ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2022/7/15
   ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ       — ᠤᠯᠠᠭᠠᠨᠴᠠᠪ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠤᠸᠠᠳᠧ ᠰᠢᠶᠠᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠵᠤᠤ ᠴᠦᠨ ᠯᠧᠢ

000.jpg

   ᠨᠢᠭᠡ ᠂ ᠰᠤᠷᠪᠤᠯᠵᠢᠯᠠᠭᠴᠢ ᠄ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ

ᠭᠦᠨᠵᠡᠭᠡᠢ ᠰᠠᠶᠢᠲᠤᠷ ᠬᠢᠨ᠎ᠡ᠃ ︽ ᠭᠦᠨᠵᠡᠭᠡᠶᠢᠷᠡᠬᠦ ︾ ᠭᠡᠳᠡᠭ ᠤᠨ ᠤᠳᠬ᠎ᠠ ᠶᠢ ᠬᠡᠷᠬᠢᠨ ᠣᠶᠢᠯᠠᠭᠠᠬᠤ ᠪᠤᠢ ︖

ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠶᠠᠮᠠᠷ ᠶᠠᠮᠠᠷ ᠰᠡᠳᠬᠢᠴᠡ ᠲᠠᠢ 

ᠪᠠᠶᠢᠨ᠎ᠠ ᠪᠤᠢ ︖

   ᠵᠤᠤ ᠴᠦᠨ ᠯᠧᠢ ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ

ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ

ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ

ᠰᠠᠶᠢᠵᠢᠷᠠᠭᠤᠯᠤᠨ᠎ᠠ ᠭᠡᠵᠦ ᠳᠤᠷᠠᠳᠴᠠᠢ ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ

ᠬᠤᠷᠢᠶ᠎ᠠ ᠠᠴᠠ ᠣᠳᠣᠬᠠᠨ ᠤ ᠮᠠᠨ ᠤ ᠤᠯᠤᠰ ᠤᠨ ᠬᠥᠭᠵᠢᠯᠲᠡ ᠪᠣᠯᠣᠨ ᠬᠠᠮᠠᠭᠠᠯᠠᠯᠲᠠ ᠳᠤ ᠲᠤᠯᠭᠠᠷᠠᠵᠤ ᠪᠠᠶᠢᠭ᠎ᠠ

ᠪᠠᠶᠢᠳᠠᠯ ᠢ ᠬᠤᠪᠢᠰᠤᠩᠭᠤᠢ ᠪᠠᠷ ᠵᠠᠳᠠᠯᠵᠤ ᠂ 2035 ᠣᠨ ᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ

ᠪᠦᠲᠦᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ

ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ

ᠬᠤᠭᠤᠴᠠᠭᠠᠨ ᠤ ᠬᠢ ᠲᠠᠢ ᠬᠠᠷᠢᠴᠠᠭᠤᠯᠪᠠᠯ ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠲᠠᠶᠢᠨ ᠢ ︽ 

ᠰᠠᠶᠢᠲᠤᠷ ᠬᠢᠵᠦ ︾ ᠪᠠᠶᠢᠭᠰᠠᠨ ᠠᠴᠠ ︽ ᠭᠦᠨᠵᠡᠭᠡᠢ ᠰᠠᠶᠢᠨ ᠬᠢᠬᠦ ︾ ᠪᠣᠯᠭᠠᠨ ᠬᠤᠪᠢᠷᠠᠭᠤᠯᠤᠭᠰᠠᠨ ᠨᠢ ᠳᠠᠷᠤᠢ

ᠪᠢᠳᠡᠨ ᠤ ᠨᠢᠭᠡᠨᠲᠡ ᠪᠠᠶᠢᠭ᠎ᠠ ᠪᠣᠬᠢᠷᠳᠤᠯ ᠢ ᠰᠡᠷᠭᠡᠶᠢᠯᠡᠨ ᠵᠠᠰᠠᠬᠤ ᠠᠮᠵᠢᠯᠲᠠᠲᠠᠢ ᠲᠤᠷᠰᠢᠯᠭ᠎ᠠ ᠪᠠ ᠠᠷᠭ᠎ᠠ ᠬᠢᠳᠡᠯ ᠢ

ᠳ᠋ᠦᠩᠨᠡᠨ ᠥᠷᠭᠡᠳᠬᠡᠬᠦ ᠮᠥᠷᠲᠡᠭᠡᠨ ᠪᠠᠰᠠ ᠰᠢᠨ᠎ᠡ ᠰᠡᠳᠬᠢᠴᠡ ᠪᠠ ᠪᠠᠶᠢᠯᠳᠤᠬᠤ ᠠᠷᠭ᠎ᠠ ᠶᠢᠨ ᠲᠠᠯ᠎ᠠ ᠪᠠᠷ ᠰᠢᠨ᠎ᠡ ᠶᠢ

ᠡᠭᠦᠳᠦᠨ ᠲᠡᠭᠦᠯᠳᠡᠷᠵᠢᠭᠦᠯᠬᠦ ᠶᠢ ᠱᠠᠭᠠᠷᠳᠠᠵᠤ ᠪᠠᠶᠢᠭ᠎ᠠ ᠶᠤᠮ ᠃ ᠠᠷᠪᠠᠨ ᠳᠥᠷᠪᠡᠳᠦᠭᠡᠷ ᠲᠠᠪᠤᠨ ᠵᠢᠯ ᠤᠨ

ᠲᠥᠯᠦᠪᠵᠢᠭᠦᠯᠭᠡ ᠶᠢᠨ ᠬᠤᠭᠤᠴᠠᠭᠠᠨ ᠳᠤ ᠂ ᠪᠢᠳᠡ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ

ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠢᠭᠯᠡᠯ ᠢᠶᠠᠨ ᠬᠤᠪᠢᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ

ᠦᠭᠡᠢ ᠪᠠᠶᠢᠬᠤ ᠶᠢ ᠪᠠᠷᠢᠮᠲᠠᠯᠠᠵᠤ ᠂ ᠤᠨᠢᠨ ᠳᠡᠭᠡᠷ᠎ᠡ ᠨᠢ ᠪᠣᠬᠢᠷᠳᠤᠯ ᠢ ᠵᠠᠰᠠᠬᠤ ᠂ ᠰᠢᠨᠵᠢᠯᠡᠬᠦ ᠤᠬᠠᠭᠠᠨᠴᠢ ᠪᠠᠷ

ᠪᠣᠬᠢᠷᠳᠤᠯ ᠢ ᠵᠠᠰᠠᠬᠤ ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠲᠤᠪᠤᠶᠢᠯᠭᠠᠵᠦ ᠂ ᠠᠮᠢ ᠠᠬᠤᠢ ᠶᠢᠨ ᠣᠷᠴᠢᠨ

ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ ᠂ ᠠᠷᠪᠠᠨ ᠳᠥᠷᠪᠡᠳᠦᠭᠡᠷ ᠲᠠᠪᠤᠨ ᠵᠢᠯ ᠤᠨ

ᠲᠥᠯᠦᠪᠵᠢᠭᠦᠯᠭᠡ ᠶᠢᠨ ᠰᠠᠶᠢᠨ ᠡᠬᠢᠯᠡᠯᠲᠡ ᠶᠢ ᠰᠠᠶᠢᠲᠤᠷ ᠡᠬᠢᠯᠡᠭᠦᠯᠦᠨ᠎ᠡ ᠃ ᠨᠢᠭᠡ ᠳᠤ ᠂ ᠪᠣᠬᠢᠷᠳᠤᠯ ᠢ ᠰᠡᠷᠭᠡᠶᠢᠯᠡᠨ

ᠵᠠᠰᠠᠬᠤ ᠪᠣᠭᠤᠮᠲᠠ ᠰᠢᠪᠲᠤᠯᠬᠤ ᠲᠠᠶᠢᠨ  ᠤ ᠭᠤᠷᠪᠠᠨ ᠶᠡᠭᠡ ᠬᠦᠷᠢᠶᠡᠨ ᠳᠠᠬᠢ ᠭᠤᠣᠯ ᠠᠰᠠᠭᠤᠳᠠᠯ ᠢ ᠠᠳᠬᠤᠵᠤ ᠂

ᠠᠭᠠᠷ ᠮᠠᠨᠳᠠᠯ ᠂ ᠤᠰᠤᠨ ᠴᠣᠭᠴᠠ ᠂ ᠬᠥᠷᠥᠰᠥ ᠰᠢᠷᠣᠢ ᠶᠢᠨ ᠪᠣᠬᠢᠷᠳᠤᠯ ᠢ ᠵᠠᠰᠠᠬᠤ ᠠᠵᠢᠯ ᠢ ᠶᠡᠭᠡ ᠪᠠᠷ ᠲᠦᠯᠬᠢᠨ

ᠠᠬᠢᠭᠤᠯᠤᠨ᠎ᠠ ᠃ ᠠᠭᠠᠷ ᠮᠠᠨᠳᠠᠯ ᠢ ᠵᠠᠰᠠᠬᠤ ᠲᠠᠯ᠎ᠠ ᠪᠠᠷ ᠂ ᠨᠠᠷᠢᠨ ᠮᠥᠬᠦᠯᠢᠭᠲᠦ ᠪᠣᠳᠠᠰ ᠪᠣᠯᠣᠨ ᠣᠽᠣᠨ ᠢ

ᠬᠠᠮᠵᠢᠯᠴᠠᠨ ᠡᠵᠡᠮᠳᠡᠬᠦ ᠶᠢ ᠴᠢᠩᠭᠠᠳᠬᠠᠨ᠎ᠠ ᠃ ᠤᠰᠤᠨ ᠴᠣᠭᠴᠠ ᠶᠢ ᠵᠠᠰᠠᠬᠤ ᠲᠠᠯ᠎ᠠ ᠪᠠᠷ ᠂ ᠤᠰᠤᠨ ᠤ ᠡᠬᠢ

ᠪᠠᠶᠠᠯᠢᠭ ᠢ ᠠᠰᠢᠭᠯᠠᠬᠤ ᠂ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠤᠰᠤᠨ ᠤ ᠣᠷᠴᠢᠨ ᠲᠣᠭᠤᠷᠢᠨ ᠢ

ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ ︔ ᠬᠥᠷᠥᠰᠥ ᠰᠢᠷᠣᠢ ᠶᠢᠨ ᠪᠣᠬᠢᠷᠳᠤᠯ ᠢ ᠵᠠᠰᠠᠬᠤ ᠲᠠᠯ᠎ᠠ ᠪᠠᠷ ᠂

ᠠᠶᠤᠯᠲᠠᠢ ᠬᠠᠶᠠᠭᠳᠠᠮᠠᠯ ᠪᠣᠳᠠᠰ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠴᠤᠭᠯᠠᠭᠤᠯᠤᠨ ᠰᠢᠢᠳᠪᠦᠷᠢᠯᠡᠬᠦ ᠠᠵᠢᠯ ᠢ

ᠴᠢᠩᠭᠠᠳᠬᠠᠵᠤ ᠂ ᠰᠢᠨ᠎ᠡ ᠪᠣᠬᠢᠷᠳᠤᠯ ᠪᠣᠳᠠᠰ ᠢ ᠵᠠᠰᠠᠬᠤ ᠶᠢ ᠴᠢᠬᠤᠯᠠᠴᠢᠯᠠᠨ᠎ᠠ ᠃ ᠬᠤᠶᠠᠷ ᠲᠤ ᠂ ᠠᠷᠭ᠎ᠠ ᠮᠠᠶ᠋ᠢᠭ  ᠢᠶᠠᠨ 

ᠬᠠᠯᠠᠨ ᠰᠠᠶᠢᠵᠢᠷᠠᠭᠤᠯᠵᠤ ᠂ ᠬᠠᠤᠯᠢ ᠪᠠᠷ ᠵᠠᠰᠠᠬᠤ ᠂ ᠠᠵᠤ ᠠᠬᠤᠢ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠂

ᠢᠯᠠᠩᠭᠤᠶ᠎ᠠ ᠬᠠᠤᠯᠢ ᠪᠠᠷ ᠵᠠᠰᠠᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ ᠃ 

ᠭᠤᠷᠪᠠ ᠳᠤ ᠂ ᠣᠷᠴᠢᠨ ᠲᠣᠭᠤᠷᠢᠨ ᠤ ᠳᠦᠷᠢᠮ ᠢ ᠲᠡᠭᠦᠯᠳᠡᠷᠵᠢᠭᠦᠯᠵᠦ ᠂ ᠬᠠᠮᠤᠭ ᠤᠨ ᠴᠢᠩᠭ᠎ᠠ ᠠᠮᠢ ᠠᠬᠤᠢ ᠶᠢᠨ

ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠬᠡᠷᠡᠭᠵᠢᠭᠦᠯᠵᠦ ᠂ ᠪᠦᠷᠢᠨ ᠲᠡᠭᠦᠯᠳᠡᠷ ᠠᠮᠢ ᠠᠬᠤᠢ ᠶᠢᠨ

ᠣᠷᠴᠢᠨ ᠲᠣᠭᠤᠷᠢᠨ ᠤ ᠵᠠᠰᠠᠯᠲᠠ ᠶᠢᠨ ᠳᠦᠷᠢᠮ ᠢ ᠪᠠᠶᠢᠭᠤᠯᠤᠨ᠎ᠠ ᠃ ᠳᠥᠷᠪᠡ ᠳᠤ ᠂ ᠨᠠᠮ ᠤᠨ ᠬᠤᠷᠢᠶ᠎ᠠ ᠠᠴᠠ

ᠤᠳᠤᠷᠢᠳᠤᠭᠰᠠᠨ ᠂ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠤᠭᠰᠠᠨ ᠂ ᠠᠵᠤ ᠠᠬᠤᠶᠢᠯᠠᠯ ᠢᠶᠠᠷ ᠭᠤᠣᠯ

ᠴᠣᠭᠴᠠ ᠪᠣᠯᠭᠠᠭᠰᠠᠨ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠤᠯᠠᠨ ᠨᠡᠶᠢᠲᠡ ᠪᠠᠷ ᠢᠶᠠᠨ ᠬᠠᠮᠲᠤᠪᠠᠷ

ᠣᠷᠣᠯᠴᠠᠭᠰᠠᠨ ᠤᠳᠤ ᠦᠶ᠎ᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ ᠂

ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ

ᠡᠭᠦᠷᠭᠡᠯᠡᠬᠦ ᠶᠢ ᠨᠠᠶᠢᠳᠠᠪᠤᠷᠢᠵᠢᠭᠤᠯᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ

ᠪᠣᠳᠠᠲᠠᠢ ᠳᠤ ᠨᠠᠶᠢᠳᠠᠪᠤᠷᠢᠵᠢᠭᠤᠯᠵᠤ ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ

ᠭᠦᠨᠵᠡᠭᠡᠢ ᠰᠠᠶᠢᠲᠤᠷ ᠬᠢᠬᠦ ᠡᠯ᠎ᠡ ᠵᠦᠢᠯ ᠤᠨ ᠡᠭᠦᠷᠭᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃

   ᠬᠤᠶᠠᠷ᠂ ᠰᠤᠷᠪᠤᠯᠵᠢᠯᠠᠭᠴᠢ᠄ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ

ᠪᠠᠭᠠᠰᠬᠠᠬᠤ ᠲᠠᠯ᠎ᠠ ᠪᠠᠷ ᠲᠠᠨ ᠤ ᠲᠣᠪᠴᠢᠶ᠎ᠠ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ ︖

   ᠵᠤᠤ ᠴᠦᠨ ᠯᠧᠢ ᠄ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠤᠨ ᠲᠠᠯ᠎ᠠ ᠪᠠᠷ ᠂

ᠮᠠᠨ ᠤ ᠲᠣᠪᠴᠢᠶ᠎ᠠ ᠭᠤᠣᠯᠳᠠᠭᠤ ᠳᠣᠣᠷᠠᠬᠢ ᠬᠡᠳᠦᠨ ᠲᠠᠯ᠎ᠠ ᠠᠴᠠ ᠭᠠᠷᠳᠠᠵᠠᠢ ᠂ ᠨᠢᠭᠡ ᠳᠤ ᠂

︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾  ᠪᠠᠷ ᠬᠥᠲᠥᠯᠥᠨ

ᠳᠠᠭᠠᠭᠤᠯᠵᠤ ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠱᠤᠭᠤᠮ ᠤᠨ ᠰᠤᠳᠤᠯᠭᠠᠨ ᠂ ᠬᠤᠸᠠᠳᠧ ᠰᠢᠶᠠᠨ ᠤ

ᠬᠦᠯᠡᠮᠵᠢ ᠶᠢᠨ ᠬᠡᠢ ᠪᠡᠶᠡᠲᠦ ᠶᠢᠨ ᠨᠠᠷᠢᠨ ᠲᠠᠩᠰᠠ ᠪᠣᠯᠣᠨ ︽ᠠᠷᠪᠠᠨ ᠳᠥᠷᠪᠡᠳᠦᠭᠡᠷ ᠲᠠᠪᠤᠨ ᠵᠢᠯ︾  ᠤᠨ ᠠᠭᠤᠷ

ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ

ᠥᠷᠨᠢᠭᠦᠯᠦᠨ᠎ᠡ ᠂ ᠨᠢᠭᠡ ᠳᠤ ᠂ ᠭᠤᠣᠯᠳᠠᠯᠭ᠎ᠠ ᠲᠠᠢ ᠴᠠᠬᠢᠯᠭᠠᠨ ᠭᠠᠷᠭᠠᠬᠤ ᠠᠵᠢᠯ ᠲᠦᠷᠦᠯ ᠤᠨ ᠠᠵᠤ ᠠᠬᠤᠶᠢᠯᠠᠯ ᠤᠨ

ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠦᠨ᠎ᠡ ᠃ ᠬᠤᠶᠠᠷ ᠲᠤ ᠂ 

ᠰᠢᠶᠠᠨ ᠤ ᠱᠠᠲᠤᠨ ᠤ ᠬᠦᠯᠡᠮᠵᠢ ᠶᠢᠨ ᠬᠡᠢ ᠪᠡᠶᠡᠲᠦ ᠶᠢ ᠭᠤᠣᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠡ ᠶᠢᠨ 

ᠨᠡᠷᠡᠰ ᠤᠨ ᠵᠢᠭᠰᠠᠭᠠᠯᠲᠠ ᠶᠢ ᠭᠠᠷᠭᠠᠨ᠎ᠠ᠃ ᠭᠤᠷᠪᠠ ᠳᠤ ᠂ ᠲᠦᠷᠦᠯ ᠵᠦᠢᠯ ᠤᠨ ᠡᠨᠧᠷᠭᠢ ᠶᠢᠨ ᠦᠨᠡᠯᠡᠯᠲᠡ ᠂

ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ ᠶᠢᠨ ᠵᠥᠪᠰᠢᠶᠡᠷᠡᠯ ᠤᠨ ᠬᠠᠮᠢᠶᠠᠷᠤᠯᠲᠠ ᠶᠢ ᠴᠢᠩᠳᠠᠯᠠᠵᠤ ᠂

ᠡᠨᠧᠷᠭᠢ ᠶᠢᠨ ᠬᠤᠷᠣᠭᠳᠠᠭᠤᠯᠤᠯ ᠶᠡᠬᠡᠲᠡᠢ ᠂ ᠭᠠᠳᠠᠭᠰᠢᠯᠠᠭᠤᠯᠤᠯᠲᠠ ᠶᠡᠬᠡᠲᠡᠢ ᠲᠦᠷᠦᠯ ᠵᠦᠢᠯ ᠢ ᠴᠢᠩᠭ᠎ᠠ ᠪᠥᠭᠡᠳ

ᠪᠣᠳᠠᠲᠠᠢ ᠪᠠᠷ ᠬᠢᠵᠠᠭᠠᠷᠯᠠᠵᠤ ᠂ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠡᠬᠢ ᠡᠭᠦᠰᠦᠯ ᠠᠴᠠ ᠨᠢ

ᠪᠠᠭᠠᠰᠬᠠᠨ᠎ᠠ ᠃

   ᠭᠤᠷᠪᠠ ᠂ ᠰᠤᠷᠪᠤᠯᠵᠢᠯᠠᠭᠴᠢ ᠄ ᠮᠠᠨ ᠤ ᠰᠢᠶᠠᠨ ᠤ ᠣᠷᠴᠢᠨ ᠲᠣᠭᠤᠷᠢᠨ ᠤ ᠠᠭᠠᠷ ᠤᠨ ᠬᠢᠨᠠᠨ ᠬᠡᠮᠵᠢᠯᠲᠡ ᠳᠤ

ᠶᠠᠮᠠᠷ ᠶᠠᠮᠠᠷ ᠪᠦᠲᠦᠮᠵᠢᠲᠡᠢ ᠠᠷᠭ᠎ᠠ ᠬᠡᠮᠵᠢᠶ᠎ᠡ ᠠᠪᠤᠭᠰᠠᠨ ᠪᠤᠢ ︖

   ᠵᠣᠣ ᠴᠦᠨ ᠯᠧᠢ᠄ ᠮᠠᠨ ᠤ ᠰᠢᠶᠠᠨ ᠤ ᠣᠷᠴᠢᠨ ᠠᠬᠤᠢ ᠶᠢᠨ ᠠᠭᠠᠷ ᠤᠨ ᠬᠢᠨᠠᠨ ᠬᠡᠮᠵᠢᠯᠲᠡ ᠶᠢ

ᠴᠢᠩᠭᠠᠳᠬᠠᠬᠤ ᠶᠢᠨ ᠲᠥᠯᠥᠭᠡ᠂ 2016 ᠣᠨ ᠳᠤ ᠮᠠᠨ ᠤ ᠲᠣᠪᠴᠢᠶ᠎ᠠ 208 ᠲᠦᠮᠡᠨ ᠲᠥᠭᠦᠷᠢᠭ ᠣᠷᠣᠭᠤᠯᠵᠤ

ᠠᠭᠠᠷ ᠤᠨ ᠠᠦ᠋ᠲ᠋ᠣ᠋ ᠬᠢᠨᠠᠨ ᠬᠡᠮᠵᠢᠯᠲᠡ ᠶᠢᠨ ᠥᠷᠲᠡᠭᠡ ᠶᠢ 1 ᠪᠠᠶᠢᠭᠤᠯᠪᠠ᠂ ᠲᠣᠰ ᠥᠷᠲᠡᠭᠡ ᠨᠢ ᠮᠠᠨ ᠤ ᠰᠢᠶᠠᠨ ᠤ

ᠭᠤᠷᠪᠠᠳᠤᠭᠠᠷ ᠪᠠᠭ᠎ᠠ ᠰᠤᠷᠭᠠᠭᠤᠯᠢ ᠶᠢᠨ ᠡᠷᠡᠭᠲᠡᠢ ᠰᠣᠷᠣᠭᠴᠢ ᠶᠢᠨ ᠪᠠᠶᠢᠷᠢ ᠶᠢᠨ ᠠᠰᠠᠷ ᠤᠨ ᠣᠷᠣᠢ ᠳᠡᠭᠡᠷ᠎ᠡ

ᠪᠠᠶᠢᠷᠢᠯᠠᠵᠤ᠂ ᠮᠠᠨ ᠤ ᠰᠢᠶᠠᠨ ᠤ ᠬᠤᠲᠠ ᠶᠢᠨ ᠲᠣᠭᠤᠷᠢᠭ ᠤᠨ ᠬᠦᠬᠦᠷ ᠤᠨ ᠳᠠᠪᠬᠤᠷ ᠢᠰᠦᠯ᠂ ᠠᠽᠣᠲ ᠤᠨ

ᠳᠠᠪᠬᠤᠷ ᠢᠰᠦᠯ᠂ PM10᠂ PM2.5᠂ ᠨᠡᠭᠦᠷᠡᠰᠦᠲᠥ᠋ᠷᠥᠭᠴᠢ ᠶᠢᠨ ᠲᠠᠩ ᠢᠰᠦᠯ᠂ ᠣᠽᠣᠨ ᠤ ᠵᠢᠷᠭᠤᠭᠠᠨ

ᠵᠦᠢᠯ ᠤᠨ ᠭᠤᠣᠯ ᠪᠣᠯᠬᠤ ᠪᠣᠬᠢᠷᠳᠤᠯ ᠪᠣᠳᠠᠰ ᠤᠨ 24 ᠴᠠᠭ ᠤᠨ ᠠᠦ᠋ᠲ᠋ᠣ᠋ ᠬᠢᠨᠠᠨ ᠬᠡᠮᠵᠢᠯᠲᠡ ᠶᠢ ᠳᠠᠭᠠᠭᠠᠨ᠎ᠠ᠃ 

ᠲᠤᠭ᠎ᠠ ᠪᠠᠷᠢᠮᠲᠠ ᠶᠢ ᠭᠠᠳᠠᠭᠰᠢ ᠨᠡᠶᠢᠲᠡᠯᠡᠬᠦ ᠶᠢ ᠪᠡᠶᠡᠯᠡᠭᠦᠯᠬᠦ ᠳᠤ ᠪᠦᠲᠦᠮᠵᠢᠲᠡᠶ ᠬᠠᠤᠯᠢ ᠴᠠᠭᠠᠵᠠ ᠶᠢᠨ ᠦᠨᠳᠦᠰᠦ

ᠪᠠᠷᠢᠮᠲᠠ ᠬᠠᠩᠭᠠᠬᠤ ᠶᠢᠨ ᠬᠠᠮᠲᠤ ᠣᠷᠴᠢᠨ ᠠᠬᠤᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠭᠠᠷ

ᠮᠠᠨᠳᠠᠯ ᠤᠨ ᠪᠣᠬᠢᠷᠳᠤᠯ ᠤᠨ ᠬᠡᠮᠵᠢᠶ᠎ᠡ᠂ ᠬᠤᠪᠢᠷᠠᠯᠲᠠ ᠶᠢ ᠡᠵᠡᠮᠰᠢᠬᠦ ᠂ ᠵᠠᠳᠠᠯᠬᠤ ᠂ ᠲᠥᠰᠥᠭᠡᠯᠡᠬᠦ ᠳᠤ ᠰᠢᠨᠵᠢᠯᠡᠬᠦ

ᠤᠬᠠᠭᠠᠨᠴᠢ ᠂ ᠪᠦᠲᠦᠮᠵᠢᠲᠡᠶ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ ᠃ 6 ᠰᠠᠷ᠎ᠠ ᠶᠢᠨ 10  ᠤ ᠡᠳᠦᠷ ᠪᠣᠯᠲᠠᠯ᠎ᠠ ᠂

ᠮᠠᠨ ᠤ ᠰᠢᠶᠠᠨ ᠤ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠪᠦᠲᠦᠮᠵᠢᠲᠡᠢ

ᠬᠢᠨᠠᠨ ᠬᠡᠮᠵᠢᠬᠦ ᠡᠳᠦᠷ ᠤᠨ ᠲᠤᠭ᠎ᠠ 185 ᠡᠳᠦᠷ ᠂ ᠬᠤᠶᠠᠳᠤᠭᠠᠷ ᠳᠡᠰ ᠠᠴᠠ ᠳᠡᠭᠡᠭᠰᠢᠬᠢ ᠡᠳᠦᠷ ᠤᠨ ᠲᠤᠭ᠎ᠠ

182 ᠡᠳᠦᠷ ᠂ ᠰᠢᠯᠢᠳᠡᠭ ᠰᠠᠶᠢᠨ ᠡᠳᠦᠷ ᠤᠨ ᠲᠤᠭ᠎ᠠ 93.5%  ᠢ ᠡᠵᠡᠯᠡᠪᠡ ︔ ᠵᠢᠵᠢᠭ ᠮᠥᠬᠦᠯᠢᠭᠲᠦ ᠪᠣᠳᠠᠰ ︵

PM2.5︶ ᠤᠨ ᠳᠤᠮᠳᠠᠴᠢ ᠥᠳᠬᠡᠴᠡ ᠨᠢ 32 ᠮᠢᠺᠷᠥᠭᠷᠠᠮ/ᠺᠦᠪ ᠮᠧᠲᠷ︔ ᠵᠢᠷᠭᠤᠭᠠᠨ ᠵᠦᠢᠯ ᠤᠨ ᠪᠣᠬᠢᠷᠳᠤᠯ

ᠪᠣᠳᠠᠰ ᠤᠨ ᠳᠤᠮᠳᠠᠴᠢ ᠥᠳᠬᠡᠴᠡ ᠶᠢ ᠴᠥᠮ ᠪᠠᠷᠢᠮᠵᠢᠶ᠎ᠠ ᠳᠤ ᠬᠦᠷᠦᠭᠦᠯᠵᠦ᠂ ︽ᠣᠷᠴᠢᠨ ᠲᠣᠭᠤᠷᠢᠨ ᠤ ᠠᠭᠠᠷ ᠤᠨ

ᠶᠠᠰᠤ ᠴᠢᠨᠠᠷ ᠤᠨ ᠪᠠᠷᠢᠮᠵᠢᠶ᠎ᠠ︾ ︵GB3015 ︱ 2012︶ ᠶᠢᠨ ᠬᠤᠶᠠᠳᠤᠭᠠᠷ ᠳᠡᠰ ᠤᠨ ᠥᠳᠬᠡᠴᠡ ᠶᠢᠨ

ᠬᠢᠵᠠᠭᠠᠷ ᠬᠡᠮᠵᠢᠭᠳᠡᠯ ᠠᠴᠠ ᠰᠠᠶᠢᠨ ᠪᠠᠶᠢᠨ᠎ᠠ᠃

   ᠳᠥᠷᠪᠡ᠂ ᠰᠤᠷᠪᠤᠯᠵᠢᠯᠠᠭᠴᠢ᠄ ᠬᠤᠸᠠᠳᠧ ᠰᠢᠶᠠᠨ ᠤ ᠰᠢᠨ ᠽᠧ ᠳᠤᠮᠳᠠ ᠳᠣᠣᠷ᠎ᠠ ᠨᠡᠭᠦᠷᠡᠰᠦᠲᠥ᠋ᠷᠥᠭᠴᠢᠲᠦ

ᠮᠠᠩᠭᠠᠨ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ 

ᠬᠤᠸᠠᠳᠧ ᠰᠢᠶᠠᠨ ᠤ ᠾᠧᠩ ᠱᠦᠨ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ 

ᠬᠤᠸᠠᠳᠧ ᠰᠢᠶᠠᠨ ᠤ ᡁᠢ ᠴᠧᠩ ᠲᠡᠮᠦᠷᠯᠢᠭ ᠬᠠᠶᠢᠯᠤᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠬᠤᠸᠠᠳᠧ 

ᠰᠢᠶᠠᠨ ᠤ ᠪᠥᠸᠧ ᠶᠤᠸᠠᠨ ᠨᠢᠺᠧᠯ ᠲᠡᠮᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠬᠤᠸᠠᠳᠧ ᠰᠢᠶᠠᠨ ᠤ 

ᠰᠢᠤᠸᠠᠨ ᠯᠦᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠲᠠᠪᠤᠨ

ᠠᠵᠤ ᠠᠬᠤᠶᠢᠯᠠᠯ ᠪᠦᠬᠦᠨ ᠢᠶᠠᠷ ᠢᠶᠠᠨ ᠦᠢᠯᠡᠳᠪᠦᠷᠢᠯᠡᠯ ᠢᠶᠠᠨ ᠵᠣᠭᠰᠤᠵᠤ᠂ ᠡᠭᠦᠨ ᠤ ᠬᠠᠮᠲᠤ ᠤᠯᠠᠭᠠᠨᠴᠠᠪ

ᠬᠤᠲᠠ ᠶᠢᠨ ᠨᠢᠭᠡᠳᠦᠭᠡᠷ ᠪᠦᠯᠦᠭ ᠤᠨ ᠪᠥᠬᠦ ᠣᠷᠣᠨ ᠤ ᠪᠣᠬᠢᠷᠳᠤᠯ ᠲᠠᠢ ᠭᠠᠵᠠᠷ ᠢ ᠤᠷᠢᠳ ᠢᠶᠠᠷ ᠬᠠᠮᠢᠶᠠᠷᠤᠨ

ᠡᠵᠡᠮᠳᠡᠬᠦ ᠨᠡᠷᠡᠰ ᠤᠨ ᠵᠢᠭᠰᠠᠭᠠᠯᠲᠠ ᠳᠤ ᠣᠷᠣᠭᠤᠯᠪᠠ᠂ ᠳᠡᠭᠡᠷ᠎ᠡ ᠳᠤᠷᠠᠳᠤᠭᠰᠠᠨ ᠬᠥᠷᠥᠰᠥ ᠰᠢᠷᠣᠢ ᠶᠢᠨ

ᠪᠣᠬᠢᠷᠳᠤᠯ ᠤᠨ ᠠᠰᠠᠭᠤᠳᠠᠯ ᠳᠤ ᠴᠢᠭᠯᠡᠭᠦᠯᠦᠨ ᠡᠷᠬᠢᠮ ᠲᠣᠪᠴᠢᠶ᠎ᠠ ᠶᠢᠨ ᠠᠷᠭᠠᠴᠠᠬᠤ ᠪᠣᠳᠣᠯᠭ᠎ᠠ ᠨᠢ ᠶᠠᠭᠤ ᠪᠣᠶ︖

   ᠵᠣᠣ ᠴᠦᠨ ᠯᠧᠢ᠄ ᠲᠠᠪᠤᠨ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ 2021 ᠣᠨ ᠤ 9 ᠰᠠᠷ᠎ᠠ ᠳᠤ

ᠬᠥᠷᠥᠰᠥ ᠰᠢᠷᠣᠢ ᠶᠢᠨ ᠣᠷᠴᠢᠨ ᠠᠬᠤᠢ ᠶᠢᠨ ᠠᠩᠬ᠎ᠠ ᠠᠯᠬᠤᠮ ᠤᠨ ᠪᠠᠶᠢᠴᠠᠭᠠᠯᠲᠠ ᠶᠢ ᠪᠡᠶᠡᠯᠡᠭᠦᠯᠵᠦ ᠂

ᠪᠠᠶᠢᠴᠠᠭᠠᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠪᠥᠬᠦ ᠤᠯᠤᠰ ᠤᠨ ᠪᠣᠬᠢᠷᠲᠤᠭᠰᠠᠨ ᠭᠠᠵᠠᠷ ᠤᠨ

ᠮᠡᠳᠡᠭᠡ ᠵᠠᠩᠭᠢ ᠶᠢᠨ ᠰᠢᠰᠲ᠋ᠧᠮ ᠢ ᠴᠠᠭ ᠲᠤᠬᠠᠢ ᠳᠤᠨᠢ ᠤᠯᠠᠮᠵᠢᠯᠠᠬᠤ ᠶᠢᠨ ᠬᠠᠮᠲᠤ ᠨᠡᠶᠢᠭᠡᠮ ᠨᠡᠶᠢᠲᠡ ᠳᠤ ᠢᠯᠡ

ᠪᠣᠯᠭᠠᠨ᠎ᠠ᠃

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2