ᠮᠠᠨ ᠤ ᠰᠢᠶᠠᠨ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠷᠪᠠᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/8
   6 ᠰᠠᠷ᠎ᠠ ᠶᠢᠨ 6 ᠤ ᠡᠳᠦᠷ᠂ ᠮᠠᠨ ᠤ ᠰᠢᠶᠠᠨ ᠰᠢᠨ᠎ᠡ ᠺᠣᠷᠤᠨᠠ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠷᠪᠠᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠳ᠋ᠢᠶᠣᠣ ᠴᠦᠨ ᠬᠠᠢ ᠬᠤᠷᠠᠯ ᠡᠷᠭᠢᠯᠡᠪᠡ᠃ ᠰᠢᠶᠠᠨ ᠤ ᠤᠳᠤᠷᠢᠳᠤᠯᠭ᠎ᠠ ᠵᠤᠤ ᠯᠦᠩ ᠹᠧᠢ ᠂ ᠡᠦ · ᠴᠢᠯᠠᠭᠤ᠂ ᠦ᠋ ᡁᠢ ᠢᠦᠢ ᠂ ᠰᠦᠨ ᠸᠧᠨ ᠪᠥᠸᠧ ᠂ ᠯᠢᠦ ᠰᠢᠶᠠᠩ ᠶᠠᠩ ᠂ ᠭᠦᠸᠧ ᠬᠤᠩ ᡁᠢ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃

00.png

   ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠠᠮᠲᠤ ᠪᠠᠷ ᠬᠦᠷᠢᠶᠡᠯᠡᠩ ᠲᠣᠭᠤᠷᠢᠭ ᠤᠨ ᠪᠣᠭᠤᠮᠲᠠ ᠨᠡᠮᠡᠵᠦ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠪᠠᠶᠢᠳᠠᠯ ᠢ ᠰᠤᠳᠤᠯᠪᠠ᠃

   ᠳ᠋ᠢᠶᠣᠣ ᠴᠦᠨ ᠬᠠᠢ ᠱᠠᠭᠠᠷᠳᠠᠭᠰᠠᠨ ᠨᠢ᠂ ᠪᠣᠭᠤᠮᠲᠠ ᠪᠣᠭᠤᠮᠲᠠ ᠨᠢ ︽ᠬᠠᠮᠢᠶᠠᠷᠴᠤ ᠳᠡᠶᠢᠯᠬᠦ᠂ ᠰᠠᠭᠠᠳ ᠦᠭᠡᠢ

ᠨᠡᠪᠲᠡᠷᠡᠬᠦ ᠶᠢ ᠪᠠᠲᠤᠯᠠᠬᠤ︾ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠣᠶ ᠪᠦᠬᠦᠢ

ᠲᠡᠷᠭᠡ ᠬᠥᠰᠬᠡ ᠶᠢᠨ ᠬᠥᠮᠥᠰ ᠢ ᠳᠡᠩᠰᠡᠯᠡᠨ ᠲᠡᠮᠳᠡᠭᠯᠡᠵᠦ᠂ ᠢᠯᠠᠩᠭᠤᠶ᠎ᠠ ᠭᠠᠳᠠᠷ ᠣᠷᠣᠨ ᠠᠴᠠ ᠮᠠᠨ ᠤ ᠰᠢᠶᠠᠨ ᠳᠤ

ᠪᠤᠴᠠᠵᠤ ᠢᠷᠡᠭᠰᠡᠨ ᠬᠥᠮᠥᠰ ᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠢ᠂ ᠴᠢᠬᠤᠯᠠ ᠠᠴᠠ ᠴᠢᠬᠤᠯᠠ ᠨᠢ ᠰᠢᠯᠢ ᠶᠢᠨ

ᠭᠤᠣᠯ ᠣᠷᠣᠨ ᠤ ᠲᠡᠷᠭᠡ ᠬᠥᠰᠬᠡ᠂ ᠬᠥᠮᠥᠰ ᠢ ᠴᠢᠩᠭ᠎ᠠ ᠬᠠᠮᠢᠶᠠᠷᠤᠨ ᠡᠵᠡᠮᠳᠡᠵᠦ᠂ ᠡᠷᠬᠡᠪᠰᠢ ᠪᠣᠳᠠᠲᠠᠢ ᠪᠠᠷ

ᠬᠠᠮᠢᠶᠠᠷᠤᠨ ᠡᠵᠡᠮᠳᠡᠬᠦ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠤᠨ ᠭᠠᠳᠠᠨ᠎ᠠ ᠠᠴᠠ ᠢᠷᠡᠭᠰᠡᠨ ᠬᠥᠮᠥᠰ ᠢ

ᠴᠢᠩᠭ᠎ᠠ ᠬᠠᠮᠢᠶᠠᠷᠤᠨ ᠡᠵᠡᠮᠳᠡᠵᠦ᠂ ᠵᠠᠷᠴᠢᠮ ᠳᠡᠭᠡᠷ᠎ᠡ ᠪᠠᠨ ᠭᠠᠳᠠᠭᠰᠢ ᠭᠠᠷᠴᠤ ᠪᠣᠯᠬᠤ ᠦᠭᠡᠢ᠂ ᠬᠥᠳᠡᠭᠡ

ᠲᠣᠰᠬᠤᠨ ᠤ ᠭᠠᠳᠠᠨ᠎ᠠ ᠣᠷᠣᠨ ᠳᠤ ᠨᠤᠲᠤᠭ ᠲᠠᠭᠠᠨ ᠪᠤᠴᠠᠭᠰᠠᠨ ᠬᠥᠮᠥᠰ ᠡᠷᠬᠡᠪᠰᠢ ᠨᠠᠷᠢᠨ ᠲᠣᠳᠣᠷᠬᠠᠢ ᠮᠡᠳᠡᠭᠡ

ᠵᠠᠩᠭᠢ ᠶᠢ ᠳᠡᠩᠰᠡᠯᠡᠨ ᠳᠠᠩᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃

   ᠳ᠋ᠢᠶᠣᠣ ᠴᠦᠨ ᠬᠠᠢ ᠴᠢᠬᠤᠯᠠᠴᠢᠯᠠᠭᠰᠠᠨ ᠨᠢ᠂ ᠡᠯ᠎ᠡ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ

ᠵᠢᠷᠤᠮᠵᠢᠭᠰᠠᠨ ᠬᠠᠮᠢᠶᠠᠷᠤᠯᠲᠠ ᠡᠵᠡᠮᠳᠡᠯ ᠤᠨ ᠬᠡᠮᠵᠢᠶ᠎ᠡ ᠶᠢ ᠢᠮᠠᠭᠲᠠ ᠨᠠᠶᠢᠳᠠᠪᠤᠷᠢᠵᠢᠭᠤᠯᠵᠤ᠂ ᠡᠯ᠎ᠡ ᠪᠠᠯᠭᠠᠰᠤ ︵

ᠨᠡᠶᠢᠭᠡᠮ ᠲᠣᠭᠤᠷᠢᠭ︶᠂ ᠲᠣᠰᠬᠤᠨ ᠤ ᠬᠢᠨ ᠭᠡᠷ ᠲᠡᠭᠡᠨ ᠰᠠᠭᠤᠵᠤ ᠪᠠᠶᠢᠭ᠎ᠠ ᠬᠢᠨᠠᠨ ᠬᠡᠮᠵᠢᠬᠦ ᠠᠵᠢᠯᠲᠠᠨ ᠤ

ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠰᠢᠮᠳᠠᠭᠤᠯᠵᠤ᠂ ᠡᠯ᠎ᠡ ᠡᠮᠴᠢᠯᠡᠭᠡᠨ ᠤ

ᠭᠠᠵᠠᠷ ᠲᠠᠯᠠᠪᠤᠷ ᠨᠢ ᠬᠠᠯᠠᠭᠤᠷᠠᠵᠤ ᠪᠠᠶᠢᠭ᠎ᠠ ᠬᠥᠮᠥᠰ ᠤᠨ ᠬᠠᠮᠢᠶᠠᠷᠤᠯᠲᠠ ᠪᠠ ᠡᠮᠨᠡᠯᠭᠡ ᠶᠢᠨ ᠬᠤᠷᠢᠶ᠎ᠠ ᠶᠢᠨ ᠰᠡᠷᠡᠯ ᠢ

ᠰᠡᠷᠭᠡᠶᠢᠯᠡᠨ ᠡᠵᠡᠮᠳᠡᠬᠦ ᠶᠢ ᠴᠢᠩᠭ᠎ᠠ ᠰᠠᠶᠢᠲᠤᠷ ᠬᠢᠵᠦ᠂ ᠭᠠᠳᠠᠨ᠎ᠠ ᠠᠴᠠ ᠬᠠᠯᠳᠠᠪᠤᠷᠢᠯᠠᠬᠤ ᠶᠢᠨ ᠡᠯ᠎ᠡ ᠭᠤᠭᠴᠤᠭ᠎ᠠ ᠶᠢᠨ

ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠶᠢ ᠲᠠᠰᠤᠷᠠᠯᠲᠠ ᠦᠭᠡᠢ ᠪᠠᠶᠢᠴᠠᠭᠠᠨ ᠦᠵᠡᠬᠦ ᠪᠠᠷ ᠳᠡᠮᠵᠢᠨ᠂ ᠶᠠᠮᠠᠷᠪᠠ ︽

ᠭᠠᠷᠠᠬ᠎ᠠ ᠶᠢ ᠡᠪᠳᠡᠬᠦ︾ ︽ᠭᠠᠷᠠᠬ᠎ᠠ ᠶᠢ ᠭᠠᠷᠭᠠᠬᠤ︾ ᠠᠰᠠᠭᠤᠳᠠᠯ ᠭᠠᠷᠬᠤ ᠶᠢ ᠲᠠᠰᠤ ᠬᠤᠷᠢᠭᠯᠠᠵᠤ᠂ ︽ 

ᠭᠠᠳᠠᠨ᠎ᠠ ᠠᠴᠠ ᠬᠠᠯᠳᠠᠪᠤᠷᠢᠯᠠᠬᠤ ᠶᠢ ᠰᠡᠷᠭᠡᠶᠢᠯᠡᠬᠦ︾ ᠪᠠᠬᠢᠯᠡᠯᠲᠡ ᠶᠢ ᠦᠨᠡᠨᠬᠦ ᠪᠠᠬᠢᠵᠢᠭᠦᠯᠬᠦ ᠬᠡᠷᠡᠭᠲᠡᠢ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2