ᠮᠠᠨ ᠤ ᠰᠢᠶᠠᠨ ᠳ᠋ᠦᠩ ᠴᠧᠩ ᠲᠣᠭᠤᠷᠢᠭ ᠲᠦ ᠬᠢᠵᠢᠭ ᠢ ᠰᠡᠷᠭᠡᠶᠢᠯᠡᠬᠦ ᠡᠳ᠋ ᠪᠣᠳᠠᠰ ᠲᠤᠰᠠᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/7/22
   ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠮᠥᠨ ᠬᠦ ᠬᠦᠨᠳᠦ ᠬᠡᠴᠡᠭᠦᠦ ᠪᠠᠶᠢᠭ᠎ᠠ ᠪᠠᠶᠢᠳᠠᠯ ᠤᠨ ᠲᠣᠣᠷ᠎ᠠ ᠂ ᠪᠡᠭᠡᠵᠢᠩ ᠤᠨ ᠳ᠋ᠦᠩ ᠴᠧᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ︽ᠲᠦᠷᠭᠡᠨ᠂ ᠴᠢᠩᠭ᠎ᠠ᠂ ᠣᠨᠣᠪᠴᠢᠲᠠᠶ᠂ ᠪᠣᠳᠠᠲᠠᠢ︾ ᠶᠢ ᠪᠠᠷᠢᠮᠲᠠᠯᠠᠨ᠂ ᠪᠦᠬᠦ ᠲᠣᠭᠤᠷᠢᠭ ᠤᠨ ᠺᠠᠳ᠋ᠷ ᠣᠯᠠᠨ ᠲᠦᠮᠡᠨ ᠢ ᠳᠠᠶᠢᠴᠢᠯᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ ᠪᠠᠶᠢᠨ᠎ᠠ᠃ ᠰᠢᠶᠠᠨ ᠤ ᠨᠠᠮ ᠤᠨ ᠬᠤᠷᠢᠶ᠎ᠠ ᠂ ᠰᠢᠶᠠᠨ ᠤ ᠵᠠᠰᠠᠭ ᠤᠨ ᠣᠷᠳᠣᠨ ᠪᠦᠬᠦ ᠰᠢᠶᠠᠨ ᠤ ᠺᠠᠳ᠋ᠷ ᠤᠯᠠᠨ ᠲᠦᠮᠡᠨ ᠢ ᠲᠥᠯᠥᠭᠡᠯᠡᠨ ᠪᠡᠭᠡᠵᠢᠩ ᠤᠨ ᠳ᠋ᠦᠩ ᠴᠧᠩ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠵᠢᠴᠢ ᠪᠦᠬᠦ ᠲᠣᠭᠤᠷᠢᠭ ᠤᠨ ᠺᠠᠳ᠋ᠷ ᠤᠯᠠᠨ ᠲᠦᠮᠡᠨ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ ᠃

01.jpg

   7 ᠰᠠᠷ᠎ᠠ ᠶᠢᠨ 20 ᠤ ᠡᠳᠦᠷ᠂ ᠳ᠋ᠦ᠋ᠩᠴᠸᠡᠭ ᠲᠣᠭᠤᠷᠢᠭ ᠤᠨ ᠬᠤᠸᠠᠳᠧ ᠰᠢᠶᠠᠨ ᠳᠤ ᠲᠣᠮᠢᠯᠠᠭᠰᠠᠨ ᠲᠦᠷ ᠴᠠᠭ

ᠲᠤᠰᠢᠶᠠᠯ ᠡᠭᠦᠷᠭᠡᠯᠡᠵᠦ ᠪᠠᠶᠢᠭ᠎ᠠ ᠪᠦᠯᠬᠦᠮ ᠤᠨ ᠳᠠᠭᠠᠭᠤᠯᠤᠭᠴᠢ ᠯᠢ ᠴᠢ ᠪᠥᠬᠦ ᠲᠦᠷ ᠴᠠᠭ ᠲᠤᠰᠢᠶᠠᠯ ᠡᠭᠦᠷᠭᠡᠯᠡᠬᠦ

ᠺᠠᠳ᠋ᠷᠴᠤᠳ ᠢ ᠳᠠᠭᠠᠭᠤᠯᠤᠨ ᠤᠯᠠᠭᠠᠨᠴᠠᠪ ᠬᠤᠲᠠ ᠶᠢᠨ ᠬᠠᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ

ᠺᠣᠮᠫᠠᠨᠢ ᠶᠢᠨ 10 ᠲᠦᠮᠡᠨ ᠲᠥᠭᠦᠷᠢᠭ ᠤᠨ ᠥᠷᠲᠡᠭ ᠪᠦᠬᠦᠢ 2.5 ᠲᠣᠨ ᠬᠢᠵᠢᠭ ᠢ ᠰᠡᠷᠭᠡᠶᠢᠯᠡᠬᠦ ᠡᠳ᠋ ᠪᠣᠳᠠᠰ ᠢ

ᠭᠥᠯᠢᠶᠡᠨ ᠠᠪᠤᠪᠠ᠃ ᠬᠤᠸᠠᠳᠧ ᠰᠢᠶᠠᠨ ᠤ ᠲᠤᠰᠢᠶᠠᠯ ᠡᠭᠦᠷᠭᠡᠯᠡᠵᠦ ᠪᠠᠶᠢᠭ᠎ᠠ ᠪᠦᠯᠬᠦᠮ ᠤᠨ ᠪᠦᠬᠦ ᠺᠠᠳ᠋ᠷ 

ᠢᠯᠡᠳᠬᠡᠬᠦ ᠳᠡᠭᠡᠨ᠂ ᠬᠤᠪᠢ ᠲᠠᠬᠢᠨ ᠴᠢᠷᠮᠠᠶᠢᠨ ᠠᠵᠢᠯᠯᠠᠵᠤ ᠂ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ ᠶᠢ

ᠬᠥᠰᠡᠷᠳᠡᠭᠦᠯᠬᠦ ᠦᠭᠡᠢ ᠪᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠠᠵᠢᠯ ᠳᠤ ᠬᠦᠴᠦᠨ ᠴᠢᠳᠠᠯ ᠢᠶᠠᠨ ᠡᠷᠭᠦᠵᠦ ᠂ ᠰᠢᠯᠢᠳᠡᠭ ᠰᠠᠶᠢᠨ ᠠᠵᠢᠯ ᠤᠨ ᠠᠮᠵᠢᠯᠲᠠ ᠪᠠᠷ ᠢᠶᠠᠨ

︽ᠳ᠋ᠦᠩ ᠴᠧᠩ · ᠬᠤᠸᠠᠳᠧ ︾ ᠬᠤᠶᠠᠷ ᠭᠠᠵᠠᠷ ᠤᠨ ᠠᠴᠢ ᠲᠤᠰᠠ ᠶᠢ ᠬᠠᠷᠢᠭᠤᠯᠤᠨ᠎ᠠ ᠭᠡᠪᠡ᠃

   ᠣᠶᠢᠯᠠᠭᠠᠭᠰᠠᠨ ᠢᠶᠠᠷ ᠂ 2017 ᠣᠨ ᠳᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠦᠭᠰᠡᠨ ᠠᠴᠠ

ᠨᠠᠰᠢ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠬᠦᠷᠲᠡᠯ᠎ᠡ ᠂ ᠺᠠᠳ᠋ᠷ ᠤᠨ ᠰᠣᠯᠢᠯᠴᠠᠭ᠎ᠠ ᠠᠴᠠ ᠠᠵᠤ ᠦᠢᠯᠡᠰ ᠤᠨ ᠬᠠᠮᠵᠢᠯᠴᠠᠭ᠎ᠠ ᠬᠦᠷᠲᠡᠯ᠎ᠡ ᠂ ᠳ᠋ᠦᠩ

ᠴᠧᠩ ᠲᠣᠭᠤᠷᠢᠭ ᠤᠨ ᠬᠢᠨ ᠬᠤᠸᠠᠳᠧ ᠰᠢᠶᠠᠨ ᠳᠤ ᠴᠢᠩ ᠰᠡᠳᠬᠢᠯ ᠠᠴᠠ ᠪᠠᠨ ᠬᠠᠪᠰᠤᠷᠤᠯᠭ᠎ᠠ ᠦᠵᠡᠭᠦᠯᠵᠦ ᠂

ᠬᠤᠶᠠᠷ ᠭᠠᠵᠠᠷ ᠤᠨ ᠬᠢᠨ ᠭᠦᠨ ᠵᠤᠵᠠᠭᠠᠨ ᠨᠥᠬᠦᠷᠯᠡᠯ ᠪᠠᠶᠢᠭᠤᠯᠤᠭᠰᠠᠨ ᠪᠠᠶᠢᠨ᠎ᠠ ᠃ ᠳ᠋ᠦᠩ ᠴᠧᠩ ᠲᠣᠭᠤᠷᠢᠭ ᠤᠨ

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠤᠸᠠᠳᠧ ᠰᠢᠶᠠᠨ ᠤ ᠺᠠᠳ᠋ᠷ ᠤᠯᠠᠨ ᠲᠦᠮᠡᠨ ᠰᠠᠨᠠᠭᠠᠰᠢᠷᠠᠵᠤ᠂ 

ᠭᠦᠢᠴᠡᠳ ᠣᠯᠣᠯᠴᠠᠬᠤ ᠪᠠᠷ ᠲᠠᠮᠵᠢᠨ ᠂  ᠬᠤᠸᠠᠳᠧ ᠰᠢᠶᠠᠨ ᠢᠳᠡᠪᠬᠢᠲᠡᠢ ᠪᠠᠷ ᠡᠳ᠋ ᠪᠣᠳᠠᠰ ᠴᠤᠭᠯᠠᠭᠤᠯᠵᠤ ᠂ ᠳ᠋ᠦᠩ

ᠴᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠥᠴᠥᠬᠡᠨ ᠬᠦᠴᠦᠨ ᠴᠢᠳᠠᠯ ᠢᠶᠠᠨ

ᠡᠷᠭᠦᠵᠡᠢ ᠃ ᠳ᠋ᠦᠩ ᠴᠧᠩ ᠲᠣᠭᠤᠷᠢᠭ ᠠᠴᠠ ᠬᠠᠪᠰᠤᠷᠤᠯᠭ᠎ᠠ ᠬᠦᠰᠡᠳᠡᠭ ᠯᠠ ᠶᠤᠮ ᠪᠣᠯ ᠬᠤᠸᠠᠳᠧ ᠰᠢᠶᠠᠨ ᠯᠠᠪᠲᠠᠢ

ᠴᠢᠳᠠᠯ ᠢᠶᠠᠷ ᠢᠶᠠᠨ ᠬᠠᠪᠰᠤᠷᠤᠨ᠎ᠠ᠂ ᠬᠤᠸᠠᠳᠧ ᠰᠢᠶᠠᠨ ᠨᠢ ᠬᠥᠮᠥᠨ ᠬᠠᠷ᠎ᠠ᠂ ᠡᠳ᠋ ᠪᠣᠳᠠᠰ ᠵᠡᠷᠭᠡ ᠲᠠᠯ᠎ᠠ ᠪᠠᠷ

ᠴᠢᠳᠠᠯ ᠤᠨ ᠬᠢᠷᠢ ᠪᠠᠷ ᠢᠶᠠᠨ ᠴᠢᠷᠮᠠᠶᠢᠨ ᠬᠠᠪᠰᠤᠷᠴᠤ᠂ ᠪᠦᠬᠦ ᠬᠦᠴᠦᠨ ᠢᠶᠠᠷ ᠢᠶᠠᠨ ᠳ᠋ᠦᠩ ᠴᠧᠩ ᠲᠣᠭᠤᠷᠢᠭ ᠲᠠᠢ

ᠭᠠᠷ ᠬᠤᠯᠪᠣᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠪᠣᠯᠣᠨ᠎ᠠ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2