| ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ | ᠠᠬᠤᠢ ᠶᠢ ᠲᠣᠭᠲᠠᠪᠤᠷᠢᠵᠢᠭᠤᠯᠬᠤ ᠬᠠᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠵᠤ ᠠᠬᠤᠢ ᠶᠢᠨ | ᠬᠡᠪ ᠤᠨ ᠵᠠᠮ ᠳᠤ ᠪᠠᠨ ᠣᠷᠣᠬᠤ ᠶᠢ ᠴᠢᠷᠮᠠᠶᠢᠨ ᠠᠬᠢᠭᠤᠯᠵᠤ᠂ ᠵᠦᠢ ᠵᠣᠬᠢᠰᠲᠠᠢ ᠣᠷᠣᠨ ᠵᠠᠢ ᠳᠤ ᠠᠵᠢᠯᠯᠠᠭᠤᠯᠬᠤ ᠶᠢ ᠦᠨᠡᠨ | ᠬᠦ ᠪᠠᠲᠤᠯᠠᠪᠠ᠃ | ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ᠣᠶᠢᠷ᠎ᠠ ᠳᠤ᠂ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠠᠷᠭ᠎ᠠ ᠬᠡᠮᠵᠢᠶ᠎ᠡ ᠶᠢ | ᠤᠯᠠᠮ ᠨᠢᠭᠡ ᠠᠯᠬᠤᠮ ᠪᠠᠶᠢᠷᠢᠯᠠᠭᠤᠯᠵᠤ᠂ ᠠᠵᠤ ᠠᠬᠤᠢ ᠶᠢᠨ ᠬᠡᠪ ᠤᠨ ᠵᠠᠮ ᠳᠤ ᠪᠠᠨ ᠣᠷᠣᠬᠤ ᠶᠢ ᠴᠢᠷᠮᠠᠶᠢᠨ ᠠᠬᠢᠭᠤᠯᠵᠤ᠂ | ᠵᠦᠢ ᠵᠣᠬᠢᠰᠲᠠᠢ ᠣᠷᠣᠨ ᠵᠠᠢ ᠳᠤ ᠠᠵᠢᠯᠯᠠᠭᠤᠯᠬᠤ ᠶᠢ ᠦᠨᠡᠨ ᠬᠦ ᠪᠠᠲᠤᠯᠠᠪᠠ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ | ᠨᠡᠮᠡᠭᠳᠡᠵᠦ᠂ ᠮᠠᠰᠢ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠲᠦᠢᠯ ᠤᠨ ᠬᠦᠴᠢᠷᠳᠡᠯ ᠲᠠᠢ ᠪᠠᠶᠢᠨ᠎ᠠ᠃ ᠬᠥᠭᠵᠢᠯᠲᠡ | ᠪᠣᠯ ᠮᠠᠨ ᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ ᠮᠥᠨ᠃ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ | ᠪᠠᠲᠤᠳᠬᠠᠨ᠂ ᠡᠷᠡᠰ ᠰᠢᠭᠤᠷᠬᠠᠢ ᠪᠠᠷ ᠠᠷᠭᠠᠴᠠᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠲᠦᠷᠭᠡᠪᠴᠢᠯᠡᠨ | ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠶᠡᠷᠦᠩᠬᠡᠢ ᠰᠡᠳᠬᠢᠴᠡ ᠪᠠ ᠲᠦᠷᠦ ᠶᠢᠨ | ᠪᠣᠳᠣᠯᠭ᠎ᠠ ᠶᠢᠨ ᠬᠠᠨᠳᠤᠰᠢ ᠶᠣᠰᠣᠭᠠᠷ ᠴᠢᠭᠯᠡᠯᠲᠦ ᠴᠢᠨᠠᠷ ᠢᠶᠠᠷ ᠴᠢᠩᠭ᠎ᠠ᠂ ᠬᠦᠴᠦᠲᠡᠢ ᠪᠥᠭᠡᠳ ᠪᠦᠲᠦᠮᠵᠢᠲᠡᠶ ᠣᠷᠣᠨ | ᠵᠠᠢ ᠶᠢᠨ ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠨᠦᠭᠦᠳ ᠢ ᠠᠪᠴᠤ᠂ ᠠᠵᠤ ᠠᠬᠤᠢ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠤᠨ᠎ᠠ ᠭᠡᠵᠡᠢ᠃ | ᠬᠤᠷᠠᠯ ᠠᠴᠠ ᠲᠣᠭᠲᠠᠭᠠᠬᠤ ᠳᠤ ᠪᠠᠨ᠂ 6 ᠲᠠᠯ᠎ᠠ ᠶᠢᠨ 33 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠂ | ᠡᠭᠦᠨ ᠳᠤ ᠭᠤᠣᠯᠳᠠᠭᠤ᠄ ᠨᠢᠭᠡ ᠳᠤ᠂ ᠡᠳ᠋ ᠤᠨ ᠵᠠᠰᠠᠭ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠭᠤᠨ ᠪᠠᠶᠢᠯᠭᠠᠬᠤ ᠪᠠ ᠠᠵᠢᠯ ᠣᠯᠭᠤᠯᠲᠠ ᠶᠢ | ᠬᠦᠴᠦᠯᠡᠨ ᠲᠣᠭᠲᠠᠪᠤᠷᠢᠵᠢᠭᠤᠯᠤᠨ᠎ᠠ᠃ ᠨᠡᠩ ᠤᠯᠠᠨ ᠠᠵᠢᠯ ᠲᠦᠷᠦᠯ ᠳᠤ ᠦᠯᠡᠳᠡᠭᠡᠯ ᠪᠠ ᠨᠡᠮᠡᠭᠳᠡᠯ ᠤᠨ ᠬᠡᠮᠵᠢᠶ᠎ᠡ ᠶᠢ ᠪᠦᠬᠦ | ᠲᠤᠭ᠎ᠠ ᠪᠠᠷ ᠨᠢ ᠰᠠᠭᠤᠳᠬᠠᠨ ᠭᠠᠶᠢᠯᠢ ᠪᠤᠴᠠᠭᠠᠬᠤ ᠶᠢ ᠬᠡᠷᠡᠭᠵᠢᠭᠦᠯᠵᠦ᠂ 1400 ᠭᠠᠷᠤᠢ ᠳ᠋ᠦᠩᠰᠢᠭᠤᠷ ᠲᠥᠭᠦᠷᠢᠭ ᠤᠨ | ᠭᠠᠶᠢᠯᠢ ᠪᠤᠴᠠᠭᠠᠬᠤ ᠬᠡᠮᠵᠢᠶ᠎ᠡ ᠶᠢ ᠨᠡᠮᠡᠭᠳᠡᠭᠦᠯᠵᠦ᠂ ᠪᠦᠬᠦ ᠵᠢᠯ ᠤᠨ ᠭᠠᠶᠢᠯᠢ ᠪᠤᠴᠠᠭᠠᠬᠤ ᠶᠡᠷᠦᠩᠬᠡᠢ ᠬᠡᠮᠵᠢᠶ᠎ᠡ ᠶᠢ 2.64 | ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠪᠠ 5 ᠣᠨᠴᠠ ᠬᠦᠴᠢᠷᠳᠡᠯᠲᠡᠢ ᠠᠵᠢᠯ ᠲᠥᠷᠥᠯ ᠤᠨ ᠨᠠᠰᠤᠵᠢᠯ ᠤᠨ | ᠠᠰᠠᠷᠠᠮᠵᠢ ᠶᠢᠨ ᠰᠦᠢᠳᠬᠡᠯ ᠵᠡᠷᠭᠡ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ | ᠲᠤᠰᠢᠶᠠᠬᠤ ᠲᠥᠷᠥ ᠶᠢᠨ ᠪᠣᠳᠣᠯᠭ᠎ᠠ ᠶᠢ ᠵᠢᠯ ᠤᠨ ᠡᠴᠦᠰ ᠪᠣᠯᠲᠠᠯ᠎ᠠ ᠤᠷᠲᠤᠳᠬᠠᠬᠤ ᠶᠢᠨ ᠬᠠᠮᠲᠤ ᠪᠤᠰᠤᠳ ᠣᠨᠴᠠ | ᠬᠦᠴᠢᠷᠳᠡᠯᠲᠡᠢ ᠠᠵᠢᠯ ᠲᠥᠷᠥᠯ ᠳᠤ ᠬᠦᠷᠲᠡᠯ᠎ᠡ ᠥᠷᠭᠡᠳᠬᠡᠵᠦ᠂ ᠵᠢᠱᠢᠯᠲᠡ ᠪᠠᠷ ᠡᠨᠡ ᠵᠢᠯ 3200 ᠳ᠋ᠦᠩᠰᠢᠭᠤᠷ | ᠲᠥᠭᠦᠷᠢᠭ ᠬᠤᠶᠢᠰᠢᠯᠠᠭᠤᠯᠤᠨ ᠲᠤᠰᠢᠶᠠᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠦᠯᠡᠳᠡᠭᠡᠬᠦ ᠪᠣᠯᠪᠠᠰᠤᠷᠠᠯ ᠤᠨ | ᠨᠥᠬᠦᠪᠦᠷᠢ ᠶᠢ ᠪᠦᠬᠦ ᠳᠠᠭᠠᠳᠬᠠᠯ ᠳᠤ ᠣᠷᠣᠯᠴᠠᠭᠰᠠᠨ ᠬᠦᠴᠢᠷᠳᠡᠯᠲᠡᠢ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠨ᠎ᠡ᠃ | ᠳᠤᠮᠳᠠ ᠵᠢᠵᠢᠭ ᠪᠢᠴᠢᠯ ᠠᠵᠤ ᠠᠬᠤᠶᠢᠯᠠᠯ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠬᠡᠨ ᠠᠪᠤᠭᠰᠠᠨ ᠪᠣᠯ᠂ | ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠵᠡᠷᠭᠡ ᠳᠡᠮᠵᠢᠯᠭᠡ ᠶᠢ ᠨᠡᠮᠡᠭᠳᠡᠭᠦᠯᠦᠨ᠎ᠡ᠃ ᠡᠯ᠎ᠡ ᠭᠠᠵᠠᠷ ᠤᠨ ᠬᠢᠨ ᠵᠢᠵᠢᠭ | ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ ᠴᠠᠬᠢᠯᠭᠠᠨ ᠤ ᠰᠦᠢᠳᠬᠡᠯ᠂ | ᠭᠡᠷ ᠤᠨ ᠲᠦᠷᠢᠶᠡᠰᠦ ᠵᠡᠷᠭᠡ ᠲᠠᠯ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠡᠨᠡ ᠵᠢᠯ ᠤᠨ ᠲᠤᠰᠬᠠᠢ ᠵᠦᠢᠯ ᠤᠨ | ᠥᠷᠢ ᠥᠭᠴᠡᠭᠡ ᠶᠢ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠯᠲᠠᠯ᠎ᠠ ᠦᠨᠳᠦᠰᠦᠨ ᠳᠤ ᠪᠠᠨ ᠬᠡᠷᠡᠭᠯᠡᠨ | ᠭᠦᠢᠴᠡᠳᠬᠡᠵᠦ᠂ ᠳᠡᠮᠵᠢᠯᠭᠡ ᠶᠢᠨ ᠬᠡᠪᠴᠢᠶ᠎ᠡ ᠶᠢ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ ᠳᠤ ᠬᠦᠷᠲᠡᠯ᠎ᠡ | ᠥᠷᠭᠡᠳᠬᠡᠨ᠎ᠡ᠃ ᠤᠯᠤᠰ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢᠨ ᠲᠠᠬᠢᠨ ᠳᠠᠭᠠᠭᠠᠯᠲᠠ | ᠬᠢᠬᠦ ᠬᠠᠮᠲᠤᠷᠠᠯᠴᠠᠭᠠᠨ ᠤ ᠲᠤᠬᠠᠶᠢᠯᠠᠭᠰᠠᠨ ᠠᠵᠢᠯ ᠢ 1 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠲᠠᠯ᠎ᠠ | ᠰᠢᠨ᠎ᠡ ᠪᠠᠷ ᠨᠡᠮᠡᠭᠳᠡᠭᠦᠯᠦᠨ᠎ᠡ᠃ ᠬᠤᠶᠠᠷ ᠲᠤ᠂ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ᠃ ᠡᠨᠡ ᠵᠢᠯ ᠤᠨ | ᠲᠥᠭᠡᠮᠡᠯ ᠬᠠᠷᠠᠭᠠᠯᠵᠠᠯᠲᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠶᠢᠨ ᠲᠤᠭ᠎ᠠ ᠬᠡᠮᠵᠢᠶ᠎ᠡ ᠪᠠ ᠳᠡᠮᠵᠢᠬᠦ | ᠬᠠᠷᠢᠴᠠᠯ ᠢ ᠨᠢᠭᠡ ᠳᠠᠬᠢᠨ ᠨᠡᠮᠡᠭᠳᠡᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠵᠢᠭᠡᠯᠡᠯᠭᠡ᠂ ᠪᠠᠷᠠᠭᠠᠨ ᠤ ᠲᠡᠷᠭᠡ ᠶᠢᠨ ᠵᠢᠭᠡᠯᠡᠯᠭᠡ᠂ ᠲᠦᠷ ᠴᠠᠭ ᠬᠦᠴᠢᠷᠳᠡᠯ ᠳᠤ | ᠲᠤᠯᠭᠠᠷᠠᠭᠰᠠᠨ ᠬᠤᠪᠢ ᠬᠥᠮᠥᠨ ᠤ ᠭᠡᠷ ᠪᠠᠶᠢᠰᠢᠩ ᠤᠨ ᠵᠢᠭᠡᠯᠡᠯᠭᠡ ᠶᠢᠨ ᠬᠡᠷᠡᠭᠯᠡᠭᠡᠨ ᠤ ᠵᠢᠭᠡᠯᠡᠯᠭᠡ ᠳᠤ᠂ ᠪᠠᠩᠬᠢ ᠶᠢᠨ ᠲᠤᠰ | ᠵᠢᠯ ᠤᠨ ᠡᠬᠡ ᠬᠦᠦ ᠶᠢ ᠨᠢ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠶᠢ ᠳᠡᠮᠵᠢᠨ᠎ᠡ︔ ᠮᠠᠰᠢᠨ ᠲᠡᠷᠭᠡᠨ ᠤ ᠲᠥᠪ ᠤᠨ | ᠠᠵᠤ ᠠᠬᠤᠶᠢᠯᠠᠯ ᠤᠨ ᠲᠠᠷᠬᠠᠭᠠᠭᠰᠠᠨ 900 ᠳ᠋ᠦᠩᠰᠢᠭᠤᠷ ᠲᠥᠭᠦᠷᠢᠭ ᠤᠨ ᠬᠤᠳᠠᠯᠳᠤᠭᠠᠨ ᠳᠤ ᠬᠡᠷᠡᠭᠯᠡᠬᠦ ᠪᠠᠷᠠᠭᠠᠨ ᠤ | ᠲᠡᠷᠭᠡ ᠶᠢᠨ ᠵᠢᠭᠡᠯᠡᠯᠭᠡ ᠳᠤ ᠪᠠᠩᠬᠢ ᠪᠠ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ ᠬᠠᠭᠠᠰ ᠵᠢᠯ ᠬᠤᠭᠤᠴᠠᠭ᠎ᠠ | ᠤᠷᠲᠤᠳᠬᠠᠨ ᠡᠬᠡ ᠬᠦᠦ ᠶᠢ ᠨᠢ ᠪᠤᠴᠠᠭᠠᠨ᠎ᠠ᠃ ᠬᠤᠳᠠᠯᠳᠤᠭᠠᠨ ᠤ ᠭᠤᠪᠢᠭᠤᠯᠭ᠎ᠠ ᠶᠢᠨ ᠪᠢᠯᠧᠲ ᠤᠨ ᠭᠤᠪᠢᠭᠤᠯᠭ᠎ᠠ ᠶᠢ | ᠳᠠᠭᠠᠭᠠᠬᠤ ᠬᠤᠭᠤᠴᠠᠭ᠎ᠠ ᠶᠢ 1 ᠵᠢᠯ ᠪᠠᠶᠢᠭᠰᠠᠨ ᠠᠴᠠ ᠨᠢ 6 ᠰᠠᠷ᠎ᠠ ᠪᠣᠯᠭᠠᠨ ᠪᠣᠭᠤᠨᠢᠰᠬᠠᠨ᠎ᠠ᠃ ᠲᠠᠪᠴᠠᠩ ᠤᠨ ᠠᠵᠤ | ᠠᠬᠤᠶᠢᠯᠠᠯ ᠤᠨ ᠬᠠᠤᠯᠢ ᠲᠣᠭᠲᠠᠭᠠᠯ ᠳᠤ ᠨᠡᠶᠢᠴᠡᠭᠰᠡᠨ ᠪᠠᠶᠢᠳᠠᠯ ᠳᠣᠣᠷ᠎ᠠ ᠬᠢᠯᠢ ᠶᠢᠨ ᠳᠣᠲᠣᠨ᠎ᠠ ᠭᠠᠳᠠᠨ᠎ᠠ ᠵᠠᠬ᠎ᠠ | ᠳᠡᠯᠭᠡᠭᠦᠷ ᠲᠤ ᠭᠠᠷᠭᠠᠬᠤ ᠶᠢ ᠳᠡᠮᠵᠢᠨ᠎ᠡ᠃ ᠭᠤᠷᠪᠠ ᠳᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ | ᠲᠣᠭᠲᠠᠪᠤᠷᠢᠵᠢᠭᠤᠯᠤᠨ᠎ᠠ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠡᠬᠢᠯᠡᠭᠦᠯᠬᠦ ᠲᠦᠷᠦ ᠶᠢᠨ ᠪᠣᠳᠣᠯᠭ᠎ᠠ ᠶᠢ | ᠰᠢᠯᠢᠳᠡᠭᠵᠢᠭᠦᠯᠵᠦ᠂ ︽ᠨᠡᠷᠡᠰ ᠤᠨ ᠴᠠᠭᠠᠨ ᠲᠠᠩᠰᠠ︾ ᠳᠠᠬᠢ ᠠᠵᠤ ᠠᠬᠤᠶᠢᠯᠠᠯ ᠤᠨ ᠦᠢᠯᠡᠴᠢᠯᠡᠭᠡ ᠶᠢ | ᠲᠡᠭᠦᠯᠳᠡᠷᠵᠢᠭᠦᠯᠦᠨ᠎ᠡ᠃ ᠪᠠᠷᠠᠭᠠᠨ ᠤ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠬᠢᠵᠢᠭ ᠤᠨ | ᠪᠠᠶᠢᠳᠠᠯ ᠤᠨ ᠳᠣᠣᠷ᠎ᠠ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ᠪᠠᠷᠠᠭᠠᠨ ᠤ ᠲᠡᠷᠭᠡ ᠶᠢᠨ ᠨᠡᠪᠲᠡᠷᠡᠬᠦ | ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠵᠦᠢ ᠵᠣᠬᠢᠰ ᠦᠭᠡᠢ ᠴᠢᠩᠭ᠎ᠠ ᠬᠢᠵᠠᠭᠠᠷᠯᠠᠯ ᠵᠡᠷᠭᠡ ᠶᠢᠨ ᠲᠣᠭᠲᠠᠭᠠᠯ ᠪᠠ | ᠰᠦᠢᠳᠬᠡᠯ ᠬᠤᠷᠢᠶᠠᠬᠤ ᠶᠢ ᠴᠥᠮ ᠬᠦᠴᠦᠨ ᠦᠭᠡᠢ ᠪᠣᠯᠭᠠᠨ᠎ᠠ᠃ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠵᠢᠯᠣᠭᠤᠴᠢ | ᠨᠠᠷ ᠲᠤ ᠣᠨᠳᠣᠣ ᠭᠠᠵᠠᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠰᠦᠢᠳᠬᠡᠯ ᠬᠤᠷᠢᠶᠠᠬᠤ ᠦᠭᠡᠢ ᠲᠥᠷᠥ ᠶᠢᠨ | ᠪᠣᠳᠣᠯᠭ᠎ᠠ ᠶᠢ ᠠᠳᠠᠯᠢᠬᠠᠨ ᠬᠦᠷᠲᠡᠭᠡᠨ᠎ᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠭᠠᠬᠤ | ᠵᠢᠭᠡᠯᠡᠯᠭᠡ ᠶᠢ 1500 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠠᠭᠠᠷ ᠤᠨ ᠲᠡᠭᠡᠭᠡᠪᠦᠷᠢ ᠶᠢᠨ ᠦᠢᠯᠡᠰ ᠤᠨ 2000 | ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ᠃ ᠤᠯᠤᠰ ᠤᠨ ᠳᠣᠲᠣᠭᠠᠳᠤ | ᠭᠠᠳᠠᠭᠠᠳᠤ ᠶᠢᠨ ᠠᠶᠠᠨᠴᠢᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠢ ᠡᠮᠬᠢ ᠵᠢᠷᠤᠮ ᠲᠠᠢ ᠪᠠᠷ ᠨᠡᠮᠡᠭᠳᠡᠭᠦᠯᠵᠦ᠂ | ᠭᠠᠳᠠᠭᠠᠳᠤ ᠶᠢᠨ ᠠᠵᠤ ᠠᠬᠤᠶᠢᠯᠠᠯ ᠤᠨ ᠠᠵᠢᠯᠲᠠᠨ ᠤ ᠣᠷᠣᠵᠤ ᠭᠠᠷᠬᠤ ᠳᠤ ᠳᠦᠭᠦᠮ ᠦᠵᠡᠭᠦᠯᠬᠦ ᠠᠷᠭ᠎ᠠ ᠬᠡᠮᠵᠢᠶ᠎ᠡ ᠶᠢ | ᠲᠣᠭᠲᠠᠭᠠᠨ᠎ᠠ᠃ ᠳᠥᠷᠪᠡ ᠳᠤ᠂ ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠠᠬᠢᠭᠤᠯᠤᠨ᠎ᠠ᠃ ᠮᠠᠰᠢᠨ ᠲᠡᠷᠭᠡ | ᠬᠤᠳᠠᠯᠳᠤᠨ ᠠᠪᠬᠤ ᠬᠢᠵᠠᠭᠠᠷᠯᠠᠯ ᠢ ᠠᠭᠤᠵᠢᠭᠤ ᠪᠣᠯᠭᠠᠵᠤ᠂ ᠬᠡᠰᠡᠭ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ | ᠭᠠᠶᠢᠯᠢ ᠶᠢ ᠱᠠᠲᠤᠴᠢ ᠴᠢᠨᠠᠷᠲᠠᠢ ᠪᠠᠷ 600 ᠳ᠋ᠦᠩᠰᠢᠭᠤᠷ ᠲᠥᠭᠦᠷᠢᠭ ᠬᠥᠩᠭᠡᠯᠡᠨ ᠲᠠᠲᠠᠪᠤᠷᠢᠯᠠᠨ᠎ᠠ᠃ ᠬᠤᠳᠠ ᠶᠢᠨ | ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠪᠠᠨ ᠴᠢᠩᠳᠠᠯᠢᠭ ᠬᠦᠴᠦᠯᠡᠴᠡ ᠪᠠ | ᠰᠠᠶᠢᠵᠢᠷᠠᠭᠤᠯᠤᠯᠲᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ ᠳᠡᠮᠵᠢᠨ᠎ᠡ᠃ ᠬᠢᠨᠠᠨ ᠵᠥᠪᠰᠢᠶᠡᠷᠡᠯ ᠢ | ᠰᠢᠯᠢᠳᠡᠭᠵᠢᠭᠦᠯᠵᠦ᠂ ᠨᠢᠭᠡ ᠪᠦᠯᠦᠭ ᠤᠰᠤᠨ ᠠᠰᠢᠭᠯᠠᠯᠲᠠ ᠢᠯᠠᠩᠭᠤᠶ᠎ᠠ ᠲᠣᠮᠣ ᠬᠡᠯᠪᠡᠷᠢ ᠶᠢᠨ ᠤᠰᠤ ᠲᠠᠲᠠᠬᠤ ᠤᠰᠤᠯᠠᠯᠲᠠ᠂ | ᠵᠠᠮ ᠬᠠᠷᠢᠯᠴᠠᠭ᠎ᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠭᠠᠵᠠᠷ ᠳᠣᠣᠷᠠᠬᠢ | ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠵᠡᠷᠭᠡ ᠲᠥᠷᠥᠯ ᠵᠦᠢᠯ ᠢ ᠰᠢᠨ᠎ᠡ ᠪᠠᠷ ᠡᠬᠢᠯᠡᠭᠦᠯᠵᠦ᠂ ᠪᠠᠩᠬᠢ ᠶᠢ ᠬᠥᠲᠥᠯᠥᠨ | ᠵᠢᠯᠤᠭᠤᠳᠴᠤ ᠪᠠᠶᠢᠭᠠᠳ ᠬᠡᠪᠴᠢᠶᠡᠵᠢᠯ ᠤᠨ ᠴᠢᠨᠠᠷᠲᠠᠢ ᠤᠷᠳᠤ ᠬᠤᠭᠤᠴᠠᠭᠠᠨ ᠤ ᠵᠢᠭᠡᠯᠡᠯᠭᠡ ᠬᠠᠩᠭᠠᠯᠭᠠᠨ᠎ᠠ᠃ ᠰᠢᠨ᠎ᠡ ᠨᠢᠭᠡᠨ | ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠰᠢᠨᠡᠳᠬᠡᠬᠦ ᠠᠵᠢᠯ ᠢ | ᠡᠬᠢᠯᠡᠭᠦᠯᠦᠨ᠎ᠡ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ 3000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ ᠶᠢ ᠳᠡᠮᠵᠢᠨ᠎ᠡ᠃ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ | ᠴᠢᠩᠭᠠᠷᠠᠭᠤᠯᠤᠨ᠎ᠠ᠃ ᠲᠠᠪᠤ ᠳᠤ᠂ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠨ᠎ᠠ᠃ ᠣᠷᠣᠨ ᠨᠤᠲᠤᠭ ᠤᠨ | ᠨᠡᠭᠦᠷᠡᠰᠦᠨ ᠤ ᠭᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠡᠭᠦᠷᠡᠰᠦᠨ ᠠᠭᠤᠷᠬᠠᠢ ᠶᠢᠨ ᠭᠠᠷᠤᠯᠲᠠ ᠶᠢ | ᠴᠥᠮ᠎ᠡ ᠶᠢᠨ ᠠᠷᠭ᠎ᠠ ᠪᠠᠷ ᠨᠡᠮᠡᠭᠳᠡᠭᠦᠯᠬᠦ ᠲᠦᠷᠦ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠨᠡᠭᠦᠷᠡᠰᠦᠨ | ᠠᠭᠤᠷᠬᠠᠢ ᠶᠢᠨ ᠭᠠᠷᠤᠯᠲᠠ ᠶᠢ ᠪᠠᠲᠤᠯᠠᠬᠤ ᠭᠠᠷᠳᠠᠮ ᠢ ᠲᠥᠷᠭᠡᠳᠬᠡᠨ ᠭᠦᠢᠴᠡᠳᠬᠡᠨ᠎ᠡ᠃ ᠪᠠᠰᠠ ᠨᠢᠭᠡ ᠪᠦᠯᠦᠭ ᠤᠰᠤᠨ | ᠴᠠᠬᠢᠯᠭᠠᠨ ᠢᠯᠴᠢ ᠶᠢᠨ ᠴᠠᠬᠢᠯᠭᠠᠨ ᠵᠡᠷᠭᠡ ᠡᠨᠧᠷᠭᠢ ᠶᠢᠨ ᠰᠤᠷᠪᠤᠯᠵᠢ ᠶᠢᠨ ᠲᠥᠷᠥᠯ ᠵᠦᠢᠯ ᠤᠨ ᠠᠵᠢᠯ ᠢ ᠡᠬᠢᠯᠡᠭᠦᠯᠦᠨ᠎ᠡ᠃ | ᠵᠢᠷᠭᠤᠭ᠎ᠠ ᠳᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠨ᠎ᠠ᠃ ᠠᠵᠢᠯ ᠠᠯᠳᠠᠯᠲᠠ ᠶᠢᠨ ᠪᠠᠲᠤᠯᠠᠭ᠎ᠠ᠂ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠬᠦᠴᠢᠷᠳᠡᠯ ᠲᠠᠢ ᠤᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠵᠡᠷᠭᠡ ᠠᠵᠢᠯ ᠢ | ᠰᠠᠶᠢᠲᠤᠷ ᠬᠢᠨ᠎ᠡ᠃ ᠪᠠᠶᠢᠳᠠᠯ ᠳᠤ ᠨᠢ ᠲᠣᠬᠢᠷᠠᠭᠤᠯᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ | ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠲᠠᠢ ᠬᠤᠯᠪᠣᠯᠳᠤᠭᠤᠯᠬᠤ ᠲᠣᠭᠲᠠᠴᠠ ᠶᠢ ᠴᠠᠭ ᠲᠤᠬᠠᠢ ᠳᠤ ᠨᠢ | ᠬᠡᠷᠡᠭᠵᠢᠭᠦᠯᠦᠨ᠎ᠡ ᠭᠡᠵᠡᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠤᠯᠭᠠᠮᠳᠠᠭᠤ | ᠰᠡᠳᠬᠢᠯᠭᠡ ᠪᠠᠨ ᠴᠢᠩᠭᠠᠳᠬᠠᠵᠤ᠂ ᠴᠢᠩᠭ᠎ᠠ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠬᠡᠷᠡᠭᠲᠡᠢ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠠᠯᠢ ᠤᠯᠠᠨ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠵᠦᠢᠯ ᠳᠠᠷᠠᠭᠠᠯᠠᠨ ᠨᠠᠷᠢᠯᠢᠭᠵᠢᠭᠤᠯᠬᠤ ᠶᠢᠨ | ᠬᠠᠮᠲᠤ ᠨᠡᠶᠢᠲᠡᠯᠡᠨ ᠬᠡᠷᠡᠭᠵᠢᠭᠦᠯᠬᠦ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠨᠤᠲᠤᠭ ᠤᠨ ᠠᠵᠤ | ᠠᠬᠤᠢ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠠᠴᠠ ᠪᠣᠳᠠᠲᠤ ᠪᠠᠶᠢᠳᠠᠯ ᠳᠤ ᠪᠠᠨ ᠨᠡᠶᠢᠴᠡᠭᠰᠡᠨ ᠠᠵᠤ ᠠᠬᠤᠢ ᠶᠢ ᠲᠣᠭᠲᠠᠭᠤᠨ | ᠪᠠᠶᠢᠯᠭᠠᠬᠤ ᠲᠦᠷᠦ ᠶᠢᠨ ᠪᠣᠳᠣᠯᠭ᠎ᠠ ᠶᠢ ᠠᠯᠢ ᠲᠥᠷᠭᠡᠨ ᠢᠶᠠᠷ ᠨᠡᠶᠢᠲᠡᠯᠡᠬᠦ ᠬᠡᠷᠡᠭᠲᠡᠢ ᠭᠡᠵᠡᠢ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | |