ᠮᠠᠨ ᠤ ᠰᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/2
   ᠰᠢᠩ ᠾᠧ ᠰᠢᠶᠠᠨ ᠳᠤ ᠠᠷᠭ᠎ᠠ ᠴᠢᠨᠠᠷ ᠲᠠᠢ ᠨᠢᠭᠡ ᠬᠥᠮᠥᠨ ᠢ ᠰᠢᠯᠭᠠᠨ ᠪᠠᠶᠢᠴᠠᠭᠠᠵᠤ ᠭᠠᠷᠭᠠᠭᠰᠠᠨ ᠶᠠᠪᠤᠳᠠᠯ ᠳᠤ ᠴᠢᠭᠯᠡᠭᠦᠯᠦᠨ᠂ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 6 ᠰᠠᠷ᠎ᠠ ᠶᠢᠨ 1 ᠤ ᠡᠳᠦᠷ᠂ ᠮᠠᠨ ᠤ ᠰᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠴᠢᠮ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

000.png

   ᠬᠤᠷᠠᠯ ᠠᠴᠠ ᠳᠤᠮᠳᠠᠳᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠪᠥᠭᠡᠮ

ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠠᠵᠢᠯ ᠤᠨ ᠲᠤᠬᠠᠢ ᠰᠤᠳᠤᠯᠤᠨ ᠶᠠᠷᠢᠯᠴᠠᠭᠰᠠᠨ ᠪᠥᠭᠡᠳ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠬᠢᠷᠠᠭᠤᠯᠤᠨ ᠪᠠᠶᠢᠷᠢᠯᠠᠭᠤᠯᠪᠠ᠃

   ᠳ᠋ᠢᠶᠣᠣ ᠴᠦᠨ ᠬᠠᠢ ᠱᠠᠭᠠᠷᠳᠠᠭᠰᠠᠨ ᠨᠢ᠂ ᠡᠯ᠎ᠡ ᠨᠢᠭᠡᠴᠡ᠂ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠬᠢᠨ ᠰᠢᠩ

ᠾᠧ ᠰᠢᠶᠠᠨ ᠠᠴᠠ ᠮᠠᠨ ᠤ ᠰᠢᠶᠠᠨ ᠳᠤ ᠪᠤᠴᠠᠵᠤ ᠢᠷᠡᠭᠰᠡᠨ ᠬᠥᠮᠥᠰ ᠲᠤ ᠪᠥᠬᠦ ᠲᠠᠯ᠎ᠠ ᠪᠠᠷ ᠬᠠᠮᠤᠷᠤᠨ ᠰᠦᠯᠵᠢᠶᠡᠨ ᠳᠤ

ᠲᠠᠲᠠᠬᠤ ᠮᠠᠶ᠋ᠢᠭ ᠤᠨ ᠪᠠᠶᠢᠴᠠᠭᠠᠯᠲᠠ ᠬᠢᠵᠦ᠂ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠰᠢᠶᠠᠨ ᠠᠴᠠ ᠢᠷᠡᠭᠰᠡᠨ ᠮᠠᠰᠢᠨ

ᠲᠡᠷᠭᠡ ᠪᠣᠯᠣᠨ ᠬᠥᠮᠥᠰ ᠢ ᠴᠢᠩᠭ᠎ᠠ ᠪᠠᠶᠢᠴᠠᠭᠠᠬᠤ ᠬᠡᠷᠡᠭᠲᠡᠢ᠃ ᠳᠤᠮᠳᠠ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠠᠴᠠ 

ᠪᠤᠴᠠᠵᠤ ᠢᠷᠡᠬᠦ ᠵᠢᠴᠢ ᠬᠤᠯᠪᠣᠭᠳᠠᠬᠤ ᠬᠥᠮᠥᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠥᠪᠯᠡᠷᠡᠭᠦᠯᠦᠨ

ᠲᠤᠰᠠᠭᠠᠷᠯᠠᠬᠤ᠂ ᠭᠡᠷ ᠲᠤᠨᠢ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ 

ᠰᠤᠷᠭᠠᠭᠤᠯᠢ᠂ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠰᠡᠷᠭᠡᠶᠢᠯᠡᠨ

ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠡᠭᠦᠳᠡ ᠪᠠᠨ ᠬᠠᠭᠠᠵᠤ ᠬᠠᠮᠢᠶᠠᠷᠬᠤ ᠶᠢ ᠴᠢᠩᠭᠠᠳᠬᠠᠵᠤ᠂

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃

   ᠳ᠋ᠢᠶᠣᠣ ᠴᠦᠨ ᠬᠠᠢ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠩᠭᠤ ᠶᠢᠨ ᠴᠢᠨᠠᠷᠲᠠᠢ

ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠦᠷᠭᠡᠨ ᠪᠥᠭᠡᠳ ᠦᠷᠭᠦᠯᠵᠢᠯᠡᠨ ᠰᠠᠶᠢᠲᠤᠷ ᠠᠳᠬᠤᠵᠤ᠂ ᠠᠵᠢᠯᠲᠠᠨ ᠢ

ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠪᠠᠶᠢᠴᠠᠭᠠᠨ ᠬᠡᠮᠵᠢᠯᠲᠡ ᠳᠤ ᠥᠨᠴᠥᠭ ᠪᠤᠯᠤᠩ ᠦᠭᠡᠢ᠂ ᠳᠠᠯᠳᠠ

ᠬᠡᠮ ᠢ ᠣᠷᠬᠢᠭᠳᠠᠭᠤᠯᠬᠤ ᠦᠭᠡᠢ ᠪᠠᠶᠢᠵᠤ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ᠪᠥᠬᠦ ᠰᠢᠶᠠᠨ ᠤ ᠰᠠᠭᠤᠭᠠᠯᠢ ᠠᠷᠠᠳ ᠤᠨ

ᠡᠷᠡᠭᠦᠯ ᠮᠡᠨᠳᠦ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠡᠢ᠃ ᠰᠣᠨᠢᠨ ᠮᠡᠳᠡᠭᠡᠨ ᠤ ᠵᠠᠭᠤᠴᠢᠯᠠᠭᠤᠷ ᠤᠨ

ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠭᠤᠯᠵᠤ᠂ ᠪᠥᠬᠦ ᠰᠢᠶᠠᠨ ᠤ

ᠥᠷᠭᠡᠨ ᠣᠯᠠᠨ ᠲᠦᠮᠡᠨ ᠢ ᠳᠠᠶᠢᠴᠢᠯᠠᠨ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠭᠤᠯᠬᠤ

ᠬᠡᠷᠡᠭᠲᠡᠢ᠃

   ᠰᠢᠶᠠᠨ ᠤ ᠤᠳᠤᠷᠢᠳᠤᠯᠭ᠎ᠠ ᠵᠤᠤ ᠯᠦᠩ ᠹᠧᠢ ᠂ ᠵᠤᠤ ᠵᠢᠶᠠᠨ ᠭᠦᠸᠧ ᠂ ᠰᠦᠨ ᠸᠧᠨ ᠪᠥᠸᠧ ᠂ ᠵᠠᠩ ᠢᠦᠢ ᠵᠢᠤᠸᠠᠨ᠂

ᠷᠧᠨ ᠶᠧ ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ︽ᠬᠤᠶᠠᠷ ᠳᠠᠷᠤᠭ᠎ᠠ︾ ᠵᠢᠴᠢ ᠰᠢᠶᠠᠨ ᠤ ᠰᠢᠭᠤᠳ ᠬᠠᠷᠢᠶ᠎ᠠ ᠡᠯ᠎ᠡ

ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2