| ᠬᠢᠲᠠᠳ ᠡᠮ ᠡᠮᠨᠡᠯᠭᠡ ᠶᠢᠨ ᠦᠢᠯᠡᠰ ᠢ ᠢᠳᠡᠪᠬᠢᠲᠡᠢ ᠬᠥᠭᠵᠢᠭᠦᠯᠵᠦ ᠨᠠᠷᠠᠲᠤ ᠲᠥᠷᠥᠯ ᠲᠡᠮᠳᠡᠭᠲᠦ ᠶᠢᠨ ᠲᠤᠰᠬᠠᠢ | ᠰᠠᠯᠠᠭᠠᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠠᠷᠠᠳ ᠲᠦᠮᠡᠨ ᠤ ᠡᠷᠡᠭᠦᠯ ᠡᠩᠭᠡ ᠳᠤ | ᠦᠢᠯᠡᠴᠢᠯᠡᠨ᠎ᠡ | — ᠬᠤᠸᠠᠳᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠯᠢᠦ ᠪᠢᠶᠣᠣ | | | | | ᠰᠤᠷᠪᠤᠯᠵᠢᠯᠠᠭᠴᠢ᠄ ᠲᠠ ᠪᠦᠬᠦᠨ ᠰᠠᠶᠢᠨ ᠪᠠᠶᠢᠵᠠᠭᠠᠨ᠎ᠠ ᠦᠦ︖ᠥᠨᠥᠳᠥᠷ ᠪᠢᠳᠡ ᠬᠤᠸᠠᠳᠧ ᠰᠢᠶᠠᠨ ᠤ ᠬᠢᠲᠠᠳ | ᠮᠣᠩᠭᠤᠯ ᠤᠨ ᠡᠮᠨᠡᠯᠭᠡ ᠶᠢᠨ ᠬᠤᠷᠢᠶᠠᠨ ᠤ ᠯᠢᠦ ᠪᠢᠶᠣᠣ ᠨᠥᠬᠦᠷ ᠢ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ | ᠳᠠᠭᠠᠨ ᠠᠵᠠ ᠪᠠᠷ ᠤᠷᠢᠯ᠎ᠠ ᠂ ᠯᠢᠦ ᠬᠤᠷᠢᠶᠠᠨ ᠳᠠᠷᠤᠭ᠎ᠠ ᠶᠢ ᠤᠭᠲᠤᠵᠤ ᠪᠠᠶᠢᠨ᠎ᠠ᠃ | ᠯᠢᠦ ᠪᠢᠶᠣᠣ᠄ ᠣᠯᠠᠨ ᠢᠶᠠᠷ ᠢᠶᠠᠨ ᠰᠠᠶᠢᠨ ᠪᠠᠶᠢᠵᠠᠭᠠᠨ᠎ᠠ ᠦᠦ︖ ᠰᠢᠶᠠᠨ ᠤ ᠵᠠᠰᠠᠭ ᠤᠨ ᠣᠷᠳᠣᠨ ᠤ | ᠰᠦᠯᠵᠢᠶᠡᠨ ᠤ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠪᠤᠯᠤᠩ ᠳᠤ ᠣᠷᠤᠯᠴᠠᠬᠤ ᠪᠣᠯᠤᠭᠰᠠᠨ ᠳᠠᠭᠠᠨ ᠮᠠᠰᠢ | ᠪᠠᠶᠠᠷ ᠲᠠᠢ ᠪᠠᠶᠢᠨ᠎ᠠ᠃ | ᠰᠤᠷᠪᠤᠯᠵᠢᠯᠠᠭᠴᠢ᠄ ᠬᠤᠸᠠᠳᠧ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠨᠢᠭᠡᠨᠲᠡ ᠰᠢᠨ᠎ᠡ | ᠠᠰᠠᠷ ᠲᠤ ᠨᠡᠭᠦᠭᠰᠡᠨ ᠢ ᠣᠯᠠᠨ ᠢᠶᠠᠷ ᠢᠶᠠᠨ ᠪᠦᠷ ᠮᠡᠳᠡᠵᠦ ᠪᠠᠶᠢᠨ᠎ᠠ᠂ ᠲᠠ ᠬᠢᠲᠠᠳ ᠮᠣᠩᠭᠤᠯ ᠤᠨ ᠡᠮᠨᠡᠯᠭᠡ ᠶᠢᠨ | ᠬᠤᠷᠢᠶᠠᠨ ᠤ ᠣᠳᠣᠬᠠᠨ ᠤ ᠶᠡᠷᠦᠩᠬᠡᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠯᠢᠦ ᠪᠢᠶᠣᠣ᠄ ᠬᠤᠸᠠᠳᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ 2003 ᠣᠨ ᠳᠤ | ᠪᠠᠶᠢᠭᠤᠯᠵᠤ᠂ ᠨᠢᠭᠡᠨᠲᠡ 20 ᠰᠢᠬᠠᠮ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠵᠡᠢ᠃ ᠰᠢᠨ᠎ᠡ ᠠᠰᠠᠷ ᠢ | ᠪᠦᠷᠢᠮᠦᠰᠦᠨ ᠬᠤᠶᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠪᠠᠷ ᠪᠠᠶᠢᠭᠤᠯᠵᠤ᠂ | ᠪᠠᠷᠢᠯᠭ᠎ᠠ ᠶᠢᠨ ᠲᠠᠯᠠᠪᠠᠶ ᠨᠢ 8900 ᠲᠡᠭᠰᠢ ᠳᠥᠷᠪᠡᠯᠵᠢᠨ ᠮᠧᠲᠷ᠂ ᠨᠡᠶᠢᠲᠡ 9 ᠳᠠᠪᠬᠤᠷ ᠪᠠᠶᠢᠳᠠᠭ᠃ | ᠣᠳᠣᠬᠠᠨ ᠳᠤ᠂ ᠮᠠᠨ ᠤ ᠬᠤᠷᠢᠶᠠᠨ ᠤ ᠠᠵᠢᠯ ᠳᠤ ᠪᠠᠶᠢᠭ᠎ᠠ ᠠᠵᠢᠯᠲᠠᠨ 190 ᠭᠠᠷᠤᠢ ᠬᠥᠮᠥᠨ᠂ ᠣᠷᠣᠨ | ᠲᠤᠭ᠎ᠠ ᠳᠤ ᠪᠠᠶᠢᠭ᠎ᠠ ᠠᠵᠢᠯᠲᠠᠨ 48 ᠬᠥᠮᠥᠨ᠂ ᠲᠦᠷ ᠴᠠᠭ ᠤᠷᠢᠨ ᠬᠡᠷᠡᠭᠯᠡᠭᠰᠡᠨ ᠠᠵᠢᠯᠲᠠᠨ 140 ᠭᠠᠷᠤᠢ | ᠬᠥᠮᠥᠨ ᠪᠠᠶᠢᠨ᠎ᠠ᠃ ᠡᠭᠦᠨ ᠳᠤ ᠲᠤᠰᠬᠠᠢ ᠮᠡᠷᠭᠡᠵᠢᠯ ᠤᠨ ᠠᠵᠢᠯᠲᠠᠨ 160 ᠭᠠᠷᠤᠢ ᠪᠠᠶᠢᠵᠤ᠂ ᠳᠡᠳ᠋ ᠮᠡᠷᠭᠡᠵᠢᠯ ᠤᠨ | ᠴᠣᠯᠠ ᠲᠠᠢ 5᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠲᠠᠢ 14 ᠪᠣᠶ᠃ | ᠭᠤᠣᠯ ᠪᠣᠯᠬᠤ ᠡᠮᠴᠢᠯᠡᠭᠡᠨ ᠤ ᠰᠠᠯᠠᠭ᠎ᠠ ᠨᠢ 14 ︵ᠡᠯᠢᠭᠡ ᠰᠥᠰᠥᠨ ᠤ ᠭᠠᠳᠠᠷ ᠰᠠᠯᠠᠭ᠎ᠠ ᠂ ᠶᠠᠰᠤᠨ ᠤ | ᠰᠢᠷᠬ᠎ᠠ ᠶᠢᠨ ᠭᠠᠳᠠᠷ ᠰᠠᠯᠠᠭ᠎ᠠ ᠂ ᠬᠡᠷᠦᠬᠦ ᠳᠡᠯᠢᠭᠦᠦ ᠬᠤᠳᠣᠭᠤᠳᠤᠨ ᠤ ᠰᠠᠯᠠᠭ᠎ᠠ ᠂ ᠬᠡᠦᠬᠡᠳ ᠤᠨ ᠰᠠᠯᠠᠭ᠎ᠠ ᠂ | ᠠᠷᠠᠰᠤᠨ ᠤ ᠰᠠᠯᠠᠭ᠎ᠠ ᠂ ᠡᠷᠡᠭᠦᠯᠵᠢᠭᠦᠯᠬᠦ ᠹᠢᠽᠢᠺ ᠵᠠᠰᠠᠯ ᠤᠨ ᠰᠠᠯᠠᠭ᠎ᠠ ᠂ ᠡᠮᠡᠭᠲᠡᠢ ᠶᠢᠨ ᠰᠠᠯᠠᠭ᠎ᠠ ᠂ ᠴᠢᠬᠢ ᠬᠠᠮᠠᠷ | ᠬᠤᠭᠤᠯᠠᠢ ᠶᠢᠨ ᠰᠠᠯᠠᠭ᠎ᠠ ᠂ ᠠᠮᠠᠨ ᠬᠥᠨᠳᠡᠢ ᠶᠢᠨ ᠰᠠᠯᠠᠭ᠎ᠠ ᠂ ᠬᠤᠷᠲᠢᠭ ᠭᠤᠭᠤᠵᠢᠯ ᠤᠨ ᠰᠠᠯᠠᠭ᠎ᠠ ᠂ ᠰᠢᠬᠢᠷ ᠰᠢᠵᠢᠩ | ᠡᠪᠡᠳᠴᠢᠨ ᠤ ᠲᠤᠰᠬᠠᠢ ᠰᠠᠯᠠᠭ᠎ᠠ ᠂ ᠨᠢᠳᠦᠨ ᠤ ᠰᠠᠯᠠᠭ᠎ᠠ ᠂ ᠨᠠᠰᠤᠲᠠᠶᠢᠴᠤᠳ ᠤᠨ ᠰᠠᠯᠠᠭ᠎ᠠ ᠂ ᠴᠢᠰᠤ ᠨᠡᠪᠴᠢᠭᠦᠯᠦᠨ | ᠢᠯᠭᠠᠷᠠᠭᠤᠯᠬᠤ ᠰᠠᠯᠠᠭ᠎ᠠ ᠵᠡᠷᠭᠡ︶ ᠪᠠᠶᠢᠵᠤ ᠂ ᠲᠤᠰᠠᠯᠠᠬᠤ ᠰᠠᠯᠠᠭ᠎ᠠ ᠨᠢ ᠭᠤᠣᠯᠳᠠᠭᠤ DR ᠲᠠᠰᠤᠭ ᠂ ᠰᠢᠨᠵᠢᠯᠡᠨ | ᠰᠢᠯᠭᠠᠬᠤ ᠲᠠᠰᠤᠭ ᠂ ᠪᠤᠳᠤᠭᠲᠤ ᠬᠡᠳᠦ ᠳᠣᠯᠭᠢᠶᠠᠨ ᠤ ᠲᠠᠰᠤᠭ ᠂ ᠵᠢᠷᠦᠬᠡᠨ ᠤ ᠯᠤᠭᠰᠢᠯᠲᠠ ᠶᠢᠨ ᠵᠢᠷᠤᠭ ᠤᠨ ᠲᠠᠰᠤᠭ | ᠵᠡᠷᠭᠡ ᠪᠣᠢ ᠃ ᠰᠤᠪᠢᠯᠠᠬᠤ ᠲᠠᠰᠤᠭ ᠬᠤᠶᠠᠷ ︵ᠴᠢᠰᠤ ᠨᠡᠪᠴᠢᠭᠦᠯᠬᠦ ᠰᠤᠪᠢᠯᠠᠯᠲᠠ ᠶᠢᠨ ᠲᠠᠰᠤᠭ ᠂ ᠳᠣᠲᠣᠷ᠂ ᠭᠠᠳᠠᠷ | ᠰᠠᠯᠠᠭᠠᠨ ᠤ ᠶᠡᠷᠦᠩᠬᠡᠶᠢᠯᠡᠭᠰᠡᠨ ᠰᠤᠪᠢᠯᠠᠯᠲᠠ ᠶᠢᠨ ᠲᠠᠰᠤᠭ ᠪᠠᠭᠲᠠᠨ᠎ᠠ︶᠂ ᠪᠤᠰᠤᠳ ᠰᠠᠯᠠᠭ᠎ᠠ ᠲᠠᠰᠤᠭ 9 ︵ᠬᠢᠲᠠᠳ | ᠮᠣᠩᠭᠤᠯ ᠡᠮ ᠤᠨ ᠥᠷᠥᠭᠡ᠂ ᠡᠸᠦ᠋ᠷᠦᠫᠡ ᠡᠮ ᠤᠨ ᠥᠷᠥᠭᠡ᠂ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ | ᠰᠠᠯᠠᠭ᠎ᠠ᠂ ᠠᠯᠪᠠᠨ ᠭᠡᠷ᠂ ᠡᠳ᠋ ᠤᠨ ᠶᠠᠪᠤᠳᠠᠯ ᠤᠨ ᠲᠠᠰᠤᠭ᠂ ᠡᠪᠡᠳᠴᠢᠨ ᠤ ᠬᠡᠷᠡᠭ ᠤᠨ ᠲᠠᠰᠤᠭ᠂ ᠰᠦᠢᠳᠬᠡᠯ | ᠬᠤᠷᠢᠶᠠᠬᠤ ᠲᠠᠰᠤᠭ᠂ ᠡᠮ ᠴᠢᠨᠠᠬᠤ ᠲᠠᠰᠤᠭ᠂ ᠡᠮ ᠤᠨ ᠬᠥᠮᠥᠷᠭᠡ ᠵᠡᠷᠭᠡ ᠶᠢ ᠪᠠᠭᠲᠠᠭᠠᠨ᠎ᠠ︶ ᠪᠠᠶᠢᠵᠤ᠂ 100 | ᠡᠪᠡᠳᠴᠢᠲᠡᠨ ᠤ ᠣᠷᠣ ᠶᠢ ᠲᠣᠬᠢᠷᠠᠭᠤᠯᠪᠡ᠃ | ᠢᠯᠠᠩᠭᠤᠶ᠎ᠠ ᠣᠶᠢᠷ᠎ᠠ ᠶᠢᠨ 3 ᠵᠢᠯ ᠤᠨ ᠲᠤᠷᠰᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠪᠣᠯᠣᠨ ᠪᠡᠭᠡᠵᠢᠩ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠡᠮᠨᠡᠯᠭᠡ ᠶᠢᠨ | ᠬᠤᠷᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠡᠯ᠎ᠡ ᠰᠠᠯᠠᠭ᠎ᠠ | ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠴᠦ᠂ ᠲᠤᠰᠬᠠᠢ ᠮᠡᠷᠭᠡᠵᠢᠯ ᠤᠨ ᠪᠦᠲᠦᠭᠡᠨ | ᠪᠠᠶᠢᠭᠤᠯᠤᠯᠲᠠ ᠯᠤᠲᠤ ᠶᠡᠭᠡ ᠳᠠᠪᠰᠢᠯᠲᠠ ᠲᠠᠢ ᠪᠣᠯᠵᠤ᠂ ᠴᠢᠳᠠᠪᠤᠷᠢᠲᠠᠨ ᠤ ᠬᠥᠮᠥᠵᠢᠭᠦᠯᠦᠯ ᠲᠠᠰᠤᠷᠠᠯᠲᠠ ᠦᠭᠡᠢ | ᠪᠤᠵᠠᠭᠠᠶᠢᠷᠠᠵᠤ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠶᠠᠰᠤ ᠴᠢᠨᠠᠷ ᠢᠯᠡᠳᠲᠡ ᠳᠡᠭᠡᠭᠰᠢᠯᠡᠨ᠂ | ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠵᠦ᠂ ᠪᠥᠬᠦ ᠰᠢᠶᠠᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠰᠤᠷᠪᠤᠯᠵᠢᠯᠠᠭᠴᠢ᠄ ᠣᠳᠣᠬᠠᠨ ᠳᠤ ᠡᠮᠨᠡᠯᠭᠡ ᠶᠢᠨ ᠬᠤᠷᠢᠶᠠᠨ ᠤ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠠᠩᠭᠢ | ᠬᠡᠲᠦ ᠪᠠᠶᠢᠬᠤ ᠪᠣᠶ︖ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠨᠢ ᠶᠠᠭᠤ ᠪᠤᠢ ︖ | ᠯᠢᠦ ᠪᠢᠶᠣᠣ᠄ ᠣᠳᠣᠬᠠᠨ ᠳᠤ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠭᠤᠣᠯᠳᠠᠯᠭ᠎ᠠ ᠲᠠᠢ ᠲᠤᠰᠬᠠᠢ | ᠮᠡᠷᠭᠡᠵᠢᠯ ᠤᠨ ᠠᠩᠭᠢ ᠳᠤ ᠡᠸᠦ᠋ᠷᠦᠫᠡ ᠡᠮᠨᠡᠯᠭᠡ ᠪᠠ ᠬᠢᠲᠠᠳ ᠡᠮᠨᠡᠯᠭᠡ ᠪᠠᠶᠢᠨ᠎ᠠ᠂ ᠡᠭᠦᠨ ᠳᠤ ᠡᠷᠡᠭᠦᠯᠵᠢᠭᠦᠯᠬᠦ ᠹᠢᠽᠢᠺ | ᠵᠠᠰᠠᠯ ᠤᠨ ᠰᠠᠯᠠᠭ᠎ᠠ᠂ ᠡᠪᠡᠳᠴᠢᠨ ᠠᠴᠠ ᠡᠮᠦᠨᠡᠬᠢ ᠡᠪᠡᠳᠴᠢᠨ ᠢ ᠵᠠᠰᠠᠬᠤ ᠰᠠᠯᠠᠭ᠎ᠠ᠂ ᠭᠠᠳᠠᠷ ᠡᠮᠨᠡᠯᠭᠡ᠂ ᠴᠢᠰᠤ | ᠨᠡᠪᠲᠡᠷᠡᠭᠦᠯᠦᠨ ᠵᠠᠳᠠᠷᠠᠭᠤᠯᠬᠤ ᠰᠠᠯᠠᠭ᠎ᠠ᠂ ᠴᠢᠰᠤᠨ ᠳᠠᠷᠤᠯᠲᠠ ᠥᠨᠳᠥᠷ ᠰᠢᠬᠢᠷ ᠰᠢᠵᠢᠩ ᠡᠪᠡᠳᠴᠢᠨ ᠤ ᠲᠤᠰᠬᠠᠢ | ᠮᠡᠷᠭᠡᠵᠢᠯ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠳᠣᠲᠣᠷ ᠡᠮᠨᠡᠯᠭᠡ ᠵᠡᠷᠭᠡ ᠭᠤᠣᠯᠳᠠᠯᠭ᠎ᠠ ᠲᠠᠢ | ᠰᠠᠯᠠᠭ᠎ᠠ ᠲᠠᠰᠤᠭ ᠪᠠᠭᠲᠠᠨ᠎ᠠ᠃ | ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠯᠤᠰ | ᠬᠡᠲᠦ ᠶᠢᠨ ᠲᠥᠯᠦᠪᠵᠢᠭᠦᠯᠭᠡ ᠪᠠ ᠬᠢᠲᠠᠳ ᠡᠮ ᠡᠮᠨᠡᠯᠭᠡ ᠶᠢᠨ ᠦᠢᠯᠡᠰ ᠤᠨ ᠪᠠᠶᠢᠷᠢ ᠲᠣᠭᠲᠠᠭᠠᠯᠲᠠ ᠶᠢ ᠶᠡᠭᠡ ᠪᠠᠷ | ᠬᠥᠭᠵᠢᠭᠦᠯᠬᠦ ᠶᠢ ᠪᠣᠳᠣᠯᠬᠢᠯᠠᠵᠤ᠂ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠤᠨ ᠲᠠᠯ᠎ᠠ ᠪᠠᠷ᠂ ᠪᠢᠳᠡ ᠨᠢᠭᠡᠨᠲᠡ | ᠰᠠᠶᠢᠨ ᠲᠤᠰᠬᠠᠢ ᠮᠡᠷᠭᠡᠵᠢᠯ ᠤᠨ ᠰᠠᠯᠠᠭ᠎ᠠ ᠶᠢ ᠭᠤᠣᠯᠳᠠᠯᠭ᠎ᠠ ᠲᠠᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠮᠡᠷᠭᠡᠵᠢᠯ | ᠪᠠ ᠦᠢᠯᠡᠴᠢᠯᠡᠭᠡᠨ ᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠪᠡᠯᠡᠳᠬᠡᠵᠦ ᠪᠠᠶᠢᠨ᠎ᠠ᠃ | ᠡᠪᠡᠳᠴᠢᠲᠡᠨ ᠤ ᠬᠡᠷᠡᠭᠴᠡᠭᠡ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ | ᠬᠡᠷᠡᠭᠴᠡᠭᠡ ᠶᠢ ᠦᠨᠳᠦᠰᠦᠯᠡᠨ ᠣᠨᠣᠰᠢᠯᠠᠨ ᠡᠮᠨᠡᠬᠦ ᠬᠢᠴᠢᠶᠡᠯ ᠲᠥᠷᠥᠯ ᠢ ᠨᠡᠮᠡᠵᠦ ᠲᠣᠬᠢᠷᠠᠭᠤᠯᠤᠨ᠎ᠠ᠂ ᠵᠢᠱᠢᠶᠡᠯᠡᠪᠡᠯ᠄ | ᠥᠨᠳᠥᠷ ᠳᠠᠷᠤᠯᠲᠠᠲᠤ ᠬᠦᠴᠢᠯᠲᠥ᠋ᠷᠥᠭᠴᠢ ᠶᠢᠨ ᠥᠷᠥᠭᠡ᠂ ᠡᠮ ᠨᠠᠶᠢᠷᠠᠭᠤᠯᠬᠤ ᠲᠠᠰᠤᠭ᠂ ᠮᠣᠩᠭᠤᠯ ᠡᠮᠨᠡᠯᠭᠡ ᠶᠢᠨ | ᠰᠠᠯᠠᠭ᠎ᠠ᠂ ᠠᠮᠠᠨ ᠬᠥᠨᠳᠡᠢ ᠶᠢᠨ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠲᠦᠷᠭᠡᠨ ᠡᠮᠨᠡᠬᠦ ᠰᠠᠯᠠᠭ᠎ᠠ ᠵᠢᠴᠢ ICU | ᠵᠡᠷᠭᠡ ᠰᠠᠯᠠᠭ᠎ᠠ ᠲᠠᠰᠤᠭ ᠢ ᠠᠯᠬᠤᠮ ᠠᠯᠬᠤᠮ ᠢᠶᠠᠷ ᠨᠡᠮᠡᠨ ᠲᠣᠬᠢᠷᠠᠭᠤᠯᠵᠤ᠂ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠡ ᠶᠢ ᠨᠢᠭᠡᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠭᠠᠨ ᠪᠦᠲᠦᠭᠡᠨ ᠪᠠᠶᠢᠭᠤᠯᠵᠤ᠂ ᠣᠯᠠᠨ | ᠲᠦᠮᠡᠨ ᠳᠤ ᠨᠠᠩ ᠰᠠᠶᠢᠨ ᠦᠢᠯᠡᠴᠢᠯᠡᠨ᠎ᠡ᠃ | ᠰᠤᠷᠪᠤᠯᠵᠢᠯᠠᠭᠴᠢ᠄ ᠬᠤᠸᠠᠳᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖ | ᠯᠢᠦ ᠪᠢᠶᠣᠣ᠄ ᠣᠯᠠᠨ ᠵᠢᠯ ᠤᠨ ᠲᠤᠷᠰᠢ᠂ ᠬᠤᠸᠠᠳᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ︽ | ᠡᠪᠡᠳᠴᠢᠲᠡᠨ ᠳᠤ ᠦᠢᠯᠡᠴᠢᠯᠡᠬᠦ᠂ ᠠᠮᠢ ᠨᠠᠰᠤ ᠶᠢ ᠳᠡᠭᠡᠳᠦᠯᠡᠬᠦ︾ ᠵᠣᠷᠢᠯᠲᠠ ᠶᠢ ᠢᠮᠠᠭᠲᠠ ᠪᠠᠷᠢᠮᠲᠠᠯᠠᠵᠤ᠂ | ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢᠯᠡᠴᠢᠯᠡᠭᠡᠨ ᠤ ᠠᠷᠭ᠎ᠠ | ᠮᠠᠶ᠋ᠢᠭ ᠢᠶᠠᠨ ᠰᠠᠶᠢᠵᠢᠷᠠᠭᠤᠯᠵᠤ᠂ ᠬᠥᠪᠡᠭᠡᠲᠦ ᠰᠢᠷ᠎ᠠ ᠬᠤᠰᠢᠭᠤᠨ ᠤ ᠮᠠᠰᠢ ᠣᠯᠠᠨ ᠮᠠᠯᠴᠢᠨ ᠡᠪᠡᠳᠴᠢᠲᠡᠨ ᠤ ᠳᠡᠭᠡᠳᠦ | ᠬᠡᠮᠵᠢᠶᠡᠨ ᠤ ᠢᠲᠡᠭᠡᠯ ᠪᠠ ᠰᠠᠶᠢᠨ ᠦᠨᠡᠯᠡᠯᠲᠡ ᠶᠢ ᠭᠥᠷᠳᠡᠭᠰᠡᠭᠡᠷ ᠢᠷᠡᠵᠡᠶ᠃ | ᠵᠠᠯᠭᠠᠭᠠᠳ ᠬᠢᠬᠦ ᠠᠵᠢᠯ ᠤᠨ ᠳᠤᠮᠳᠠ ᠪᠠᠨ᠂ ᠪᠢᠳᠡ ᠦᠷᠭᠦᠯᠵᠢᠯᠡᠨ ᠳᠣᠣᠷᠠᠬᠢ ᠮᠡᠲᠦ ᠠᠷᠭ᠎ᠠ ᠬᠡᠮᠵᠢᠶ᠎ᠡ ᠶᠢ | ᠠᠪᠴᠤ ᠪᠠᠶᠢᠭᠠᠳ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ ︵ᠨᠢᠭᠡ︶ ᠬᠥᠳᠡᠭᠡ ᠪᠠᠭᠤᠵᠤ ᠠᠯᠪᠠᠨ | ᠵᠢᠷᠤᠮ ᠤᠨ ᠡᠮᠴᠢᠯᠡᠭᠡ ᠬᠢᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠬᠦ᠂ ᠭᠡᠷ ᠲᠤᠨᠢ ᠬᠦᠷᠴᠦ | ᠦᠢᠯᠡᠴᠢᠯᠡᠬᠦ᠂ ᠲᠡᠷᠭᠡ ᠪᠠᠷ ᠲᠤᠰᠴᠤ ᠬᠦᠷᠭᠡᠬᠦ᠂ ᠡᠮᠴᠢᠯᠡᠭᠡ ᠶᠢ ᠬᠥᠲᠥᠯᠥᠨ ᠵᠢᠯᠤᠭᠤᠳᠬᠤ᠂ ᠲᠣᠬᠤᠨᠢᠭᠤᠯᠬᠤ᠂ | ᠡᠮᠨᠡᠯᠭᠡ ᠠᠴᠠ ᠭᠠᠷᠬᠤ ᠡᠮᠨᠡᠯᠭᠡ ᠶᠢᠨ ᠵᠠᠷᠤᠳᠠᠯ ᠢ ᠲᠦᠷᠭᠡᠨ ᠭᠦᠢᠴᠡᠳᠬᠡᠬᠦ ᠶᠢᠨ ᠬᠠᠮᠲᠤ ᠡᠮᠴᠢᠯᠡᠭᠡᠨ ᠤ ᠵᠠᠷᠤᠳᠠᠯ ᠢ | ᠳ᠋ᠦᠩᠨᠡᠨ ᠪᠤᠳᠤᠬᠤ ᠵᠡᠷᠭᠡ ᠠᠷᠭ᠎ᠠ ᠶᠢ ᠢᠳᠡᠪᠬᠢᠲᠡᠢ ᠥᠷᠨᠢᠭᠦᠯᠵᠦ᠂ ᠡᠪᠡᠳᠴᠢᠲᠡᠨ ᠢ ᠠᠯᠢ ᠴᠢᠳᠠᠬᠤ ᠪᠠᠷ ᠳᠤᠲᠠᠭᠤ | ᠭᠦᠶᠦᠯᠭᠡᠵᠦ᠂ ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ | ᠨᠠᠷᠠᠲᠤ ᠲᠥᠷᠥᠯ ᠲᠡᠮᠳᠡᠭᠲᠦ ᠶᠢᠨ ᠦᠢᠯᠡᠴᠢᠯᠡᠭᠡᠨ ᠤ ᠰᠠᠶᠢᠨ ᠰᠠᠶᠢᠬᠠᠨ ᠨᠡᠶᠢᠭᠡᠮ ᠤᠨ ᠦᠢᠯᠡᠳᠦᠯ ᠢ ᠪᠣᠶ ᠪᠣᠯᠭᠠᠨ᠎ᠠ᠃ | ︵ᠬᠤᠶᠠᠷ︶ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠨ ᠣᠨᠣᠰᠢᠯᠠᠨ ᠡᠮᠨᠡᠬᠦ ᠣᠨᠴᠠᠯᠢᠭᠲᠤ ᠳᠠᠪᠠᠭᠤᠯᠢᠭ | ᠮᠡᠷᠭᠡᠵᠢᠯ ᠢ ᠢᠳᠡᠪᠬᠢᠲᠡᠢ ᠪᠠᠳᠠᠷᠠᠭᠤᠯᠵᠤ᠂ ᠡᠪᠡᠳᠴᠢᠯᠡᠭᠡᠳᠦᠢ ᠶᠢ ᠵᠠᠰᠠᠬᠤ᠂ ᠡᠷᠡᠭᠦᠯ ᠮᠡᠨᠳᠦ ᠶᠢᠨ ᠵᠢᠯᠣᠭᠤᠳᠤᠯᠭ᠎ᠠ ᠶᠢ | ᠴᠢᠩᠭᠠᠳᠬᠠᠨ ᠡᠪᠡᠳᠴᠢᠲᠡᠨ ᠤ ᠡᠷᠡᠭᠦᠯᠵᠢᠬᠦ ᠶᠢ ᠠᠬᠢᠭᠤᠯᠤᠨ᠎ᠠ᠃ ︵ᠭᠤᠷᠪᠠ︶ ᠪᠡᠭᠡᠵᠢᠩ᠂ ᠬᠥᠬᠡᠬᠤᠲᠠ ᠵᠡᠷᠭᠡ | ᠭᠠᠵᠠᠷ ᠤᠨ ᠭᠤᠷᠪᠠᠳᠤᠭᠠᠷ ᠬᠥᠬᠡ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠳ ᠲᠠᠢ ᠬᠠᠷᠢᠯᠴᠠᠭ᠎ᠠ ᠪᠠᠨ | ᠦᠷᠭᠦᠯᠵᠢᠯᠡᠨ ᠴᠢᠩᠭᠠᠳᠬᠠᠵᠤ᠂ ᠮᠠᠨ ᠤ ᠬᠤᠷᠢᠶ᠎ᠠ ᠳᠤ ᠰᠠᠭᠤᠵᠤ ᠬᠠᠪᠰᠤᠷᠤᠨ ᠲᠡᠳᠬᠦᠬᠦ᠂ ᠳᠠᠭᠠᠭᠤᠯᠤᠨ | ᠪᠣᠯᠪᠠᠰᠤᠷᠠᠭᠤᠯᠬᠤ᠂ ᠠᠯᠤᠰ ᠠᠴᠠ ᠬᠠᠮᠲᠤᠷᠠᠨ ᠣᠨᠣᠰᠢᠯᠠᠬᠤ ᠵᠡᠷᠭᠡ ᠰᠢᠨ᠎ᠡ ᠠᠷᠭ᠎ᠠ ᠬᠡᠮᠵᠢᠶ᠎ᠡ ᠪᠠᠷ ᠳᠠᠮᠵᠢᠭᠤᠯᠤᠨ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ᠃ ︵ᠳᠥᠷᠪᠡ︶ ᠵᠢᠯ ᠤᠨ ᠴᠠᠯᠢᠩ ᠤᠨ ᠳᠦᠷᠢᠮ ᠢᠶᠠᠷ | ᠳᠠᠮᠵᠢᠭᠤᠯᠤᠨ ᠤᠯᠠᠭᠠᠨᠴᠠᠪ ᠬᠤᠲᠠ ᠶᠢᠨ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ | ᠨᠠᠷᠠᠲᠤ ᠠᠬᠠᠮᠠᠳ ᠬᠢᠲᠠᠳ ᠡᠮᠴᠢ ᠶᠢ ᠣᠷᠣᠭᠤᠯᠤᠨ ᠠᠪᠴᠢᠷᠠᠵᠤ ᠮᠠᠨ ᠤ ᠬᠤᠷᠢᠶᠠᠨ ᠳᠤ ᠰᠠᠭᠤᠯᠭᠠᠨ ᠡᠮᠨᠡᠭᠦᠯᠵᠦ᠂ | ᠠᠷᠠᠳ ᠣᠯᠠᠨ ᠳᠤ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠨ᠎ᠠ | ᠃ | ᠰᠤᠷᠪᠤᠯᠵᠢᠯᠠᠭᠴᠢ᠄ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠰᠣᠶᠣᠯ ᠤᠨ ᠪᠠᠶᠢᠭᠤᠯᠤᠯᠲᠠ ᠶᠢᠨ | ᠲᠠᠯ᠎ᠠ ᠪᠠᠷ ᠶᠠᠮᠠᠷ ᠶᠠᠮᠠᠷ ᠨᠡᠯᠢᠶᠡᠳ ᠲᠣᠪᠣᠶᠢᠮ᠎ᠠ ᠣᠨᠴᠠᠯᠢᠭ ᠲᠠᠢ ᠪᠣᠶ︖ | ᠯᠢᠦ ᠪᠢᠶᠣᠣ᠄ ᠣᠯᠠᠨ ᠵᠢᠯ ᠤᠨ ᠲᠤᠷᠰᠢ᠂ ᠬᠤᠸᠠᠳᠧ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠨᠢ | ᠨᠠᠮ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠶᠢᠯᠳᠤᠬᠤ ᠪᠣᠳᠣᠯᠭ᠎ᠠ ᠪᠠ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠣᠨᠣᠯ ᠢ ᠢᠮᠠᠭᠲᠠ ᠪᠠᠷᠢᠮᠲᠠᠯᠠᠨ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ | ᠰᠣᠶᠣᠯ ᠤᠨ ᠪᠠᠶᠢᠭᠤᠯᠤᠯᠲᠠ ᠪᠠ ᠰᠢᠨ᠎ᠡ ᠶᠢ ᠡᠭᠦᠳᠬᠦ ᠶᠢ ᠡᠮᠨᠡᠯᠭᠡ ᠶᠢᠨ ᠬᠤᠷᠢᠶᠠᠨ ᠤ ᠰᠣᠶᠣᠯ ᠤᠨ | ᠪᠠᠶᠢᠭᠤᠯᠤᠯᠲᠠ ᠳᠤ ᠢᠮᠠᠭᠲᠠ ᠠᠭᠤᠰᠬᠠᠭᠰᠠᠭᠠᠷ ᠢᠷᠡᠵᠡᠶ᠃ ᠮᠣᠩᠭᠤᠯ ᠬᠢᠲᠠᠳ ᠡᠮᠨᠡᠯᠭᠡ ᠶᠢᠨ ᠰᠣᠶᠣᠯ ᠤᠨ ᠣᠷᠳᠣ | ᠬᠤᠩᠭᠢᠯ ᠢ ᠲᠤᠰᠬᠠᠶᠢᠯᠠᠨ ᠡᠭᠦᠳᠦᠨ ᠪᠠᠶᠢᠭᠤᠯᠵᠤ᠂ ᠵᠢᠷᠤᠭ ᠪᠢᠴᠢᠭ ᠢ ᠬᠤᠣᠰᠯᠠᠭᠤᠯᠤᠨ᠂ ᠬᠢᠯᠪᠠᠷ ᠣᠶᠢᠯᠠᠭᠠᠮᠵᠢᠲᠠᠢ | ᠪᠣᠯᠭᠠᠵᠤ᠂ ᠣᠯᠠᠨ ᠨᠡᠶᠢᠲᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠮᠣᠩᠭᠤᠯ ᠬᠢᠲᠠᠳ | ᠡᠮᠨᠡᠯᠭᠡ ᠶᠢᠨ ᠦᠨᠳᠦᠰᠦᠲᠡᠨ ᠤ ᠠᠨᠠᠭᠠᠬᠤ ᠤᠬᠠᠭᠠᠨ ᠤ ᠰᠣᠶᠣᠯ ᠤᠨ ᠡᠬᠢ ᠰᠤᠷᠪᠤᠯᠵᠢ ᠪᠠ ᠥᠪᠡᠷᠮᠢᠴᠡ | ᠡᠮᠴᠢᠯᠡᠭᠡᠨ ᠤ ᠠᠴᠢ ᠲᠤᠰᠠ ᠶᠢ ᠣᠶᠢᠯᠠᠭᠠᠭᠤᠯᠪᠠ᠃ ᠪᠥᠬᠦ ᠬᠦᠷᠢᠶᠡᠯᠡᠩ ᠤᠨ ᠺᠠᠳ᠋ᠷ ᠠᠵᠢᠯᠲᠠᠨ ᠠᠵᠢᠯᠴᠢᠨ ᠤ | ᠡᠷᠡᠭᠦᠯ ᠮᠡᠨᠳᠦ ᠶᠢᠨ ᠦᠵᠡᠯᠲᠡ ᠪᠠ ᠦᠨᠳᠦᠰᠦᠲᠡᠨ ᠤ ᠰᠣᠶᠣᠯ ᠢ ᠮᠡᠳᠡᠷᠡᠬᠦ ᠰᠡᠳᠬᠢᠯᠭᠡ ᠶᠢ ᠴᠢᠩᠭᠠᠷᠠᠭᠤᠯᠵᠤ᠂ | ᠦᠨᠳᠦᠰᠦᠲᠡᠨ ᠤ ᠪᠦᠯᠬᠦᠮᠳᠡᠯ ᠤᠨ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ | ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ | ᠦᠨᠳᠦᠰᠦᠲᠡᠨ ᠨᠦᠭᠦᠳ ᠡᠷᠬᠡ ᠲᠡᠭᠰᠢ᠂ ᠦᠨᠳᠦᠰᠦᠲᠡᠨ ᠨᠦᠭᠦᠳ ᠪᠦᠯᠬᠦᠮᠳᠡᠯ ᠲᠠᠢ᠂ ᠨᠢᠭᠡ ᠯᠡ ᠠᠳᠠᠯᠢ ᠪᠠᠷ | ᠬᠠᠨᠳᠤᠵᠤ᠂ ᠠᠬ᠎ᠠ ᠳᠡᠭᠦᠦ ᠶᠢᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠶᠢ ᠪᠠᠷᠢᠮᠲᠠᠯᠠᠨ᠎ᠠ᠃ | ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ ᠮᠡᠨᠳᠦ ᠳᠤ ᠬᠠᠮᠤᠭ ᠤᠨ ᠰᠠᠶᠢᠨ ᠡᠮ ᠡᠮᠨᠡᠯᠭᠡ ᠶᠢᠨ | ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠡ᠃ ᠡᠭᠦᠨ ᠤ ᠬᠠᠮᠲᠤ᠂ ᠶᠡᠷᠦᠩᠬᠡᠶᠢᠯᠡᠭᠰᠡᠨ ᠠᠯᠪᠠᠨ ᠭᠡᠷ ᠲᠤ ᠬᠢᠲᠠᠳ | ᠡᠸᠦ᠋ᠷᠦᠫᠡ ᠡᠮᠨᠡᠯᠭᠡ ᠶᠢᠨ ᠤᠬᠠᠭᠠᠨ ᠤ ᠵᠢᠷᠤᠭ ᠤᠨ ᠨᠣᠮ ᠤᠨ ᠬᠤᠷᠭᠤ ᠭᠠᠷᠭᠠᠵᠤ᠂ ᠡᠯ᠎ᠡ ᠲᠥᠷᠥᠯ ᠤᠨ ᠠᠨᠠᠭᠠᠬᠤ | ᠤᠬᠠᠭᠠᠨ ᠤ ᠨᠣᠮ ᠪᠢᠴᠢᠭ ᠢ 200 ᠭᠠᠷᠤᠢ ᠳᠡᠪᠲᠡᠷ ᠬᠠᠳᠠᠭᠠᠯᠠᠵᠤ᠂ ᠺᠠᠳ᠋ᠷ ᠠᠵᠢᠯᠲᠠᠨ ᠠᠵᠢᠯᠴᠢᠨ ᠤ ᠠᠨᠠᠭᠠᠬᠤ | ᠤᠬᠠᠭᠠᠨ ᠤ ᠣᠨᠣᠯ ᠤᠨ ᠮᠡᠳᠡᠯᠭᠡ ᠶᠢᠨ ᠰᠤᠷᠤᠯᠴᠠᠯᠭ᠎ᠠ ᠳᠠᠪᠰᠢᠯᠲᠠ ᠶᠢ ᠴᠢᠩᠭᠠᠳᠬᠠᠵᠤ᠂ ᠪᠥᠬᠦ ᠰᠤᠷᠭᠠᠭᠤᠯᠢ ᠶᠢᠨ | ᠺᠠᠳ᠋ᠷ ᠠᠵᠢᠯᠲᠠᠨ ᠠᠵᠢᠯᠴᠢᠨ ᠤ ᠠᠨᠠᠭᠠᠬᠤ ᠤᠬᠠᠭᠠᠨ ᠤ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠨᠠᠩ | ᠰᠠᠶᠢᠨ ᠨᠥᠬᠦᠴᠡᠯ ᠪᠦᠷᠢᠯᠳᠦᠭᠦᠯᠬᠦ ᠳᠤ ᠲᠥᠬᠦᠮ ᠦᠵᠡᠭᠦᠯᠪᠡ᠃ ᠵᠢᠯ ᠪᠦᠷᠢ ︽ᠰᠤᠪᠢᠯᠠᠭᠴᠢ ᠶᠢᠨ ᠪᠠᠶᠠᠷ︾ ︽ | ᠡᠮᠴᠢ ᠶᠢᠨ ᠪᠠᠶᠠᠷ︾ ᠢ ᠠᠰᠢᠭᠯᠠᠨ ᠠᠵᠢᠯ ᠤᠨ ᠪᠠᠶᠢᠷᠢ ᠶᠢᠨ ᠮᠡᠳᠡᠯᠭᠡ ᠶᠢᠨ ᠤᠷᠤᠯᠳᠤᠭᠠᠨ ᠪᠠ ᠠᠵᠢᠯ ᠲᠥᠷᠥᠯ ᠤᠨ | ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠺᠠᠳ᠋ᠷ ᠠᠵᠢᠯᠲᠠᠨ ᠠᠵᠢᠯᠴᠢᠨ ᠳᠤ ᠦᠢᠯᠡᠴᠢᠯᠡᠬᠦ ᠣᠨᠣᠯᠵᠢᠬᠤᠨ ᠢ | ᠴᠢᠩᠭᠠᠷᠠᠭᠤᠯᠵᠤ᠂ ᠰᠣᠶᠣᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠤᠨ᠎ᠠ᠃ ᠨᠠᠮ ᠤᠨ ᠡᠭᠦᠷ᠂ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ᠂ ᠳᠠᠶᠢᠴᠢᠯᠠᠬᠤ ᠪᠠ ᠵᠢᠱᠢᠶ᠎ᠡ | ᠦᠵᠡᠭᠦᠯᠦᠨ ᠬᠥᠮᠥᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ ᠶᠢᠨ ᠰᠣᠶᠣᠯ ᠤᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃ | ᠰᠤᠷᠪᠤᠯᠵᠢᠯᠠᠭᠴᠢ᠄ ᠣᠶᠢᠷ᠎ᠠ ᠶᠢᠨ 2 ᠵᠢᠯ ᠤᠨ ᠲᠤᠷᠰᠢ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠶᠠᠮᠠᠷ ᠶᠠᠮᠠᠷ ᠠᠮᠵᠢᠯᠲᠠ ᠪᠦᠲᠦᠮᠵᠢ ᠣᠯᠣᠭᠰᠠᠨ | ᠪᠤᠶ᠂ ᠳᠠᠷᠠᠭᠠᠴᠢ ᠶᠢᠨ ᠠᠯᠬᠤᠮ ᠳᠤ ᠶᠠᠮᠠᠷ ᠠᠷᠭ᠎ᠠ ᠬᠡᠮᠵᠢᠶ᠎ᠡ ᠠᠪᠬᠤ ᠪᠤᠶ ︖ | ᠯᠢᠦ ᠪᠢᠶᠣᠣ᠄ 2020 ᠣᠨ ᠤ ᠰᠡᠭᠦᠯᠴᠢ ᠵᠢᠯ ᠤᠨ ᠡᠬᠢᠨ ᠳᠤ᠂ ᠭᠡᠨᠡᠳᠲᠡ ᠡᠭᠦᠰᠦᠭᠰᠡᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠦᠬᠠᠨ ᠠᠴᠠ ᠦᠳᠲᠡᠷ ᠲᠦᠷᠭᠡᠨ ᠢᠶᠠᠷ ᠪᠥᠬᠦ ᠤᠯᠤᠰ ᠲᠤ ᠳᠡᠯᠭᠡᠷᠡᠪᠡ᠂ | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠰᠡᠷᠭᠡᠶᠢᠯᠡᠨ ᠡᠵᠡᠮᠳᠡᠬᠦ ᠮᠡᠳᠡᠭᠳᠡᠯ ᠢ ᠣᠯᠣᠭᠰᠠᠨ ᠤ ᠳᠠᠷᠠᠭ᠎ᠠ ᠲᠡᠷᠡ ᠳᠠᠷᠤᠢ | ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠣᠬᠢᠶᠠᠨ ᠪᠠᠶᠢᠭᠤᠯᠵᠠᠢ᠃ ᠪᠦᠬᠦ ᠬᠤᠷᠢᠶᠠᠨ ᠤ | ᠳᠡᠭᠡᠳᠦ ᠳᠣᠣᠷᠠᠳᠤ ᠱᠠᠲᠤ ᠪᠠᠷ ᠢᠶᠠᠨ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ᠤᠷᠤᠭᠰᠢᠯᠠᠵᠤ ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠬᠢᠵᠢᠭ ᠢ ᠡᠰᠡᠷᠭᠦᠴᠡᠬᠦ ᠪᠠᠷ ᠬᠦᠴᠦᠯᠡᠨ ᠴᠢᠷᠮᠠᠶᠢᠪᠠ ᠃ 2 ᠵᠢᠯ ᠤᠨ ᠲᠤᠷᠰᠢ | ᠂ ᠪᠥᠬᠦ ᠡᠮᠨᠡᠯᠭᠡ ᠶᠢᠨ ᠬᠤᠷᠢᠶ᠎ᠠ ᠠᠴᠠ ᠨᠡᠶᠢᠲᠡ 6400 ᠭᠠᠷᠤᠢ ᠬᠥᠮᠥᠨ ᠤᠳᠠᠭ᠎ᠠ ᠡᠯ᠎ᠡ ᠲᠥᠷᠥᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠶᠢ ᠰᠢᠢᠳᠪᠦᠷᠢᠯᠡᠵᠦ᠂ 3.65 ᠲᠦᠮᠡᠨ ᠬᠥᠮᠥᠨ ᠤ | ᠸᠠᠺᠼᠢᠨ ᠤ ᠲᠠᠷᠢᠯᠭ᠎ᠠ ᠶᠢ ᠰᠢᠨ᠎ᠡ ᠪᠠᠷ ᠪᠡᠶᠡᠯᠡᠭᠦᠯᠵᠦ᠂ 2.4 ᠲᠦᠮᠡᠨ ᠬᠥᠮᠥᠨ ᠤ ᠪᠥᠭᠡᠮ ᠬᠦᠴᠢᠯ ᠤᠨ ᠵᠠᠭᠪᠤᠷ ᠢ | ᠴᠤᠭᠯᠠᠭᠤᠯᠵᠤ᠂ ᠵᠢᠭᠠᠨ ᠲᠣᠭᠲᠠᠭᠠᠭᠰᠠᠨ ᠲᠤᠰᠠᠭᠠᠷᠯᠠᠬᠤ ᠵᠣᠴᠢᠳ ᠤᠨ ᠪᠠᠭᠤᠳᠠᠯ ᠳᠤ ᠬᠦᠷᠴᠦ ᠦᠯᠡᠳᠡᠭᠡᠨ | ᠠᠵᠢᠭᠯᠠᠭᠰᠠᠳ ᠲᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢ 637 ᠡᠳᠦᠷ ᠪᠡᠶᠡᠯᠡᠭᠦᠯᠵᠡᠢ᠃ ᠣᠳᠣᠬᠠᠨ ᠳᠤ᠂ | ᠪᠥᠬᠦ ᠡᠮᠨᠡᠯᠭᠡ ᠶᠢᠨ ᠬᠤᠷᠢᠶ᠎ᠠ ᠮᠥᠨ ᠬᠦ ᠬᠢᠵᠢᠭ ᠤᠨ ᠪᠠᠶᠢᠳᠠᠯ ᠢ ᠢᠳᠡᠪᠬᠢᠲᠡᠢ ᠪᠠᠷ ᠰᠡᠷᠭᠡᠶᠢᠯᠡᠨ ᠡᠵᠡᠮᠳᠡᠬᠦ | ᠪᠠᠶᠢᠳᠠᠯ ᠳᠤ ᠣᠷᠣᠰᠢᠵᠤ᠂ 24 ᠴᠠᠭ ᠢᠶᠠᠷ ᠵᠢᠵᠢᠭᠦᠷᠯᠡᠨ ᠰᠠᠬᠢᠵᠤ ᠪᠠᠶᠢᠨ᠎ᠠ᠃ | ᠳᠠᠷᠠᠭᠠᠴᠢ ᠶᠢᠨ ᠠᠯᠬᠤᠮ ᠳᠤ ᠂ ᠪᠢᠳᠡ ᠦᠷᠭᠦᠯᠵᠢᠯᠡᠨᠬᠤᠸᠠᠳᠧ ᠰᠢᠶᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠂ ᠨᠠᠷᠢᠨ ᠨᠢᠮᠪᠠᠢ | ᠵᠣᠬᠢᠶᠠᠨ ᠪᠠᠶᠢᠭᠤᠯᠵᠤ ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠨᠠᠷᠢᠨ ᠬᠢᠨᠠᠮᠠᠭᠠᠢ ᠠᠵᠢᠯᠯᠠᠵᠤ ᠂ ᠪᠦᠬᠦ ᠰᠢᠶᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |