ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠪᠥᠬᠦ ᠰᠢᠶᠠᠨ ᠤ 60 ᠨᠠᠰᠤᠨ ᠠᠴᠠ ᠳᠡᠭᠡᠭᠰᠢᠬᠢ ᠬᠥᠮᠥᠰ ᠲᠤ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/20
   7 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠪᠥᠬᠦ ᠰᠢᠶᠠᠨ ᠤ 60 ᠨᠠᠰᠤᠨ ᠠᠴᠠ ᠳᠡᠭᠡᠭᠰᠢᠬᠢ ᠬᠥᠮᠥᠰ ᠲᠤ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃

1.png

   ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠾᠦᠩ ᡁᠢ ᠪᠦᠬᠦ ᠰᠢᠶᠠᠨ ᠤ

60 ᠨᠠᠰᠤᠨ ᠠᠴᠠ ᠳᠡᠭᠡᠭᠰᠢᠬᠢ ᠬᠥᠮᠥᠰ ᠤᠨ ᠸᠠᠺᠼᠢᠨ ᠤ ᠲᠠᠷᠢᠯᠭ᠎ᠠ ᠲᠠᠷᠢᠭᠰᠠᠨ ᠪᠠᠶᠢᠳᠠᠯ ᠢ ᠬᠠᠷᠢᠭᠤ ᠮᠡᠳᠡᠭᠦᠯᠵᠦ᠂

ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠮᠠ ᠵᠢᠶᠠᠨ ᠪᠢᠨ ᠪᠦᠬᠦ ᠰᠢᠶᠠᠨ ᠤ ᠸᠠᠺᠼᠢᠨ ᠤ

ᠲᠠᠷᠢᠯᠭ᠎ᠠ ᠲᠠᠷᠢᠭᠰᠠᠨ   ᠬᠦᠮᠦᠨ ᠤ ᠲᠤᠭ᠎ᠠ ᠶᠢ ᠬᠠᠷᠢᠭᠤ ᠮᠡᠳᠡᠭᠦᠯᠵᠡᠢ᠃

   ᠳ᠋ᠢᠶᠣᠣ ᠴᠦᠨ ᠬᠠᠢ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ

ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ

ᠲᠦᠮᠡᠨ ᠤ ᠠᠮᠢ ᠨᠠᠰᠤᠨ ᠤ ᠠᠮᠤᠷ ᠲᠦᠪᠰᠢᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠬᠠᠨᠳᠤᠵᠤ᠂

60 ᠨᠠᠰᠤᠨ ᠠᠴᠠ ᠳᠡᠭᠡᠭᠰᠢᠬᠢ ᠬᠥᠮᠥᠰ ᠲᠤ ᠸᠠᠺᠼᠢᠨ ᠤ ᠲᠠᠷᠢᠯᠭ᠎ᠠ ᠲᠠᠷᠢᠬᠤ ᠠᠵᠢᠯ ᠢ ᠣᠳᠣᠬᠠᠨ ᠤ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂

ᠵᠣᠬᠢᠶᠠᠨ ᠪᠠᠶᠢᠭᠤᠯᠵᠤ ᠳᠠᠶᠢᠴᠢᠯᠠᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠨᠠᠷᠢᠨ ᠨᠢᠮᠪᠠᠢ ᠣᠶᠢᠯᠠᠭᠠᠵᠤ

ᠵᠢᠭᠰᠠᠭᠠᠨ ᠪᠠᠶᠢᠴᠠᠭᠠᠵᠤ᠂ 60 ᠨᠠᠰᠤᠨ ᠠᠴᠠ ᠳᠡᠭᠡᠭᠰᠢᠬᠢ ᠬᠥᠮᠥᠰ ᠲᠤ ᠸᠠᠺᠼᠢᠨ ᠤ ᠲᠠᠷᠢᠯᠭ᠎ᠠ ᠲᠠᠷᠢᠬᠤ ᠠᠵᠢᠯ ᠢ

ᠨᠠᠷᠢᠨ ᠪᠥᠭᠡᠳ ᠪᠦᠲᠦᠮᠵᠢᠲᠡᠶ ᠰᠠᠶᠢᠲᠤᠷ ᠬᠢᠵᠦ᠂ ᠬᠠᠷᠠᠯᠲᠠᠲᠤ ᠬᠥᠮᠥᠰ ᠤᠨ ᠰᠠᠨᠠᠭᠠᠴᠢᠯᠠᠭ᠎ᠠ ᠠᠴᠠ ᠪᠠᠨ ᠲᠠᠷᠢᠯᠭ᠎ᠠ

ᠬᠢᠬᠦ᠂ ᠴᠠᠭ ᠲᠤᠬᠠᠢ ᠳᠤᠨᠢ ᠲᠠᠷᠢᠯᠭ᠎ᠠ ᠬᠢᠬᠦ ᠶᠢ ᠦᠨᠡᠨᠬᠦ ᠪᠠᠲᠤᠯᠠᠵᠤ᠂ ᠭᠥᠯᠢᠶᠡᠨ ᠠᠪᠬᠤ ᠶᠣᠰᠣᠲᠠᠢ ᠶᠢ ᠨᠢ ᠪᠦᠬᠦᠨ

 ᠢ ᠭᠥᠯᠢᠶᠡᠨ ᠠᠪᠬᠤ ᠶᠢ ᠪᠡᠶᠡᠯᠡᠭᠦᠯᠬᠦ ᠬᠡᠷᠡᠭᠲᠡᠢ ᠃

   ᠳ᠋ᠢᠶᠣᠣ ᠴᠦᠨ ᠬᠠᠢ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ

ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂

ᠨᠢᠭᠲᠠ ᠬᠠᠮᠵᠢᠯᠴᠠᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠢᠭᠰᠠᠭᠠᠨ ᠪᠠᠶᠢᠴᠠᠭᠠᠬᠤ ᠠᠵᠢᠯ ᠤᠨ

ᠠᠬᠢᠴᠠ ᠪᠠ ᠡᠷᠴᠢᠮ ᠢᠶᠠᠨ ᠴᠢᠩᠭᠠᠷᠠᠭᠤᠯᠤᠨ᠂ ᠰᠠᠭᠤᠷᠢ ᠲᠤᠭ᠎ᠠ ᠶᠢ ᠳᠠᠷᠤᠶᠢᠬᠠᠨ ᠣᠶᠢᠯᠠᠭᠠᠵᠤ᠂ ᠨᠠᠷᠢᠨ

ᠲᠠᠩᠰᠠ ᠶᠢᠨ ᠡᠬᠡ ᠲᠠᠩᠰᠠ ᠶᠢ ᠰᠠᠶᠢᠲᠤᠷ ᠪᠠᠶᠢᠭᠤᠯᠵᠤ᠂ ᠳᠠᠭᠠᠳᠬᠠᠯ ᠢ ᠳᠠᠭᠠᠭᠠᠴᠢᠯᠠᠬᠤ ᠲᠣᠭᠲᠠᠴᠠ ᠶᠢ ᠰᠠᠶᠢᠲᠤᠷ

ᠨᠠᠶᠢᠳᠠᠪᠤᠷᠢᠵᠢᠭᠤᠯᠤᠨ᠂ ᠠᠵᠢᠯᠲᠠᠨ ᠤ ᠠᠵᠢᠯ ᠤᠨ ᠬᠤᠪᠢᠶᠠᠷᠢᠯᠠᠯ᠂ ᠠᠵᠢᠯ ᠤᠨ ᠬᠠᠷᠢᠭᠤᠴᠠᠯᠭ᠎ᠠ᠂ ᠠᠷᠭ᠎ᠠ ᠬᠡᠮᠵᠢᠶ᠎ᠡ

ᠪᠠ ᠬᠠᠷᠠᠯᠲᠠ ᠶᠢ ᠱᠠᠲᠤ ᠱᠠᠲᠤ ᠪᠠᠷ ᠨᠠᠷᠢᠯᠢᠭᠵᠢᠭᠤᠯᠵᠤ᠂ 60 ᠨᠠᠰᠤᠨ  ᠠᠴᠠ ᠳᠡᠭᠡᠭᠰᠢᠬᠢ ᠬᠥᠮᠥᠰ ᠲᠤ ᠰᠢᠨ᠎ᠡ 

ᠺᠣᠷᠤᠨᠠ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠡᠮᠬᠢ ᠵᠢᠷᠤᠮ ᠲᠠᠢ᠂ ᠳᠥᠭᠦᠮ ᠳᠥᠲᠡ᠂ ᠥᠨᠳᠥᠷ

ᠦᠷ᠎ᠡ ᠪᠦᠲᠦᠮᠵᠢᠲᠡᠶ ᠪᠠᠷ ᠥᠷᠨᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃

   ᠵᠠᠰᠠᠭ ᠤᠨ ᠣᠷᠳᠣᠨ ᠤ ᠰᠢᠶᠠᠨ ᠤ ᠡᠯ᠎ᠡ ᠳᠡᠳ᠋ ᠳᠠᠷᠤᠭ᠎ᠠ᠂ ᠡᠯ᠎ᠡ ᠰᠢᠶᠠᠩ ᠪᠠᠯᠭᠠᠰᠤᠨ ᠤ ᠡᠯ᠎ᠡ ᠬᠤᠯᠪᠣᠭᠳᠠᠯ

ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2