| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 | ᠳ᠋ᠤᠭᠠᠷ ᠰᠠᠷ᠎ᠠ ᠶᠢᠨ 5 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠪᠥᠬᠦ ᠤᠯᠤᠰ ᠤᠨ ᠣᠶᠤᠲᠠᠳ | ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠵᠢᠯ ᠢ ᠰᠠᠶᠢᠲᠤᠷ ᠬᠢᠬᠦ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ᠃ ᠬᠠᠮᠲᠤ ᠪᠠᠷ ᠠᠩᠬᠠᠷᠴᠠᠭᠠᠶ᠎ᠠ︕ | ᠪᠥᠬᠦ ᠤᠯᠤᠰ ᠤᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠳᠠᠭᠴᠢ ᠨᠢᠭᠡᠨᠲᠡ 6 ᠡᠳᠦᠷ ᠳᠠᠷᠠᠭᠠᠯᠠᠨ 100 | ᠵᠢᠱᠢᠶ᠎ᠡ ᠠᠴᠠ ᠳᠣᠷᠣᠭᠰᠢ ᠪᠣᠯᠪᠠ | ᠣᠳᠣᠬᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠢᠶᠠᠷ ᠪᠠᠭᠤᠷᠠᠬᠤ | ᠬᠠᠨᠳᠤᠰᠢ ᠲᠠᠢ ᠪᠠᠶᠢᠨ᠎ᠠ᠃ 5 ᠳ᠋ᠤᠭᠠᠷ ᠰᠠᠷ᠎ᠠ ᠶᠢᠨ 30 ᠤ ᠡᠳᠦᠷ ᠠᠴᠠ ᠨᠠᠭᠠᠰᠢ ᠂ ᠪᠥᠬᠦ ᠤᠯᠤᠰ ᠤᠨ ᠲᠤᠬᠠᠢ ᠶᠢᠨ | ᠭᠠᠵᠠᠷ ᠤᠨ ᠬᠠᠯᠳᠠᠪᠤᠷᠢᠯᠠᠭᠳᠠᠭᠴᠢ 6 ᠡᠳᠦᠷ ᠳᠠᠷᠠᠭᠠᠯᠠᠨ 100 ᠵᠢᠱᠢᠶ᠎ᠡ ᠠᠴᠠ ᠳᠣᠷᠣᠭᠰᠢ ᠪᠣᠯᠵᠠᠢ᠂ ᠭᠡᠪᠡᠴᠦ | ᠣᠶᠢᠷ᠎ᠠ ᠶᠢᠨ 7 ᠡᠳᠦᠷ ᠲᠤ 16 ᠮᠤᠵᠢ ᠣᠷᠣᠨ ᠳᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠮᠡᠳᠡᠭᠦᠯᠵᠦ᠂ | ᠥᠪᠥᠷ ᠮᠣᠩᠭᠤᠯ ᠵᠡᠷᠭᠡ ᠬᠡᠰᠡᠭ ᠭᠠᠵᠠᠷ ᠣᠷᠣᠨ ᠳᠤ ᠪᠠᠰᠠ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢᠯᠡᠷᠡᠪᠡ ᠃ | ᠣᠳᠣᠬᠠᠨ ᠳᠤ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ | ᠨᠠᠷᠢᠨ ᠪᠤᠳᠤᠯᠢᠶᠠᠨᠲᠠᠢ ᠪᠠᠶᠢᠵᠤ ᠂ ᠡᠮᠦᠨᠡᠬᠢ ᠬᠤᠭᠤᠴᠠᠭᠠᠨ ᠳᠤ ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠣᠷᠣᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠵᠢᠭ ᠳᠡᠯᠭᠡᠷᠡᠬᠦ ᠶᠢ ᠠᠯᠢ | ᠲᠦᠷᠭᠡᠨ ᠢᠶᠠᠷ ᠬᠤᠷᠢᠭᠯᠠᠵᠤ ᠂ ᠱᠠᠩᠬᠠᠢ ᠬᠤᠳᠠ ᠬᠢᠵᠢᠭ ᠤᠨ ᠪᠠᠶᠢᠳᠠᠯ ᠲᠠᠬᠢᠨ ᠡᠭᠦᠰᠴᠦ ᠲᠠᠬᠢᠨ ᠳᠡᠯᠭᠡᠷᠡᠬᠦ ᠶᠢ ᠡᠷᠡᠰ | ᠰᠡᠷᠭᠡᠶᠢᠯᠡᠨ ᠬᠤᠷᠢᠭᠯᠠᠵᠤ᠂ ᠪᠡᠭᠡᠵᠢᠩ ᠬᠤᠳᠠ ᠳᠡᠯᠭᠡᠷᠡᠬᠦ ᠬᠡᠯᠬᠢᠶ᠎ᠡ ᠤᠷᠲᠤᠳᠬᠤ ᠶᠢ ᠤᠯᠠᠮ ᠴᠢᠨᠠᠭᠰᠢᠳᠠ ᠬᠤᠷᠢᠭᠯᠠᠵᠤ ᠂ | ᠬᠢᠷᠢᠨ ᠪᠠ ᠯᠢᠶᠣᠤᠨᠢᠩ ᠮᠤᠵᠢ ᠬᠢᠯᠢ ᠳᠠᠭᠠᠤ ᠬᠢᠵᠢᠭ ᠳᠡᠯᠭᠡᠷᠡᠬᠦ ᠶᠢ ᠦᠨᠡᠨ ᠬᠦ ᠬᠤᠷᠢᠭᠯᠠᠬᠤ ᠬᠡᠷᠡᠭᠲᠡᠢ ︔ ᠪᠤᠰᠤᠳ ᠭᠠᠵᠠᠷ | ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠃ | ᠬᠢᠯᠪᠠᠷᠴᠢᠯᠠᠬᠤ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ ᠱᠠᠲᠤ ᠪᠠᠷ ᠳᠠᠷᠤᠭᠠᠰᠤ ᠨᠡᠮᠡᠬᠦ ᠵᠡᠷᠭᠡ | ᠦᠵᠡᠭᠳᠡᠯ ᠢ ᠡᠷᠡᠰ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠶᠢᠰᠦ ᠶᠢ ᠦᠯᠦ ᠵᠥᠪᠰᠢᠶᠡᠷᠡᠬᠦ ︾ | ᠶᠢ ᠡᠷᠡᠰ ᠪᠡᠶᠡᠯᠡᠭᠦᠯᠦᠨ᠎ᠡ | ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠵᠤ ᠡᠭᠦᠰᠬᠦ ᠶᠢ ᠰᠡᠷᠭᠡᠶᠢᠯᠡᠬᠦ︾ | ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠦᠭᠡᠶᠢᠰᠬᠡᠬᠦ ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ | ᠪᠠᠷᠢᠮᠲᠠᠯᠠᠭᠰᠠᠨ ᠤᠷᠢᠲᠠᠯ ᠳᠣᠣᠷ᠎ᠠ᠂ ᠡᠯ᠎ᠡ ᠭᠠᠵᠠᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠨᠡᠩ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢᠨ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ᠂ ᠬᠠᠨᠳᠤᠯᠭᠠᠲᠤ ᠴᠢᠨᠠᠷ ᠢ | ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠢᠯᠪᠠᠷᠴᠢᠯᠠᠬᠤ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ ᠱᠠᠲᠤ ᠪᠠᠷ | ᠳᠠᠷᠤᠭᠠᠰᠤ ᠨᠡᠮᠡᠬᠦ ᠵᠡᠷᠭᠡ ᠦᠵᠡᠭᠳᠡᠯ ᠢ ᠡᠷᠡᠰ ᠰᠡᠷᠭᠡᠶᠢᠯᠡᠵᠦ᠂ ︽ᠶᠢᠰᠦ ᠶᠢ ᠦᠯᠦ ᠵᠥᠪᠰᠢᠶᠡᠷᠡᠬᠦ ︾ ᠶᠢ ᠡᠷᠡᠰ ᠪᠡᠶᠡᠯᠡᠭᠦᠯᠬᠦ | ᠬᠡᠷᠡᠭᠲᠡᠢ ᠄ | 1. ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠠᠴᠠ | ᠪᠤᠰᠤᠳ ᠭᠠᠵᠠᠷ ᠣᠷᠣᠨ ᠲᠡᠶᠢᠰᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃ | 2. ᠳᠣᠣᠷ᠎ᠠ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠠᠯᠪᠠᠳᠠᠯᠭ᠎ᠠ ᠪᠠᠷ ᠢᠳᠬᠠᠨ ᠪᠤᠴᠠᠭᠠᠬᠤ ᠂ | ᠲᠤᠰᠠᠭᠠᠷᠯᠠᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | 3. ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠵᠢᠴᠢ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ | ᠡᠵᠡᠮᠳᠡᠬᠦ ᠣᠷᠣᠨ ᠤ ᠬᠠᠮᠢᠶᠠᠷᠤᠨ ᠡᠵᠡᠮᠳᠡᠬᠦ ᠴᠠᠭ ᠢ ᠳᠤᠷ᠎ᠠ ᠪᠠᠷ ᠢᠶᠠᠨ ᠤᠷᠲᠤᠳᠬᠠᠵᠤ ᠪᠣᠯᠬᠤ ᠦᠭᠡᠢ᠃ | 4. ᠲᠤᠰᠠᠭᠠᠷᠯᠠᠬᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠲᠦᠭᠰᠢᠭᠦᠷᠢᠲᠦ ᠬᠥᠮᠥᠰ ᠤᠨ ᠬᠡᠪᠴᠢᠶ᠎ᠡ ᠶᠢ | ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃ | 5. ᠲᠦᠭᠰᠢᠭᠦᠷᠢᠲᠦ ᠬᠥᠮᠥᠰ ᠤᠨ ᠲᠤᠰᠠᠭᠠᠷᠯᠠᠬᠤ ᠪᠠ ᠡᠷᠡᠭᠦᠯ ᠮᠡᠨᠳᠦ ᠶᠢ ᠨᠢ ᠬᠢᠨᠠᠨ ᠪᠠᠶᠢᠴᠠᠭᠠᠬᠤ ᠴᠠᠭ ᠢ | ᠳᠤᠷ᠎ᠠ ᠪᠠᠷ ᠢᠶᠠᠨ ᠤᠷᠲᠤᠳᠬᠠᠵᠤ ᠪᠣᠯᠬᠤ ᠦᠭᠡᠢ᠃ | 6. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭᠯᠠᠵᠤ ᠪᠠᠴᠢᠮ᠂ ᠠᠶᠤᠯᠲᠠᠢ᠂ ᠬᠦᠨᠳᠦ ᠡᠪᠡᠳᠴᠢᠲᠡᠨ | ᠪᠠ ᠵᠢᠮ᠎ᠡ ᠶᠣᠰᠣ ᠲᠠᠢ ᠪᠠᠷ ᠣᠨᠣᠰᠢᠯᠠᠨ ᠡᠮᠴᠢᠯᠡᠭᠦᠯᠬᠦ ᠴᠢᠬᠤᠯᠠᠲᠠᠢ ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ | ᠬᠠᠩᠭᠠᠬᠤ ᠶᠢ ᠳᠤᠷ᠎ᠠ ᠪᠠᠷ ᠢᠶᠠᠨ ᠲᠡᠪᠴᠢᠵᠦ ᠪᠣᠯᠬᠤ ᠦᠭᠡᠢ᠃ | 7. ᠨᠥᠬᠦᠴᠡᠯ ᠳᠤ ᠨᠡᠶᠢᠴᠡᠵᠦ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠣᠶᠤᠲᠠᠨ ᠳᠤ | ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃ | 8. ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠢ ᠳᠤᠷ᠎ᠠ ᠪᠠᠷ ᠢᠶᠠᠨ ᠲᠣᠬᠢᠷᠠᠭᠤᠯᠵᠤ ᠪᠣᠯᠬᠤ ᠦᠭᠡᠢ ᠂ | ᠨᠥᠬᠦᠴᠡᠯ ᠳᠤ ᠨᠡᠶᠢᠴᠡᠭᠰᠡᠨ ᠠᠶᠠᠨᠴᠢᠨ ᠪᠠ ᠪᠠᠷᠠᠭᠠᠨ ᠤ ᠲᠡᠷᠭᠡ ᠶᠢᠨ ᠵᠢᠯᠣᠭᠤᠴᠢ ᠦᠢᠯᠡᠴᠢᠯᠡᠭᠴᠢ ᠶᠢᠨ ᠨᠡᠪᠲᠡᠷᠡᠬᠦ ᠶᠢ | ᠬᠢᠵᠠᠭᠠᠷᠯᠠᠵᠤ ᠪᠣᠯᠬᠤ ᠦᠭᠡᠢ ᠃ | 9. ᠳᠣᠣᠷ᠎ᠠ ᠲᠦᠭᠰᠢᠭᠦᠷᠢᠲᠦ ᠭᠠᠵᠠᠷ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠲᠠᠯᠠᠪᠤᠷ ᠢ | ᠳᠤᠷ᠎ᠠ ᠪᠠᠷ ᠢᠶᠠᠨ ᠬᠠᠭᠠᠵᠤ ᠪᠣᠯᠬᠤ ᠦᠭᠡᠢ ᠃ | ᠰᠤᠷᠭᠠᠭᠤᠯᠢ ᠶᠢᠨ ᠪᠠᠶᠢᠭ᠎ᠠ ᠬᠤᠲᠠ ᠳᠤ ᠬᠢᠵᠢᠭ ᠤᠨ ᠪᠠᠶᠢᠳᠠᠯ ᠢᠯᠡᠷᠡᠭᠰᠡᠨ ᠴᠤ ᠰᠤᠷᠭᠠᠭᠤᠯᠢ ᠨᠢ ᠳᠣᠣᠷ᠎ᠠ | ᠲᠦᠭᠰᠢᠭᠦᠷᠢᠲᠦ ᠭᠠᠵᠠᠷ ᠣᠷᠣᠨ ᠳᠤ ᠪᠠᠶᠢᠪᠠᠯ ᠣᠶᠤᠲᠠᠨ ᠢᠩᠭᠢᠵᠦ ᠨᠤᠲᠤᠭ ᠲᠤ ᠪᠠᠨ ᠬᠠᠷᠢᠵᠤ ᠪᠣᠯᠣᠨ᠎ᠠ | 6 ᠳ᠋ᠤᠭᠠᠷ ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ︽ᠪᠥᠬᠦ ᠤᠯᠤᠰ ᠤᠨ ᠣᠶᠤᠲᠠᠳ ᠤᠨ | ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠣᠶᠤᠲᠠᠳ ᠤᠨ | ᠡᠷᠡᠭᠦᠯ ᠮᠡᠨᠳᠦ ᠶᠢᠨ ᠬᠠᠮᠢᠶᠠᠷᠤᠯᠲᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ | ᠢᠯᠡᠷᠡᠭᠰᠡᠨ ᠭᠠᠵᠠᠷ ᠤᠨ ᠶᠡᠭᠡ ᠳᠡᠭᠡᠳᠦ ᠰᠤᠷᠭᠠᠭᠤᠯᠢ ᠳᠤ ᠬᠢᠵᠢᠭ ᠤᠨ ᠪᠠᠶᠢᠳᠠᠯ ᠦᠭᠡᠢ ᠪᠣᠯ᠂ ᠣᠶᠤᠲᠠᠨ 7 ᠡᠳᠦᠷ ᠠᠴᠠ | ᠳᠡᠭᠡᠭᠰᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠳᠠᠭᠤᠰᠬᠠᠭᠰᠠᠨ ᠤ ᠳᠠᠷᠠᠭ᠎ᠠ᠂ ᠰᠤᠷᠭᠠᠭᠤᠯᠢ ᠶᠢᠨ ᠲᠣᠭᠲᠠᠭᠠᠯ ᠪᠠ | ᠲᠣᠬᠢᠷᠠᠭᠤᠯᠤᠯᠲᠠ ᠶᠣᠰᠣᠭᠠᠷ᠂ ᠲᠣᠰ ᠰᠤᠷᠭᠠᠭᠤᠯᠢ ᠶᠢᠨ ᠢᠶᠠᠨ ᠭᠠᠷᠭᠠᠭᠰᠠᠨ ᠬᠠᠮᠢᠶ᠎ᠠ ᠪᠦᠬᠦᠢ ᠭᠡᠷᠡᠴᠢ ᠵᠢᠴᠢ 48 ᠴᠠᠭ ᠤᠨ | ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ ᠰᠤᠷᠭᠠᠭᠤᠯᠢ ᠠᠴᠠ ᠪᠠᠨ | ᠰᠠᠯᠤᠨ ᠨᠤᠲᠤᠭ ᠲᠤ ᠪᠠᠨ ᠪᠤᠴᠠᠵᠤ ᠂ ᠰᠤᠷᠭᠠᠭᠤᠯᠢ ᠠᠴᠠ ᠵᠣᠷᠢᠭᠰᠠᠨ ᠭᠠᠵᠠᠷ ᠬᠦᠷᠲᠡᠯᠡᠬᠢ ︽ᠴᠡᠭ ᠠᠴᠠ ᠴᠡᠭ ᠲᠤ ᠬᠦᠷᠬᠦ | ︾ ᠪᠢᠲᠡᠭᠦᠮᠵᠢᠲᠦ ᠴᠠᠭᠠᠷᠢᠭ ᠤᠨ ᠠᠷᠭ᠎ᠠ ᠪᠠᠷ ᠨᠤᠲᠤᠭ ᠲᠤ ᠪᠠᠨ ᠪᠤᠴᠠᠵᠤ ᠪᠣᠯᠣᠨ᠎ᠠ᠃ ᠳᠡᠭᠡᠷᠡᠬᠢ ᠨᠥᠬᠦᠴᠡᠯ ᠳᠤ | ᠨᠡᠶᠢᠴᠡᠭᠰᠡᠨ ᠣᠶᠤᠲᠠᠨ ᠨᠤᠲᠤᠭ ᠲᠤ ᠪᠠᠨ ᠪᠤᠴᠠᠭᠰᠠᠨ ᠤ ᠳᠠᠷᠠᠭ᠎ᠠ᠂ ᠳᠠᠭᠢᠵᠤ ᠲᠥᠪᠯᠡᠷᠡᠭᠦᠯᠦᠨ ᠲᠤᠰᠠᠭᠠᠷᠯᠠᠬᠤ ᠦᠭᠡᠢ᠂ | ᠭᠡᠷ ᠲᠤ ᠪᠠᠨ ᠭᠦᠷᠦᠭᠰᠡᠨ ᠤ ᠳᠠᠷᠠᠭ᠎ᠠ 7 ᠡᠳᠦᠷ ᠤᠨ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠵᠦ᠂ ᠬᠡᠷᠪᠡ ᠬᠡᠪ ᠤᠨ | ᠪᠤᠰᠤ ᠪᠠᠶᠢᠳᠠᠯ ᠭᠠᠷᠪᠠᠯ ᠲᠤᠬᠠᠢ ᠶᠢᠨ ᠭᠠᠵᠠᠷ ᠤᠨ ᠨᠡᠶᠢᠭᠡᠮ ᠲᠣᠭᠤᠷᠢᠭ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠠᠯᠠᠭ᠎ᠠ ᠮᠥᠴᠢᠷ ᠲᠤ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠲᠣᠰ ︽ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠠᠴᠠ | ᠡᠮᠦᠨ᠎ᠡ᠂ ᠨᠢᠭᠡᠨᠲᠡ ᠨᠤᠲᠤᠭ ᠲᠤ ᠪᠠᠨ ᠪᠤᠴᠠᠭᠰᠠᠨ ᠣᠶᠤᠲᠠᠨ ᠳᠤ᠂ ᠡᠯ᠎ᠡ ᠭᠠᠵᠠᠷ ᠤᠨ ᠬᠢᠨ ︽ᠨᠢᠭᠡ ᠬᠥᠮᠥᠨ ᠳᠤ ᠨᠢᠭᠡ | ᠠᠷᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ᠂ ᠶᠡᠷᠦᠩᠬᠡᠶᠢᠯᠡᠨ ᠵᠢᠱᠢᠵᠦ ᠬᠠᠷᠢᠴᠠᠭᠤᠯᠤᠨ ᠬᠡᠷᠡᠭᠵᠢᠭᠦᠯᠵᠦ ᠪᠣᠯᠣᠨ᠎ᠠ ᠭᠡᠵᠡᠢ᠃ | ︽ᠮᠡᠳᠡᠭᠳᠡᠯ︾ ᠳᠤ ᠪᠠᠰᠠ ᠂ ᠡᠯ᠎ᠡ ᠭᠠᠵᠠᠷ ᠤᠨ ᠬᠢᠨ ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ | ᠪᠤᠴᠠᠬᠤ ᠲᠥᠷᠥ ᠶᠢᠨ ᠪᠣᠳᠣᠯᠭ᠎ᠠ ᠶᠢ ᠱᠠᠲᠤ ᠳᠠᠷᠠᠭᠠᠯᠠᠨ ᠤᠯᠠᠮᠵᠢᠯᠠᠵᠤ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠢ᠂ | ᠱᠠᠲᠤ ᠱᠠᠲᠤ ᠪᠠᠷ ᠳᠠᠷᠤᠭᠠᠰᠤ ᠨᠡᠮᠡᠵᠦ ᠪᠣᠯᠬᠤ ᠦᠭᠡᠢ᠃ ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ ᠦᠭᠡᠢ ᠭᠠᠵᠠᠷ | ᠣᠷᠣᠨ ᠳᠤ᠂ ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠪᠣᠯ᠂ ᠪᠤᠴᠠᠭᠰᠠᠨ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ ᠃ | ᠨᠤᠲᠤᠭ ᠲᠤ ᠪᠠᠨ ᠪᠤᠴᠠᠭᠰᠠᠨ ᠣᠶᠤᠲᠠᠳ ᠢ ᠦᠨᠡᠨ ᠬᠦ ᠲᠥᠪᠯᠡᠷᠡᠭᠦᠯᠦᠨ ᠲᠤᠰᠠᠭᠠᠷᠯᠠᠬᠤ ᠴᠢᠬᠤᠯᠠᠲᠠᠢ ᠪᠣᠯ᠂ ᠡᠯ᠎ᠡ | ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠨᠢ ᠬᠡᠯᠲᠦᠷᠢᠭᠦᠯᠦᠨ᠎ᠡ | 6 ᠳ᠋ᠤᠭᠠᠷ ᠰᠠᠷ᠎ᠠ ᠶᠢᠨ 3 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ︽ᠪᠥᠬᠦ ᠤᠯᠤᠰ ᠤᠨ ᠣᠶᠤᠲᠠᠳ ᠤᠨ | ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠣᠶᠤᠲᠠᠳ ᠤᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠬᠦ ᠬᠡᠷᠡᠭᠲᠡᠢ ᠭᠡᠵᠦ ᠱᠠᠭᠠᠷᠳᠠᠪᠠ᠃ ︽ᠮᠡᠳᠡᠭᠳᠡᠯ︾ ᠳᠤ | ᠴᠢᠬᠤᠯᠠᠴᠢᠯᠠᠭᠰᠠᠨ ᠨᠢ᠂ ᠨᠤᠲᠤᠭ ᠲᠤ ᠪᠠᠨ ᠪᠤᠴᠠᠭᠰᠠᠨ ᠣᠶᠤᠲᠠᠳ ᠢ ᠦᠨᠡᠨ ᠬᠦ ᠲᠥᠪᠯᠡᠷᠡᠭᠦᠯᠦᠨ ᠲᠤᠰᠠᠭᠠᠷᠯᠠᠬᠤ | ᠴᠢᠬᠤᠯᠠᠲᠠᠢ ᠪᠣᠯ ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠦᠨ᠎ᠡ ᠭᠡᠵᠡᠢ᠃ ︽ | ᠮᠡᠳᠡᠭᠳᠡᠯ︾ ᠳᠤ ᠪᠠᠰᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ | ᠨᠤᠲᠤᠭ ᠲᠤ ᠪᠠᠨ ᠪᠤᠴᠠᠭᠰᠠᠨ ᠣᠶᠤᠲᠠᠳ ᠢ ᠬᠠᠯᠠᠮᠵᠢᠯᠠᠨ ᠬᠠᠶᠢᠷᠠᠯᠠᠵᠤ᠂ ᠢᠳᠡᠵᠦ ᠤᠤᠭᠤᠬᠤ ᠬᠤᠨᠣᠵᠤ ᠬᠡᠪᠲᠡᠬᠦ | ᠨᠥᠬᠦᠴᠡᠯ ᠢ ᠨᠢ ᠪᠠᠲᠤᠯᠠᠨ᠂ ᠣᠶᠤᠲᠠᠳ ᠤᠨ ᠠᠮᠢᠳᠤᠷᠠᠯ᠂ ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ ᠬᠡᠷᠡᠭᠴᠡᠭᠡ ᠶᠢ | ᠨᠢ ᠬᠠᠩᠭᠠᠬᠤ ᠬᠡᠷᠡᠭᠲᠡᠢ ᠭᠡᠵᠡᠢ᠃ | ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠡᠳᠡᠭᠡᠷ ᠵᠦᠢᠯ ᠢ ᠠᠩᠬᠠᠷᠬᠤ ᠬᠡᠷᠡᠭᠲᠡᠢ | ᠣᠶᠤᠲᠠᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠠᠴᠠ ᠪᠠᠨ ᠡᠮᠦᠨ᠎ᠡ ᠬᠤᠯᠪᠣᠭᠳᠠᠯ ᠪᠦᠬᠦᠢ | ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠄ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂ | ᠰᠤᠷᠭᠠᠭᠤᠯᠢ ᠠᠴᠠ ᠭᠠᠷᠭᠠᠭᠰᠠᠨ ᠬᠤᠯᠪᠣᠭᠳᠠᠯ ᠪᠦᠬᠦᠢ ᠭᠡᠷᠡᠴᠢ ᠪᠠᠨ ᠠᠪᠴᠤ ᠶᠠᠪᠤᠬᠤ ᠬᠡᠷᠡᠭᠲᠡᠢ︔ ᠡᠷᠡᠭᠦᠯ ᠮᠡᠨᠳᠦ ᠶᠢᠨ | ᠺᠣᠳ᠋ ᠪᠠ ᠠᠶᠠᠯᠠᠯ ᠤᠨ ᠺᠣᠳ᠋ ᠢ ᠨᠢ ᠪᠠᠶᠢᠴᠠᠭᠠᠨ᠎ᠠ ᠃ ᠣᠶᠤᠲᠠᠳ ᠨᠤᠲᠤᠭ ᠲᠤ ᠪᠠᠨ ᠪᠤᠴᠠᠬᠤ ᠵᠠᠮ ᠳᠤ ᠪᠠᠨ ᠠᠮᠠᠪᠴᠢ᠂ | ᠲᠦᠷᠭᠡᠨ ᠬᠠᠳᠠᠬᠤ ᠠᠷᠢᠭᠤᠳᠬᠠᠭᠴᠢ ᠵᠡᠷᠭᠡ ᠬᠤᠪᠢ ᠬᠥᠮᠥᠨ ᠤ ᠬᠠᠮᠠᠭᠠᠯᠠᠯᠲᠠ ᠶᠢᠨ ᠬᠡᠷᠡᠭᠰᠡᠯ ᠢᠶᠠᠨ ᠭᠦᠢᠴᠡᠳ ᠠᠪᠴᠤ ᠂ | ᠪᠥᠬᠦ ᠶᠠᠪᠤᠴᠠ ᠳᠤ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ᠄ ᠨᠢᠭᠡ ᠳᠤ᠂ ᠪᠥᠬᠦ ᠶᠠᠪᠤᠴᠠ ᠳᠤ | ᠠᠮᠠᠪᠴᠢ ᠪᠠᠨ ᠰᠠᠶᠢᠲᠤᠷ ᠵᠡᠭᠦᠵᠦ᠂ ᠪᠤᠰᠤᠳ ᠬᠥᠮᠥᠨ ᠲᠠᠢ ᠬᠦᠷᠦᠯᠴᠡᠬᠦ ᠪᠠᠨ ᠠᠯᠢ ᠴᠢᠳᠠᠬᠤ ᠪᠠᠷ ᠪᠠᠭᠠᠰᠬᠠᠵᠤ᠂ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠡᠭᠡᠷ᠎ᠡ ᠬᠠᠮᠲᠤ ᠰᠠᠭᠤᠭᠰᠠᠳ ᠯᠤᠭ᠎ᠠ ᠵᠠᠢ ᠪᠠᠨ ᠠᠯᠢ ᠴᠢᠳᠠᠬᠤ ᠪᠠᠷ ᠪᠠᠲᠤᠯᠠᠵᠤ | ᠂ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠲᠤ᠂ ᠭᠠᠷ ᠤᠨ ᠠᠷᠢᠭᠤᠨ ᠴᠡᠪᠡᠷ ᠢᠶᠠᠨ ᠰᠠᠶᠢᠲᠤᠷ ᠪᠠᠲᠤᠯᠠᠵᠤ ᠂ | ᠡᠭᠦᠳᠡᠨ ᠪᠠᠷᠢᠭᠤᠯ᠂ ᠴᠠᠬᠢᠯᠭᠠᠨ ᠱᠠᠲᠤ ᠶᠢᠨ ᠳᠠᠷᠤᠭᠤᠯ ᠵᠡᠷᠭᠡ ᠨᠡᠶᠢᠲᠡ ᠶᠢᠨ ᠪᠡᠯᠡᠳᠬᠡᠮᠵᠢ ᠳᠤ ᠰᠢᠭᠤᠳ ᠬᠦᠷᠦᠯᠴᠡᠬᠦ ᠠᠴᠠ | ᠠᠯᠢ ᠴᠢᠳᠠᠬᠤ ᠪᠠᠷ ᠵᠠᠶᠢᠯᠠᠰᠬᠢᠵᠦ᠂ ᠬᠦᠷᠦᠯᠴᠡᠭᠰᠡᠨ ᠤ ᠳᠠᠷᠠᠭ᠎ᠠ ᠴᠠᠭ ᠲᠤᠬᠠᠢ ᠳᠤ ᠨᠢ ᠭᠠᠷ ᠢᠶᠠᠨ ᠤᠬᠢᠶᠠᠬᠤ ᠪᠤᠶᠤ | ᠲᠦᠷᠭᠡᠨ ᠬᠠᠳᠠᠬᠤ ᠠᠷᠢᠭᠤᠳᠬᠠᠭᠴᠢ ᠵᠡᠷᠭᠡ ᠪᠠᠷ ᠠᠷᠢᠭᠤᠳᠬᠠᠬᠤ ᠬᠡᠷᠡᠭᠲᠡᠢ᠃ ᠭᠤᠷᠪᠠ ᠳᠤ᠂ ᠥᠪᠡᠷ ᠤᠨ ᠪᠡᠶ᠎ᠡ ᠶᠢᠨ | ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠᠨ ᠰᠠᠶᠢᠲᠤᠷ ᠬᠢᠬᠦ ᠬᠡᠷᠡᠭᠲᠡᠢ ᠃ ᠭᠡᠷ ᠲᠤ ᠪᠠᠨ ᠪᠤᠴᠠᠬᠤ ᠵᠠᠮ ᠳᠤ ᠪᠠᠨ ᠪᠤᠶᠤ | ᠭᠡᠷ ᠲᠤ ᠪᠠᠨ ᠬᠠᠷᠢᠭᠰᠠᠨ ᠤ ᠳᠠᠷᠠᠭ᠎ᠠ᠂ ᠰᠡᠵᠢᠭ ᠲᠠᠢ ᠰᠢᠨᠵᠢ ᠢᠯᠡᠷᠡᠯ ᠭᠠᠷᠪᠠᠯ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ | ᠴᠠᠭ ᠲᠤᠬᠠᠢ ᠳᠤ ᠨᠢ ᠣᠶᠢᠷ᠎ᠠ ᠬᠠᠪᠢ ᠳᠤ ᠪᠠᠨ ᠡᠮᠴᠢᠯᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠲᠠᠯᠠᠪᠤᠷ ᠲᠤ | ᠣᠷᠣᠬᠤ ᠳᠤ ᠪᠠᠨ᠂ ᠲᠤᠬᠠᠢ ᠶᠢᠨ ᠭᠠᠵᠠᠷ ᠤᠨ ᠲᠣᠭᠲᠠᠭᠠᠯ ᠶᠣᠰᠣᠭᠠᠷ ᠺᠣᠳ᠋ ᠰᠢᠷᠪᠢᠵᠦ ᠪᠡᠶ᠎ᠡ ᠶᠢᠨ ᠳᠤᠯᠠᠭᠠᠨ ᠢᠶᠠᠨ | ᠬᠡᠮᠵᠢᠭᠦᠯᠬᠦ ᠬᠡᠷᠡᠭᠲᠡᠢ᠃ ᠨᠤᠲᠤᠭ ᠲᠤ ᠪᠠᠨ ᠬᠠᠷᠢᠭᠰᠠᠨ ᠤ ᠳᠠᠷᠠᠭ᠎ᠠ ᠲᠤᠰᠠᠭᠠᠷᠯᠠᠬᠤ ᠴᠢᠬᠤᠯᠠᠲᠠᠢ ᠣᠶᠤᠲᠠᠨ ᠳᠤ | ᠲᠤᠰᠠᠭᠠᠷᠯᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠵᠢᠷᠤᠮᠯᠠᠨ᠂ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠪᠠ ᠪᠥᠭᠡᠮ | ᠬᠦᠴᠢᠯ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠡᠳᠦᠷ ᠪᠦᠷᠢ ᠲᠣᠭᠲᠠᠭᠰᠠᠨ ᠴᠠᠭ ᠲᠤ ᠪᠡᠶ᠎ᠡ ᠶᠢᠨ ᠳᠤᠯᠠᠭᠠᠨ ᠢ ᠨᠢ | ᠬᠡᠮᠵᠢᠨ᠎ᠡ᠂ ᠬᠡᠷᠪᠡ ᠬᠠᠯᠠᠭᠤᠷᠠᠬᠤ᠂ ᠬᠡᠢ ᠬᠠᠨᠢᠶᠠᠬᠤ᠂ ᠲᠠᠮᠢᠷᠳᠠᠬᠤ᠂ ᠬᠤᠭᠤᠯᠠᠢ ᠡᠪᠡᠳᠬᠦ᠂ ᠦᠨᠦᠷ ︵ᠠᠮᠲᠠ ︶ ᠤᠨ ᠰᠡᠷᠡᠯ | ᠮᠠᠭᠤᠳᠠᠬᠤ᠂ ᠰᠠᠭᠤᠯᠭᠠᠬᠤ ᠵᠡᠷᠭᠡ ᠰᠢᠨᠵᠢ ᠢᠯᠡᠷᠡᠯ ᠭᠠᠷᠪᠠᠯ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠲᠡᠮᠦᠷ ᠵᠠᠮ ᠤᠨ ᠰᠠᠯᠠᠭ᠎ᠠ ᠮᠥᠴᠢᠷ ᠲᠡᠭᠡᠭᠡᠪᠦᠷᠢ ᠶᠢᠨ ᠬᠦᠴᠦᠨ ᠢ ᠭᠦᠢᠴᠡᠳ ᠬᠠᠩᠭᠠᠵᠤ᠂ ᠣᠶᠤᠲᠠᠳ ᠤᠨ | ᠨᠤᠲᠤᠭ ᠲᠤ ᠪᠠᠨ ᠪᠤᠴᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠠᠷ ᠪᠣᠶ | ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢᠨ ᠲᠠᠯ᠎ᠠ ᠪᠠᠷ᠂ ᠲᠡᠮᠦᠷ ᠵᠠᠮ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠢ ᠶᠢ ᠵᠣᠬᠢᠶᠠᠨ ᠪᠠᠶᠢᠭᠤᠯᠤᠨ ᠮᠡᠷᠭᠡᠵᠢᠯ ᠤᠨ ᠰᠤᠳᠤᠯᠭᠠᠨ ᠥᠷᠨᠢᠭᠦᠯᠵᠦ᠂ 6 ᠳ᠋ᠤᠭᠠᠷ ᠰᠠᠷ᠎ᠠ ᠶᠢᠨ 1 ᠤ | ᠡᠳᠦᠷ 12306 ᠭᠠᠷ ᠤᠲᠠᠰᠤᠨ ᠤ ᠬᠡᠷᠡᠭᠯᠡᠭᠴᠢ ᠶᠢᠨ ᠦᠵᠦᠭᠦᠷ ᠪᠣᠯᠣᠨ 12306 ᠸᠢᠴᠠᠲ ᠤᠨ ᠵᠢᠵᠢᠭ ᠫᠷᠣᠭ᠍ᠷᠠᠮ | ᠵᠡᠷᠭᠡ ᠬᠤᠶᠠᠷ ᠠᠷᠭ᠎ᠠ ᠪᠠᠷ ᠣᠶᠤᠲᠠᠳ ᠤᠨ ᠶᠠᠪᠤᠵᠤ ᠰᠠᠭᠤᠬᠤ ᠬᠡᠷᠡᠭᠴᠡᠭᠡ ᠶᠢ ᠳᠠᠩᠰᠠᠯᠠᠬᠤ ᠴᠢᠳᠠᠮᠵᠢ ᠶᠢ ᠭᠠᠷᠭᠠᠪᠠ ᠃ | ᠬᠡᠷᠡᠭᠴᠡᠭᠡ ᠶᠢ ᠦᠨᠳᠦᠰᠦᠯᠡᠨ ᠦᠷ᠎ᠡ ᠳ᠋ᠦᠩ ᠪᠠ ᠲᠡᠦᠬᠡᠨ ᠳᠠᠬᠢ ᠠᠶᠠᠨᠴᠢᠳ ᠤᠨ ᠤᠷᠤᠰᠬᠠᠯ ᠤᠨ ᠳ᠋ᠠᠶᠢᠲ᠋ᠠ ᠶᠢ ᠵᠠᠳᠠᠯᠵᠤ᠂ | ᠲᠡᠭᠡᠭᠡᠪᠦᠷᠢ ᠶᠢᠨ ᠬᠦᠴᠦᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠣᠶᠤᠲᠠᠳ ᠤᠨ ᠶᠠᠪᠤᠵᠤ | ᠰᠠᠭᠤᠬᠤ ᠬᠠᠯᠠᠮᠰᠢᠯ ᠴᠢᠭᠯᠡᠯ ᠪᠠ ᠲᠥᠪᠯᠡᠷᠡᠩᠭᠦᠢ ᠴᠠᠭ ᠦᠶ᠎ᠡ ᠳᠤ ᠭᠠᠯᠲᠤ ᠲᠡᠷᠭᠡ ᠨᠡᠮᠡᠬᠦ ᠂ ᠲᠠᠰᠤᠯᠭ᠎ᠠ ᠨᠡᠮᠡᠬᠦ ᠂ | ᠬᠥᠳᠡᠯᠭᠡᠭᠦᠷᠲᠦ ᠲᠡᠷᠭᠡ ᠶᠢ ᠳᠠᠬᠢᠨ ᠬᠤᠯᠪᠣᠬᠤ ᠵᠡᠷᠭᠡ ᠠᠷᠭ᠎ᠠ ᠬᠡᠮᠵᠢᠶ᠎ᠡ ᠠᠪᠴᠤ᠂ ᠲᠡᠭᠡᠭᠡᠪᠦᠷᠢ ᠶᠢᠨ ᠬᠦᠴᠦᠨ ᠢ ᠭᠦᠢᠴᠡᠳ | ᠬᠠᠩᠭᠠᠨ᠎ᠠ ᠃ ᠪᠡᠭᠡᠵᠢᠩ᠂ ᠭᠤᠸᠠᠩᠵᠧᠦ᠂ ᠦᠬᠠᠨ᠂ ᠰᠢ ᠠᠨ ᠵᠡᠷᠭᠡ ᠶᠡᠭᠡ ᠳᠡᠭᠡᠳᠦ ᠰᠤᠷᠭᠠᠭᠤᠯᠢ ᠲᠥᠪᠯᠡᠷᠡᠭᠰᠡᠨ | ᠭᠠᠵᠠᠷ ᠲᠤ ᠂ ᠵᠣᠬᠢᠬᠤ ᠲᠣᠭᠠᠨ ᠤ ᠪᠡᠯᠡᠳᠬᠡᠯᠲᠦ ᠬᠥᠳᠡᠯᠭᠡᠭᠦᠷᠲᠦ ᠲᠡᠷᠭᠡ ᠲᠣᠬᠢᠷᠠᠭᠤᠯᠵᠤ᠂ ᠪᠢᠯᠧᠲ ᠬᠤᠳᠠᠯᠳᠤᠬᠤ ᠲᠣᠮᠣ | ᠳ᠋ᠠᠶᠢᠲ᠋ᠠ ᠶᠢᠨ ᠬᠥᠳᠡᠯᠦᠩᠭᠦᠢ ᠪᠠᠶᠢᠳᠠᠯ ᠢ ᠦᠨᠳᠦᠰᠦᠯᠡᠨ᠂ ᠪᠡᠯᠡᠳᠬᠡᠯ ᠴᠢᠳᠠᠪᠤᠷᠢ ᠶᠢ ᠴᠠᠭ ᠲᠤᠬᠠᠢ ᠳᠤ ᠨᠢ ᠡᠬᠢᠯᠡᠭᠦᠯᠵᠦ᠂ | ᠣᠶᠤᠲᠠᠳ ᠤᠨ ᠶᠠᠪᠤᠵᠤ ᠰᠠᠭᠤᠬᠤ ᠭᠡᠨᠡᠳᠲᠡ ᠶᠢᠨ ᠬᠡᠷᠡᠭᠴᠡᠭᠡ ᠶᠢ ᠬᠠᠩᠭᠠᠨ᠎ᠠ ᠃ | ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ᠂ ᠨᠢᠭᠡ ᠳᠤ᠂ ᠡᠩ ᠲᠡᠷᠢᠭᠦᠨ ᠳᠤ ᠪᠢᠯᠧᠲ ᠤᠨ ᠬᠠᠩᠭᠠᠯᠭ᠎ᠠ ᠶᠢ | ᠪᠠᠲᠤᠯᠠᠨ᠎ᠠ ᠃ ᠣᠶᠤᠲᠠᠳ ᠤᠨ ᠶᠠᠪᠤᠵᠤ ᠰᠠᠭᠤᠬᠤ ᠬᠡᠷᠡᠭᠴᠡᠭᠡ ᠲᠥᠪᠯᠡᠷᠡᠭᠰᠡᠨ ᠣᠷᠣᠨ ᠬᠡᠰᠡᠭ ᠪᠠ ᠬᠠᠯᠠᠮᠰᠢᠯ ᠴᠢᠭᠯᠡᠯ ᠳᠤ | ᠣᠶᠤᠲᠠᠳ ᠲᠤ ᠲᠤᠰᠬᠠᠢ ᠪᠢᠯᠧᠲ ᠦᠯᠡᠳᠡᠭᠡᠵᠦ᠂ ᠣᠶᠤᠲᠠᠳ ᠤᠨ ᠬᠤᠳᠠᠯᠳᠤᠨ ᠠᠪᠬᠤ ᠶᠢ ᠤᠷᠢᠳ ᠢᠶᠠᠷ ᠬᠠᠩᠭᠠᠨ᠎ᠠ ᠃ | ᠬᠤᠶᠠᠷ ᠲᠤ᠂ ᠥᠷᠲᠡᠭᠡᠨ ᠳᠤ ᠣᠷᠣᠵᠤ ᠲᠡᠷᠭᠡ ᠬᠦᠯᠢᠶᠡᠬᠦ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠨᠥᠬᠦᠴᠡᠯ | ᠪᠦᠬᠦᠢ ᠲᠡᠷᠭᠡᠨ ᠥᠷᠲᠡᠭᠡᠨ ᠳᠤ ᠣᠶᠤᠲᠠᠳ ᠤᠨ ᠥᠷᠲᠡᠭᠡᠨ ᠳᠤ ᠣᠷᠣᠬᠤ ᠵᠠᠮ ᠭᠠᠷᠭᠠᠵᠤ᠂ ᠲᠡᠷᠭᠡ ᠬᠦᠯᠢᠶᠡᠬᠦ ᠲᠤᠰᠬᠠᠢ | ᠭᠠᠵᠠᠷ ᠲᠣᠬᠢᠷᠠᠭᠤᠯᠵᠤ ᠂ ᠲᠤᠰᠬᠠᠢ ᠬᠥᠮᠥᠨ ᠲᠣᠬᠢᠷᠠᠭᠤᠯᠤᠨ ᠦᠢᠯᠡᠴᠢᠯᠡᠨ᠎ᠡ ᠃ ᠭᠤᠷᠪᠠ ᠳᠤ᠂ ᠬᠡᠷᠡᠭᠴᠡᠭᠡᠨ ᠳᠤ | ᠵᠣᠬᠢᠴᠠᠭᠤᠯᠤᠭᠰᠠᠨ ᠦᠢᠯᠡᠴᠢᠯᠡᠭᠡ ᠬᠠᠩᠭᠠᠨ᠎ᠠ᠃ ᠡᠯ᠎ᠡ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯ ᠺᠣᠮᠫᠠᠨᠢ ᠶᠢ | ᠲᠣᠬᠢᠷᠠᠭᠤᠯᠤᠨ ᠬᠠᠷᠢᠶ᠎ᠠ ᠭᠠᠵᠠᠷ ᠤᠨ ᠰᠤᠷᠭᠠᠭᠤᠯᠢ ᠯᠤᠭ᠎ᠠ ᠵᠣᠯᠭᠠᠭᠤᠯᠵᠤ ᠂ ᠰᠤᠷᠭᠠᠭᠤᠯᠢ ᠶᠢᠨ ᠰᠤᠷᠤᠭᠴᠢᠳ ᠢᠶᠠᠨ ᠵᠣᠬᠢᠶᠠᠨ | ᠪᠠᠶᠢᠭᠤᠯᠵᠤ ᠲᠥᠪᠯᠡᠷᠡᠭᠦᠯᠦᠨ ᠶᠠᠪᠤᠵᠤ ᠰᠠᠭᠤᠬᠤ ᠶᠢ ᠳᠡᠮᠵᠢᠵᠦ᠂ ᠰᠤᠷᠭᠠᠭᠤᠯᠢ ᠪᠠ ᠲᠡᠮᠦᠷ ᠵᠠᠮ ᠤᠨ ᠬᠤᠯᠪᠣᠭᠠᠯᠠᠯ ᠢᠶᠠᠷ | ᠳᠠᠮᠵᠢᠭᠤᠯᠤᠨ᠂ ᠣᠶᠤᠲᠠᠳ ᠲᠤ ︽ᠲᠤᠰᠬᠠᠢ ᠸᠠᠭᠤᠨ︾ ᠵᠢᠴᠢ ︽ᠣᠶᠤᠲᠠᠳ ᠤᠨ ᠲᠤᠰᠬᠠᠢ ᠭᠠᠯᠲᠤ ᠲᠡᠷᠭᠡ︾ ᠶᠢᠨ | ᠦᠢᠯᠡᠴᠢᠯᠡᠭᠡ ᠶᠢ ᠢᠳᠡᠪᠬᠢᠲᠡᠢ ᠬᠠᠩᠭᠠᠨ᠎ᠠ᠃ ᠣᠶᠢᠯᠠᠭᠠᠭᠰᠠᠨ ᠢᠶᠠᠷ᠂ ᠲᠦᠷᠦᠭᠦᠴᠢ ᠶᠢᠨ ᠬᠤᠭᠤᠴᠠᠭᠠᠨ ᠳᠤ ᠮᠦᠭᠳᠡᠨ ᠠᠴᠠ | ᠳ᠋ᠠᠯᠢᠶᠠᠨ ᠬᠦᠷᠬᠦ᠂ ᠮᠦᠭᠳᠡᠨ ᠠᠴᠠ ᠳ᠋ᠠᠨᠳᠦ᠋ᠩ ᠬᠦᠷᠬᠦ᠂ ᠭᠢᠷᠢᠨ ᠠᠴᠠ ᠴᠠᠭᠠᠨᠬᠤᠲᠠ ᠬᠦᠷᠬᠦ᠂ ᠱᠢ ᠵᠢᠶᠠ ᠵᠤᠸᠠᠩ ᠠᠴᠠ | ᠴᠧᠩᠳᠧ ᠬᠦᠷᠬᠦ᠂ ᠵᠢᠴᠢ ᠱᠠᠩᠬᠠᠢ ᠠᠴᠠ ᠬᠠᠷᠪᠢᠨ᠂ ᠯᠠᠨᠵᠧᠦ᠂ ᠦᠬᠠᠨ᠂ ᠴᠠᠩᠱᠠ᠂ ᠭᠤᠸᠠᠩᠵᠧᠦ ᠬᠦᠷᠬᠦ ᠵᠡᠷᠭᠡ | ᠣᠶᠤᠲᠠᠳ ᠤᠨ ᠲᠤᠰᠬᠠᠢ ᠭᠠᠯᠲᠤ ᠲᠡᠷᠭᠡ ᠶᠢ ᠨᠢᠭᠡᠨᠲᠡ 30 ᠤᠳᠠᠭ᠎ᠠ ᠨᠡᠪᠲᠡᠷᠡᠭᠦᠯᠵᠦ᠂ ᠵᠠᠯᠭᠠᠭᠠᠳ ᠰᠤᠷᠭᠠᠭᠤᠯᠢ ᠶᠢᠨ | ᠭᠤᠶᠤᠴᠢᠯᠠᠯ ᠢ ᠦᠨᠳᠦᠰᠦᠯᠡᠨ᠂ ᠵᠠᠬᠢᠶᠠᠯᠠᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠪᠣᠯᠣᠨ᠎ᠠ | ᠃ ᠳᠥᠷᠪᠡ ᠳᠤ᠂ ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠨ᠎ᠠ ᠃ | ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠣᠶᠤᠲᠠᠳ ᠤᠨ ᠰᠠᠨᠠᠭ᠎ᠠ ᠶᠢ ᠭᠦᠢᠴᠡᠳ ᠬᠦᠨᠳᠦᠳᠬᠡᠵᠦ᠂ | ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ | ︽ᠪᠥᠬᠦ ᠤᠯᠤᠰ ᠤᠨ ᠣᠶᠤᠲᠠᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ︾ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠣᠶᠤᠲᠠᠳ ᠤᠨ ᠬᠦᠰᠡᠯ | ᠰᠠᠨᠠᠭ᠎ᠠ ᠶᠢ ᠭᠦᠢᠴᠡᠳ ᠬᠦᠨᠳᠦᠳᠬᠡᠵᠦ᠂ ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ ᠭᠡᠵᠡᠢ᠃ ᠮᠡᠳᠡᠭᠳᠡᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ ᠂ ᠰᠤᠷᠭᠠᠨ ᠬᠥᠮᠦᠵᠢᠯ ᠤᠨ ᠶᠠᠮᠤᠨ ᠠᠴᠠ ᠡᠯ᠎ᠡ ᠭᠠᠵᠠᠷ ᠣᠷᠣᠨ ᠪᠣᠯᠣᠨ ᠡᠯ᠎ᠡ ᠶᠡᠭᠡ | ᠳᠡᠭᠡᠳᠦ ᠰᠤᠷᠭᠠᠭᠤᠯᠢ ᠶᠢ ᠵᠢᠯᠣᠭᠤᠳᠤᠨ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ ᠃ | ᠨᠢᠭᠡᠳᠦᠭᠡᠷ ᠲᠤ᠂ ᠣᠶᠤᠲᠠᠳ ᠤᠨ ᠰᠣᠩᠭᠤᠯᠲᠠ ᠬᠢᠬᠦ ᠰᠠᠨᠠᠭ᠎ᠠ ᠶᠢ ᠬᠦᠨᠳᠦᠳᠬᠡᠨ᠎ᠡ᠃ ᠡᠯ᠎ᠡ ᠭᠠᠵᠠᠷ ᠤᠨ ᠡᠯ᠎ᠡ ᠶᠡᠭᠡ | ᠳᠡᠭᠡᠳᠦ ᠰᠤᠷᠭᠠᠭᠤᠯᠢ ᠨᠢ ᠬᠠᠮᠢᠶ᠎ᠠ ᠪᠦᠬᠦᠢ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠣᠶᠤᠲᠠᠳ ᠤᠨ | ᠰᠤᠷᠭᠠᠭᠤᠯᠢ ᠳᠤ ᠪᠠᠨ ᠦᠯᠡᠳᠡᠬᠦ᠂ ᠳᠠᠳᠤᠯᠭ᠎ᠠ ᠳᠤ ᠣᠷᠤᠯᠴᠠᠬᠤ᠂ ᠲᠤᠷᠰᠢᠯᠲᠠ ᠶᠢᠨ ᠰᠤᠳᠤᠯᠭᠠᠨ ᠬᠢᠬᠦ᠂ ᠥᠭᠦᠯᠡᠯ ᠵᠢᠴᠢ | ᠰᠢᠯᠭᠠᠯᠲᠠ ᠳᠤ ᠪᠡᠯᠡᠳᠬᠡᠬᠦ ᠵᠡᠷᠭᠡ ᠡᠯ᠎ᠡ ᠵᠦᠢᠯ ᠤᠨ ᠵᠣᠬᠢᠰᠲᠠᠢ ᠬᠡᠷᠡᠭᠴᠡᠭᠡ ᠶᠢ ᠬᠠᠩᠭᠠᠵᠤ᠂ ᠣᠶᠤᠲᠠᠳ ᠤᠨ ᠡᠷᠡᠭᠦᠯ | ᠮᠡᠨᠳᠦ ᠶᠢᠨ ᠬᠢᠨᠠᠨ ᠪᠠᠶᠢᠴᠠᠭᠠᠯᠲᠠ ᠪᠠᠨ ᠴᠢᠩᠭᠠᠳᠬᠠᠬᠤ ᠂ ᠡᠷᠡᠭᠦᠯ ᠠᠮᠢᠳᠤᠷᠠᠯ ᠤᠨ ᠳᠠᠳᠬᠠᠯ ᠢᠶᠠᠨ ᠪᠠᠷᠢᠮᠲᠠᠯᠠᠬᠤ ᠶᠢ | ᠬᠥᠮᠥᠵᠢᠭᠦᠯᠦᠨ ᠵᠢᠯᠣᠭᠤᠳᠴᠤ ᠂ ᠰᠤᠯᠠᠷᠠᠭᠤᠯᠬᠤ ᠦᠭᠡᠢ᠂ ᠬᠥᠩᠭᠡᠨ ᠬᠠᠭᠤᠳᠠᠮ ᠬᠠᠨᠳᠤᠬᠤ ᠦᠭᠡᠢ ᠪᠠᠶᠢᠵᠤ᠂ ᠬᠤᠪᠢ | ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠬᠦ ᠶᠢ ᠬᠥᠲᠥᠯᠥᠨ ᠵᠢᠯᠣᠭᠤᠳᠤᠨ᠎ᠠ ᠃ | ᠬᠤᠶᠠᠳᠤᠭᠠᠷ ᠲᠤ᠂ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠨ᠎ᠠ ᠃ | ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠤᠨ ᠡᠷᠡᠭᠦᠯ ᠮᠡᠨᠳᠦ᠂ ᠰᠤᠷᠤᠯᠭ᠎ᠠ᠂ ᠠᠮᠢᠳᠤᠷᠠᠯ ᠤᠨ ᠪᠠᠶᠢᠳᠠᠯ ᠬᠢᠭᠡᠳ | ᠬᠡᠷᠡᠭᠴᠡᠭᠡ ᠶᠢ ᠬᠥᠳᠡᠯᠦᠩᠭᠦᠢ ᠪᠠᠷ ᠡᠵᠡᠮᠰᠢᠵᠦ᠂ ᠴᠠᠭ ᠲᠤᠬᠠᠢ ᠳᠤ ᠨᠢ ᠴᠢᠭᠯᠡᠯᠲᠦ ᠴᠢᠨᠠᠷᠲᠠᠢ ᠦᠢᠯᠡᠴᠢᠯᠡᠭᠡ ᠬᠠᠩᠭᠠᠨ᠎ᠠ ᠃ | ᠢᠯᠠᠩᠭᠤᠶ᠎ᠠ ᠵᠢᠭᠠᠨ ᠰᠤᠷᠭᠠᠯᠲᠠ ᠶᠢᠨ ᠠᠬᠢᠴᠠ ᠪᠠ ᠬᠤᠭᠤᠴᠠᠭᠠᠨ ᠡᠴᠦᠰ ᠤᠨ ᠰᠢᠯᠭᠠᠯᠲᠠ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠠ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ | ᠵᠣᠬᠢᠰᠲᠠᠢ ᠲᠣᠬᠢᠷᠠᠭᠤᠯᠵᠤ᠂ ᠬᠤᠭᠤᠯᠠ ᠢᠳᠡᠬᠦ᠂ ᠪᠠᠷᠠᠭ᠎ᠠ ᠬᠤᠳᠠᠯᠳᠤᠨ ᠠᠪᠬᠤ᠂ ᠲᠦᠷᠭᠡᠨ ᠬᠦᠷᠭᠡᠬᠦ ᠵᠡᠷᠭᠡ ᠬᠠᠮᠢᠶ᠎ᠠ | ᠪᠦᠬᠦᠢ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠢᠯᠠᠩᠭᠤᠶ᠎ᠠ ᠬᠡᠷᠡᠭᠴᠡᠭᠡ ᠶᠣᠰᠣᠭᠠᠷ ᠰᠤᠷᠭᠠᠭᠤᠯᠢ ᠶᠢᠨ | ᠬᠦᠷᠢᠶᠡᠨ ᠤ ᠰᠤᠷᠤᠯᠴᠠᠬᠤ᠂ ᠪᠡᠶ᠎ᠡ ᠪᠣᠯᠪᠠᠰᠤᠷᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠵᠡᠷᠭᠡ ᠭᠤᠣᠯᠳᠠᠯᠭ᠎ᠠ ᠲᠠᠢ | ᠲᠠᠯᠠᠪᠤᠷ ᠢ ᠨᠡᠭᠡᠭᠡᠵᠦ᠂ ᠣᠶᠤᠲᠠᠳ ᠤᠨ ᠡᠪᠡᠳᠴᠢᠨ ᠦᠵᠡᠭᠦᠯᠬᠦ ᠵᠡᠷᠭᠡ ᠣᠨᠴᠠᠭᠠᠶ ᠬᠡᠷᠡᠭᠴᠡᠭᠡ ᠶᠢ ᠬᠠᠩᠭᠠᠵᠤ᠂ | ᠰᠤᠷᠭᠠᠭᠤᠯᠢ ᠳᠤ ᠪᠠᠨ ᠦᠯᠡᠳᠡᠭᠰᠡᠨ ᠣᠶᠤᠲᠠᠳ ᠲᠤ ︽ᠰᠤᠷᠭᠠᠭᠤᠯᠢ ᠳᠤ ᠪᠠᠶᠢᠬᠤ ᠨᠢ ᠭᠡᠷ ᠲᠤ ᠪᠠᠨ ᠪᠠᠶᠢᠬᠤ ᠰᠢᠭ᠋ ︾ | ᠳᠣᠲᠣᠨᠣ ᠲᠥᠷᠥᠭᠳᠡᠯ ᠣᠯᠭᠤᠨ᠎ᠠ᠃ | ᠭᠤᠷᠪᠠᠳᠤᠭᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠃ | ᠶᠡᠭᠡ ᠳᠡᠭᠡᠳᠦ ᠰᠤᠷᠭᠠᠭᠤᠯᠢ ᠨᠤᠭᠤᠳ ᠰᠤᠷᠭᠠᠨ ᠬᠥᠮᠦᠵᠢᠯ ᠤᠨ ᠶᠠᠮᠤᠨ ᠪᠣᠯᠣᠨ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ ᠬᠤᠯᠪᠣᠭᠠᠯᠠᠨ ᠨᠡᠶᠢᠲᠡᠯᠡᠭᠰᠡᠨ ︽ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠥᠰᠥᠯ ︵ᠲᠠᠪᠤᠳᠤᠭᠠᠷ ᠬᠡᠪᠯᠡᠯ ︶︾ ᠢ | ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ︽ᠰᠤᠷᠭᠠᠭᠤᠯᠢ ᠶᠢᠨ ᠡᠭᠦᠳᠡᠨ ᠤ ᠪᠣᠭᠤᠮᠲᠠ︾ ᠶᠢ ᠰᠠᠶᠢᠲᠤᠷ ᠰᠠᠬᠢᠵᠤ᠂ | ᠬᠥᠮᠥᠨ᠂ ᠪᠣᠳᠠᠰ᠂ ᠣᠷᠴᠢᠨ ᠲᠣᠭᠤᠷᠢᠨ ᠢ ᠵᠡᠷᠭᠡ ᠳᠤ ᠨᠢ ᠰᠡᠷᠭᠡᠶᠢᠯᠡᠬᠦ ᠶᠢ ᠪᠠᠷᠢᠮᠲᠠᠯᠠᠨ᠂ ᠢᠯᠠᠩᠭᠤᠶ᠎ᠠ ᠭᠤᠣᠯᠳᠠᠯᠭ᠎ᠠ ᠲᠠᠢ | ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠂ ᠭᠤᠣᠯᠳᠠᠯᠭ᠎ᠠ ᠲᠠᠢ ᠲᠠᠯᠠᠪᠤᠷ ᠤᠨ ᠣᠷᠴᠢᠨ ᠲᠣᠭᠤᠷᠢᠨ ᠢ ᠰᠠᠶᠢᠲᠤᠷ | ᠠᠷᠢᠭᠤᠳᠬᠠᠵᠤ ᠂ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠎ᠡ ᠃ ᠲᠤᠬᠠᠢ ᠶᠢᠨ ᠭᠠᠵᠠᠷ ᠤᠨ ᠬᠢᠵᠢᠭ ᠤᠨ | ᠪᠠᠶᠢᠳᠠᠯ ᠢ ᠦᠨᠳᠦᠰᠦᠯᠡᠨ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠥᠮᠥᠡᠯᠢᠭ᠂ ᠬᠠᠷᠢᠮᠠᠬᠠᠢ ᠪᠠ ᠰᠢᠨᠵᠢᠯᠡᠬᠦ | ᠤᠬᠠᠭᠠᠨᠴᠢᠯᠠᠭᠰᠠᠨ ᠬᠠᠮᠢᠶᠠᠷᠤᠯᠲᠠ ᠶᠢᠨ ᠠᠷᠭ᠎ᠠ ᠪᠠᠷ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠵᠢᠯ ᠢ ᠨᠠᠷᠢᠯᠢᠭ ᠪᠦᠲᠦᠮᠵᠢᠲᠡᠶ ᠰᠠᠶᠢᠲᠤᠷ ᠬᠢᠨ᠎ᠡ ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | |