾ ᠤᠨ ᠲᠡᠭᠡᠭᠡᠪᠦᠷᠢ | ᠬᠠᠷᠰᠢᠯᠠᠭᠳᠠᠭᠰᠠᠨ ᠵᠡᠷᠭᠡ ᠪᠣᠳᠠᠲᠠᠢ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ᠵᠠᠮ ᠤᠨ ᠲᠣᠣᠷ ᠤᠨ ᠲᠠᠰᠤᠯᠤᠭᠳᠠᠨ | ᠲᠦᠭᠵᠢᠷᠡᠭᠰᠡᠨ ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ᠎ᠠ᠃ | ᠡᠳᠦᠷ ᠲᠤᠲᠤᠮ ᠤᠨ ᠲᠣᠬᠢᠷᠠᠭᠤᠯᠤᠯᠲᠠ ᠪᠠ ᠠᠵᠢᠯ ᠤᠨ ᠬᠢᠨᠠᠯᠲᠠ ᠵᠢᠯᠣᠭᠤᠳᠤᠯᠭ᠎ᠠ ᠶᠢ ᠴᠢᠩᠭᠠᠳᠬᠠᠵᠤ᠂ ᠡᠯ᠎ᠡ | ᠭᠠᠵᠠᠷ ᠤᠨ ᠬᠢᠨ ᠤ ᠠᠵᠢᠯ ᠤᠨ ᠲᠤᠰᠬᠠᠢ ᠠᠩᠭᠢ ᠪᠠᠶᠢᠭᠤᠯᠬᠤ ᠶᠢ ᠵᠢᠯᠣᠭᠤᠳᠤᠨ᠂ 24 ᠴᠠᠭ ᠢᠶᠠᠷ ᠵᠢᠵᠢᠭᠦᠷᠯᠡᠨ ᠰᠠᠬᠢᠵᠤ᠂ | ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠢᠯᠡᠴᠢᠯᠡᠨ ᠮᠡᠳᠡᠭᠦᠯᠵᠦ ᠵᠠᠭᠠᠯᠳᠤᠬᠤ᠂ ᠶᠠᠷᠢᠶ᠎ᠠ ᠬᠡᠯᠡᠯᠴᠡᠭᠡᠨ ᠤ | ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ ᠵᠡᠷᠭᠡ ᠪᠠᠶᠢᠳᠠᠯ ᠲᠠᠢ ᠤᠶᠠᠯᠳᠤᠭᠤᠯᠤᠨ᠂ ᠴᠠᠭ ᠲᠤᠬᠠᠢ ᠳᠤ ᠨᠢ | ᠴᠤᠤᠷᠢᠶᠠᠲᠤᠨ ᠳᠠᠭᠠᠵᠤ᠂ ᠪᠠᠷᠢᠨ ᠬᠠᠷᠭᠤᠭᠤᠯᠵᠤ ᠪᠠᠷᠢᠨ ᠰᠠᠶᠢᠵᠢᠷᠠᠭᠤᠯᠤᠨ᠎ᠠ᠃ | ᠲᠠᠷᠢᠶᠠᠴᠢᠳ ᠤᠨ ᠨᠤᠲᠤᠭ ᠲᠤ ᠪᠠᠨ ᠪᠤᠴᠠᠬᠤ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠪᠠᠶᠢᠴᠠᠭᠠᠵᠤ᠂ ︽ᠴᠡᠭ ᠠᠴᠠ | ᠴᠡᠭ ᠲᠤ ᠬᠦᠷᠬᠦ︾ ᠲᠡᠷᠭᠡ ᠳᠠᠭᠠᠭᠠᠴᠢᠯᠠᠬᠤ᠂ ᠪᠢᠲᠡᠭᠦᠮᠵᠢᠲᠦ ᠴᠠᠭᠠᠷᠢᠭ ᠢᠶᠠᠷ ᠠᠵᠢᠯᠯᠠᠬᠤ ᠵᠡᠷᠭᠡ ᠠᠷᠭ᠎ᠠ ᠪᠠᠷ ᠳᠠᠮᠵᠢᠭᠤᠯᠤᠨ | ᠂ ᠲᠠᠷᠢᠶᠠᠴᠢᠳ ᠤᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠪᠠᠲᠤᠯᠠᠬᠤ ᠬᠡᠷᠡᠭᠲᠡᠢ᠃ ᠠᠮᠢᠳᠤ ᠰᠣᠷᠭᠤᠭ | ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ︽ᠰᠠᠭᠠᠳ ᠦᠭᠡᠢ ᠨᠡᠪᠲᠡᠷᠡᠬᠦ ᠵᠠᠮ︾ ᠢ ᠰᠠᠭᠠᠳ ᠦᠭᠡᠢ | ᠨᠡᠪᠲᠡᠷᠡᠭᠦᠯᠬᠦ ᠪᠠ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠬᠦ ᠶᠢ ᠢᠮᠠᠭᠲᠠ ᠪᠠᠲᠤᠯᠠᠬᠤ ᠬᠡᠷᠡᠭᠲᠡᠢ᠃ ᠡᠭᠦᠨ ᠤ | ᠬᠠᠮᠲᠤ ᠲᠠᠷᠢᠶᠠᠯᠠᠩ ᠤᠨ ᠬᠡᠷᠡᠭᠰᠡᠯ᠂ ᠲᠠᠷᠢᠶᠠᠯᠠᠩ ᠤᠨ ᠮᠠᠰᠢᠨ ᠢ ᠭᠤᠣᠯᠳᠠᠯᠭ᠎ᠠ ᠲᠠᠢ ᠡᠳ᠋ ᠪᠠᠷᠠᠭᠠᠨ ᠤ ᠲᠡᠭᠡᠭᠡᠪᠦᠷᠢ ᠶᠢᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠨᠡᠪᠲᠡᠷᠡᠬᠦ ᠦᠨᠡᠮᠯᠡᠯ ᠢ ᠤᠷᠢᠳ ᠢᠶᠠᠷ ᠣᠯᠭᠤᠵᠤ᠂ ᠤᠷᠢᠳ ᠢᠶᠠᠷ | ᠪᠠᠶᠢᠴᠠᠭᠠᠨ ᠨᠡᠪᠲᠡᠷᠡᠭᠦᠯᠵᠦ᠂ ᠬᠠᠪᠤᠷ ᠤᠨ ᠲᠠᠷᠢᠶᠠᠯᠠᠭ᠎ᠠ ᠦᠢᠯᠡᠳᠪᠦᠷᠢᠯᠡᠯ ᠢ ᠴᠠᠭ ᠲᠤᠬᠠᠢ ᠳᠤ ᠨᠢ ᠡᠮᠬᠢ ᠵᠢᠷᠤᠮ ᠲᠠᠢ | ᠥᠷᠨᠢᠭᠦᠯᠬᠦ ᠶᠢ ᠪᠠᠲᠤᠯᠠᠨ᠎ᠠ᠃ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠠᠭᠤᠯᠭ᠎ᠠ ᠪᠠ ᠲᠤᠬᠠᠶᠢᠯᠠᠭᠰᠠᠨ ᠠᠵᠢᠯ ᠤᠨ ᠭᠦᠢᠴᠡᠳᠬᠡᠬᠦ | ᠠᠷᠭ᠎ᠠ ᠮᠠᠶ᠋ᠢᠭ ᠢ ᠤᠯᠠᠨ ᠠᠷᠭ᠎ᠠ ᠵᠠᠮ ᠢᠶᠠᠷ ᠨᠡᠶᠢᠲᠡᠯᠡᠵᠦ᠂ ᠵᠠᠮ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠭᠦᠢᠴᠡᠳᠬᠡᠬᠦ | ᠴᠤᠪᠤᠷᠠᠯ ᠢ ᠰᠢᠯᠢᠳᠡᠭᠵᠢᠭᠦᠯᠬᠦ ᠬᠡᠷᠡᠭᠲᠡᠢ᠃ ᠬᠠᠯᠠᠮ ᠤᠲᠠᠰᠤ ᠲᠣᠬᠢᠷᠠᠭᠤᠯᠬᠤ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ | ᠳᠠᠮᠵᠢᠭᠤᠯᠤᠨ ᠠᠵᠤ ᠠᠬᠤᠶᠢᠯᠠᠯ᠂ ᠤᠯᠠᠨ ᠲᠦᠮᠡᠨ ᠳᠤ ᠲᠤᠯᠭᠠᠷᠠᠭᠰᠠᠨ ᠬᠦᠴᠢᠷᠳᠡᠯ ᠪᠠ ᠲᠤᠰᠬᠠᠭᠰᠠᠨ ᠲᠣᠪᠤᠶᠢᠮ᠎ᠠ | ᠠᠰᠠᠭᠤᠳᠠᠯ ᠢ ᠴᠠᠭ ᠲᠤᠬᠠᠢ ᠳᠤ ᠨᠢ ᠡᠵᠡᠮᠰᠢᠵᠦ᠂ ᠲᠦᠷᠦ ᠶᠢᠨ ᠪᠣᠳᠣᠯᠭ᠎ᠠ ᠶᠢᠨ ᠦᠢᠯᠡᠴᠢᠯᠡᠭᠡ ᠪᠠ ᠮᠡᠷᠭᠡᠵᠢᠯ ᠤᠨ | ᠳᠡᠮᠵᠢᠯᠭᠡ ᠶᠢ ᠰᠠᠶᠢᠲᠤᠷ ᠬᠢᠵᠦ᠂ ᠬᠠᠮᠤᠭ ᠤᠨ ᠲᠦᠷᠭᠡᠨ ᠢᠶᠠᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | |