| ᠣᠶᠢᠷ᠎ᠠ ᠳᠤ᠂ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠬᠦᠨᠳᠦ ᠨᠣᠴᠢᠲᠠᠢ ᠪᠠᠶᠢᠨ᠎ᠠ᠃ ᠴᠠᠩᠱᠦ᠋ᠨ | ᠪᠠᠯᠭᠠᠰᠤᠨ ᠤ ᠰᠠᠭᠤᠭᠠᠯᠢ ᠠᠷᠠᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠵᠤ᠂ ︽ ᠭᠠᠳᠠᠨ᠎ᠠ ᠠᠴᠠ | ᠬᠠᠯᠳᠠᠪᠤᠷᠢᠯᠠᠬᠤ ᠶᠢ ᠰᠡᠷᠭᠡᠶᠢᠯᠡᠬᠦ ︾ ᠶᠢ ᠡᠴᠦᠰ ᠲᠤᠨᠢ ᠲᠤᠯᠲᠠᠯ᠎ᠠ ᠲᠤᠭᠤᠰᠢᠯᠠᠭᠤᠯᠬᠤ ᠶᠢᠨ ᠲᠦᠯᠦᠭᠡ᠂ 6 ᠰᠠᠷ᠎ᠠ | ᠶᠢᠨ 5 ᠤ ᠡᠳᠦᠷ᠂ ᠴᠠᠩᠱᠦ᠋ᠨ ᠪᠠᠯᠭᠠᠰᠤ ᠨᠢ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ | ᠬᠤᠯᠪᠤᠭᠠᠯᠠᠨ ᠬᠠᠭᠤᠴᠢᠨ ᠳᠦᠷᠪᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠬᠦᠷᠢᠶᠡᠨ ᠳᠤ ᠶᠦᠩ ᠱᠧᠩ ᠲᠣᠰᠬᠤᠨ | ᠪᠣᠯᠣᠨ ᠶᠦᠩ ᠱᠧᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠥᠭᠡᠮ ᠬᠦᠴᠢᠯ ᠢ ᠰᠢᠯᠭᠠᠨ ᠪᠠᠶᠢᠴᠠᠭᠠᠬᠤ | ᠰᠣᠷᠢᠯᠲᠠ ᠬᠢᠵᠦ᠂ ᠨᠡᠶᠢᠲᠡ 630 ᠭᠠᠷᠤᠢ ᠬᠥᠮᠥᠨ ᠢ ᠰᠢᠯᠭᠠᠨ ᠪᠠᠶᠢᠴᠠᠭᠠᠵᠠᠢ᠃ | | | | | | ᠰᠠᠭᠤᠭᠠᠯᠢ ᠠᠷᠠᠳ ᠳᠠᠩᠰᠠᠯᠠᠭᠤᠯᠬᠤ ᠪᠠᠷ ᠳᠠᠮᠵᠢᠭᠤᠯᠤᠨ ︽ ᠮᠥᠩᠭᠡ ᠰᠤᠪᠠᠭ ︾ ᠤᠨ APP ᠳᠤ ᠲᠡᠮᠳᠡᠭᠯᠡᠨ᠂ | ᠡᠷᠡᠭᠦᠯ ᠮᠡᠨᠳᠦ ᠶᠢᠨ ᠺᠣᠳ᠋᠂ ᠥᠯᠢᠭᠡᠷ ᠠᠪᠬᠤ ᠬᠥᠮᠥᠰ ᠤᠨ ᠺᠣᠳ᠋ ᠰᠢᠷᠪᠢᠬᠦ ᠳᠠᠩᠰᠠᠯᠠᠯᠲᠠ ᠶᠢᠨ ᠮᠡᠳᠡᠭᠡ ᠵᠠᠩᠭᠢ ᠶᠢ | ᠳᠡᠯᠭᠡᠨ ᠦᠵᠡᠭᠦᠯᠵᠦ᠂ ᠪᠠᠶᠢᠴᠠᠭᠠᠨ ᠰᠢᠯᠭᠠᠬᠤ ᠬᠤᠷᠳᠤᠴᠠ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠂ | ᠰᠠᠭᠤᠭᠠᠯᠢ ᠠᠷᠠᠳ ᠤᠨ ᠣᠷᠳᠣ ᠬᠤᠭᠤᠴᠠᠭ᠎ᠠ ᠪᠠᠷ ᠮᠥᠷᠯᠡᠨ ᠬᠦᠯᠢᠶᠡᠬᠦ ᠠᠴᠠ ᠵᠠᠶᠢᠯᠠᠰᠬᠢᠪᠡ᠃ ᠪᠠᠶᠢᠴᠠᠭᠠᠨ | ᠰᠢᠯᠭᠠᠭᠰᠠᠨ ᠮᠡᠳᠡᠭᠦᠯᠦᠯᠲᠡ ᠶᠢ ᠡᠳᠦᠷ ᠥᠨᠵᠢᠭᠡᠳ APP ᠳᠡᠭᠡᠷ᠎ᠡ ᠠᠴᠠ ᠪᠠᠶᠢᠴᠠᠭᠠᠨ ᠯᠠᠪᠯᠠᠵᠤ ᠪᠣᠯᠬᠤ | ᠤᠴᠢᠷ ᠠᠴᠠ ᠣᠯᠠᠨ ᠲᠦᠮᠡᠨ ᠳᠤ ᠲᠥᠬᠦᠮ ᠦᠵᠡᠭᠦᠯᠬᠦ ᠪᠣᠯᠣᠨ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |