| ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠠᠴᠠ ᠨᠠᠰᠢ ᠂ ᠮᠠᠨ ᠤ ᠰᠢᠶᠠᠨ ᠤ | ᠳᠡᠭᠡᠳᠦ ᠳᠣᠣᠷᠠᠳᠤ ᠱᠠᠲᠤ ᠪᠠᠷ ᠢᠶᠠᠨ ᠬᠦᠴᠦ ᠪᠠᠨ ᠬᠠᠮᠲᠤᠳᠬᠠᠵᠤ ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠂ ᠡᠯ᠎ᠡ | ᠠᠵᠢᠯ ᠲᠦᠷᠦᠯ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠨ ᠂ ᠡᠷᠡᠰ ᠰᠢᠭᠤᠷᠬᠠᠢ ᠂ ᠴᠢᠩᠭ᠎ᠠ ᠠᠷᠭ᠎ᠠ ᠬᠡᠮᠵᠢᠶ᠎ᠡ ᠠᠪᠴᠤ ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠬᠦ | ᠲᠠᠯ᠎ᠠ ᠪᠠᠷ ᠪᠠᠶᠢᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠪᠠᠬᠢᠯᠡᠯᠲᠡ ᠶᠢ ᠪᠠᠶᠢᠭᠤᠯᠪᠠ ᠃ | ︽ᠳᠥᠷᠪᠡᠨ ᠳᠠᠷᠤᠭ᠎ᠠ︾ ᠶᠢᠨ ᠳᠦᠷᠢᠮ ᠤᠨ ᠰᠢᠨ᠎ᠡ ᠬᠡᠪ ᠵᠠᠭᠪᠤᠷ ᠢᠶᠠᠷ ᠨᠡᠶᠢᠭᠡᠮ ᠲᠣᠭᠤᠷᠢᠭ ᠤᠨ ᠰᠡᠷᠭᠡᠶᠢᠯᠡᠨ | ᠡᠵᠡᠮᠳᠡᠬᠦ ᠲᠣᠣᠷ ᠢ ᠨᠢᠭᠲᠠᠷᠠᠭᠤᠯᠪᠠ | ᠨᠡᠶᠢᠭᠡᠮ ᠲᠣᠭᠤᠷᠢᠭ ᠪᠣᠯ ᠬᠤᠲᠠ ᠶᠢᠨ ᠬᠠᠮᠤᠭ ᠤᠨ ᠪᠠᠭ᠎ᠠ ᠨᠢᠭᠡᠴᠡ ᠪᠣᠯᠬᠤ ᠪᠥᠭᠡᠳ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠴᠢᠬᠤᠯᠠ ᠰᠡᠷᠭᠡᠶᠢᠯᠡᠯᠲᠡ ᠶᠢᠨ ᠱᠤᠭᠤᠮ ᠪᠣᠯᠣᠨ᠎ᠠ᠃ ᠬᠤᠸᠠᠳᠧ ᠰᠢᠶᠠᠨ ᠤ ᠬᠢᠨ ᠪᠠᠭ᠎ᠠ | ᠲᠣᠭᠤᠷᠢᠭ ᠤᠨ ᠰᠦᠯᠵᠢᠶᠡᠨ ᠤ ᠳᠠᠷᠤᠭ᠎ᠠ ᠂ ᠠᠰᠠᠷ ᠤᠨ ᠪᠦᠯᠦᠭᠯᠡᠯ ᠤᠨ ᠳᠠᠷᠤᠭ᠎ᠠ ᠂ ᠠᠰᠠᠷ ᠤᠨ ᠳᠠᠪᠬᠤᠷᠯᠢᠭ ᠤᠨ | ᠳᠠᠷᠤᠭ᠎ᠠ ᠂ ᠨᠢᠭᠡᠴᠡ ᠶᠢᠨ ᠳᠠᠷᠤᠭ᠎ᠠ ︽ᠲᠦᠷᠪᠡᠨ ᠳᠠᠷᠤᠭ᠎ᠠ ︾ ᠬᠤᠯᠪᠤᠭᠠᠯᠠᠨ ᠬᠥᠳᠡᠯᠦᠯᠴᠡᠬᠦ ᠬᠠᠮᠢᠶᠠᠷᠤᠯᠲᠠ ᠶᠢᠨ | ᠲᠣᠭᠲᠠᠴᠠ ᠶᠢ ᠬᠡᠷᠡᠭᠵᠢᠭᠦᠯᠵᠦ ᠂ ︽ᠦᠨᠳᠦᠰᠦᠨ ᠱᠠᠲᠤᠨ ᠤ ᠵᠠᠰᠠᠯᠲᠠ + ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ︾ ᠰᠢᠨ᠎ᠡ ᠵᠠᠭᠪᠤᠷ ᠢ ᠬᠠᠶᠢᠨ ᠰᠦᠪᠡᠭᠴᠢᠯᠡᠪᠡ ᠃ | ᠣᠶᠢᠷ᠎ᠠ ᠳᠤ᠂ ᠴᠠᠩ ᠹᠧᠩ ᠨᠡᠶᠢᠭᠡᠮ ᠲᠣᠭᠤᠷᠢᠭ ᠤᠨ ᠰᠠᠢ ᠱᠠᠩ ᠶᠠ ᠵᠢᠦᠢ ᠵᠢᠵᠢᠭ ᠲᠣᠭᠤᠷᠢᠭ ᠲᠤ᠂ | ᠠᠰᠠᠷ ᠤᠨ ᠳᠠᠷᠤᠭ᠎ᠠ ᠭᠢᠷᠢᠨ ᠮᠤᠵᠢ ᠶᠢᠨ ᠮᠠᠰᠢᠨ ᠲᠡᠷᠭᠡ ᠣᠷᠣᠵᠤ ᠢᠷᠡᠭᠰᠡᠨ ᠢ ᠣᠯᠵᠤ ᠮᠠᠲᠠᠵᠠᠢ᠂ ᠲᠡᠷᠭᠡᠨ ᠳᠤ | ᠰᠠᠭᠤᠭᠰᠠᠨ ᠬᠡᠳᠦᠨ ᠬᠥᠮᠥᠨ ᠠᠮᠠᠪᠴᠢ ᠵᠡᠭᠦᠭᠰᠡᠨ ᠦᠭᠡᠢ ᠮᠥᠷᠲᠡᠭᠡᠨ ᠡᠷᠦᠬᠡ ᠳᠠᠷᠠᠭᠠᠯᠠᠨ ᠤᠤᠭᠤᠬᠤ ᠤᠰᠤᠨ ᠤ | ᠮᠠᠰᠢᠨ ᠪᠣᠷᠣᠯᠠᠭᠤᠯᠵᠤ ᠪᠠᠶᠢᠬᠤ ᠶᠢ ᠣᠯᠵᠤ ᠮᠠᠲᠠᠵᠠᠢ᠂ ᠠᠰᠠᠷ ᠤᠨ ᠳᠠᠷᠤᠭ᠎ᠠ ᠲᠡᠷᠡ ᠳᠠᠷᠤᠢ ᠳᠤᠨᠢ ᠠᠰᠠᠷ ᠤᠨ | ᠰᠦᠷᠦᠭ ᠤᠨ ᠳᠠᠷᠤᠭ᠎ᠠ ᠳᠤ ᠲᠣᠰ ᠪᠠᠶᠢᠳᠠᠯ ᠢ ᠬᠠᠷᠢᠭᠤ ᠮᠡᠳᠡᠭᠦᠯᠵᠡᠢ᠃ ᠠᠰᠠᠷ ᠤᠨ ᠰᠦᠷᠦᠭ ᠤᠨ ᠳᠠᠷᠤᠭ᠎ᠠ ᠣᠯᠵᠤ | ᠮᠡᠳᠡᠭᠰᠡᠨ ᠤ ᠳᠠᠷᠠᠭ᠎ᠠ ᠲᠡᠷᠡ ᠳᠠᠷᠤᠢ ᠳᠤᠨᠢ ᠰᠠᠭᠤᠭᠠᠯᠢ ᠠᠷᠠᠳ ᠤᠨ ᠭᠡᠷ ᠲᠤ ᠬᠦᠷᠴᠦ᠂ ᠠᠵᠢᠯᠲᠠᠨ ᠤ ᠪᠡᠶ᠎ᠡ ᠶᠢᠨ | ᠭᠠᠷᠤᠯ ᠢ ᠬᠢᠨᠠᠨ ᠬᠠᠷᠭᠤᠭᠤᠯᠬᠤ ᠶᠢᠨ ᠬᠠᠮᠲᠤ ᠲᠡᠭᠦᠨ ᠤ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ ᠵᠡᠷᠭᠡ | ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ᠲᠡᠳᠡᠨ ᠤ ᠨᠢᠳᠦᠨ ᠬᠠᠷᠠᠴᠠ ᠪᠠᠨ ᠪᠤᠷᠤᠭᠤᠯᠠᠨ᠂ ᠬᠠᠮᠵᠢᠯᠴᠠᠬᠤ ᠦᠭᠡᠢ | ᠪᠠᠶᠢᠬᠤ ᠶᠢ ᠣᠯᠵᠤ ᠮᠠᠲᠠᠵᠠᠢ᠃ ᠠᠰᠠᠷ ᠤᠨ ᠰᠦᠷᠦᠭ ᠤᠨ ᠳᠠᠷᠤᠭ᠎ᠠ ᠲᠡᠷᠡ ᠳᠠᠷᠤᠢ ᠳᠤᠨᠢ ᠨᠡᠶᠢᠭᠡᠮ ᠲᠣᠭᠤᠷᠢᠭ ᠤᠨ | ᠨᠠᠮ ᠤᠨ ᠡᠭᠦᠷ ᠤᠨ ᠱᠦᠵᠢ ᠳᠤ ᠮᠡᠳᠡᠭᠦᠯᠬᠦ ᠶᠢᠨ ᠬᠠᠮᠲᠤ ᠴᠠᠭᠳᠠᠭ᠎ᠠ ᠳᠤ ᠮᠡᠳᠡᠭᠦᠯᠦᠭᠰᠡᠨ ᠳᠤ ᠠᠷᠠᠳ ᠤᠨ ᠴᠠᠭᠳᠠᠭ᠎ᠠ | ᠬᠥᠮᠥᠨ ᠪᠣᠯᠣᠨ ᠲᠡᠷᠭᠡ ᠶᠢ ᠬᠠᠮᠲᠤ ᠳᠤᠨᠢ ᠠᠪᠴᠤ ᠶᠠᠪᠤᠵᠤ᠂ ᠨᠠᠷᠢᠨ ᠯᠠᠪᠯᠠᠨ ᠠᠰᠠᠭᠤᠵᠠᠢ᠃ ᠡᠨᠡᠬᠦ ᠪᠠᠶᠢᠳᠠᠯ ᠢ | ᠣᠯᠵᠤ ᠬᠠᠷᠠᠭᠰᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ︽ᠳᠥᠷᠪᠡᠨ ᠳᠠᠷᠤᠭ᠎ᠠ︾ ᠶᠢᠨ ᠳᠦᠷᠢᠮ ᠢᠶᠠᠷ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠳᠠᠯᠳᠠ ᠠᠶᠤᠯ ᠲᠦᠭᠰᠢᠭᠦᠷᠢ ᠶᠢ ᠴᠤᠬᠤᠶᠢᠵᠤ ᠪᠠᠶᠢᠭ᠎ᠠ | ᠪᠠᠶᠢᠳᠠᠯ ᠳᠤᠨᠢ ᠬᠤᠷᠢᠭᠯᠠᠵᠤ ᠪᠠᠶᠢᠨ᠎ᠠ ᠭᠡᠵᠦ ᠮᠠᠭᠲᠠᠵᠤ ᠪᠠᠶᠢᠯ᠎ᠠ᠃ | ᠸᠠᠩ ᠭᠥᠸᠧ ᠳ᠋ᠧᠩ ᠪᠣᠯ ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ᠂ ᠮᠥᠨ ᠴᠦ ᠨᠢᠭᠡᠨ | ᠠᠰᠠᠷ ᠤᠨ ᠳᠠᠷᠤᠭ᠎ᠠ ᠮᠥᠨ ᠂ ᠲᠡᠷᠡ ᠦᠷᠭᠦᠯᠵᠢ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠰᠠᠶᠢᠨ ᠳᠤᠷ᠎ᠠ ᠶᠢᠨ | ᠠᠵᠢᠯᠯᠠᠭ᠎ᠠ ᠳᠤ ᠣᠷᠣᠯᠴᠠᠳᠠᠭ ᠃ ︽ᠨᠡᠶᠢᠭᠡᠮ ᠲᠣᠭᠤᠷᠢᠭ ᠤᠨ ᠠᠵᠢᠯ ᠳᠤ ᠣᠷᠤᠯᠴᠠᠬᠤ ᠶᠢᠨ ᠬᠠᠮᠲᠤ ᠰᠠᠭᠤᠭᠠᠯᠢ | ᠠᠷᠠᠳ ᠲᠤ ᠴᠢᠳᠠᠯ ᠤᠨ ᠬᠢᠷᠢ ᠪᠠᠷ ᠢᠶᠠᠨ ᠠᠵᠢᠯ ᠶᠠᠪᠤᠳᠠᠯ ᠬᠢᠵᠦ ᠪᠠᠶᠢᠭ᠎ᠠ ᠳᠤ ᠪᠠᠨ ᠪᠢ ᠲᠤᠶᠢᠯ ᠤᠨ | ᠰᠡᠳᠭᠢᠯᠪᠥ᠋ᠭᠡᠳ ᠪᠠᠶᠠᠷ ᠪᠠᠭ᠋ᠠᠳᠤᠯ ᠲᠠᠢ ᠰᠠᠨᠠᠭᠳᠠᠨ᠎ᠠ ︾ ᠭᠡᠵᠦ ᠸᠠᠩ ᠭᠦᠸᠧ ᠳ᠋ᠧᠩ ᠬᠡᠯᠡᠪᠡ ᠃ | ︽ᠳᠥᠷᠪᠡᠨ ᠳᠠᠷᠤᠭ᠎ᠠ︾ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠠᠴᠠ ᠨᠠᠰᠢ᠂ ︽ᠳᠥᠷᠪᠡᠨ | ᠳᠠᠷᠤᠭ᠎ᠠ︾ ᠨᠠᠷ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠸᠠᠺᠼᠢᠨ ᠤ ᠲᠠᠷᠢᠯᠭ᠎ᠠ | ᠬᠢᠬᠦ᠂ ᠲᠡᠷᠭᠡ ᠵᠣᠭᠰᠤᠭᠠᠬᠤ ᠶᠢ ᠴᠡᠭᠴᠡᠯᠡᠨ ᠵᠠᠰᠠᠬᠤ᠂ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠠᠵᠢᠯ ᠳᠤ | ᠢᠳᠡᠪᠬᠢᠲᠡᠢ ᠣᠷᠣᠯᠴᠠᠵᠤ᠂ ᠪᠠᠰᠠ ᠸᠢᠴᠠᠲ ᠢᠶᠠᠷ ᠣᠯᠠᠨ ᠢᠶᠠᠷ ᠢᠶᠠᠨ ᠶᠠᠷᠢᠯᠴᠠᠬᠤ᠂ ᠬᠥᠷᠰᠢ ᠵᠡᠷᠭᠡᠯᠡᠳᠡᠭᠡ ᠪᠠᠷ ᠢᠶᠠᠨ | ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠰᠦᠯᠵᠢᠶᠡᠨ ᠳᠡᠭᠡᠷ᠎ᠡ ᠳ᠋ᠤᠭᠠᠷᠯᠠᠵᠤ ᠰᠦᠢᠳᠬᠡᠯ ᠲᠤᠰᠢᠶᠠᠬᠤ ᠶᠢ ᠤᠷᠢᠳᠴᠢᠯᠠᠨ ᠪᠣᠯᠵᠣᠵᠤ ᠡᠪᠡᠳᠴᠢᠨ ᠦᠵᠡᠭᠦᠯᠬᠦ ᠶᠢ | ᠣᠪᠣᠭᠠᠷᠠᠭᠤᠯᠬᠤ ᠠᠴᠠ ᠵᠠᠶᠢᠯᠠᠰᠬᠢᠨ᠎ᠡ | ︽ᠲᠠ ᠰᠠᠶᠢᠨ ᠦᠦ ᠂ ᠠᠮᠠᠪᠴᠢ ᠪᠠᠨ ᠰᠠᠶᠢᠬᠠᠨ ᠵᠡᠭᠦᠵᠦ᠂ ᠡᠷᠡᠭᠦᠯ ᠮᠡᠨᠳᠦ ᠶᠢᠨ ᠨᠣᠮᠧᠷ ᠪᠣᠯᠣᠨ ᠠᠶᠠᠯᠠᠯ ᠤᠨ | ᠨᠣᠮᠧᠷ ᠢᠶᠠᠨ ᠦᠵᠡᠭᠦᠯᠦᠭᠡᠷᠡᠢ ᠁︾ ᠬᠤᠸᠠᠳᠧ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ | ᠡᠮᠨᠡᠯᠭᠡ ᠳᠤ ᠣᠷᠣᠬᠤ ᠡᠭᠦᠳᠡᠨ ᠳᠤ ᠡᠮᠴᠢ ᠰᠤᠪᠢᠯᠠᠭᠴᠢᠳ ᠡᠮᠨᠡᠯᠭᠡ ᠳᠤ ᠡᠮᠨᠡᠭᠦᠯᠵᠦ ᠪᠠᠶᠢᠭ᠎ᠠ ᠣᠯᠠᠨ ᠲᠦᠮᠡᠨ ᠢ | ᠡᠮᠨᠡᠯᠭᠡ ᠳᠤ ᠡᠮᠬᠢ ᠵᠢᠷᠤᠮ ᠲᠠᠢ ᠪᠠᠷ ᠬᠥᠲᠥᠯᠥᠨ ᠣᠷᠣᠭᠤᠯᠵᠤ ᠪᠠᠶᠢᠬᠤ ᠶᠢ ᠰᠤᠷᠪᠤᠯᠵᠢᠯᠠᠭᠴᠢ ᠣᠯᠵᠤ ᠬᠠᠷᠠᠵᠠᠢ᠃ | ᠡᠭᠦᠨ ᠤ ᠵᠡᠷᠭᠡ ᠳᠤ᠂ ᠳ᠋ᠤᠭᠠᠷᠯᠠᠬᠤ ᠶᠡᠭᠡ ᠲᠢᠩᠬᠢᠮ ᠪᠣᠯᠣᠨ ᠡᠮᠨᠡᠯᠭᠡ ᠶᠢᠨ ᠬᠤᠷᠢᠶᠠᠨ ᠤ ᠰᠦᠢᠳᠬᠡᠯ ᠬᠤᠷᠢᠶᠠᠬᠤ | ᠭᠠᠵᠠᠷ ᠵᠡᠷᠭᠡ ᠭᠠᠵᠠᠷ ᠣᠷᠣᠨ ᠳᠤ ᠡᠪᠡᠳᠴᠢᠨ ᠡᠮᠨᠡᠭᠦᠯᠦᠭᠴᠢᠳ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠣᠰᠣᠭᠠᠷ | ᠨᠢᠭᠡ ᠮᠧᠲᠷ ᠠᠯᠤᠰᠯᠠᠵᠤ᠂ ᠡᠮᠬᠢ ᠵᠢᠷᠤᠮ ᠲᠠᠢ ᠪᠠᠷ ᠮᠥᠷᠯᠡᠨ ᠵᠢᠭᠰᠠᠵᠤ᠂ ᠠᠵᠢᠯᠲᠠᠳ ᠲᠡᠳᠡᠨ ᠢ ᠢᠳᠡᠪᠬᠢᠲᠡᠢ ᠪᠠᠷ | ᠬᠥᠲᠥᠯᠥᠨ ᠵᠢᠯᠤᠭᠤᠳᠴᠤ ᠪᠠᠶᠢᠭᠠᠳ ᠥᠪᠡᠷ ᠢᠶᠠᠨ ᠦᠢᠯᠡᠴᠢᠯᠡᠬᠦ ᠮᠠᠰᠢᠨ ᠢᠶᠠᠷ ᠳ᠋ᠤᠭᠠᠷᠯᠠᠭᠤᠯᠬᠤ ᠪᠠ ᠰᠦᠢᠳᠬᠡᠯ | ᠲᠤᠰᠢᠶᠠᠯᠭᠠᠨ᠎ᠠ᠃ | ᠡᠮᠨᠡᠯᠭᠡ ᠶᠢᠨ ᠬᠤᠷᠢᠶ᠎ᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠣᠭᠤᠮᠲᠠ ᠪᠠ ᠬᠠᠷᠠᠭᠤᠯ ᠤᠨ | ᠭᠠᠵᠠᠷ ᠪᠣᠯᠣᠨ᠎ᠠ ᠃ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠡᠭᠡᠨ᠂ ᠣᠳᠣᠬᠠᠨ ᠳᠤ ᠡᠮᠨᠡᠯᠭᠡ ᠶᠢᠨ ᠬᠤᠷᠢᠶ᠎ᠠ ᠨᠢ ᠡᠪᠡᠳᠴᠢᠲᠡᠨ ᠤ ᠡᠪᠡᠳᠴᠢᠨ ᠦᠵᠡᠭᠦᠯᠬᠦ ᠶᠢ | ᠲᠤᠶᠢᠯ ᠤᠨ ᠴᠢᠩᠭ᠎ᠠ ᠬᠠᠮᠢᠶᠠᠷᠤᠨ ᠡᠵᠡᠮᠳᠡᠵᠦ᠂ ᠡᠮᠨᠡᠯᠭᠡ ᠳᠤ ᠢᠷᠡᠵᠦ ᠡᠮᠨᠡᠭᠦᠯᠦᠭᠰᠡᠨ ᠪᠣᠶ ᠪᠦᠬᠦᠢ ᠡᠪᠡᠳᠴᠢᠲᠡᠨ | ᠡᠷᠬᠡᠪᠰᠢ ᠪᠥᠬᠦ ᠶᠠᠪᠤᠴᠠ ᠳᠤ ᠠᠮᠠᠪᠴᠢ ᠵᠡᠭᠦᠬᠦ ᠶᠢ ᠵᠢᠷᠤᠮᠵᠢᠭᠤᠯᠤᠨ᠂ ᠲᠠᠯᠠᠪᠤᠷ ᠤᠨ ᠺᠣᠳ᠋᠂ ᠡᠷᠡᠭᠦᠯ ᠮᠡᠨᠳᠦ ᠶᠢᠨ | ᠺᠣᠳ᠋᠂ ᠠᠶᠠᠯᠠᠯ ᠤᠨ ᠺᠣᠳ᠋ ᠵᠡᠷᠭᠡ ᠶᠢ ᠰᠠᠨᠠᠭᠠᠴᠢᠯᠠᠭ᠎ᠠ ᠠᠴᠠ ᠪᠠᠨ ᠭᠠᠷᠭᠠᠵᠤ ᠦᠵᠡᠭᠦᠯᠬᠦ ᠬᠡᠷᠡᠭᠲᠡᠢ ᠭᠡᠵᠦ ᠱᠠᠭᠠᠷᠳᠠᠵᠤ | ᠪᠠᠶᠢᠨ᠎ᠠ ᠃ | ᠡᠮᠴᠢᠯᠡᠭᠡᠨ ᠤ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠳᠤᠮᠳᠠᠬᠢ ᠴᠢᠬᠤᠯᠠ ᠨᠢᠭᠡ ᠭᠤᠭᠴᠤᠭ᠎ᠠ ᠪᠣᠯᠣᠨ᠎ᠠ᠃ ᠰᠢᠶᠠᠨ ᠤ ᠠᠷᠠᠳ ᠤᠨ ᠡᠮᠨᠡᠯᠭᠡ ᠶᠢᠨ | ᠬᠤᠷᠢᠶᠠᠨ ᠤ ᠡᠮᠴᠢᠯᠡᠭᠡᠨ ᠤ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠲᠠᠰᠤᠭ ᠲᠤ᠂ ᠬᠤᠶᠠᠷ ᠬᠠᠮᠢᠶᠠᠷᠤᠯᠲᠠ ᠶᠢᠨ | ᠠᠵᠢᠯᠲᠠᠨ ᠬᠠᠮᠠᠭᠠᠯᠠᠯᠲᠠ ᠶᠢᠨ ᠬᠤᠪᠴᠠᠰᠤ ᠪᠠᠨ ᠡᠮᠦᠰᠦᠨ ᠡᠯ᠎ᠡ ᠰᠠᠯᠠᠭ᠎ᠠ ᠲᠠᠰᠤᠭ ᠤᠨ ᠪᠣᠭᠤᠳᠠᠯᠯᠠᠭᠰᠠᠨ | ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠰᠢᠢᠳᠪᠦᠷᠢᠯᠡᠵᠦ ᠪᠠᠶᠢᠨ᠎ᠠ ᠃ ᠰᠢᠶᠠᠨ ᠤ ᠠᠷᠠᠳ ᠤᠨ | ᠡᠮᠨᠡᠯᠭᠡ ᠶᠢᠨ ᠬᠤᠷᠢᠶᠠᠨ ᠤ ᠳᠠᠷᠤᠭ᠎ᠠ ᠯᠢ ᠶᠢᠦ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠮᠨᠡᠯᠭᠡ ᠶᠢᠨ ᠬᠤᠷᠢᠶ᠎ᠠ ᠡᠳᠦᠷ | ᠪᠦᠷᠢ ᠳᠦᠷᠢᠮ ᠲᠣᠭᠲᠠᠭᠠᠯ ᠶᠣᠰᠣᠭᠠᠷ ᠡᠮᠴᠢᠯᠡᠭᠡᠨ ᠤ ᠬᠤᠭ ᠨᠣᠪᠰᠢ ᠶᠢ ᠲᠥᠷᠥᠯ ᠬᠤᠪᠢᠶᠠᠨ ᠪᠣᠭᠤᠳᠠᠯᠯᠠᠵᠤ᠂ | ᠡᠮᠴᠢᠯᠡᠭᠡᠨ ᠤ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠲᠠᠰᠤᠭ ᠲᠤ ᠰᠢᠯᠵᠢᠭᠦᠯᠦᠨ ᠵᠥᠭᠡᠭᠡᠪᠦᠷᠢᠯᠡᠳᠡᠭ᠃ | ᠡᠭᠦᠨ ᠤ ᠳᠠᠷᠠᠭ᠎ᠠ ᠲᠤᠰᠬᠠᠢ ᠺᠣᠮᠫᠠᠨᠢ ᠠᠴᠠ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠨ᠂ ᠡᠮᠴᠢᠯᠡᠭᠡᠨ ᠤ | ᠬᠠᠶᠠᠭᠳᠠᠮᠠᠯ ᠪᠣᠳᠠᠰ ᠢ ᠴᠠᠭ ᠲᠤᠬᠠᠢ ᠳᠤᠨᠢ᠂ ᠵᠢᠷᠤᠮᠵᠢᠭᠤᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ | ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ | ᠡᠭᠦᠨ ᠠᠴᠠ ᠭᠠᠳᠠᠨ᠎ᠠ᠂ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠯᠠᠨ ᠲᠦᠮᠡᠨ ᠤ ᠡᠪᠡᠳᠴᠢᠨ | ᠦᠵᠡᠭᠦᠯᠬᠦ ᠳᠤ ᠲᠥᠬᠦᠮ ᠦᠵᠡᠭᠦᠯᠵᠦ᠂ ᠪᠥᠭᠡᠮᠨᠡᠷᠡᠯ ᠢ ᠪᠠᠭᠠᠰᠬᠠᠨ᠂ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ ᠶᠢ ᠲᠦᠷᠭᠡᠨ ᠪᠡᠶᠡᠯᠡᠭᠦᠯᠬᠦ ᠶᠢᠨ ᠲᠥᠯᠥᠭᠡ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ 2022 | ᠣᠨ ᠤ 3 ᠰᠠᠷ᠎ᠠ ᠳᠤ ᠭᠠᠷ ᠤᠲᠠᠰᠤᠨ ᠳᠡᠭᠡᠷ᠎ᠡ ᠤᠷᠢᠳᠴᠢᠯᠠᠨ ᠳ᠋ᠤᠭᠠᠷᠯᠠᠬᠤ᠂ ᠰᠦᠢᠳᠬᠡᠯ ᠲᠤᠰᠢᠶᠠᠬᠤ᠂ ᠪᠠᠶᠢᠴᠠᠭᠠᠨ | ᠯᠠᠪᠯᠠᠬᠤ ᠮᠡᠳᠡᠭᠦᠯᠦᠯᠲᠡ ᠵᠡᠷᠭᠡ ᠦᠢᠯᠡᠴᠢᠯᠡᠭᠡ ᠶᠢ ᠨᠠᠪᠲᠠᠷᠡᠭᠦᠯᠵᠦ᠂ ᠡᠪᠡᠳᠴᠢᠲᠡᠨ ᠴᠠᠭ ᠲᠤᠬᠠᠢ ᠳᠤᠨᠢ ᠡᠮᠨᠡᠯᠭᠡ ᠶᠢᠨ | ᠬᠤᠷᠢᠶ᠎ᠠ ᠠᠴᠠ ᠭᠠᠳᠠᠨ᠎ᠠ ᠶᠠᠩᠵᠤ ᠠᠪᠬᠤ ᠠᠴᠠ ᠪᠤᠰᠤᠳ ᠪᠣᠶ ᠪᠦᠬᠦᠢ ᠪᠥᠭᠡᠮ ᠬᠦᠴᠢᠯ ᠤᠨ ᠪᠠᠶᠢᠴᠠᠭᠠᠨ | ᠬᠡᠮᠵᠢᠯᠲᠡ ᠶᠢᠨ ᠤᠴᠢᠷ ᠶᠠᠪᠤᠳᠠᠯ ᠢ ᠤᠷᠢᠳᠴᠢᠯᠠᠨ ᠪᠡᠶᠡᠯᠡᠭᠦᠯᠵᠦ ᠪᠣᠯᠣᠨ᠎ᠠ᠃ | ᠲᠦᠷᠭᠡᠨ ᠬᠦᠷᠭᠡᠯᠲᠡ ᠶᠢᠨ ᠪᠥᠬᠦ ᠶᠠᠪᠤᠴᠠ ᠶᠢ ᠠᠷᠢᠭᠤᠳᠬᠠᠵᠤ᠂ ᠬᠢᠵᠢᠭ ᠤᠨ ᠬᠠᠯᠳᠠᠪᠤᠷᠢᠯᠠᠬᠤ ᠬᠡᠯᠬᠢᠶ᠎ᠡ ᠶᠢ | ᠲᠠᠰᠤᠯᠪᠡ | ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠤᠨ ᠣᠷᠣᠬᠤ | ᠡᠭᠦᠳᠡᠨ ᠳᠤ᠂ ᠰᠤᠷᠪᠤᠯᠵᠢᠯᠠᠭᠴᠢ ᠠᠮᠤᠷ ᠢ ᠬᠠᠮᠠᠭᠠᠯᠠᠭᠴᠢ ᠶᠢᠨ ᠵᠢᠯᠣᠭᠤᠴᠢ ᠶᠢᠨ ᠪᠡᠶ᠎ᠡ ᠶᠢᠨ ᠳᠤᠯᠠᠭᠠᠨ ᠢ ᠬᠡᠮᠵᠢᠵᠦ᠂ | ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠵᠤ᠂ ᠠᠯᠢᠪᠠ ᠪᠦᠬᠦᠨ ᠬᠡᠪ ᠤᠨ ᠪᠠᠶᠢᠳᠠᠯ ᠲᠠᠢ ᠪᠠᠶᠢᠬᠤ ᠶᠢ | ᠨᠤᠲᠠᠯᠠᠭᠰᠠᠨ ᠤ ᠳᠠᠷᠠᠭ᠎ᠠ᠂ ᠲᠦᠷᠭᠡᠨ ᠬᠦᠷᠭᠡᠯᠲᠡ ᠶᠢ ᠳᠦᠭᠦᠷᠲᠡᠯ᠎ᠡ ᠲᠡᠭᠡᠭᠡᠭᠰᠡᠨ ᠮᠠᠰᠢᠨ ᠲᠡᠷᠭᠡ ᠰᠠᠶ᠋ᠢ | ᠲᠥᠪᠯᠡᠷᠡᠭᠦᠯᠦᠨ ᠲᠠᠷᠬᠠᠭᠠᠬᠤ ᠲᠥᠪ ᠲᠤ ᠣᠷᠣᠵᠤ ᠪᠣᠯᠣᠨ᠎ᠠ᠃ ᠪᠠᠭᠤᠳᠠᠯ ᠳᠤ ᠣᠷᠣᠬᠤ ᠲᠡᠷᠭᠡ ᠶᠢ | ᠠᠷᠢᠭᠤᠳᠬᠠᠭᠰᠠᠨ ᠤ ᠳᠠᠷᠠᠭ᠎ᠠ᠂ ᠲᠦᠷᠭᠡᠨ ᠬᠦᠷᠭᠡᠬᠦ ᠪᠣᠭᠤᠳᠠᠯ ᠤᠳ ᠢ ᠲᠡᠷᠭᠡᠨ ᠠᠴᠠ ᠪᠠᠭᠤᠯᠭᠠᠵᠤ᠂ ᠳᠠᠮᠵᠢᠭᠤᠯᠬᠤ | ᠪᠦᠰᠡ ᠶᠢ ᠳᠠᠭᠠᠵᠤ ᠢᠯᠭᠠᠬᠤ ᠲᠣᠭᠤᠷᠢᠭ ᠲᠤ ᠣᠷᠣᠭᠤᠯᠤᠨ᠎ᠠ᠃ ᠳᠠᠮᠵᠢᠭᠤᠯᠬᠤ ᠪᠦᠰᠡ ᠶᠢᠨ ᠳᠡᠷᠭᠡᠳᠡᠬᠢ ᠴᠠᠬᠢᠯᠭᠠᠨ | ᠰᠦᠷᠴᠢᠨ ᠠᠷᠢᠭᠤᠳᠬᠠᠬᠤ ᠠᠪᠳᠠᠷ᠎ᠠ ᠨᠢ ᠲᠠᠯᠠᠪᠤᠷ ᠲᠤ ᠣᠷᠣᠬᠤ ᠪᠣᠭᠤᠳᠠᠯ ᠢ ᠥᠪᠡᠷᠲᠡᠭᠡᠨ ᠠᠷᠢᠭᠤᠳᠬᠠᠨ᠎ᠠ ᠃ | ᠬᠤᠸᠠᠳᠧ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ | ᠰᠢᠶᠠᠩ ᠲᠠᠨᠢᠯᠴᠠᠭᠤᠯᠬᠤ ᠳᠠᠭᠠᠨ᠂ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠠᠵᠢᠯ ᠲᠥᠷᠥᠯ ᠳᠤ | ᠠᠵᠢᠯᠯᠠᠵᠤ ᠪᠠᠶᠢᠭ᠎ᠠ ᠬᠥᠮᠥᠰ ᠣᠯᠠᠨ᠂ ᠰᠢᠯᠵᠢᠮᠡᠯ ᠴᠢᠨᠠᠷ ᠢᠶᠠᠷ ᠶᠡᠭᠡ᠂ ᠬᠦᠷᠦᠯᠴᠡᠬᠦ ᠬᠡᠪᠴᠢᠶ᠎ᠡ ᠪᠠᠷ ᠥᠷᠭᠡᠨ | ᠪᠠᠶᠢᠳᠠᠭ ᠪᠣᠯᠬᠤᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠲᠥᠷᠥᠯ ᠮᠥᠨ᠃ | ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠲᠦᠷᠭᠡᠨ ᠬᠦᠷᠭᠡᠬᠦ ᠵᠦᠢᠯ ᠤᠨ ᠠᠮᠤᠷ ᠲᠦᠪᠰᠢᠨ ᠢ ᠪᠠᠲᠤᠯᠠᠬᠤ ᠶᠢᠨ | ᠲᠥᠯᠥᠭᠡ᠂ ᠲᠥᠪᠯᠡᠷᠡᠭᠦᠯᠦᠨ ᠲᠠᠷᠬᠠᠭᠠᠬᠤ ᠲᠥᠪ ᠠᠴᠠ ᠬᠤᠶᠠᠷ ᠠᠦ᠋ᠲ᠋ᠣ᠋ ᠰᠦᠷᠴᠢᠨ ᠠᠷᠢᠭᠤᠳᠬᠠᠬᠤ ᠰᠢᠰᠲ᠋ᠧᠮ ᠢ | ᠨᠡᠮᠡᠵᠦ ᠤᠭᠰᠠᠷᠠᠵᠠᠢ᠃ ᠪᠥᠬᠦ ᠲᠠᠯ᠎ᠠ ᠪᠠᠷ ᠠᠷᠢᠭᠤᠳᠬᠠᠭᠰᠠᠨ ᠤ ᠳᠠᠷᠠᠭ᠎ᠠ᠂ ᠲᠦᠷᠭᠡᠨ ᠬᠦᠷᠭᠡᠬᠦ ᠵᠦᠢᠯ ᠢ ᠰᠢᠶᠠᠨ ᠤ | ᠡᠯ᠎ᠡ ᠲᠣᠬᠢᠷᠠᠭᠤᠯᠤᠨ ᠬᠦᠷᠭᠡᠬᠦ ᠲᠣᠣᠷ ᠴᠡᠭ ᠲᠤ ᠬᠤᠪᠢᠶᠠᠨ ᠢᠯᠡᠭᠡᠪᠡ᠃ ᠡᠯ᠎ᠡ ᠲᠣᠣᠷ ᠴᠡᠭ ᠲᠦᠷᠭᠡᠨ ᠬᠦᠷᠭᠡᠬᠦ | ᠲᠡᠷᠭᠡ ᠶᠢ ᠲᠣᠰᠴᠤ ᠠᠪᠤᠭᠰᠠᠨ ᠤ ᠳᠠᠷᠠᠭ᠎ᠠ ᠪᠠᠰᠠ ᠲᠡᠷᠭᠡᠨ ᠡᠭᠦᠳᠡ᠂ ᠸᠠᠭᠤᠨ ᠵᠡᠷᠭᠡ ᠶᠢ ᠠᠷᠢᠭᠤᠳᠬᠠᠵᠤ᠂ | ᠬᠤᠳᠠ ᠶᠢᠨ ᠠᠷᠠᠳ ᠢ ᠰᠠᠨᠠᠭ᠎ᠠ ᠠᠮᠤᠷ ᠪᠣᠭᠤᠳᠠᠯ ᠪᠠᠭᠯᠠᠭ᠎ᠠ ᠪᠠᠨ ᠠᠪᠤᠭᠤᠯᠬᠤ ᠶᠢ ᠪᠠᠲᠤᠯᠠᠪᠡ᠃ | ᠣᠶᠢᠯᠠᠭᠠᠭᠰᠠᠨ ᠢᠶᠠᠷ᠂ ᠣᠳᠣᠬᠠᠨ ᠳᠤ ᠲᠣᠰ ᠲᠥᠪᠯᠡᠷᠡᠭᠦᠯᠦᠨ ᠲᠠᠷᠬᠠᠭᠠᠬᠤ ᠲᠥᠪ ᠤᠨ ᠡᠳᠦᠷ ᠪᠦᠷᠢ ᠶᠢᠨ ᠲᠦᠷᠭᠡᠨ | ᠬᠦᠷᠭᠡᠬᠦ ᠵᠦᠢᠯ ᠤᠨ ᠠᠷᠢᠭᠤᠳᠬᠠᠭᠰᠠᠨ ᠬᠡᠮᠵᠢᠶ᠎ᠡ ᠨᠢ 1.2 ᠲᠦᠮᠡᠨ ᠰᠢᠷᠬᠡᠭ ᠣᠷᠴᠢᠮ ᠪᠠᠶᠢᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠢ ᠬᠠᠮᠠᠭᠠᠯᠠᠪᠡ | ︽ᠤᠯᠠᠨ ᠢᠶᠠᠷ ᠢᠶᠠᠨ ᠪᠡᠶ᠎ᠡ ᠶᠢᠨ ᠳᠤᠯᠠᠭᠠᠨ ᠤ ᠬᠡᠮᠵᠢᠯᠲᠡ ᠪᠠ ᠪᠥᠭᠡᠮ ᠬᠦᠴᠢᠯ ᠤᠨ ᠪᠠᠶᠢᠴᠠᠭᠠᠯᠲᠠ ᠬᠢᠭᠡᠷᠡᠢ ᠁ | ︾ ᠬᠤᠸᠠᠳᠧ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ | ᠦᠯᠢᠭᠡᠷ ᠠᠪᠬᠤ ᠴᠡᠭ ᠲᠤ ᠂ ᠰᠤᠷᠭᠠᠭᠤᠯᠢ ᠠᠴᠠ ᠰᠤᠷᠤᠭᠴᠢᠳ ᠢ ᠵᠣᠬᠢᠶᠠᠨ ᠪᠠᠶᠢᠭᠤᠯᠵᠤ ᠪᠥᠭᠡᠮ ᠬᠦᠴᠢᠯ ᠤᠨ | ᠪᠠᠶᠢᠴᠠᠭᠠᠯᠲᠠ ᠬᠢᠯᠭᠡᠵᠦ ᠪᠤᠢ ᠃ | ᠲᠣᠰ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠭᠠᠵᠠᠷ ᠤᠨ ᠡᠷᠬᠢᠯᠡᠭᠴᠢ ᠶᠤᠸᠠᠨ ᠹᠧᠢ | ᠰᠤᠷᠪᠤᠯᠵᠢᠯᠠᠭᠴᠢ ᠳᠤ ᠬᠡᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠠᠴᠠ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠲᠤ ᠭᠠᠷᠠᠭ ᠪᠦᠷᠢ | 20% ᠶᠢᠨ ᠪᠥᠭᠡᠮ ᠬᠦᠴᠢᠯ ᠢ ᠴᠠᠭ ᠲᠤᠨᠢ ᠲᠣᠬᠢᠷᠠᠭᠤᠯᠤᠨ ᠰᠤᠭᠤᠴᠢᠨ ᠪᠠᠶᠢᠴᠠᠭᠠᠨ᠎ᠠ᠂ ᠡᠭᠦᠨ ᠳᠤ ᠠᠷᠤ | ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠭᠤᠣᠯᠳᠠᠯᠭ᠎ᠠ ᠲᠠᠢ ᠬᠥᠮᠥᠰ ᠲᠤ 100% ᠶᠢᠨ ᠰᠢᠯᠭᠠᠨ | ᠪᠠᠶᠢᠴᠠᠭᠠᠯᠲᠠ ᠬᠢᠨ᠎ᠡ ᠭᠡᠵᠡᠢ᠃ | ᠰᠤᠷᠪᠤᠯᠵᠢᠯᠠᠭᠴᠢ ᠰᠣᠷᠪᠤᠯᠵᠢᠯᠠᠬᠤ ᠶᠠᠪᠤᠴᠠ ᠳᠠᠭᠠᠨ ᠣᠶᠢᠯᠠᠭᠠᠭᠰᠠᠨ ᠢᠶᠠᠷ᠂ ᠰᠤᠷᠭᠠᠭᠤᠯᠢ ᠶᠢᠨ ᠬᠦᠷᠢᠶᠡᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ | ᠰᠤᠷᠭᠠᠭᠤᠯᠢ ᠠᠴᠠ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠶᠢ | ᠦᠷᠭᠦᠯᠵᠢ ᠳᠠᠭᠤᠷᠢᠶᠠᠮᠠᠯ ᠬᠡᠯᠪᠡᠷᠢ ᠪᠠᠷ ᠵᠣᠬᠢᠶᠠᠨ ᠪᠠᠶᠢᠭᠤᠯᠳᠠᠭ᠃ ᠬᠡᠷᠪᠡ ᠪᠡᠶ᠎ᠡ ᠶᠢᠨ ᠳᠤᠯᠠᠭᠠᠨ ᠥᠨᠳᠥᠷ | ᠰᠣᠷᠣᠭᠴᠢ ᠶᠢ ᠣᠯᠵᠤ ᠮᠡᠳᠡᠪᠡᠯ᠂ ᠠᠩᠭᠢ ᠶᠢᠨ ᠡᠷᠬᠢᠯᠡᠭᠴᠢ ᠪᠤᠶᠤ ᠠᠩᠭᠢ ᠲᠣᠬᠢᠷᠠᠭᠤᠯᠤᠭᠰᠠᠨ ᠪᠠᠭᠰᠢ ᠠᠴᠠ | ᠳᠠᠷᠤᠶᠢᠬᠠᠨ ᠰᠤᠷᠭᠠᠭᠤᠯᠢ ᠶᠢᠨ ᠳᠣᠲᠣᠷᠠᠬᠢ ᠲᠤᠰᠠᠭᠠᠷᠯᠠᠬᠤ ᠭᠠᠵᠠᠷ ᠲᠤ ᠠᠪᠠᠴᠢᠵᠤ᠂ ᠰᠤᠷᠭᠠᠭᠤᠯᠢ ᠶᠢᠨ ᠡᠮᠴᠢ ᠠᠴᠠ | ᠰᠣᠷᠣᠭᠴᠢ ᠶᠢᠨ ᠪᠡᠶ᠎ᠡ ᠶᠢᠨ ᠳᠤᠯᠠᠭᠠᠨ ᠢ ᠳᠠᠬᠢᠨ ᠰᠢᠯᠭᠠᠵᠤ᠂ ᠳᠠᠩᠰᠠᠯᠠᠭᠰᠠᠨ ᠤ ᠳᠠᠷᠠᠭ᠎ᠠ ᠠᠩᠭᠢ ᠶᠢᠨ | ᠡᠷᠬᠢᠯᠡᠭᠴᠢ ᠳᠤ ᠮᠡᠳᠡᠭᠳᠡᠵᠦ ᠭᠡᠷ ᠤᠨ ᠠᠬᠠᠮᠠᠳ ᠲᠠᠢ ᠨᠢ ᠬᠠᠷᠢᠯᠴᠠᠭᠤᠯᠬᠤ ᠶᠢᠨ ᠬᠠᠮᠲᠤ ᠰᠤᠷᠭᠠᠭᠤᠯᠢ ᠶᠢᠨ | ᠵᠠᠬᠢᠷᠤᠯ ᠠᠴᠠ ᠲᠡᠷᠡ ᠳᠠᠷᠤᠢ ᠳᠤᠨᠢ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠡᠷᠭᠡᠶᠢᠯᠡᠨ ᠡᠵᠡᠮᠳᠡᠬᠦ | ᠠᠯᠪᠠᠨ ᠭᠡᠷ ᠲᠤ ᠮᠡᠳᠡᠭᠦᠯᠦᠨ᠎ᠡ᠃ | ︽ᠰᠤᠷᠭᠠᠭᠤᠯᠢ ᠡᠬᠢᠯᠡᠭᠰᠡᠨ ᠠᠴᠠ ᠨᠠᠰᠢ᠂ ᠰᠤᠷᠭᠠᠭᠤᠯᠢ ᠨᠤᠭᠤᠳ ᠶᠣᠰᠣ ᠮᠣᠷᠠᠯ ᠤᠨ ᠬᠥᠮᠦᠵᠢᠯ ᠤᠨ ᠭᠤᠣᠯ | ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠴᠠᠭ ᠲᠤᠬᠠᠢ ᠳᠤᠨᠢ ᠥᠷᠨᠢᠭᠦᠯᠵᠦ᠂ ᠸᠢᠳᠢᠤ᠋ ᠪᠠᠷ ᠨᠡᠪᠲᠡᠷᠡᠭᠦᠯᠬᠦ᠂ ᠭᠤᠣᠯ | ᠰᠡᠳᠦᠪᠲᠦ ᠠᠩᠭᠢ ᠶᠢᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠭᠴᠢᠳ ᠲᠤ ᠠᠮᠤᠷ ᠲᠦᠪᠰᠢᠨ ᠤ ᠲᠤᠬᠠᠢ | ᠮᠡᠳᠡᠯᠭᠡ᠂ ᠡᠷᠡᠭᠦᠯ ᠮᠡᠨᠳᠦ ᠶᠢᠨ ᠲᠤᠬᠠᠢ ᠮᠡᠳᠡᠯᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ | ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠬᠥᠮᠦᠵᠢᠯ ᠬᠢᠵᠦ᠂ ᠰᠡᠳᠬᠢᠴᠡ ᠶᠢᠨ ᠪᠠᠶᠢᠳᠠᠯ ᠢ ᠨᠢ | ᠲᠣᠬᠢᠷᠠᠭᠤᠯᠵᠤ᠂ ᠲᠡᠳᠡᠨ ᠢ ᠣᠷᠭᠢᠯᠤᠮ᠎ᠠ ᠪᠠᠳᠠᠷᠠᠩᠭᠤᠢ ᠣᠪᠣᠷ ᠪᠠᠶᠢᠳᠠᠯ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠰᠤᠷᠤᠯᠴᠠᠯᠭ᠎ᠠ ᠳᠤ ᠣᠷᠣᠯᠴᠠᠭᠤᠯᠵᠠᠢ︾ ᠭᠡᠵᠦ ᠰᠤᠷᠭᠠᠭᠤᠯᠢ ᠶᠢᠨ ᠵᠠᠬᠢᠷᠤᠯ ᠰᠦᠨ ᡁᠢ ᠬᠡᠯᠡᠪᠡ ᠃ | ᠰᠢᠶᠠᠨ ᠤ ᠳᠡᠳ᠋ ᠳᠠᠷᠤᠭ᠎ᠠ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ | ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠣᠭᠤᠳᠤᠭᠴᠢ ᠭᠦᠸᠧ ᠬᠤᠩ ᡁᠢ ᠶᠢᠨ ᠲᠠᠨᠢᠯᠴᠠᠭᠤᠯᠤᠭᠰᠠᠨ ᠢᠶᠠᠷ᠂ | ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠣᠭᠲᠠᠮᠠᠯ ᠬᠤᠭᠤᠴᠠᠭ᠎ᠠ ᠲᠠᠢ ᠪᠠᠷ | ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠵᠤ ᠬᠢᠵᠢᠭ ᠤᠨ ᠪᠠᠶᠢᠳᠠᠯ ᠢ ᠵᠠᠳᠠᠯᠵᠤ᠂ | ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ ᠲᠠᠯ᠎ᠠ ᠶᠢ ᠨᠢ ᠪᠠᠭᠤᠷᠠᠭᠤᠯᠤᠨ᠂ ︽ᠪᠠᠶᠢᠴᠠᠭᠠᠬᠤ ᠶᠣᠰᠣᠲᠠᠢ ᠶᠢ ᠨᠢ | ᠴᠥᠮ ᠪᠠᠶᠢᠴᠠᠭᠠᠬᠤ ᠰᠢᠰᠲ᠋ᠧᠮ︾ ᠢ ᠪᠥᠬᠦ ᠲᠠᠯ᠎ᠠ ᠪᠠᠷ ᠡᠬᠢᠯᠡᠨ ᠬᠡᠷᠡᠭᠯᠡᠵᠦ᠂ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠳᠠᠬᠢᠨ ᠳᠠᠪᠲᠠᠨ ᠥᠷᠨᠢᠭᠦᠯᠵᠦ᠂ ᠠᠰᠠᠭᠤᠳᠠᠯ ᠢ ᠢᠯᠡᠷᠡᠭᠦᠯᠵᠦ | ᠂ ᠠᠰᠠᠭᠤᠳᠠᠯ ᠢ ᠰᠢᠢᠳᠪᠦᠷᠢᠯᠡᠨ᠎ᠡ᠃ ᠣᠳᠣᠬᠠᠨ ᠳᠤ᠂ 7 ᠠᠵᠢᠯᠯᠠᠬᠤ ᠳᠤᠭᠤᠶᠢᠯᠠᠩ ᠨᠡᠶᠢᠲᠡ 25 ᠤᠳᠠᠭ᠎ᠠ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠪᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |