ᠤᠯᠠᠭᠠᠨᠴᠠᠪ ᠬᠤᠲᠠ ᠶᠢᠨ ᠯᠠᠨ ᠲᠢᠶᠠᠨ ᠠᠪᠤᠷᠠᠨ ᠲᠤᠰᠠᠯᠠᠬᠤ ᠵᠠᠯᠠᠭᠤᠴᠤᠳ ᠤᠨ ᠭᠠᠪᠰᠢᠭᠠᠢ ᠠᠩᠭᠢ᠂ ᠡᠪᠯᠡᠯ ᠤᠨ ᠰᠢᠶᠠᠨ ᠤ ᠬᠤᠷᠢᠶ᠎ᠠ᠂ ᠾᠦᠢ ᠳ᠋ᠧ ᠶᠢᠨ ᠰᠠᠯᠬᠢᠨ ᠬᠦᠴᠦᠨ ᠤ ᠴᠠᠬᠢᠯᠭᠠᠨ  ᠭᠠᠷᠭᠠᠬᠤ ᠺᠣᠮᠫᠠᠨᠢ ᠬᠦᠰᠡᠯᠡᠩᠲᠦ ᠪᠠᠭ᠎ᠠ ᠰᠤᠷᠭᠠᠭᠤᠯᠢ ᠳᠤ ᠨᠡᠶᠢᠲᠡ ᠶᠢᠨ ᠠᠰᠠᠷᠠᠮᠵᠢ ᠶᠢᠨ ᠬᠠᠨᠳᠢᠪᠯᠡᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/29
   ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢᠨ ᠬᠦᠴᠦᠨ ᠢ ᠨᠢᠭᠲᠠᠷᠠᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠵᠤ᠂  ᠬᠠᠯᠠᠮᠵᠢ ᠮᠡᠬᠦᠰᠳᠡᠭᠰᠡᠨ ᠨᠠᠩ ᠣᠯᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠶᠢᠨ ᠲᠦᠯᠦᠭᠡ᠂ ᠣᠶᠢᠷ᠎ᠠ ᠳᠤ᠂ ᠤᠯᠠᠭᠠᠨᠴᠠᠪ ᠬᠤᠲᠠ ᠶᠢᠨ ᠯᠠᠨ ᠲᠢᠶᠠᠨ ᠠᠪᠤᠷᠠᠨ ᠲᠤᠰᠠᠯᠠᠬᠤ ᠵᠠᠯᠠᠭᠤᠴᠤᠳ ᠤᠨ ᠭᠠᠪᠰᠢᠭᠠᠢ ᠠᠩᠭᠢ ᠶᠢᠨ ᠬᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠸᠠᠳᠧ ᠰᠢᠶᠠᠨ ᠤ ᠬᠤᠷᠢᠶ᠎ᠠ᠂ ᠬᠤᠸᠠᠳᠧ ᠰᠢᠶᠠᠨ ᠤ ᠾᠦᠢ ᠳ᠋ᠧ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠨ ᠬᠤᠸᠠᠳᠧ ᠰᠢᠶᠠᠨ ᠤ ᠬᠦᠰᠡᠯᠡᠩᠲᠦ ᠪᠠᠭ᠎ᠠ ᠰᠤᠷᠭᠠᠭᠤᠯᠢ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ ᠬᠠᠯᠠᠮᠵᠢ ᠮᠡᠬᠦᠰᠳᠡᠭᠰᠡᠨ ᠬᠡᠦᠬᠡᠳ ᠢ ᠬᠠᠯᠠᠮᠵᠢᠯᠠᠨ ᠬᠠᠶᠢᠷᠠᠯᠠᠬᠤ︾ ᠨᠡᠶᠢᠲᠡ ᠶᠢᠨ ᠠᠰᠠᠷᠠᠮᠵᠢ ᠶᠢᠨ ᠬᠠᠨᠳᠢᠪᠯᠡᠬᠤ ᠠᠵᠢᠯᠯᠠᠭ᠎ᠠ ᠥᠷᠨᠢᠭᠦᠯᠵᠦ᠂ ᠬᠦᠰᠡᠯᠡᠩᠲᠦ ᠪᠠᠭ᠎ᠠ ᠰᠤᠷᠭᠠᠭᠤᠯᠢ ᠶᠢᠨ 14 ᠶᠠᠳᠠᠭᠤ ᠬᠦᠴᠢᠷᠳᠡᠯᠲᠡᠢ ᠬᠡᠦᠬᠡᠳ ᠲᠤ 14 ᠢᠵᠢ ᠰᠢᠨ᠎ᠡ ᠰᠤᠷᠭᠠᠭᠤᠯᠢ ᠶᠢᠨ ᠬᠤᠪᠴᠠᠰᠤ ᠪᠡᠯᠡᠭᠯᠡᠵᠡᠢ᠃

1.png

   ᠡᠨᠡ ᠬᠤᠭᠤᠴᠠᠭᠠᠨ ᠳᠤ᠂ ᠯᠠᠨ ᠲᠢᠶᠠᠨ ᠠᠪᠤᠷᠠᠨ ᠲᠤᠰᠠᠯᠠᠬᠤ ᠠᠩᠭᠢ ᠶᠢᠨ ᠠᠵᠢᠯᠲᠠᠳ ᠬᠦᠰᠡᠯᠡᠩᠲᠦ ᠪᠠᠭ᠎ᠠ

ᠰᠤᠷᠭᠠᠭᠤᠯᠢ ᠶᠢᠨ ᠰᠤᠷᠤᠭᠴᠢᠳ ᠲᠤ ︽ᠤᠰᠤᠨ ᠳᠤ ᠵᠢᠪᠬᠦ ᠶᠢ ᠰᠡᠷᠭᠡᠶᠢᠯᠡᠬᠦ︾ ᠠᠮᠤᠷ ᠲᠦᠪᠰᠢᠨ ᠤ ᠮᠡᠳᠡᠯᠭᠡ ᠶᠢᠨ

ᠲᠠᠶᠢᠯᠤᠮᠵᠢ ᠬᠢᠵᠡᠢ᠃ ᠵᠤᠨ ᠤ ᠠᠮᠠᠷᠠᠯᠲᠠ ᠪᠣᠯᠬᠤ ᠭᠡᠵᠦ ᠪᠠᠶᠢᠨ᠎ᠠ᠂ ᠠᠭᠠᠷ ᠤᠨ ᠳᠤᠯᠠᠭᠠᠨ ᠲᠠᠰᠤᠷᠠᠯᠲᠠ ᠦᠭᠡᠢ

ᠳᠡᠭᠡᠭᠰᠢᠯᠡᠵᠦ᠂ ᠤᠰᠤᠨ ᠳᠤ ᠴᠠᠴᠠᠬᠤ ᠠᠳᠡᠯ ᠴᠦ ᠣᠯᠠᠨ ᠭᠠᠷᠬᠤ ᠬᠤᠭᠤᠴᠠᠭᠠᠨ ᠳᠤ ᠣᠷᠣᠵᠤ ᠪᠠᠶᠢᠨ᠎ᠠ᠂ ᠰᠠᠶᠢᠨ

ᠳᠤᠷ᠎ᠠ ᠶᠢᠨ ᠠᠵᠢᠯᠯᠠᠭᠴᠢᠳ ᠦᠨᠡᠨ ᠪᠣᠳᠠᠲᠠᠢ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠪᠠᠷ

ᠳᠠᠮᠵᠢᠭᠤᠯᠤᠨ᠂ ᠵᠠᠯᠠᠭᠤᠴᠤᠳ ᠪᠠᠭᠠᠴᠤᠳ ᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ︽

ᠠᠮᠢ ᠨᠠᠰᠤ ᠪᠠᠨ ᠨᠠᠨᠳᠢᠩᠨᠠᠵᠤ᠂ ᠨᠠᠭᠤᠷ ᠴᠥᠭᠦᠷᠥᠮ ᠠᠴᠠ ᠬᠤᠯᠠ ᠵᠠᠶᠢᠳᠠᠬᠤ︾ ᠪᠣᠯᠭᠠᠵᠤ᠂ ᠤᠰᠤᠨ ᠳᠤ

ᠴᠠᠴᠠᠬᠤ ᠶᠢ ᠰᠡᠷᠭᠡᠶᠢᠯᠡᠬᠦ ᠤᠬᠠᠮᠰᠠᠷᠲᠤ ᠴᠢᠨᠠᠷ ᠪᠠ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠠᠶᠤᠯ ᠠᠴᠠ ᠪᠠᠴᠢᠮ

ᠵᠠᠶᠢᠯᠠᠬᠤ᠂ ᠠᠶᠤᠯ ᠳᠤ ᠤᠴᠠᠷᠠᠪᠠᠯ ᠠᠮᠢ ᠵᠢᠭᠤᠲᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠳᠤᠷ᠎ᠠ ᠪᠠᠷ ᠢᠶᠠᠨ

ᠤᠰᠤᠨ ᠳᠤ ᠣᠷᠣᠵᠤ ᠤᠮᠪᠠᠭ᠋ᠤ ᠦᠭᠡᠢ︔ ᠬᠥᠮᠥᠨ ᠤᠰᠤᠨ ᠳᠤ ᠤᠨᠠᠭᠰᠠᠨ ᠢ ᠦᠵᠡᠭᠡᠳ ᠰᠣᠬᠤᠷ ᠪᠠᠯᠠᠢ ᠪᠠᠷ

ᠠᠪᠤᠷᠠᠯᠲᠠ ᠬᠢᠵᠦ ᠪᠣᠯᠬᠤ ᠦᠭᠡᠢ ᠭᠡᠬᠦ ᠮᠡᠲᠦ ᠪᠠᠷ ᠵᠠᠯᠠᠭᠤ ᠪᠠᠭᠠᠴᠤᠳ ᠰᠤᠷᠤᠭᠴᠢᠳ ᠲᠤ ᠤᠰᠤᠨ ᠳᠤ ᠵᠢᠪᠬᠦ ᠠᠴᠠ

ᠰᠡᠷᠭᠡᠶᠢᠯᠡᠬᠦ᠂ ᠠᠶᠤᠯᠲᠠᠢ ᠤᠰᠤᠨ ᠤ ᠴᠠᠷᠠᠭ᠎ᠠ ᠠᠴᠠ ᠬᠤᠯᠠ ᠵᠠᠶᠢᠳᠠᠬᠤ ᠶᠢᠨ ᠴᠢᠬᠤᠯᠠ ᠴᠢᠨᠠᠷ ᠢ ᠣᠶᠢᠯᠠᠭᠠᠭᠤᠯᠵᠤ᠂

ᠵᠠᠯᠠᠭᠤ ᠪᠠᠭᠠᠴᠤᠳ ᠤᠨ ᠠᠶᠤᠯᠲᠠᠢ ᠪᠠᠶᠢᠳᠠᠯ ᠳᠣᠣᠷᠠᠬᠢ ᠥᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠭᠡ

ᠠᠯᠬᠤᠮ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠠᠮᠤᠷ

ᠲᠦᠪᠰᠢᠨ ᠢᠶᠠᠷ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃

2.png

   ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠦᠴᠢᠷᠳᠡᠯ ᠳᠤ ᠲᠤᠯᠭᠠᠷᠠᠭᠰᠠᠨ ᠬᠡᠦᠬᠡᠳ ᠲᠤ ᠡᠳ᠋

ᠪᠣᠳᠠᠰ ᠤᠨ ᠲᠠᠯ᠎ᠠ ᠶᠢᠨ ᠬᠠᠯᠠᠮᠵᠢᠯᠠᠯ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠣᠶᠤᠨ ᠰᠠᠨᠠᠭᠠᠨ ᠤ ᠲᠠᠯ᠎ᠠ ᠶᠢᠨ

ᠲᠠᠶᠢᠳᠬᠤᠷᠠᠭᠤᠯᠤᠯ ᠪᠠ ᠵᠣᠷᠢᠭᠵᠢᠭᠤᠯᠤᠯ ᠥᠭᠴᠦ᠂ ᠬᠡᠦᠬᠡᠳ ᠤᠳ ᠲᠤ ᠵᠠᠰᠠᠭ ᠤᠨ ᠣᠷᠳᠣᠨ ᠪᠠ ᠨᠡᠶᠢᠭᠡᠮ ᠤᠨ

ᠬᠠᠶᠢᠷ᠎ᠠ ᠬᠠᠯᠠᠮᠵᠢ ᠶᠢ ᠬᠦᠷᠲᠡᠭᠡᠵᠦ᠂ ᠪᠠᠭᠠᠴᠤᠳ ᠬᠡᠦᠬᠡᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ

ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠭᠰᠡᠨ ᠪᠠᠶᠢᠨ᠎ᠠ᠃

   ᠲᠠᠷᠠᠭᠠᠴᠢ ᠶᠢᠨ ᠠᠯᠬᠤᠮ ᠳᠤ᠂ ᠯᠠᠨ ᠲᠢᠶᠠᠨ ᠠᠪᠤᠷᠠᠨ ᠲᠤᠰᠠᠯᠠᠬᠤ ᠠᠩᠭᠢ ᠶᠢᠨ ᠬᠢᠨ ᠨᠡᠶᠢᠭᠡᠮ ᠤᠨ ᠡᠯ᠎ᠡ

ᠡᠲᠡᠭᠡᠳ ᠤᠨ ᠬᠠᠶᠢᠷ᠎ᠠ ᠬᠠᠯᠠᠮᠵᠢ ᠶᠢᠨ ᠵᠣᠬᠢᠶᠠᠨ ᠪᠠᠶᠢᠭᠤᠯᠤᠯᠲᠠ ᠪᠠ ᠬᠠᠶᠢᠷ᠎ᠠ ᠬᠠᠯᠠᠮᠵᠢ ᠶᠢᠨ ᠬᠥᠮᠥᠰ ᠤᠨ

ᠬᠦᠴᠦᠨ ᠢ ᠨᠢᠭᠲᠠᠷᠠᠭᠤᠯᠵᠤ᠂ ᠬᠠᠯᠠᠮᠵᠢ ᠮᠡᠬᠦᠰᠳᠡᠭᠰᠡᠨ ᠬᠡᠦᠬᠡᠳ ᠤᠨ ᠠᠮᠢᠳᠤᠷᠠᠯ ᠪᠠ ᠰᠤᠷᠤᠯᠴᠠᠯᠭ᠎ᠠ ᠶᠢ ᠦᠨᠡᠨ ᠬᠦ

ᠬᠠᠪᠰᠤᠷᠴᠤ᠂ ᠬᠠᠯᠠᠮᠵᠢ ᠮᠡᠬᠦᠰᠳᠡᠭᠰᠡᠨ ᠨᠠᠩ ᠣᠯᠠᠨ ᠬᠡᠦᠬᠡᠳ ᠢ ᠬᠠᠪᠰᠤᠷᠤᠨ ᠲᠡᠳᠬᠦᠬᠦ ᠪᠠ ᠬᠠᠯᠠᠮᠵᠢᠯᠠᠨ

ᠬᠠᠶᠢᠷᠠᠯᠠᠬᠤ ᠪᠣᠯᠣᠨ᠎ᠠ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2