ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠵᠦ ᠬᠠᠨᠳᠢᠪᠯᠡᠬᠤ ᠶᠣᠰᠣᠯᠠᠯ ᠮᠠᠨ ᠤ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠮᠢᠨ ᠵᠦ ᠲᠣᠰᠬᠤᠨ᠂ ᠡᠯ ᠳ᠋ᠣᠣ ᠾᠧ ᠲᠣᠰᠬᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/7/19
   7 ᠰᠠᠷ᠎ᠠ ᠶᠢᠨ 14— 15 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠳᠤ ᠬᠠᠨᠳᠢᠪᠯᠡᠬᠤ ᠶᠣᠰᠣᠯᠠᠯ ᠮᠠᠨ ᠤ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠮᠢᠨ ᠵᠦ ᠲᠣᠰᠬᠤᠨ᠂ ᠡᠯ ᠳ᠋ᠣᠣ ᠾᠧ ᠲᠣᠰᠬᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠧᠨ ᠶᠤᠸᠠᠢ ᠵᠢᠶᠦ᠋ᠨ ᠨᠠᠷ ᠲᠣᠰ ᠤᠳᠠᠭᠠᠨ ᠤ ᠪᠡᠯᠡᠭᠯᠡᠨ ᠬᠦᠷᠭᠡᠬᠦ ᠶᠣᠰᠣᠯᠠᠯ ᠳᠤ ᠣᠷᠣᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠯᠢ ᠭᠦᠸᠧ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠦ ᠵᠢᠢ ᠱᠧᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠴᠢᠩ ᠾᠧ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠡᠯᠡᠭᠯᠡᠨ ᠬᠦᠷᠭᠡᠬᠦ ᠶᠣᠰᠣᠯᠠᠯ ᠳᠤ ᠣᠷᠣᠯᠴᠠᠪᠠ᠃ 

20.png

 

   ᠸᠧᠨ ᠶᠤᠸᠠᠢ ᠵᠢᠶᠦ᠋ᠨ ᠨᠠᠷ ᠤᠷᠢᠳ ᠬᠤᠵᠢᠳ ᠭᠦᠨᠤᠯᠠᠭᠠᠨᠬᠤᠳᠳᠤᠭ ᠰᠢᠶᠠᠩ ᠤᠨ ᠮᠢᠨ ᠵᠦ ᠲᠣᠰᠬᠤᠨ᠂ ᠡᠯ

ᠳ᠋ᠣᠣ ᠾᠧ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠲᠤᠬᠠᠢ ᠶᠢᠨ ᠭᠠᠵᠠᠷ

 ᠲᠤᠨᠢ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠰᠢᠶᠠᠨ ᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ

ᠪᠦᠬᠦᠯᠢ ᠴᠣᠭᠴᠠ ᠶᠢᠨ ᠲᠥᠯᠦᠪᠵᠢᠭᠦᠯᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ

ᠦᠢᠯᠡᠰ ᠤᠨ ᠬᠥᠭᠵᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂

ᠳᠦᠷᠰᠦ ᠪᠠᠶᠢᠳᠠᠯ ᠢ ᠳᠡᠭᠡᠭᠰᠢᠯᠡᠭᠦᠯᠬᠦ ᠵᠡᠷᠭᠡ ᠦᠨᠳᠦᠰᠦᠨ ᠪᠠᠶᠢᠳᠠᠯ ᠵᠢᠴᠢ ᠬᠥᠳᠡᠭᠡ ᠲᠣᠰᠬᠤᠨ ᠤ ᠪᠦᠲᠦᠭᠡᠨ

ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃

21.png

   ᠬᠠᠨᠳᠢᠪᠯᠡᠨ ᠬᠦᠷᠭᠡᠬᠦ ᠲᠤᠬᠠᠢ ᠶᠢᠨ ᠲᠠᠯᠠᠪᠠᠢ ᠳᠤ ᠂ ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ

ᠤᠯᠤᠰ ᠲᠦᠷᠦ ᠶᠢᠨ ᠵᠥᠪᠯᠡᠯᠭᠡᠨ ᠠᠴᠠ ᠮᠠᠨ ᠤ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠮᠢᠨ ᠵᠦ

ᠲᠣᠰᠬᠤᠨ ᠳᠤ ᠡᠮᠨᠡᠯᠭᠡ ᠳᠤ ᠬᠡᠷᠡᠭᠯᠡᠬᠦ ᠠᠮᠠᠪᠴᠢ ᠂ ᠳᠠᠷᠤᠮᠯᠠᠬᠤ ᠮᠠᠰᠢᠨ᠂ ᠬᠥᠭᠵᠢᠮᠳᠡᠭᠦᠷ ᠂ ᠶᠠᠩᠭᠠᠷ ᠪᠥᠵᠢᠭᠯᠡᠬᠦ ᠳᠤ

ᠬᠡᠷᠡᠭᠯᠡᠬᠦ ᠬᠡᠷᠡᠭᠰᠡᠯ ᠵᠡᠷᠭᠡ ᠡᠳ᠋ ᠪᠣᠳᠠᠰ ᠬᠠᠨᠳᠢᠪᠯᠡᠪᠠ ᠃ ᠪᠡᠯᠡᠭᠯᠡᠨ ᠬᠦᠷᠭᠡᠬᠦ ᠶᠣᠰᠣᠯᠠᠯ ᠤᠨ ᠲᠠᠷᠠᠭ᠎ᠠ ᠂ ᠸᠧᠨ ᠶᠤᠸᠠᠢ

ᠵᠢᠶᠦ᠋ᠨ ᠨᠠᠷ ᠤᠷᠢᠳ ᠬᠤᠵᠢᠳ ᠠᠬᠠᠮᠠᠳ ᠨᠠᠮ ᠤᠨ ᠭᠡᠰᠢᠭᠦᠨ ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠳᠤ

ᠬᠦᠷᠴᠦ ᠰᠤᠷᠪᠤᠯᠵᠢᠯᠠᠵᠤ ᠂ ᠬᠠᠪᠰᠤᠷᠤᠨ ᠲᠡᠳᠬᠦᠬᠦ ᠡᠲᠡᠭᠡᠳ ᠤᠨ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠂

ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠂ ᠨᠥᠬᠦᠪᠦᠷᠢ ᠬᠦᠷᠲᠡᠵᠦ ᠪᠠᠶᠢᠭ᠎ᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠵᠤ ᠂

ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ

ᠨᠠᠶᠢᠳᠠᠪᠤᠷᠢᠵᠢᠭᠤᠯᠬᠤ ᠶᠢ ᠪᠠᠲᠤᠯᠠᠵᠠᠢ ᠃

22.png

   ᠶᠠᠷᠢᠯᠴᠠᠬᠤ ᠬᠤᠷᠠᠯ ᠳᠡᠭᠡᠷ᠎ᠡ᠂ ᠸᠧᠨ ᠶᠤᠸᠠᠢ ᠵᠢᠶᠦ᠋ᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ

ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠡᠯ᠎ᠡ

ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ

ᠪᠣᠯᠣᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠤ ᠪᠣᠳᠠᠲᠤ ᠪᠠᠶᠢᠳᠠᠯ

 ᠲᠠᠢ ᠤᠶᠠᠯᠳᠤᠭᠤᠯᠤᠨ ᠣᠯᠠᠨ ᠲᠦᠮᠡᠨ ᠢ ᠳᠠᠶᠢᠴᠢᠯᠠᠨ ᠲᠡᠵᠢᠭᠡᠨ ᠦᠷᠡᠵᠢᠭᠦᠯᠬᠦ ᠦᠢᠯᠡᠰ ᠢ ᠶᠡᠭᠡ ᠪᠠᠷ ᠬᠥᠭᠵᠢᠭᠦᠯᠵᠦ

᠂ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠲᠣᠰᠬᠤᠨ ᠤ ᠬᠠᠮᠲᠤ ᠶᠢᠨ ᠠᠵᠤ

ᠠᠬᠤᠢ ᠶᠢ ᠬᠥᠭᠵᠢᠭᠦᠯᠬᠦ ᠶᠢ ᠴᠢᠬᠤᠯᠠᠴᠢᠯᠠᠵᠤ ᠂ ᠨᠢᠭᠡ ᠪᠦᠯᠦᠭ ᠨᠠᠮ ᠤᠨ ᠭᠡᠰᠢᠭᠦᠨ ᠤ ᠪᠠᠶᠠᠵᠢᠯ ᠤᠨ

ᠳᠠᠭᠠᠭᠤᠯᠤᠭᠴᠢ ᠶᠢ ᠪᠦᠬᠦ ᠬᠦᠴᠦᠨ ᠢᠶᠠᠷ ᠢᠶᠠᠨ ᠬᠥᠮᠥᠵᠢᠭᠦᠯᠵᠦ ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ

ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ

ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠲᠤᠰ ᠭᠠᠵᠠᠷ ᠤᠨ ᠣᠨᠴᠠᠯᠢᠭ ᠲᠠᠢ ᠦᠵᠡᠰᠬᠦᠯᠡᠩᠲᠦ

ᠰᠠᠶᠢᠬᠠᠨ ᠭᠡᠷ ᠪᠦᠯᠢ ᠶᠢᠨ ᠠᠵᠤ ᠠᠬᠤᠢ ᠶᠢ ᠴᠢᠷᠮᠠᠶᠢᠨ ᠪᠠᠶᠢᠭᠤᠯᠵᠤ ᠂ ᠬᠥᠮᠥᠰ ᠤᠨ ᠣᠷᠣᠰᠢᠨ ᠰᠠᠭᠤᠬᠤ ᠣᠷᠴᠢᠨ

ᠲᠣᠭᠤᠷᠢᠨ ᠢ ᠴᠢᠨᠠᠭᠰᠢᠳᠠ ᠰᠠᠶᠢᠵᠢᠷᠠᠭᠤᠯᠵᠤ ᠂ ᠬᠥᠳᠡᠭᠡ ᠲᠣᠰᠬᠤᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠭᠦ

ᠬᠦᠴᠦᠨ ᠢ ᠲᠠᠰᠤᠷᠠᠯᠲᠠ ᠦᠭᠡᠢ ᠬᠥᠭᠵᠢᠭᠡᠵᠦ ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠵᠦ ᠂

ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠰᠢᠨ᠎ᠡ ᠶᠢ ᠡᠭᠦᠳᠬᠦ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ 

ᠬᠦᠰᠡᠪᠡ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2