| ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ 5 ᠰᠠᠷ᠎ᠠ ᠶᠢᠨ 16 ᠤ ᠡᠳᠦᠷ | ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ | ᠮᠠᠨ ᠤ ᠤᠯᠤᠰ ᠤᠨ ᠬᠥᠭᠵᠢᠯᠲᠡ ᠶᠢᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠵᠥᠪ ᠲᠠᠨᠢᠵᠤ | ᠡᠵᠡᠮᠳᠡᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠶᠢᠨ ᠳᠣᠲᠣᠭᠠᠳᠤ | ᠭᠠᠳᠠᠭᠠᠳᠤ ᠣᠷᠴᠢᠨ ᠳᠤ ᠭᠦᠨᠵᠡᠭᠡᠢ ᠬᠤᠪᠢᠷᠠᠯᠲᠠ ᠭᠠᠷᠴᠤ᠂ ᠮᠠᠰᠢ ᠤᠯᠠᠨ ᠰᠢᠨ᠎ᠡ ᠴᠢᠬᠤᠯᠠ ᠶᠡᠭᠡ ᠠᠰᠠᠭᠤᠳᠠᠯ ᠳᠤ | ᠲᠤᠯᠭᠠᠷᠠᠵᠤ ᠪᠠᠶᠢᠬᠤ ᠶᠢ ᠵᠥᠪ ᠲᠠᠨᠢᠵᠥ ᠡᠵᠡᠮᠳᠡᠬᠦ ᠶᠢ ᠱᠠᠭᠠᠷᠳᠠᠵᠤ ᠪᠠᠶᠢᠨ᠎ᠠ ᠭᠡᠵᠤ ᠴᠢᠬᠤᠯᠠᠴᠢᠯᠠᠪᠠ᠃ | ᠵᠣᠬᠢᠶᠠᠯ ᠳᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠣᠯᠤᠨ | ᠦᠢᠯᠡᠳᠦᠯᠭᠡ ᠶᠢᠨ ᠠᠷᠭ᠎ᠠ ᠵᠠᠮ ᠢ ᠵᠥᠪ ᠲᠠᠨᠢᠵᠤ ᠡᠵᠡᠮᠳᠡᠬᠦ ᠬᠡᠷᠡᠭᠲᠡᠢ᠃ ᠬᠠᠮᠲᠤ ᠪᠠᠷ ᠪᠠᠶᠠᠵᠢᠬᠤ ᠪᠣᠯ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠃ ᠬᠠᠮᠲᠤ ᠪᠠᠷ ᠪᠠᠶᠠᠵᠢᠬᠤ | ᠬᠠᠷᠠᠯᠲᠠ ᠶᠢ ᠪᠡᠶᠡᠯᠡᠭᠦᠯᠬᠦ ᠳᠤ ᠶᠠᠭᠤᠨ ᠤ ᠡᠮᠦᠨ᠎ᠡ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠲᠡᠮᠡᠴᠡᠯ ᠢᠶᠠᠷ | ᠳᠠᠮᠵᠢᠭᠤᠯᠤᠨ ︽ᠦᠨᠳᠡᠭᠡ ᠲᠠᠢ ᠪᠣᠭᠤᠷᠰᠤᠭ︾ ᠢᠶᠠᠨ ᠲᠣᠮᠣ ᠪᠥᠭᠡᠳ ᠰᠠᠶᠢᠨ ᠬᠢᠵᠦ᠂ ᠳᠠᠷᠠᠭ᠎ᠠ ᠨᠢ ᠵᠦᠢ ᠵᠣᠬᠢᠰᠲᠠᠶ | ᠳᠦᠷᠢᠮ ᠤᠨ ᠲᠣᠬᠢᠷᠠᠭᠤᠯᠤᠯᠲᠠ ᠪᠠᠷ ᠳᠠᠮᠵᠢᠭᠤᠯᠤᠨ ︽ᠦᠨᠳᠡᠭᠡ ᠲᠠᠢ ᠪᠣᠭᠤᠷᠰᠤᠭ︾ ᠢᠶᠠᠨ ᠰᠠᠶᠢᠲᠤᠷ ᠬᠤᠪᠢᠶᠠᠬᠤ | ᠬᠡᠷᠡᠭᠲᠡᠶ᠃ ᠡᠨᠡ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠂ ᠪᠢᠳᠡ ᠨᠥᠬᠦᠴᠡᠯ ᠪᠦᠷᠢᠯᠳᠦᠭᠦᠯᠵᠦ | ᠪᠠᠶᠢᠭᠠᠳ ᠲᠦᠷᠢᠮ ᠢ ᠲᠡᠭᠦᠯᠳᠡᠷᠵᠢᠭᠦᠯᠵᠦ᠂ ᠡᠨᠡ ᠬᠦ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠬᠡᠷᠡᠭᠲᠡᠢ᠃ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ | ᠤᠳᠤᠷᠢᠳᠤᠮᠵᠢ ᠶᠢ ᠴᠢᠩᠭᠠᠳᠬᠠᠵᠤ᠂ ᠠᠵᠤ ᠠᠬᠤᠶ ᠶᠢᠨ ᠨᠡᠮᠡᠭᠳᠡᠯ ᠤᠨ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ | ᠳᠡᠭᠡᠭᠰᠢᠯᠡᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠪᠣᠳᠠᠲᠤ ᠴᠣᠭᠴᠠ ᠶᠢᠨ | ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ | ᠬᠡᠷᠡᠭᠲᠡᠶ᠃ ᠬᠤᠪᠢᠶᠠᠷᠢᠯᠠᠯᠲᠠ ᠶᠢᠨ ᠴᠢᠳᠠᠪᠬᠢ ᠪᠠ ᠦᠢᠯᠡᠳᠦᠯ ᠢ ᠪᠠᠳᠠᠷᠠᠭᠤᠯᠵᠤ᠂ ᠦᠷ᠎ᠡ ᠪᠦᠲᠦᠮᠵᠢ ᠪᠠ ᠲᠥᠪ | ᠭᠤᠣᠯᠴᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠩᠬᠠᠨ ᠤ ᠬᠤᠪᠢᠶᠠᠷᠢᠯᠠᠯᠲᠠ᠂ ᠲᠠᠬᠢᠨ ᠬᠤᠪᠢᠶᠠᠷᠢᠯᠠᠯᠲᠠ᠂ | ᠭᠤᠷᠪᠠᠳᠤᠭᠠᠷ ᠤᠳᠠᠭ᠎ᠠ ᠶᠢᠨ ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠤᠬᠦᠯᠬᠦ ᠰᠠᠭᠤᠷᠢ ᠴᠢᠨᠠᠷᠲᠠᠢ ᠲᠦᠷᠢᠮ ᠤᠨ | ᠲᠤᠬᠢᠷᠠᠭᠤᠯᠤᠯᠳᠠ ᠶᠢ ᠪᠠᠶᠢᠭᠤᠯᠬᠤ ᠭᠡᠷᠡᠭᠳᠠᠢ᠃ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠥᠷᠥ ᠶᠢᠨ ᠪᠣᠳᠣᠯᠭ᠎ᠠ | ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ | ᠪᠠᠷᠢᠮᠲᠠᠯᠠᠨ᠂ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ | ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠠᠷᠠᠳ ᠣᠯᠠᠨ ᠤ ᠬᠠᠮᠤᠭ ᠠᠴᠠ | ᠠᠩᠬᠠᠷᠴᠤ ᠪᠠᠶᠢᠭ᠎ᠠ ᠬᠦᠷᠢᠶᠡᠨ ᠳᠤ ᠣᠯᠠᠨ ᠨᠡᠶᠢᠲᠡ ᠶᠢᠨ ᠦᠨᠳᠦᠰᠦᠨ ᠦᠶ᠋ᠯᠡᠴᠢᠯᠡᠭᠡ ᠶᠢ ᠨᠠᠷᠢᠯᠢᠭ ᠣᠨᠣᠴᠠᠲᠠᠶ ᠬᠠᠩᠭᠠᠬᠤ | ᠭᠡᠷᠡᠭᠳᠠᠢ ᠭᠡᠵᠤ ᠵᠢᠭᠠᠵᠤ ᠭᠠᠷᠭᠠᠪᠠ᠃ | ᠵᠣᠬᠢᠶᠠᠯ ᠳᠤ᠂ ᠬᠦᠷᠦᠩᠭᠡ ᠶᠢᠨ ᠣᠨᠴᠠᠯᠢᠭ ᠪᠠ ᠦᠢᠯᠡ ᠠᠵᠢᠯᠯᠠᠭᠠᠨ ᠤ ᠵᠢᠮ᠎ᠡ ᠶᠣᠰᠣ ᠶᠢ ᠵᠥᠪ ᠲᠠᠨᠢᠵᠤ ᠡᠵᠡᠮᠳᠡᠬᠦ | ᠬᠡᠷᠡᠭᠲᠡᠢ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠪᠣᠯ ᠮᠠᠨ ᠤ ᠨᠠᠮ ᠤᠨ ᠨᠢᠭᠡᠨ | ᠠᠭᠤᠤ ᠶᠡᠭᠡ ᠡᠭᠦᠳᠦᠯᠲᠡ ᠮᠥᠨ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠨᠥᠬᠦᠴᠡᠯ ᠳᠣᠣᠷ᠎ᠠ | ᠬᠦᠷᠦᠩᠭᠡ ᠶᠢᠨ ᠢᠳᠡᠪᠬᠢ ᠦᠢᠯᠡᠳᠦᠯ ᠢ ᠬᠡᠷᠬᠢᠨ ᠪᠠᠳᠠᠷᠠᠭᠤᠯᠬᠤ ᠶᠢ ᠰᠦᠪᠡᠭᠴᠢᠯᠡᠬᠦ ᠶᠢᠨ ᠬᠠᠮᠲᠤ ᠬᠦᠷᠦᠩᠭᠡ ᠶᠢᠨ ᠨᠠᠵᠠᠭᠠᠢ | ᠦᠢᠯᠡᠳᠦᠯ ᠢ ᠪᠦᠲᠦᠮᠵᠢᠲᠡᠢ ᠪᠠᠷ ᠬᠢᠵᠠᠭᠠᠷᠯᠠᠬᠤ ᠬᠡᠷᠡᠭᠲᠡᠢ᠃ ᠬᠦᠷᠦᠩᠭᠡ ᠳᠤ ︽ᠤᠯᠠᠭᠠᠨ ᠨᠣᠭᠤᠭᠠᠨ ᠳ᠋ᠧᠩ︾ | ᠲᠤᠬᠢᠷᠠᠭᠤᠯᠤᠨ ᠥᠭᠴᠦ᠂ ᠵᠠᠷᠢᠮ ᠬᠦᠷᠦᠩᠭᠡ ᠶᠢᠨ ᠵᠡᠷᠯᠢᠭ ᠪᠠᠯᠠᠮᠠᠳ ᠢᠶᠠᠷ ᠪᠤᠶᠢᠵᠢᠬᠤ ᠶᠢ ᠰᠡᠷᠭᠡᠶᠢᠯᠡᠨ ᠬᠤᠷᠢᠭᠯᠠᠵᠤ᠂ | ᠬᠦᠷᠦᠩᠭᠡ ᠶᠢᠨ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠦᠷᠦᠩᠭᠡ ᠶᠢᠨ | ᠵᠢᠷᠤᠮᠵᠢᠭᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠪᠠ ᠬᠥᠲᠥᠯᠥᠨ ᠵᠢᠯᠣᠭᠤᠳᠴᠤ᠂ ᠨᠡᠶᠢᠭᠡᠮ ᠵᠢᠷᠤᠮ ᠤᠨ ᠦᠨᠳᠦᠰᠦᠨ | ᠠᠵᠤ ᠠᠬᠤᠶ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠶ ᠶᠢ ᠡᠷᠡᠰ | ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ | ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠥᠲᠥᠯᠥᠨ ᠵᠢᠯᠣᠭᠤᠳᠴᠤ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠦᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠠᠩᠬᠠᠨ ᠤ ᠪᠦᠲᠦᠭᠡᠭᠳᠡᠭᠦᠨ ᠤ ᠬᠠᠩᠭᠠᠯᠭ᠎ᠠ ᠶᠢᠨ ᠪᠠᠳᠤᠯᠠᠭ᠎ᠠ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ | ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠶᠢ ᠰᠠᠶᠢᠲᠤᠷ ᠪᠠᠲᠤᠯᠠᠬᠤ ᠪᠣᠯ ᠨᠢᠭᠡᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠠᠰᠠᠭᠤᠳᠠᠯ ᠮᠥᠨ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠᠨ | ᠴᠢᠩᠭᠠᠳᠬᠠᠵᠤ᠂ ᠡᠷᠲᠡᠬᠡᠨ ᠲᠤᠬᠢᠷᠠᠭᠤᠯᠤᠯᠳᠠ ᠬᠢᠵᠦ᠂ ᠬᠠᠩᠭᠠᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ | ᠬᠡᠷᠡᠭᠲᠡᠢ᠃ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠠᠷᠪᠢᠯᠠᠨ ᠭᠠᠮᠨᠠᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠡᠯ᠎ᠡ ᠬᠦᠷᠢᠶᠡᠨ ᠤ ᠠᠷᠪᠢᠯᠠᠨ ᠭᠠᠮᠨᠠᠬᠤ ᠠᠵᠢᠯᠯᠠᠭ᠎ᠠ ᠶᠢ ᠠᠬᠢᠭᠤᠯᠬᠤ ᠬᠡᠷᠡᠭᠲᠡᠢ᠃ | ᠤᠯᠤᠰ ᠤᠨ ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ | ᠭᠠᠳᠠᠭᠠᠳᠤ ᠳᠠᠬᠢ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠰᠢᠯᠢᠳᠡᠭᠵᠢᠭᠦᠯᠦᠨ᠎ᠡ᠃ ᠳᠤᠮᠳᠠᠳᠤᠴᠤᠳ ᠤᠨ | ᠪᠤᠳᠠᠭᠠᠨ ᠠᠶᠠᠭ᠎ᠠ ᠶᠢ ᠬᠡᠵᠢᠶ᠎ᠡ ᠴᠦ ᠭᠡᠰᠡᠨ ᠴᠥᠮ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠮᠠᠨ ᠤ ᠪᠤᠳᠠᠭᠠᠨ | ᠠᠶᠠᠭᠠᠨ ᠳᠤ ᠭᠤᠣᠯᠳᠠᠭᠤ ᠳᠤᠮᠳᠠᠳᠤ ᠤᠯᠤᠰ ᠤᠨ ᠠᠮᠤ ᠪᠤᠳᠠᠭ᠎ᠠ ᠶᠢ ᠬᠢᠬᠦ ᠬᠡᠷᠡᠭᠲᠡᠢ᠃ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠦᠨᠡᠰᠦᠨ ᠠᠮᠤ ᠶᠢᠨ | ᠬᠠᠷᠢᠴᠠᠯᠠᠰᠢᠬᠦᠢ ᠠᠮᠤᠷ ᠲᠦᠪᠰᠢᠨ᠂ ᠠᠮᠤ ᠪᠤᠳᠠᠭ᠎ᠠ ᠶᠢ ᠦᠨᠳᠦᠰᠦᠨ ᠳᠡᠭᠡᠨ ᠥᠪᠡᠰᠦᠪᠡᠨ ᠬᠠᠩᠭᠠᠬᠤ ᠶᠢ ᠦᠨᠡᠨ ᠬᠦ | ᠪᠠᠲᠤᠯᠠᠵᠤ᠂ ᠲᠣᠰᠣᠯᠢᠭ ᠲᠠᠷᠢᠮᠠᠯ᠂ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠴᠢᠳᠠᠪᠤᠷᠢ ᠪᠠ ᠥᠪᠡᠷ ᠢ ᠪᠠᠨ ᠬᠠᠩᠭᠠᠬᠤ | ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ | ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ | ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠪᠤᠶᠤ ᠬᠢᠮᠤᠷᠠᠯ | ᠭᠠᠷᠬᠤ ᠠᠴᠠ ᠬᠦᠴᠦᠯᠡᠨ ᠵᠠᠶᠢᠯᠠᠰᠭᠢᠬᠦ ᠬᠡᠷᠡᠭᠲᠡᠢ᠃ ᠦᠷᠭᠦᠯᠵᠢᠯᠡᠨ ᠶᠡᠭᠡ ᠲᠠᠯ᠎ᠠ ᠶᠢ ᠲᠣᠭᠲᠠᠪᠦᠷᠢᠵᠢᠭᠤᠯᠬᠤ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠤᠨᠤᠴᠠᠳᠠᠢ ᠪᠠᠷ ᠵᠠᠳᠠᠯᠬᠤ | ᠦᠨᠳᠦᠰᠦᠨ ᠴᠢᠭᠯᠡᠯᠲᠡ ᠶᠣᠰᠣᠭᠠᠷ᠂ ᠠᠶᠤᠯ ᠲᠦᠭᠰᠢᠭᠦᠷᠢ ᠶᠢ ᠰᠢᠶ᠋ᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ | ᠠᠳᠬᠤᠨ᠎ᠠ᠃ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠦᠢᠴᠡᠳ ᠡᠬᠢ ᠪᠠᠶᠠᠯᠢᠭ ᠲᠠᠢ ᠪᠠᠶᠢᠵᠤ᠂ ᠡᠯ᠎ᠡ ᠲᠠᠯ᠎ᠠ ᠶᠢᠨ ᠬᠢᠨ | ᠥᠷᠭᠡᠨ ᠢᠶᠠᠷ ᠬᠠᠮᠵᠢᠯᠴᠠᠵᠤ᠂ ᠵᠠᠬ᠎ᠠ ᠳᠡᠯᠭᠡᠭᠦᠷ ᠠᠯᠤᠰᠯᠠᠭᠰᠠᠨ ᠠᠵᠢᠯ ᠲᠦᠷᠦᠯ ᠠᠯᠤᠰᠯᠠᠭᠰᠠᠨ ᠨᠢᠭᠡᠳᠦᠯᠲᠡᠢ | ᠲᠥᠯᠥᠪᠵᠢᠭᠦᠯᠦᠨ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠵᠥᠪ ᠲᠠᠨᠢᠵᠤ ᠡᠵᠡᠮᠳᠡᠬᠦ ᠬᠡᠷᠡᠭᠲᠡᠢ᠃ ᠪᠣᠬᠢᠷᠲᠤᠯ ᠦᠭᠡᠢ ᠪᠠᠭ᠎ᠠ | ᠨᠡᠭᠦᠷᠡᠰᠦᠲᠥ᠋ᠷᠥᠭᠴᠢᠳᠤ ᠬᠥᠭᠵᠢᠯᠲᠡ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠬᠡᠯᠪᠡᠷᠢ ᠪᠠᠨ | ᠬᠤᠪᠢᠷᠠᠭᠤᠯᠬᠤ ᠪᠤᠳᠤᠯᠢᠶᠠᠨᠲᠠᠢ ᠢᠨᠵᠧᠨᠧᠷᠢᠩ ᠪᠠ ᠤᠷᠳᠤ ᠬᠤᠭᠤᠴᠠᠭᠠᠨ ᠤ ᠡᠭᠦᠷᠭᠡ ᠮᠥᠨ᠃ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ | ᠪᠡᠶᠡᠯᠡᠭᠦᠯᠬᠦ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠂ ᠭᠡᠪᠡᠴᠦ ᠨᠢᠭᠡ ᠯᠡ ᠳᠡᠭᠡᠷ᠎ᠡ ᠪᠦᠲᠦᠭᠡᠵᠦ ᠳᠡᠶᠢᠯᠬᠦ ᠦᠭᠡᠢ ᠶᠤᠮ | ᠂ ᠲᠣᠭᠲᠠᠭᠤᠨ ᠤ ᠲᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ | ᠪᠦᠬᠦ ᠤᠯᠤᠰ ᠢᠶᠠᠷ ᠢᠶᠠᠨ ᠨᠢᠭᠡᠳᠦᠯᠲᠡᠢ ᠲᠥᠯᠥᠪᠵᠢᠭᠦᠯᠬᠦ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠤᠣᠰ | ᠬᠦᠷᠳᠦ ᠪᠠᠷ ᠬᠥᠳᠡᠯᠭᠡᠭᠦᠷ ᠪᠣᠯᠭᠠᠬᠤ᠂ ᠳᠣᠲᠣᠭᠠᠳᠤ ᠭᠠᠳᠠᠭᠠᠳᠤ ᠶᠢ ᠰᠢᠯᠤᠭᠤᠳᠬᠠᠬᠤ᠂ ᠠᠶᠤᠯ ᠲᠦᠭᠰᠢᠭᠦᠷᠢ ᠶᠢ | ᠰᠡᠷᠭᠡᠶᠢᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠨᠡᠭᠦᠷᠡᠰᠦ ᠪᠠᠷ ᠭᠤᠣᠯ ᠪᠣᠯᠭᠠᠭᠰᠠᠨ ᠤᠯᠤᠰ ᠤᠨ ᠦᠨᠳᠦᠰᠦᠨ | ᠪᠠᠶᠢᠳᠠᠯ ᠳᠤ ᠰᠠᠭᠤᠷᠢᠯᠠᠨ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ᠂ | ᠰᠢᠨ᠎ᠡ ᠡᠨᠧᠷᠭᠢ ᠶᠢ ᠰᠢᠩᠭᠡᠭᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭ᠎ᠠ ᠠᠳᠬᠤᠵᠤ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠭᠡᠨ᠎ᠡ᠃ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ︽ | ᠬᠤᠶᠠᠷ ᠢ ᠬᠢᠵᠠᠭᠠᠷᠯᠠᠬᠤ︾ ᠳᠦᠷᠢᠮ ᠢ ᠲᠡᠭᠦᠯᠳᠡᠷᠵᠢᠭᠦᠯᠦᠨ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠳᠠ ᠶᠢ ᠪᠠᠭᠠᠰᠬᠠᠬᠤ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠦᠷᠭᠡᠳᠭᠡᠨ ᠪᠤᠶ ᠪᠣᠯᠭᠠᠨ᠎ᠠ᠃ ︽ | ᠬᠤᠶᠠᠷ ᠢ ᠬᠢᠵᠠᠭᠠᠷᠯᠠᠬᠤ︾᠂ ︽ᠬᠤᠤᠰ ᠨᠡᠭᠦᠷᠡᠰᠦᠲᠥ᠋ᠷᠥᠭᠴᠢ︾ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ | ᠂ ᠳᠥᠭᠦᠮᠬᠡᠨ ᠱᠠᠳᠤ ᠱᠠᠳᠤ ᠪᠠᠷ ᠵᠠᠳᠠᠯᠬᠤ ᠶᠢ ᠰᠡᠷᠭᠡᠶᠢᠯᠡᠨ ᠬᠤᠷᠢᠠᠠᠯᠠᠨ᠎ᠠ᠃ ᠡᠨᠧᠷᠭᠢ ᠶᠢᠨ ᠬᠤᠪᠢᠰᠬᠠᠯ ᠢ ᠭᠦᠨᠵᠡᠭᠡᠢ | ᠠᠬᠢᠭᠤᠯᠵᠤ᠂ ᠡᠨᠧᠷᠭᠢ ᠶᠢᠨ ᠬᠦᠴᠦᠷᠬᠡᠭ ᠤᠯᠤᠰ ᠢ ᠲᠦᠷᠭᠡᠳᠭᠡᠨ ᠪᠦᠲᠦᠭᠡᠨ ᠪᠠᠶᠢᠭᠤᠯᠬᠤ ᠬᠡᠷᠡᠭᠳᠡᠢ ᠭᠡᠵᠦ ᠵᠢᠭᠠᠵᠤ | ᠭᠠᠷᠭᠠᠪᠠ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | |