| ᠰᠠᠶᠢᠨᠪᠤᠯᠤᠩ ᠲᠣᠰᠬᠤᠨ ᠪᠣᠯ ᠬᠤᠸᠠᠳᠧ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ ᠂ ᠴᠣᠣᠶᠠᠩ ᠪᠠᠯᠭᠠᠰᠤ ᠶᠢᠨ ᠲᠤᠰᠠᠭᠠᠷ ᠵᠠᠰᠠᠭ ᠵᠠᠬᠢᠷᠭᠠᠨ ᠤ | ᠲᠣᠰᠬᠤᠨ ᠪᠣᠯᠣᠨ᠎ᠠ ᠂ ᠬᠤᠸᠠᠳᠧ ᠺᠠᠩ ᠪᠣᠦ ᠶᠢᠨ ᠵᠠᠮ ᠬᠢᠯᠢ ᠪᠠᠷ ᠥᠩᠭᠡᠷᠡᠵᠦ ᠂ ᠴᠣᠣᠶᠠᠩ ᠪᠠᠯᠭᠠᠰᠤ ᠶᠢᠨ ᠾᠧᠪᠧᠢ | ᠶᠢᠨ ᠵᠠᠭᠠᠭ ᠢ ᠬᠤᠯᠪᠣᠭᠰᠠᠨ ᠵᠡᠭᠦᠨ ᠶᠡᠭᠡ ᠡᠭᠦᠳᠡ ᠪᠣᠯᠤᠭᠰᠠᠨ ᠪᠠᠶᠢᠨ᠎ᠠ ᠃ | ᠰᠢᠨ᠎ᠡ ᠨᠢᠭᠡ ᠡᠭᠡᠯᠵᠢ ᠶᠢᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠬᠢᠭᠰᠡᠨ ᠠᠴᠠ ᠨᠠᠰᠢ ᠂ | ᠦᠨᠳᠦᠰᠦᠨ ᠱᠠᠲᠤᠨ ᠤ ᠠᠵᠢᠯ ᠲᠦᠮᠡ ᠮᠢᠩᠭᠠᠨ ᠵᠦᠢᠯ ᠪᠠᠶᠢᠵᠤ ᠂ ᠠᠷᠠᠳ ᠤᠯᠠᠨ ᠤ ᠬᠡᠷᠡᠭᠴᠡᠭᠡ ᠲᠤᠰ | ᠲᠤᠰ ᠲᠠᠭᠠᠨ ᠠᠳᠠᠯᠢ ᠦᠭᠡᠢ ᠪᠠᠶᠢᠨ᠎ᠠ ᠂ ᠰᠢᠨ᠎ᠡ ᠱᠠᠲᠤᠨ ᠳᠤ ᠲᠣᠪᠣᠶᠢᠮ᠎ᠠ ᠢᠯᠡᠷᠡᠭᠰᠡᠨ ᠠᠰᠠᠭᠤᠳᠠᠯ ᠪᠠ ᠵᠥᠷᠢᠴᠡᠯ ᠢ | ᠬᠡᠷᠬᠢᠨ ᠰᠢᠢᠳᠪᠦᠷᠢᠯᠡᠬᠦ ᠪᠤᠢ ︖ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ | ᠠᠯᠪᠠᠨ ᠭᠡᠷ ᠤᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠠᠩ ᠯᠢ ᠲᠦᠷᠦᠭᠦᠬᠡᠨ ᠨᠡᠶᠢᠲᠡᠯᠡᠭᠰᠡᠨ ︽ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︾ ᠲᠠᠢ ᠤᠶᠠᠯᠳᠤᠭᠤᠯᠤᠨ | ᠬᠠᠷᠢᠭᠤᠯᠲᠠ ᠥᠭᠴᠡᠢ ᠄ ᠲᠣᠰᠬᠤᠨ ᠤ ᠠᠵᠢᠯ ᠢ ᠰᠠᠶᠢᠲᠤᠷ ᠬᠢᠭᠰᠡᠨ ᠡᠰᠡᠬᠦ ᠶᠢᠨ ᠵᠠᠩᠭᠢᠯᠠᠭ᠎ᠠ ᠨᠢ ᠨᠠᠮ ᠤᠨ | ᠤᠳᠤᠷᠢᠳᠤᠯᠭ᠎ᠠ ᠳᠤ ᠪᠤᠢ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠪᠤᠢ ᠂ ᠥᠷᠭᠡᠨ ᠤᠯᠠᠨ | ᠨᠠᠮ ᠤᠨ ᠭᠡᠰᠢᠭᠦᠨ ᠳᠤ ᠪᠤᠢ ᠃ | | | | | | ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠪᠠᠷ ᠬᠦᠴᠦᠯᠡᠵᠦ ᠂ ᠲᠣᠰᠬᠤᠨ ᠤ ᠨᠠᠮ ᠤᠨ ᠡᠭᠦᠷ ᠤᠨ | ᠨᠠᠮ ᠤᠨ ᠪᠠᠶᠢᠭᠤᠯᠤᠯᠲᠠ ᠶᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠪᠡ᠃ ︽ᠬᠤᠶᠠᠷ ᠵᠥᠪᠯᠡᠯ︾ ᠤᠨ | ᠬᠤᠭᠤᠴᠠᠭ᠎ᠠ ᠰᠣᠯᠢᠭᠰᠠᠨ ᠤ ᠳᠠᠷᠠᠭ᠎ᠠ᠂ ᠰᠢᠨ᠎ᠡ ᠨᠢᠭᠡ ᠬᠤᠭᠤᠴᠠᠭᠠᠨ ᠤ ᠰᠠᠶᠢᠨᠪᠤᠯᠤᠩ ᠲᠣᠰᠬᠤᠨ ᠤ ᠠᠷᠠᠳ ᠤᠨ | ᠵᠥᠪᠯᠡᠯ ᠤᠨ ᠤᠳᠤᠷᠢᠳᠬᠤ ᠪᠠᠭ ᠤᠨ ᠬᠢᠨ ︽ᠭᠠᠭᠴᠠᠭᠠᠷ ᠬᠠᠷᠢᠭᠤᠴᠠᠬᠤ︾ ᠪᠠ ︽ᠬᠤᠶᠠᠷ ᠵᠥᠪᠯᠡᠯ︾ ᠤᠨ | ᠪᠦᠷᠢᠯᠳᠦᠭᠦᠨ ᠰᠣᠯᠪᠢᠴᠠᠨ ᠲᠤᠰᠢᠶᠠᠯ ᠬᠠᠷᠢᠭᠤᠴᠠᠵᠤ᠂ ᠺᠠᠳ᠋ᠷ ᠤᠨ ᠳᠠᠪᠠᠭᠤᠯᠢᠭ ᠪᠠ ᠣᠨᠴᠠ ᠴᠢᠳᠠᠪᠤᠷᠢ ᠶᠢ | ᠲᠣᠰᠬᠤᠨ ᠤ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠣᠨᠣᠴᠢᠲᠠᠢ ᠪᠠᠷ ᠲᠣᠬᠢᠷᠠᠯᠴᠠᠭᠤᠯᠵᠤ᠂ | ᠡᠩᠨᠡᠭᠡ ᠶᠢ ᠨᠡᠩ ᠵᠠᠯᠠᠭᠤᠵᠢᠭᠤᠯᠵᠤ᠂ ᠮᠡᠷᠭᠡᠵᠢᠭᠦᠯᠵᠦ᠂ ᠲᠣᠰᠬᠤᠨ ᠳᠤ ᠰᠠᠭᠤᠭ᠎ᠠ ᠠᠩᠭᠢ ᠶᠢᠨ ᠬᠠᠪᠰᠤᠷᠤᠯᠭ᠎ᠠ | ᠬᠠᠮᠵᠢᠯᠴᠠᠭ᠎ᠠ ᠪᠠᠷ ᠂ ᠥᠩᠭᠡᠷᠡᠭᠰᠡᠨ ᠤ ᠨᠠᠮ ᠤᠨ ᠭᠡᠰᠢᠭᠦᠨ ᠤ ᠬᠥᠮᠦᠵᠢᠯ ᠤᠨ ᠠᠭᠤᠯᠭ᠎ᠠ ᠬᠡᠰᠡᠭ ᠪᠤᠰᠠᠭ ᠂ ᠵᠢᠭᠠᠨ | ᠰᠤᠷᠭᠠᠭᠰᠠᠨ ᠨᠢ ᠣᠨᠣᠪᠴᠢ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ ᠂ ᠰᠤᠷᠤᠯᠴᠠᠯᠭ᠎ᠠ ᠶᠢ ᠰᠢᠰᠲ᠋ᠧᠮᠵᠢᠭᠦᠯᠬᠦ ᠂ | ᠬᠤᠣᠰᠯᠠᠨ ᠨᠠᠷᠢᠯᠢᠭᠵᠢᠭᠤᠯᠬᠤ ᠂ ᠠᠵᠢᠯᠯᠠᠭ᠎ᠠ ᠶᠢ ᠴᠢᠨᠠᠷᠵᠢᠭᠤᠯᠬᠤ ᠂ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ ᠂ | ᠡᠬᠢ ᠪᠠᠶᠠᠯᠢᠭ ᠢ ᠣᠶᠤᠨᠴᠢᠯᠠᠬᠤ ︽ᠲᠠᠪᠤ ᠶᠢ ᠬᠤᠯᠪᠣᠯᠳᠤᠭᠤᠯᠬᠤ︾ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ | ᠪᠠᠷᠢᠮᠲᠠᠯᠠᠵᠤ ᠂ ᠨᠠᠮ ᠤᠨ ᠭᠡᠰᠢᠭᠦᠨ ᠤ ᠪᠠᠶᠢᠩᠭᠤ ᠶᠢᠨ ᠴᠢᠨᠠᠷᠲᠠᠢ ᠂ ᠲᠥᠪᠯᠡᠷᠡᠩᠭᠦᠢ ᠴᠢᠨᠠᠷᠲᠠᠢ ᠰᠤᠷᠭᠠᠨ | ᠬᠥᠮᠦᠵᠢᠯ ᠤᠨ ᠶᠠᠰᠤ ᠴᠢᠨᠠᠷ ᠪᠣᠯᠣᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ ᠂ ᠬᠠᠮᠠᠭᠠᠯᠠᠬᠤ ᠵᠣᠬᠢᠶᠠᠨ | ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠬᠤᠯᠠ ᠶᠠᠪᠤᠭᠳᠠᠭᠤᠯᠵᠠᠢ ᠃ | ᠨᠢᠭᠡ ᠳᠤ ᠂ ᠰᠤᠷᠤᠯᠴᠠᠯᠭ᠎ᠠ ᠶᠢ ᠰᠢᠰᠲ᠋ᠧᠮᠵᠢᠭᠦᠯᠦᠨᠡ ᠃ ᠨᠠᠮ ᠤᠨ ᠪᠠᠶᠢᠭᠤᠯᠤᠯᠲᠠ ᠶᠢᠨ ᠰᠤᠷᠤᠯᠴᠠᠯᠭ᠎ᠠ ᠶᠢᠨ | ᠲᠥᠯᠥᠪᠯᠡᠭᠡ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠬᠠᠮᠲᠤ ᠪᠦᠬᠦ ᠵᠢᠯ ᠳᠤ ᠣᠷᠣᠭᠤᠯᠵᠤ ᠂ ᠰᠤᠳᠤᠯᠭᠠᠨ ᠤ | ᠰᠡᠳᠦᠪ ᠢ ᠰᠠᠷ᠎ᠠ ᠬᠦᠷᠲᠡᠯ᠎ᠡ ᠬᠤᠪᠢᠶᠠᠵᠤ ᠂ ᠰᠤᠷᠤᠯᠭ᠎ᠠ ᠶᠢ ᠳᠠᠭᠠᠭᠤᠯᠬᠤ ᠡᠭᠦᠷᠭᠡ ᠶᠢ ᠬᠥᠮᠥᠨ ᠳᠤ ᠬᠦᠷᠲᠡᠯ᠎ᠡ | ᠨᠠᠶᠢᠳᠠᠪᠤᠷᠢᠵᠢᠭᠤᠯᠵᠤ ᠂ ᠲᠥᠪᠯᠡᠷᠡᠭᠦᠯᠦᠨ ᠰᠤᠷᠤᠯᠴᠠᠬᠤ ᠪᠠᠷ ᠳᠠᠮᠵᠢᠨ ᠦᠵᠡᠯ ᠰᠠᠨᠠᠭ᠎ᠠ ᠪᠠᠨ ᠶᠠᠷᠢᠬᠤ ᠂ | ᠲᠥᠷᠥᠭᠳᠡᠯ ᠢᠶᠠᠨ ᠶᠠᠷᠢᠬᠤ ᠂ ᠥᠪᠡᠷ ᠢᠶᠠᠨ ᠰᠤᠷᠴᠤ ᠲᠡᠮᠳᠡᠭᠯᠡᠯ ᠪᠢᠴᠢᠬᠦ ᠂ ᠣᠯᠣᠯᠲᠠ ᠲᠥᠷᠥᠭᠳᠡᠯ ᠢᠶᠠᠨ ᠪᠢᠴᠢᠬᠦ ᠪᠠᠷ | ᠳᠠᠮᠵᠢᠨ ᠂ ᠨᠠᠮ ᠤᠨ ᠭᠡᠰᠢᠭᠦᠨ ᠢ ᠰᠤᠷᠤᠯᠭ᠎ᠠ ᠶᠢ ᠳᠠᠭᠠᠭᠤᠯᠤᠭᠴᠢ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠪᠠ ︔ ᠲᠣᠰᠬᠤᠨ ᠤ ᠨᠠᠮ ᠤᠨ ᠡᠭᠦᠷ ᠰᠠᠷ᠎ᠠ ᠪᠦᠷᠢ ᠨᠠᠮ ᠤᠨ ᠡᠳᠦᠷ ᠤᠨ ᠠᠵᠢᠯᠯᠠᠭ᠎ᠠ | ᠥᠷᠨᠢᠭᠦᠯᠬᠦ ᠶᠢ ᠪᠠᠷᠢᠮᠲᠠᠯᠠᠵᠤ ᠂ ᠤᠷᠢᠳ ᠬᠤᠵᠢᠳ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ ︾ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ ᠂ ︽ᠤᠭ | ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︾ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠵᠡᠷᠭᠡ ᠶᠢ ᠰᠢᠰᠲ᠋ᠧᠮ ᠲᠠᠢ ᠥᠷᠨᠢᠭᠦᠯᠵᠦ ᠂ ᠥᠷᠭᠡᠨ ᠤᠯᠠᠨ ᠨᠠᠮ ᠤᠨ ᠭᠡᠰᠢᠭᠦᠨ ᠤ ᠰᠢᠨ᠎ᠡ ᠴᠠᠭ | ᠦᠶ᠎ᠡ ᠶᠢᠨ ᠨᠠᠮ ᠤᠨ ᠰᠢᠨ᠎ᠡ ᠶᠢ ᠡᠭᠦᠳᠬᠦ ᠤᠨᠤᠯ ᠤᠨ ᠲᠤᠬᠠᠢ ᠣᠶᠢᠯᠠᠭᠠᠯᠲᠠ ᠪᠠ ᠡᠵᠡᠮᠰᠢᠯ ᠢ ᠲᠠᠰᠤᠷᠠᠯᠲᠠ ᠦᠭᠡᠢ | ᠴᠢᠩᠭᠠᠳᠬᠠᠵᠠᠢ ᠃ | ᠬᠤᠶᠠᠷ ᠲᠤ ᠂ ᠬᠤᠣᠰᠯᠠᠭᠤᠯᠤᠨ ᠨᠠᠷᠢᠯᠢᠭᠵᠢᠭᠤᠯᠤᠨ᠎ᠠ᠃ ᠨᠠᠮ ᠤᠨ ᠭᠡᠰᠢᠭᠦᠨ ᠤ ᠬᠤᠣᠰᠯᠠᠯ ᠪᠠᠶᠢᠭᠤᠯᠬᠤ ᠶᠢᠨ | ᠣᠨᠣᠪᠴᠢᠲᠠᠢ ᠴᠢᠨᠠᠷ ᠢ ᠪᠠᠲᠤᠯᠠᠬᠤ ᠶᠢᠨ ᠲᠥᠯᠥᠭᠡ ᠂ ᠲᠣᠰᠬᠤᠨ ᠤ ᠨᠠᠮ ᠤᠨ ᠡᠭᠦᠷ ᠠᠴᠠ ᠨᠠᠮ ᠤᠨ ᠭᠡᠰᠢᠭᠦᠨ ᠤ | ᠠᠳᠠᠯᠢ ᠪᠤᠰᠤ ᠨᠠᠰᠤᠨ ᠤ ᠱᠠᠲᠤ ᠂ ᠡᠷᠡᠭᠦᠯ ᠴᠢᠭᠢᠷᠠᠭ ᠤᠨ ᠪᠠᠶᠢᠳᠠᠯ ᠵᠡᠷᠭᠡ ᠣᠨᠴᠠᠯᠢᠭ ᠪᠠ ᠬᠡᠷᠡᠭᠴᠡᠭᠡ ᠶᠢ | ᠦᠨᠳᠦᠰᠦᠯᠡᠵᠦ ᠂ ᠬᠦᠷᠢᠶ᠎ᠡ ᠬᠡᠪᠴᠢᠶ᠎ᠡ ᠬᠤᠪᠢᠶᠠᠨ ᠰᠤᠷᠤᠯᠴᠠᠬᠤ ᠠᠭᠤᠯᠭ᠎ᠠ ᠶᠢ ᠲᠣᠭᠲᠠᠭᠠᠵᠤ ᠂ ᠬᠠᠷᠢᠯᠴᠠᠨ | ᠬᠠᠪᠰᠤᠷᠤᠯᠴᠠᠵᠤ ᠬᠠᠷᠢᠯᠴᠠᠨ ᠰᠤᠷᠤᠯᠴᠠᠬᠤ ᠂ ᠲᠤᠷᠰᠢᠯᠭ᠎ᠠ ᠪᠠᠨ ᠬᠤᠪᠢᠶᠠᠯᠴᠠᠬᠤ ᠂ ᠰᠣᠯᠢᠯᠴᠠᠨ ᠬᠠᠪᠰᠤᠷᠤᠨ | ᠲᠡᠳᠬᠦᠬᠦ ᠶᠡᠭᠡ ᠬᠢᠴᠢᠶᠡᠯ ᠤᠨ ᠲᠠᠩᠬᠢᠮ ᠢ ᠪᠠᠶᠢᠭᠤᠯᠪᠠ ᠃ ᠡᠭᠦᠨ ᠤ ᠬᠠᠮᠲᠤ ᠨᠠᠮ ᠤᠨ ᠭᠡᠰᠢᠭᠦᠨ ᠤ ᠳᠣᠲᠣᠭᠠᠳᠤ ᠳᠤ | ᠠᠵᠢᠯ ᠥᠷᠨᠢᠭᠦᠯᠬᠦ ᠰᠠᠨᠠᠯ ᠢ ᠴᠤᠭᠯᠠᠭᠤᠯᠵᠤ ᠂ ᠬᠡᠷᠡᠭᠯᠡᠭᠡᠨ ᠤ ᠴᠢᠨᠠᠷ ᠪᠠ ᠬᠠᠨᠳᠤᠯᠭᠠᠲᠤ ᠴᠢᠨᠠᠷ ᠢ ᠬᠠᠮᠲᠤ ᠳᠤᠨᠢ | ᠬᠠᠷᠠᠭᠠᠯᠵᠠᠵᠤ ᠂ ᠨᠠᠮ ᠤᠨ ᠬᠢᠴᠢᠶᠡᠯ ᠤᠨ ᠰᠤᠷᠤᠯᠴᠠᠯᠭ᠎ᠠ ᠂ ᠬᠡᠷᠡᠭᠯᠡᠭᠡᠨ ᠤ ᠮᠡᠷᠭᠡᠵᠢᠯ ᠵᠡᠷᠭᠡ ᠲᠠᠯ᠎ᠠ ᠶᠢᠨ | ᠥᠪᠡᠷᠮᠢᠴᠡᠴᠢᠯᠡᠭᠰᠡᠨ ︽ᠰᠤᠷᠤᠯᠴᠠᠯᠭ᠎ᠠ ᠶᠢᠨ ᠲᠣᠪᠶᠤᠭ︾ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠨᠠᠮ ᠤᠨ | ᠭᠡᠰᠢᠭᠦᠨ ᠤ ᠬᠥᠮᠦᠵᠢᠯ ᠤᠨ ᠠᠭᠤᠯᠭ᠎ᠠ ᠶᠢ ᠤᠨᠢᠨ ᠳᠡᠭᠡᠷ᠎ᠡ ᠨᠢ ᠬᠠᠩᠭᠠᠬᠤ ᠶᠢ ᠪᠡᠶᠡᠯᠡᠭᠦᠯᠪᠡ᠃ ᠡᠭᠦᠨ ᠠᠴᠠ | ᠭᠠᠳᠠᠨ᠎ᠠ ᠰᠢᠨ᠎ᠡ ᠨᠠᠮ ᠤᠨ ᠭᠡᠰᠢᠭᠦᠨ᠂ ᠵᠠᠯᠠᠭᠤ ᠨᠠᠮ ᠤᠨ ᠭᠡᠰᠢᠭᠦᠨ ᠳᠤ ᠴᠢᠭᠯᠡᠭᠦᠯᠦᠨ ᠨᠠᠰᠤᠲᠠᠨ ᠢᠶᠠᠷ ᠰᠢᠨ᠎ᠡ ᠶᠢ | ᠳᠠᠶᠢᠴᠢᠯᠠᠬᠤ ᠠᠷᠭ᠎ᠠ ᠬᠡᠯᠪᠡᠷᠢ ᠶᠢ ᠥᠷᠨᠢᠭᠦᠯᠵᠦ᠂ ᠪᠡᠯᠡᠳᠬᠡᠯ ᠨᠠᠮ ᠤᠨ ᠭᠡᠰᠢᠭᠦᠨ ᠪᠠ ᠵᠠᠯᠠᠭᠤ ᠨᠠᠮ ᠤᠨ ᠭᠡᠰᠢᠭᠦᠨ ᠳᠤ | ᠬᠦᠴᠦᠨ ᠨᠡᠮᠡᠷᠢᠯᠡᠵᠦ᠂ ᠨᠠᠮ ᠤᠨ ᠪᠠᠶᠢᠭᠤᠯᠤᠯᠲᠠ ᠶᠢᠨ ᠳᠤᠮᠳᠠ ᠲᠦᠷᠭᠡᠨ ᠦᠰᠦᠨ ᠪᠣᠶᠢᠵᠢᠵᠤ᠂ ᠨᠠᠮ ᠤᠨ | ᠪᠠᠶᠢᠭᠤᠯᠤᠯᠲᠠ ᠶᠢᠨ ᠲᠠᠲᠠᠬᠤ ᠬᠦᠴᠦᠨ ᠪᠠ ᠤᠷᠢᠶᠠᠯᠠᠨ ᠳᠠᠶᠢᠴᠢᠯᠠᠬᠤ ᠬᠦᠴᠦᠨ ᠢ ᠲᠠᠰᠤᠷᠠᠯᠲᠠ ᠦᠭᠡᠢ | ᠴᠢᠩᠭᠠᠷᠠᠭᠤᠯᠪᠠ᠃ | ᠭᠤᠷᠪᠠ ᠳᠤ ᠂ ᠠᠵᠢᠯᠯᠠᠭ᠎ᠠ ᠶᠢ ᠴᠢᠨᠠᠷᠵᠢᠭᠤᠯᠤᠨᠠ ᠃ ᠲᠣᠰᠬᠤᠨ ᠤ ᠨᠠᠮ ᠤᠨ ᠡᠭᠦᠷ ᠤᠨ ᠱᠦᠵᠢ ᠰᠢᠶᠠᠨ ᠤ | ᠵᠣᠬᠢᠶᠠᠨ ᠪᠠᠶᠢᠭᠤᠯᠤᠭᠰᠠᠨ ᠨᠠᠮ ᠤᠨ ᠭᠡᠰᠢᠭᠦᠨ ᠢ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠲᠥᠷᠥᠯ | ᠵᠦᠢᠯ ᠳᠤ ᠢᠳᠡᠪᠬᠢᠲᠡᠢ ᠣᠷᠣᠯᠴᠠᠵᠤ᠂ ᠢᠯᠠᠩᠭᠤᠶ᠎ᠠ ᠰᠢᠶᠠᠨ ᠤ ᠵᠣᠬᠢᠶᠠᠨ ᠪᠠᠶᠢᠭᠤᠯᠤᠭᠰᠠᠨ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠢᠯᠡ ᠲᠣᠳᠣ ᠠᠳᠠᠯᠢᠳᠬᠠᠬᠤ︾ ᠲᠡᠷᠢᠭᠦᠨ ᠤ ᠬᠢ ᠶᠢ | ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠵᠢᠴᠢ ︽ᠲᠠᠶᠢᠰᠠᠨ ᠤ ᠮᠥᠷᠥᠶᠢᠴᠡᠭᠡᠨ︾ ᠤ ᠤᠷᠤᠯᠳᠤᠭᠠᠨ | ᠨᠢ ᠨᠠᠮ ᠤᠨ ᠡᠭᠦᠷ ᠤᠨ ᠱᠦᠵᠢ ᠶᠢᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ | ᠬᠥᠳᠡᠯᠭᠡᠭᠦ ᠬᠦᠴᠦᠨ ᠢ ᠬᠥᠭᠵᠢᠭᠡᠵᠦ ᠂ ᠤᠷᠤᠯᠳᠤᠭᠠᠨ ᠤ ᠮᠥᠷᠥᠶᠢᠴᠡᠭᠡᠨ ᠳᠤ ᠰᠤᠷᠤᠯᠴᠠᠬᠤ ᠬᠥᠭᠡᠭᠡᠵᠦ ᠭᠦᠢᠴᠡᠬᠦ | ᠳᠠᠪᠠᠵᠤ ᠭᠠᠷᠬᠤ ᠂ ᠲᠡᠷᠢᠭᠦᠨ ᠤ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠬᠤ ᠂ ᠨᠠᠮ ᠤᠨ ᠡᠭᠦᠷ ᠤᠨ ᠱᠦᠵᠢ ᠶᠢᠨ | ᠠᠵᠢᠯ ᠬᠢᠵᠦ ᠦᠢᠯᠡᠰ ᠪᠣᠰᠬᠠᠬᠤ ᠬᠥᠳᠡᠯᠭᠡᠭᠦ ᠬᠦᠴᠦᠨ ᠢ ᠨᠡᠩ ᠭᠦᠢᠴᠡᠳ ᠪᠣᠯᠭᠠᠵᠤ ᠂ ᠬᠥᠭᠵᠢᠯᠲᠡ ᠶᠢ ᠬᠥᠲᠥᠯᠥᠨ | ᠳᠠᠭᠠᠭᠤᠯᠬᠤ ᠴᠢᠳᠠᠪᠤᠷᠢ ᠶᠢ ᠨᠡᠩ ᠴᠢᠩᠭ᠎ᠠ ᠪᠣᠯᠭᠠᠵᠠᠢ ᠃ ᠡᠭᠦᠨ ᠤ ᠬᠠᠮᠲᠤ ᠠᠳᠠᠯᠢ ᠪᠤᠰᠤ ᠬᠦᠷᠢᠶ᠎ᠡ ᠴᠠᠷᠠᠭ᠎ᠠ ᠂ | ᠠᠳᠠᠯᠢ ᠪᠤᠰᠤ ᠠᠵᠢᠯ ᠲᠦᠷᠦᠯ ᠤᠨ ᠨᠠᠮ ᠤᠨ ᠭᠡᠰᠢᠭᠦᠨ ᠤ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ ᠂ | ︽ᠡᠭᠡᠯ ᠵᠢᠷ ᠤᠨ ᠪᠠᠭᠰᠢ ︾ ᠶᠢ ᠰᠢᠯᠢᠨ ᠰᠣᠩᠭᠤᠵᠤ ᠂ ᠲᠠᠷᠢᠶᠠᠨ ᠭᠠᠵᠠᠷ ᠲᠤ ᠭᠦᠨᠵᠡᠭᠡᠶᠢᠷᠡᠵᠦ ᠂ ︽ᠨᠠᠮ ᠤᠨ | ᠬᠢᠴᠢᠶᠡᠯ ᠤᠨ ᠰᠡᠳᠦᠪ ᠳᠤᠷᠠᠳᠬᠤ︾ ᠬᠡᠯᠪᠡᠷᠢ ᠪᠠᠷ ᠨᠠᠮ ᠤᠨ ᠬᠢᠴᠢᠶᠡᠯ ᠵᠢᠭᠠᠵᠤ ᠂ ᠥᠷᠭᠡᠨ ᠤᠯᠠᠨ ᠨᠠᠮ ᠤᠨ | ᠭᠡᠰᠢᠭᠦᠨ ᠢ ᠬᠥᠲᠥᠯᠥᠨ ᠳᠠᠭᠠᠭᠤᠯᠵᠤ ᠂ ︽ᠨᠠᠳᠠ ᠶᠢ ᠰᠤᠷᠤᠯᠴᠠᠭᠤᠯᠬᠤ︾ ᠪᠠᠶᠢᠭᠰᠠᠨ ᠠᠴᠠ ︽ ᠪᠢ ᠰᠤᠷᠤᠯᠴᠠᠬᠤ︾ | ᠪᠣᠯᠭᠠᠨ ᠬᠤᠪᠢᠷᠠᠭᠤᠯᠤᠨ᠎ᠠ ᠃ ᠰᠢᠶᠠᠨ ᠤ ᠰᠢᠭᠤᠳ ᠬᠠᠷᠢᠶ᠎ᠠ ᠲᠠᠷᠢᠶᠠᠯᠠᠩ ᠤᠨ ᠰᠢᠨᠵᠢᠯᠡᠬᠦ ᠤᠬᠠᠭᠠᠨ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠵᠦᠪᠯᠡᠯ ᠂ ᠬᠠᠤᠯᠢ ᠴᠠᠭᠠᠵᠠ ᠵᠡᠷᠭᠡ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯᠲᠡᠨ ᠤ | ᠦᠢᠯᠡᠴᠢᠯᠡᠭᠡᠨ ᠤ ᠠᠩᠭᠢ ᠶᠢ ᠤᠷᠢᠵᠤ᠂ ︽ᠴᠡᠭ ᠠᠴᠠ ᠴᠡᠭ ᠲᠤ︾ ᠮᠡᠷᠭᠡᠵᠢᠯ ᠬᠦᠷᠭᠡᠵᠦ᠂ ︽ᠨᠢᠭᠤᠷᠲᠠᠨ︾ | ᠣᠨᠣᠯ ᠶᠠᠷᠢᠭᠤᠯᠵᠤ᠂ ᠨᠠᠮ ᠤᠨ ᠭᠡᠰᠢᠭᠦᠨ ᠤ ᠡᠳᠦᠷ ᠲᠤᠲᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠪᠠ ᠦᠷ᠎ᠡ | ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ ᠃ | ᠳᠥᠷᠪᠡ ᠳᠤ ᠂ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠨᠠ᠃ ᠲᠣᠰᠬᠤᠨ ᠤ ︽ᠬᠤᠶᠠᠷ ᠵᠥᠪᠯᠡᠯ︾᠂ | ᠲᠣᠰᠬᠤᠨ ᠳᠤ ᠰᠠᠭᠤᠬᠤ ᠠᠵᠢᠯᠯᠠᠬᠤ ᠠᠩᠭᠢ ᠬᠠᠷᠢᠶ᠎ᠠ ᠣᠷᠣᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠵᠢᠯ ᠤᠨ | ᠡᠴᠦᠰ ᠤᠨ ᠠᠵᠢᠯ ᠤᠨ ᠬᠢᠨᠠᠨ ᠰᠢᠯᠭᠠᠯᠲᠠ᠂ ᠲᠤᠰᠢᠶᠠᠯ ᠤᠨ ᠮᠡᠳᠡᠭᠦᠯᠦᠯᠲᠡ ᠠᠷᠢᠭᠤᠨ ᠴᠢᠬᠡᠴᠢ ᠶᠢᠨ ᠮᠡᠳᠡᠭᠦᠯᠦᠯᠲᠡ᠂ | ᠠᠷᠠᠳᠴᠢᠯᠠᠯ ᠢᠶᠠᠷ ᠰᠢᠯᠭᠠᠨ ᠦᠨᠡᠯᠡᠬᠦ ᠵᠡᠷᠭᠡ ᠶᠢ ᠥᠷᠨᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠠᠬᠢᠭᠤᠯᠤᠨ᠎ᠠ︔ ᠨᠡᠭᠦᠳᠡᠯ ᠨᠠᠮ ᠤᠨ ᠭᠡᠰᠢᠭᠦᠨ ᠲᠠᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠵᠤ ᠂ ᠬᠤᠣᠰ | ᠴᠢᠭᠯᠡᠯ ᠢᠶᠠᠷ ᠦᠢᠯᠡᠴᠢᠯᠡᠵᠦ ᠂ ᠨᠡᠭᠦᠳᠡᠯ ᠨᠢ ᠠᠯᠳᠠᠭᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ ︔ ᠪᠡᠶ᠎ᠡ | ᠮᠠᠬᠠᠪᠤᠳ ᠨᠢ ᠡᠷᠡᠭᠦᠯ ᠴᠢᠭᠢᠷᠠᠭ ᠂ ᠨᠢᠭᠡ ᠵᠦᠢᠯ ᠤᠨ ᠮᠡᠷᠭᠡᠵᠢᠯ ᠴᠢᠳᠠᠪᠤᠷᠢ ᠲᠠᠢ ᠨᠠᠮ ᠤᠨ ᠭᠡᠰᠢᠭᠦᠨ ᠳᠤ ᠠᠵᠢᠯ ᠤᠨ | ᠪᠠᠶᠢᠷᠢ ᠲᠣᠭᠲᠠᠭᠠᠨ ᠬᠠᠷᠢᠭᠤᠴᠠᠯᠭ᠎ᠠ ᠲᠣᠭᠲᠠᠭᠠᠵᠤ ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ | ᠪᠠᠳᠠᠷᠠᠭᠤᠯᠤᠨ᠎ᠠ ᠃ ᠪᠦᠬᠦ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠂ 15 | ᠨᠠᠮ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ ᠰᠦᠯᠵᠢᠶᠡᠨ ᠤ ᠲᠠᠰᠤᠯᠤᠭᠴᠢ ᠂ ᠮᠡᠳᠡᠭᠡ ᠵᠠᠩᠭᠢᠴᠢ ᠶᠢᠨ ᠲᠤᠰᠢᠶᠠᠯ ᠢ | ᠡᠭᠦᠷᠭᠡᠯᠡᠵᠦ ᠂ ᠲᠣᠰᠬᠤᠨ ᠤ ᠠᠷᠠᠳ ᠤᠨ ᠵᠥᠪᠯᠡᠯ ᠢ ᠬᠠᠮᠵᠢᠨ ᠲᠣᠰᠬᠤᠨ ᠳᠤ ᠢᠷᠡᠭᠰᠡᠨ ᠬᠥᠮᠥᠰ ᠢ ᠵᠢᠭᠰᠠᠭᠠᠨ | ᠪᠠᠶᠢᠴᠠᠭᠠᠬᠤ ᠂ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠶᠢ ᠤᠬᠠᠭᠤᠯᠬᠤ ᠂ ᠳᠤᠯᠠᠭᠠᠨ ᠤ ᠬᠡᠮᠵᠢᠶ᠎ᠡ ᠶᠢ ᠬᠡᠮᠵᠢᠨ | ᠺᠣᠳ᠋ ᠰᠢᠷᠪᠢᠬᠦ ᠵᠡᠷᠭᠡ ᠠᠵᠢᠯ ᠢ ᠰᠠᠶᠢᠲᠤᠷ ᠬᠢᠵᠦ ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ | ᠰᠦᠯᠵᠢᠶ᠎ᠡ ᠶᠢ ᠨᠢᠭᠲᠠ ᠰᠦᠯᠵᠢᠶᠡᠨ ᠤ ᠴᠢᠬᠤᠯᠠ ᠬᠦᠴᠦᠨ ᠪᠣᠯᠤᠭᠰᠠᠨ ᠪᠠᠶᠢᠨ᠎ᠠ ᠃ ᠲᠠᠪᠤ ᠳᠤ ᠂ ᠡᠬᠢ ᠪᠠᠶᠠᠯᠢᠭ ᠢ | ᠤᠶᠤᠨᠵᠢᠭᠤᠯᠤᠨᠠ᠃ ᠠᠮᠢᠵᠢᠷᠠᠯ ᠤᠨ ᠬᠦᠴᠦᠨ ᠲᠠᠢ ᠬᠤᠸᠠᠳᠧ᠂ ᠬᠤᠸᠠᠳᠧ ᠶᠢᠨ ᠵᠠᠰᠠᠭ ᠤᠨ ᠣᠷᠳᠣᠨ ᠤ | ᠨᠡᠶᠢᠲᠡᠯᠡᠯ᠂ ᠨᠠᠮ ᠤᠨ ᠪᠠᠶᠢᠭᠤᠯᠤᠯᠲᠠ ᠶᠢᠨ ᠰᠦᠯᠵᠢᠶᠡᠨ ᠤ ᠥᠷᠲᠡᠭᠡ᠂ ᠰᠤᠷᠤᠯᠴᠠᠯᠭ᠎ᠠ ᠶᠢᠨ ᠬᠦᠴᠦᠷᠬᠡᠭ ᠤᠯᠤᠰ | ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ᠂ ︽ᠣᠶᠤᠨ ᠤ ᠬᠥᠮᠦᠵᠢᠯ︾ ᠤᠨ ᠰᠢᠨ᠎ᠡ | ᠵᠠᠭᠪᠤᠷ ᠢ ᠪᠣᠶ ᠪᠣᠯᠭᠠᠵᠤ᠂ ᠭᠠᠵᠠᠷ ᠪᠣᠯᠭᠠᠨ ᠳᠤ ᠰᠤᠷᠤᠯᠴᠠᠵᠤ ᠪᠣᠯᠬᠤ᠂ ᠴᠠᠭ ᠲᠤᠬᠠᠢ ᠳᠤᠨᠢ ᠰᠤᠷᠭᠠᠨ ᠬᠥᠮᠦᠵᠢᠯ | ᠭᠥᠷᠳᠡᠬᠦ ᠶᠢ ᠪᠡᠶᠡᠯᠡᠭᠦᠯᠦᠨ᠎ᠡ ᠃ ᠣᠶᠤᠨᠴᠢᠯᠠᠭᠰᠠᠨ ᠲᠠᠪᠴᠠᠩ ᠢ ᠪᠠᠶᠢᠭᠤᠯᠤᠭᠰᠠᠨ ᠨᠢ ᠣᠷᠣᠨ ᠵᠠᠢ ᠶᠢᠨ ᠬᠠᠷᠰᠢᠯᠠᠯ ᠢ | ᠪᠦᠲᠦᠮᠵᠢᠲᠡᠢ ᠡᠪᠳᠡᠵᠦ ᠂ ᠨᠠᠮ ᠤᠨ ᠭᠡᠰᠢᠭᠦᠨ ᠤ ᠴᠠᠭ ᠲᠤᠬᠠᠢ ᠳᠤᠨᠢ ᠰᠣᠯᠢᠯᠴᠠᠬᠤ ᠶᠢ ᠲᠠᠰᠤᠷᠠᠯᠲᠠ ᠦᠭᠡᠢ | ᠴᠢᠩᠭᠠᠳᠬᠠᠭᠰᠠᠨ ᠪᠥᠭᠡᠳ ᠪᠠᠰᠠ ᠨᠠᠮ ᠤᠨ ᠭᠡᠰᠢᠭᠦᠨ ᠤ ᠰᠤᠷᠤᠯᠴᠠᠯᠭ᠎ᠠ ᠶᠢ ᠲᠥᠪᠯᠡᠷᠡᠭᠦᠯᠬᠦ ᠳᠤ ᠬᠦᠴᠢᠷ ᠂ ᠴᠠᠭ ᠢ | ᠪᠠᠲᠤᠯᠠᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ ᠃ | ᠨᠠᠮ ᠤᠨ ᠪᠠᠶᠢᠭᠤᠯᠤᠯᠲᠠ ᠬᠥᠭᠵᠢᠯ ᠮᠠᠨᠳᠤᠯ ᠤᠨ ᠵᠠᠮ ᠢᠶᠠᠷ ᠵᠠᠮᠴᠢᠯᠠᠵᠤ ᠂ ᠲᠦᠷᠦᠯ ᠵᠦᠢᠯ ᠤᠨ ᠠᠭᠤᠰᠤᠯᠴᠠᠯ ᠢ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠪᠡ ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠂ ᠲᠣᠰᠬᠤᠨ ᠤ | ︽ᠬᠤᠶᠠᠷ ᠵᠥᠪᠯᠡᠯ︾ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠲᠣᠮᠣ ᠶᠠᠪᠤᠳᠠᠯ ᠢ | ᠪᠣᠳᠠᠲᠠᠶᠢᠵᠢᠭᠤᠯᠤᠨ ᠨᠠᠷᠢᠯᠢᠭ ᠬᠢᠬᠦ ᠶᠢᠨ ᠬᠠᠮᠲᠤ ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ | ᠬᠥᠭᠵᠢᠯᠲᠡ ᠶᠢ ᠬᠥᠲᠥᠯᠥᠨ ᠳᠠᠭᠠᠭᠤᠯᠬᠤ ᠡᠨᠡᠬᠦ ︽ᠬᠥᠳᠡᠯᠭᠡᠭᠦᠷ︾ ᠢ ᠢᠮᠠᠭᠲᠠ ᠠᠳᠬᠤᠵᠤ ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠃ ᠵᠠᠮ ᠢᠶᠠᠨ ᠰᠠᠶᠢᠲᠤᠷ | ᠰᠣᠩᠭᠤᠬᠤ ᠶᠢ ᠪᠠᠷᠢᠮᠲᠠᠯᠠᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠤ ᠦᠢᠯᠡᠰ ᠤᠨ | ᠬᠥᠭᠵᠢᠯᠲᠡ ᠶᠢᠨ ᠴᠢᠭᠯᠡᠯ ᠢ ᠣᠨᠣᠪᠴᠢᠲᠠᠢ ᠡᠷᠢᠵᠦ ᠂ ᠠᠵᠤ ᠦᠢᠯᠡᠰ ᠤᠨ ᠲᠦᠷᠦᠯ ᠵᠦᠢᠯ ᠢ ᠰᠠᠶᠢᠲᠤᠷ ᠰᠣᠩᠭᠤᠵᠤ ᠂ | ᠲᠠᠷᠢᠶᠠᠯᠠᠩ ᠳᠤ ᠬᠤᠯᠪᠣᠭᠳᠠᠬᠤ ᠲᠦᠷᠦᠯ ᠵᠦᠢᠯ ᠤᠨ ᠨᠥᠭᠡᠴᠡ ᠪᠣᠯᠣᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ ᠂ ᠨᠠᠮ ᠤᠨ ᠪᠠᠶᠢᠭᠤᠯᠤᠯᠲᠠ ᠪᠣᠯᠣᠨ ᠲᠦᠷᠦᠯ ᠵᠦᠢᠯ ᠤᠨ ᠪᠡᠯᠡᠳᠬᠡᠯ ᠠᠵᠢᠯ ᠤᠨ ᠭᠦᠨᠵᠡᠭᠡᠢ | ᠠᠭᠤᠰᠤᠯᠴᠠᠯ ᠢ ᠠᠬᠢᠭᠤᠯᠬᠤ ᠬᠡᠷᠡᠭᠲᠡᠢ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠤᠨ ᠲᠣᠮᠢᠯᠠᠨ | ᠰᠠᠭᠤᠯᠭᠠᠭᠰᠠᠨ ᠨᠢᠭᠡᠳᠦᠭᠡᠷ ᠱᠦᠵᠢ ᠬᠢᠭᠡᠳ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠣᠯᠠᠨ ᠰᠠᠯᠠᠭ᠎ᠠ | ᠮᠥᠴᠢᠷ ᠤᠨ ᠨᠡᠪᠲᠡᠷᠡᠯᠴᠡᠭᠡ ᠵᠣᠬᠢᠴᠠᠭᠤᠯᠭ᠎ᠠ ᠳᠣᠣᠷ᠎ᠠ᠂ ᠲᠥᠷᠥᠯ ᠵᠦᠢᠯ ᠢᠶᠠᠷ ᠨᠢᠭᠡ ᠪᠦᠯᠦᠭ ᠢ ᠨᠥᠭᠡᠴᠡᠯᠡᠬᠦ᠂ ᠨᠢᠭᠡ | ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠠᠶᠢᠭᠤᠯᠵᠤ ᠪᠠᠶᠢᠭ᠎ᠠ᠂ ᠨᠢᠭᠡ ᠪᠦᠯᠦᠭ ᠢ ᠠᠵᠢᠯ ᠳᠠᠭᠤᠰᠬᠠᠬᠤ | ᠰᠠᠶᠢᠨ ᠣᠷᠴᠢᠯ ᠢ ᠪᠣᠶ ᠪᠣᠯᠭᠠᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ ᠂ ᠬᠥᠳᠡᠭᠡ | ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ ᠃ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ | ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠲᠤ ᠲᠣᠬᠢᠷᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ | ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ | ᠪᠣᠯᠭᠠᠬᠤ ᠶᠢ ᠪᠠᠷᠢᠮᠲᠠᠯᠠᠵᠤ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠪᠥᠬᠦ ᠲᠣᠰᠬᠤᠨ ᠤ ᠵᠠᠮ | ᠂ ᠤᠰᠤ ᠬᠠᠩᠭᠠᠬᠤ᠂ ᠨᠣᠭᠤᠭᠠᠷᠠᠭᠤᠯᠬᠤ᠂ ᠭᠡᠷᠡᠯᠲᠦᠭᠦᠯᠬᠦ ᠵᠡᠷᠭᠡ ᠳᠤ ᠣᠷᠣᠯᠴᠠᠭᠤᠯᠵᠤ᠂ ᠲᠣᠰᠬᠤᠨ ᠤ ᠠᠷᠠᠳ ᠲᠠᠢ | ᠨᠢᠭᠲᠠ ᠬᠠᠷᠢᠯᠴᠠᠭ᠎ᠠ ᠲᠠᠢ ᠭᠤᠣᠯᠳᠠᠯᠭ᠎ᠠ ᠲᠠᠢ ᠬᠦᠷᠢᠶᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠤᠷᠢᠳᠠᠪᠠᠷ ᠲᠣᠬᠢᠷᠠᠭᠤᠯᠤᠨ᠎ᠠ᠃ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠦᠭᠦᠳ ᠬᠥᠳᠡᠭᠡ ᠲᠣᠰᠬᠤᠨ ᠤ | ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ | ᠥᠷᠨᠢᠭᠦᠯᠵᠦ ᠂ ᠠᠮᠢᠳᠤᠷᠠᠯ ᠦᠢᠯᠡᠳᠪᠦᠷᠢᠯᠡᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠠᠵᠢᠯ ᠢ ᠲᠡᠭᠦᠯᠳᠡᠷᠵᠢᠭᠦᠯᠵᠦ ᠂ ᠲᠦᠷᠦᠯ ᠬᠤᠪᠢᠶᠠᠨ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ | ᠰᠢᠢᠳᠪᠦᠷᠢᠯᠡᠵᠦ ᠠᠰᠢᠭᠯᠠᠬᠤ ᠶᠢ ᠲᠦᠯᠬᠢᠨ ᠠᠬᠢᠭᠤᠯᠤᠨ᠎ᠠ ᠃ ᠵᠢᠯ ᠤᠨ ᠳᠣᠲᠣᠷ᠎ᠠ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ 4 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 307 ᠲᠦᠮᠡᠨ ᠲᠥᠭᠦᠷᠢᠭ ᠤᠨ ᠪᠡᠯᠡ | ᠣᠷᠤᠭᠤᠯᠪᠡ᠃ ᠡᠭᠦᠨ ᠠᠴᠠ ᠭᠠᠳᠠᠨ᠎ᠠ ᠪᠠᠰᠠ ᠲᠣᠰᠬᠤᠨ ᠤ ᠠᠷᠠᠳ ᠤᠨ ᠬᠦᠰᠡᠯ ᠰᠠᠨᠠᠭ᠎ᠠ ᠶᠢ ᠭᠦᠢᠴᠡᠳ | ᠬᠦᠨᠳᠦᠳᠬᠡᠵᠦ ᠂ ᠵᠣᠷᠯᠣᠩ ᠢ ᠥᠭᠡᠷᠡᠴᠢᠯᠡᠬᠦ ᠬᠠᠮᠢᠶᠠᠷᠤᠯᠲᠠ ᠶᠢᠨ ᠦᠢᠯᠡᠴᠢᠯᠡᠭᠡ ᠪᠣᠯᠣᠨ ᠠᠰᠠᠭᠤᠳᠠᠯ ᠢ ᠵᠢᠭᠰᠠᠭᠠᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ 22 ᠡᠷᠦᠬᠡ ᠶᠢᠨ | ᠵᠣᠷᠯᠣᠩ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ ᠂ ᠲᠣᠰᠬᠤᠨ ᠤ ᠳᠣᠲᠣᠷ᠎ᠠ | ᠪᠦᠬᠦᠨ ᠢ ᠬᠠᠲᠠᠭᠤᠷᠠᠭᠤᠯᠤᠭᠰᠠᠨ ᠵᠠᠮ ᠨᠠᠪᠲᠠᠷᠡᠭᠦᠯᠵᠦ ᠂ ᠡᠷᠡᠭᠦᠯ ᠬᠠᠮᠠᠭᠠᠯᠠᠯ ᠤᠨ ᠲᠠᠰᠤᠭ ᠪᠣᠯᠣᠨ ᠲᠣᠰᠬᠤᠨ ᠤ | ᠡᠮᠴᠢ ᠲᠠᠢ ᠪᠣᠯᠭᠠᠵᠤ ᠂ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠠᠢ | ᠨᠤᠷᠮ᠎ᠠ 99% ᠳᠤ ᠬᠦᠷᠭᠡᠵᠦ᠂ ᠥᠷᠭᠡᠨ ᠬᠤᠯᠪᠤᠴᠠ ᠶᠢ ᠡᠷᠦᠬᠡ ᠳᠤ ᠣᠷᠤᠭᠰᠠᠨ ᠨᠤᠷᠮ᠎ᠠ 98% ᠳᠤ ᠬᠦᠷᠴᠡᠢ ᠃ | | ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠵᠤ ᠂ ᠬᠥᠭᠵᠢᠯᠲᠡ ᠶᠢᠨ ᠦᠷ᠎ᠡ ᠪᠦᠲᠦᠭᠡᠯ ᠢ ᠲᠣᠰᠬᠤᠨ ᠤ | ᠠᠷᠠᠳ ᠤᠯᠠᠨ ᠳᠤ ᠬᠦᠷᠲᠡᠭᠡᠨ᠎ᠡ ᠃ ᠪᠦᠬᠦ ᠲᠣᠰᠬᠤᠨ ᠤ ᠲᠠᠷᠢᠶᠠᠯᠠᠩ ᠤᠨ ᠲᠠᠷᠢᠮᠠᠯ ᠤᠨ ᠡᠬᠢ ᠪᠠᠶᠠᠯᠢᠭ ᠲᠤ | ᠲᠦᠰᠢᠭᠯᠡᠨ᠂ ᠮᠠᠯ ᠠᠵᠤ ᠠᠬᠤᠢ ᠶᠢᠨ ᠲᠡᠵᠢᠭᠡᠪᠦᠷᠢ ᠶᠢᠨ ᠰᠠᠭᠤᠷᠢ ᠵᠡᠷᠭᠡ ᠬᠠᠷᠢᠴᠠᠭᠤᠯᠤᠭᠰᠠᠨ ᠳᠠᠪᠠᠭᠤᠯᠢᠭ ᠢᠶᠠᠷ ᠂ | ᠠᠮᠢ ᠠᠬᠤᠢ ᠶᠢ ᠲᠡᠷᠢᠭᠦᠨ ᠳᠤ ᠲᠠᠯᠪᠢᠬᠤ ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠬᠥᠳᠡᠭᠡ ᠲᠣᠰᠬᠤᠨ ᠤ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠵᠤ ᠂ ᠤᠰᠤ | ᠠᠷᠪᠢᠯᠠᠬᠤ ᠲᠠᠷᠢᠶᠠᠯᠠᠩ ᠂ ᠤᠰᠤ ᠬᠢᠵᠠᠭᠠᠷᠯᠠᠨ ᠲᠠᠷᠢᠬᠤ ᠶᠢ ᠶᠡᠬᠡᠪᠡᠷ ᠬᠡᠷᠡᠭᠵᠢᠭᠦᠯᠬᠦ ᠪᠠᠷ ᠳᠠᠮᠵᠢᠭᠤᠯᠵᠤ ᠂ | ᠲᠠᠷᠢᠶᠠᠯᠠᠩ ᠤᠨ ᠲᠠᠷᠢᠮᠠᠯ ᠤᠨ ᠲᠦᠷᠦᠯ ᠵᠦᠢᠯ ᠢ ᠴᠢᠨᠠᠭᠰᠢᠳᠠ ᠪᠠᠶᠠᠯᠢᠭᠵᠢᠭᠤᠯᠵᠤ ᠂ ᠲᠠᠷᠢᠶᠠᠯᠠᠩ ᠤᠨ ᠴᠢᠬᠢ | ᠪᠣᠶᠢᠵᠢᠭᠤᠯᠬᠤ ᠬᠦᠯᠡᠮᠵᠢ ᠪᠠ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠲᠣᠭᠲᠠᠮᠠᠯ | ᠳᠤᠯᠠᠭᠠᠨ ᠤ ᠬᠥᠮᠥᠷᠭᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠶᠢᠭᠤᠯᠤᠨ᠎ᠠ ︔ ᠲᠠᠷᠢᠶᠠᠯᠠᠩ ᠤᠨ | ᠪᠦᠲᠦᠭᠡᠭᠳᠡᠬᠦᠨ ᠤ ᠪᠣᠷᠤᠯᠠᠭᠤᠯᠭ᠎ᠠ ᠶᠢ ᠬᠥᠲᠥᠯᠥᠨ ᠵᠢᠯᠤᠭᠤᠳᠴᠤ ᠪᠠᠶᠢᠭᠠᠳ ᠡᠷᠬᠢᠨ ᠲᠣᠭᠤᠷᠢᠨ ᠤ ᠠᠶᠢᠮᠠᠭ ᠬᠤᠳᠠ ᠂ | ᠮᠤᠵᠢ ᠣᠷᠣᠨ ᠠᠯᠤᠰᠯᠠᠨ ᠨᠡᠩ ᠤᠯᠠᠨ ᠰᠢᠯᠵᠢᠭᠦᠯᠵᠦ ᠂ ᠲᠠᠷᠢᠶᠠᠴᠢᠳ ᠢ ᠲᠠᠶᠢᠴᠢᠯᠠᠨ ᠲᠤᠬᠠᠢ ᠶᠢᠨ ᠭᠠᠵᠠᠷ ᠲᠤᠨᠢ | ᠪᠤᠶᠤ ᠣᠶᠢᠷ᠎ᠠ ᠬᠠᠪᠢ ᠳᠤᠨᠢ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠦᠨ᠎ᠡ ᠃ ᠠᠵᠤ ᠠᠬᠤᠶᠢᠯᠠᠯ ᠤᠨ | ᠬᠥᠳᠡᠭᠡ ᠲᠣᠰᠬᠤᠨ ᠳᠤ ᠣᠴᠢᠵᠤ ᠪᠡᠯᠡ ᠣᠷᠣᠭᠤᠯᠤᠨ ᠦᠢᠯᠡᠰ ᠡᠷᠬᠢᠯᠡᠬᠦ ᠶᠢ ᠰᠢᠩᠭᠡᠬᠡᠨ ᠠᠪᠬᠤ ᠪᠠ ᠠᠮᠢᠳᠤᠯᠢᠭ | ᠪᠣᠯᠭᠠᠵᠤ ᠂ ᠡᠯ᠎ᠡ ᠲᠦᠷᠦᠯ ᠤᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ | ᠵᠠᠬᠢᠶᠠᠯᠠᠭ᠎ᠠ ᠶᠢᠨ ᠲᠠᠷᠢᠶᠠᠯᠠᠩ ᠂ ᠪᠣᠯᠪᠠᠰᠤᠷᠠᠭᠤᠯᠬᠤ ᠡᠳ᠋ ᠪᠠᠷᠠᠭᠠᠨ ᠤ ᠭᠦᠢᠯᠭᠡᠭᠡ ᠂ ᠦᠢᠯᠡᠳᠬᠦᠨ ᠤ ᠡᠵᠡᠩᠨᠡᠯᠲᠡ | ᠪᠣᠷᠣᠯᠠᠭᠤᠯᠤᠯᠲᠠ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ ᠂ ᠲᠠᠷᠢᠶᠠᠴᠢᠳ ᠲᠤ ᠠᠵᠤ | ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠯᠵᠠᠪᠤᠷᠢ ᠶᠢ ᠨᠡᠩ ᠢᠯᠡᠭᠦᠦ ᠡᠳ᠋ᠯᠡᠭᠦᠯᠦᠨ᠎ᠡ ᠃ ᠵᠢᠯ ᠤᠨ ᠳᠣᠲᠣᠷ᠎ᠠ | ᠬᠥᠳᠡᠭᠡ ᠲᠣᠰᠬᠤᠨ ᠤ ᠬᠥᠭᠵᠢᠯᠲᠡ ᠶᠢᠨ 5 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 1291.5 | ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ︔ 1 ᠲᠥᠷᠥᠯ ᠵᠦᠢᠯ ᠢ ᠨᠥᠭᠡᠴᠡᠯᠡᠵᠦ᠂ 50 ᠲᠦᠮᠡᠨ | ᠲᠥᠭᠦᠷᠢᠭ ᠤᠨ ᠪᠡᠯᠡ ᠣᠷᠣᠭᠤᠯᠤᠨ᠎ᠠ᠃ | ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ ᠂ ᠬᠥᠳᠡᠭᠡ ᠲᠣᠰᠬᠤᠨ ᠤ ᠴᠢᠳᠠᠮᠠᠭᠠᠢ ᠪᠠᠷ | ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠨᠢᠭᠡ ᠳᠤ ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠲᠣᠰᠬᠤᠨ ᠤ ᠨᠠᠮ ᠤᠨ ᠡᠭᠦᠷ ᠤᠨ ᠰᠠᠭᠤᠷᠢᠨ ᠤᠨ ᠭᠠᠵᠠᠷ ᠤᠨ ᠪᠠᠶᠢᠭᠤᠯᠤᠯᠲᠠ ᠳᠤ ᠲᠦᠰᠢᠭᠯᠡᠨ᠂ | ᠨᠠᠮ ᠤᠨ ᠪᠠᠶᠢᠭᠤᠯᠤᠯᠲᠠ ᠶᠢᠨ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ | ᠮᠠᠯᠵᠢᠬᠤ ᠲᠠᠷᠢᠶᠠᠯᠠᠬᠤ ᠣᠷᠣᠨ ᠤ ᠵᠠᠩ ᠳᠠᠳᠬᠠᠯ ᠢ ᠥᠭᠡᠷᠡᠴᠢᠯᠡᠬᠦ᠂ ᠶᠡᠭᠡ ᠪᠠᠷ ᠪᠡᠯᠡᠳᠬᠡᠨ ᠶᠡᠭᠡ ᠪᠠᠷ ᠡᠷᠭᠢᠯᠡᠬᠦ᠂ | ᠰᠤᠯᠠ ᠲᠡᠵᠢᠭᠡᠵᠦ ᠬᠦᠨᠳᠦ ᠪᠠᠷ ᠣᠷᠣᠰᠢᠭᠤᠯᠬᠤ ᠵᠡᠷᠭᠡ ᠬᠠᠭᠤᠴᠢᠨ ᠶᠣᠰᠣ ᠪᠦᠳᠦᠭᠦᠯᠢᠭ ᠵᠠᠩᠰᠢᠯ ᠢ ᠦᠷᠭᠦᠯᠵᠢᠯᠡᠨ | ᠠᠬᠢᠭᠤᠯᠤᠨ᠎ᠠ᠃ ᠲᠣᠰᠬᠤᠨ ᠤ ᠳᠣᠲᠣᠷᠠᠬᠢ ᠨᠠᠮ ᠤᠨ ᠪᠠᠶᠢᠭᠤᠯᠤᠯᠲᠠ ᠶᠢᠨ ᠤᠯᠠᠨ ᠲᠦᠮᠡᠨ ᠵᠡᠷᠭᠡ ᠠᠯᠪᠠᠨ ᠤ | ᠵᠠᠭᠤᠴᠢᠯᠠᠭᠤᠷ ᠲᠤ ᠨᠠᠮ ᠤᠨ ᠵᠣᠷᠢᠯᠲᠠ ᠶᠢ ᠪᠦᠲᠦᠮᠵᠢᠲᠡᠢ ᠤᠬᠠᠭᠤᠯᠵᠤ ᠂ ᠨᠠᠮ ᠤᠨ ᠲᠦᠷᠦ ᠶᠢᠨ ᠪᠣᠳᠣᠯᠭ᠎ᠠ ᠶᠢ | ᠳᠡᠯᠭᠡᠷᠡᠭᠦᠯᠵᠦ ᠂ ᠲᠠᠷᠢᠶᠠᠴᠢᠳ ᠤᠨ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ ᠃ ᠬᠤᠶᠠᠷ ᠲᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠶᠢᠷᠡᠭᠦᠯᠦᠨ | ᠪᠠᠬᠢᠵᠢᠭᠦᠯᠬᠦ ᠶᠢ ᠢᠮᠠᠭᠲᠠ ᠣᠨ ᠤ ᠰᠤᠷᠤᠯᠴᠠᠯᠭ᠎ᠠ ᠶᠢᠨ ᠲᠥᠯᠥᠪᠯᠡᠭᠡ ᠳᠡᠭᠡᠨ ᠣᠷᠣᠭᠤᠯᠵᠤ ᠂ ᠳᠤᠮᠳᠠᠳᠤ ᠶᠢᠨ | ᠦᠨᠳᠦᠰᠦᠲᠡᠨ ᠤ ᠲᠡᠦᠬᠡ ᠶᠢᠨ ᠦᠵᠡᠯᠲᠡ ᠶᠢᠨ ᠬᠥᠮᠦᠵᠢᠯ ᠢ ᠴᠢᠩᠭᠠᠳᠬᠠᠵᠤ ᠂ ᠲᠠᠷᠢᠶᠠᠴᠢᠨ ᠲᠦᠮᠡᠨ ᠤ | ᠳᠤᠮᠳᠠᠳᠤ ᠶᠢᠨ ᠦᠨᠳᠦᠰᠦᠲᠡᠨ ᠢ ᠮᠡᠳᠡᠷᠡᠬᠦ ᠰᠡᠳᠬᠢᠯᠭᠡ ᠂ ᠬᠠᠷᠢᠶᠠᠯᠠᠭᠳᠠᠬᠤ ᠰᠡᠳᠬᠢᠯᠭᠡ ᠂ ᠣᠮᠣᠭᠰᠢᠯᠲᠤ | ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠦᠨ᠎ᠡ ᠃ ᠭᠤᠷᠪᠠ ᠳᠤ ᠂ ᠬᠥᠳᠡᠭᠡ | ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠶᠢ ᠲᠦᠯᠬᠢᠨ ᠠᠬᠢᠭᠤᠯᠤᠨ᠎ᠠ ᠃ ᠡᠯ᠎ᠡ | ᠭᠠᠵᠠᠷ ᠤᠨ ᠠᠮᠵᠢᠯᠲᠠ ᠲᠠᠢ ᠲᠤᠷᠰᠢᠯᠭ᠎ᠠ ᠪᠣᠯᠣᠨ ᠨᠡᠶᠢᠲᠡᠯᠢᠭ ᠵᠢᠱᠢᠶ᠎ᠡ ᠶᠢ ᠰᠤᠷᠤᠯᠴᠠᠨ ᠲᠣᠯᠢᠳᠠᠬᠤ ᠶᠢᠨ ᠬᠠᠮᠲᠤ ᠂ | ᠲᠣᠰᠬᠤᠨ ᠤ ᠠᠷᠠᠳ ᠤᠨ ᠳᠣᠲᠣᠭᠠᠳᠤ ᠳᠤ ︽ᠤᠳᠤᠨ ᠲᠡᠰ ᠤᠨ ᠭᠡᠷ ᠪᠦᠯᠢ︾ ᠂ ︽ᠦᠵᠡᠰᠬᠦᠯᠡᠩᠲᠦ ᠰᠠᠶᠢᠬᠠᠨ ᠭᠡᠷ | ᠬᠦᠷᠢᠶᠡᠯᠡᠩ︾ ᠵᠡᠷᠭᠡ ᠠᠳᠠᠯᠢᠳᠬᠠᠨ ᠰᠢᠯᠭᠠᠷᠠᠭᠤᠯᠬᠤ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠶᠡᠬᠡᠪᠡᠷ | ᠥᠷᠨᠢᠭᠦᠯᠵᠦ ᠂ ᠨᠡᠶᠢᠲᠡᠯᠢᠭ ᠵᠢᠱᠢᠶ᠎ᠡ ᠪᠠᠷ ᠠᠮᠤᠷ ᠠᠮᠤᠭᠤᠯᠠᠩ ᠬᠠᠤᠯᠢᠵᠢᠯ ᠤᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ ᠂ ᠡᠶ᠎ᠡ ᠵᠣᠬᠢᠴᠠᠩᠭᠤᠢ ᠭᠡᠷ ᠣᠷᠣᠨ ᠢ ᠡᠭᠦᠳᠦᠨ ᠪᠠᠶᠢᠭᠤᠯᠬᠤ ᠶᠢ ᠬᠥᠲᠥᠯᠥᠨ | ᠳᠠᠭᠠᠭᠤᠯᠤᠨ᠎ᠠ ᠃ | ᠨᠠᠮ ᠤᠨ ᠪᠠᠶᠢᠭᠤᠯᠤᠯᠲᠠ ᠨᠢ ᠳᠦᠷᠢ ᠲᠥᠷᠬᠦ ᠶᠢ ᠱᠤᠭᠤᠬᠤ ᠂ ᠰᠣᠶᠣᠯ ᠢᠷᠭᠡᠨᠰᠢᠯ ᠤᠨ ᠦᠢᠯᠡᠳᠦᠯᠭᠡ ᠶᠢᠨ | ᠵᠠᠮ ᠤᠨ ᠰᠢᠨ᠎ᠡ ᠶᠢ ᠡᠭᠦᠳᠬᠦ ᠶᠢ ᠬᠦᠲᠦᠯᠦᠨ ᠳᠠᠭᠠᠭᠤᠯᠤᠨ᠎ᠠ᠃ ᠴᠠᠭ ᠬᠤᠭᠤᠴᠠᠭᠠᠨ ᠤ ᠵᠠᠮ ᠮᠥᠷ ᠢᠶᠠᠷ | ᠰᠠᠶᠢᠨᠪᠤᠯᠤᠩ ᠰᠢᠶᠠᠩ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠰᠤᠳᠠᠰᠤ ᠶᠢ ᠡᠮᠬᠢᠯᠡᠨ᠎ᠡ᠄ ᠴᠢᠩ | ᠰᠡᠳᠬᠢᠯ ᠤᠨ ᠬᠦᠰᠡᠯ ᠨᠠᠶᠢᠳᠠᠯᠭ᠎ᠠ ᠴᠢᠬᠢᠨ ᠤ ᠬᠠᠵᠠᠭᠤ ᠳᠤ ᠳᠠᠭᠤᠷᠢᠰᠴᠤ᠂ ᠤᠷᠤᠭᠰᠢᠯᠠᠯᠲᠠ ᠶᠢᠨ ᠬᠥᠳᠡᠯᠭᠡᠭᠦ | ᠬᠦᠴᠦᠨ ᠪᠣᠯᠪᠠ︔ ᠲᠣᠭᠲᠠᠴᠠ ᠶᠢᠨ ᠰᠦᠪᠡᠭᠴᠢᠯᠡᠯᠲᠡ ᠶᠢᠨ ᠠᠯᠬᠤᠮ ᠦᠷᠭᠦᠯᠵᠢᠯᠡᠨ ᠲᠦᠷᠭᠡᠳᠴᠦ ᠂ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠪᠤᠢ ᠪᠣᠯᠪᠠ ︔ ︽ᠠᠭᠤᠯᠠ ᠶᠢ ᠣᠯᠵᠤ | ᠬᠠᠷᠠᠬᠤ ᠂ ᠨᠣᠭᠤᠭᠠᠨ ᠥᠩᠭᠡ ᠶᠢ ᠣᠯᠵᠤ ᠬᠠᠷᠠᠬᠤ ᠂ ᠨᠤᠲᠤᠭ ᠤᠨ ᠮᠥᠷᠥᠭᠡᠳᠦᠯ ᠢ ᠴᠡᠭᠡᠵᠢᠯᠡᠵᠦ ᠳᠡᠶᠢᠯᠬᠦ ︾ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠵᠤ ᠂ ᠲᠠᠷᠢᠶᠠᠴᠢᠨ ᠲᠦᠮᠡᠨ ᠤ ᠬᠦᠷᠲᠡᠮᠵᠢ ᠶᠢᠨ | ᠲᠥᠷᠥᠭᠳᠡᠯ ᠂ ᠵᠣᠯ ᠵᠢᠷᠭᠠᠯ ᠤᠨ ᠲᠥᠷᠥᠭᠳᠡᠯ ᠤᠨ ᠬᠦᠷᠳᠦ ᠶᠢ ᠬᠦᠴᠦᠯᠡᠨ ᠤᠷᠤᠭᠰᠢᠯᠠᠭᠤᠯᠤᠨ᠎ᠠ᠃ | ᠨᠢᠭᠡ ᠳᠤ ᠂ ᠵᠣᠬᠢᠶᠠᠨ ᠪᠠᠶᠢᠭᠤᠯᠤᠯᠲᠠ ᠶᠢ ᠬᠤᠯᠪᠤᠭᠠᠯᠠᠨ ᠪᠠᠶᠢᠭᠤᠯᠵᠤ ᠂ ︽ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ︾ ᠶᠢ ᠪᠠᠳᠠᠷᠠᠭᠤᠯᠤᠨ᠎ᠠ ᠃ ᠲᠣᠰᠬᠤᠨ ᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ ᠂ ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ ᠵᠡᠷᠭᠡ ᠲᠣᠰᠬᠤᠨ ᠤ | ᠳᠡᠰ ᠤᠨ ᠬᠡᠷᠡᠭ ᠶᠠᠪᠤᠳᠠᠯ ᠢ ᠢᠯᠡ ᠪᠣᠯᠭᠠᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ ᠂ ᠲᠣᠰᠬᠤᠨ ᠤ ᠳᠣᠲᠣᠷᠠᠬᠢ | ᠰᠠᠭᠤᠷᠢ ᠲᠥᠬᠦᠭᠡᠷᠦᠮᠵᠢ ᠂ ᠠᠵᠤ ᠦᠢᠯᠡᠰ ᠤᠨ ᠲᠦᠷᠦᠯ ᠵᠦᠢᠯ ᠂ ᠬᠠᠮᠲᠤ ᠶᠢᠨ ᠡᠳ᠋ ᠬᠥᠷᠥᠩᠭᠡ ᠂ ᠠᠵᠢᠯᠲᠠᠨ ᠤ | ᠶᠠᠪᠤᠳᠠᠯ ᠤᠨ ᠲᠣᠮᠢᠯᠠᠵᠤ ᠪᠠᠭᠤᠯᠭᠠᠬᠤ ᠵᠡᠷᠭᠡ ᠴᠢᠬᠤᠯᠠ ᠬᠡᠷᠡᠭ ᠶᠠᠪᠤᠳᠠᠯ ᠪᠦᠬᠦᠨ ᠢ ᠴᠥᠮ ᠡᠷᠬᠡᠪᠰᠢ ᠵᠠᠰᠠᠭ ᠤᠨ | ᠶᠠᠪᠤᠳᠠᠯ ᠤᠨ ᠪᠤᠯᠤᠩ ᠳᠤ ᠢᠯᠡ ᠨᠡᠶᠢᠲᠡᠯᠡᠵᠦ ᠢᠯᠡ ᠪᠣᠯᠭᠠᠬᠤ ᠶᠢ ᠬᠡᠷᠡᠭᠵᠢᠭᠦᠯᠵᠦ ᠂ ᠲᠣᠰᠬᠤᠨ ᠤ ᠠᠷᠠᠳ ᠤᠯᠠᠨ ᠤ | ᠬᠢᠨᠠᠯᠲᠠ ᠶᠢ ᠥᠷᠭᠡᠨ ᠢᠶᠠᠷ ᠬᠦᠯᠢᠶᠡᠵᠦ ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ᠦᠨᠳᠦᠰᠦᠨ ᠱᠠᠲᠤᠨ ᠤ ᠵᠠᠰᠠᠯᠲᠠ ᠶᠢᠨ ᠳᠤᠮᠳᠠ ᠲᠦᠷᠦᠭᠦᠨ ᠳᠤᠨᠢ ᠶᠠᠪᠤᠭᠤᠯᠤᠨ᠎ᠠ᠃ | ᠬᠤᠶᠠᠷ ᠲᠤ ᠂ ᠠᠮᠢ ᠠᠬᠤᠢ ᠶᠢ ᠬᠤᠯᠪᠤᠭᠠᠯᠠᠨ ᠵᠠᠰᠠᠵᠤ ᠂ ︽ᠨᠣᠭᠤᠭᠠᠨ ᠥᠩᠭᠡ ᠶᠢᠨ ᠰᠠᠭᠤᠷᠢ ᠬᠠᠪᠲᠠᠰᠤ︾ ᠶᠢ | ᠵᠤᠵᠠᠭᠠᠳᠬᠠᠨ᠎ᠠ ᠃ ᠨᠠᠮ ᠤᠨ ᠡᠭᠦᠷ ᠢᠶᠠᠷ ᠳᠠᠭᠠᠭᠤᠯᠤᠭᠰᠠᠨ ︽ᠨᠠᠮ ᠤᠨ ᠭᠡᠰᠢᠭᠦᠨ + ᠰᠦᠯᠵᠢᠶᠡᠨ ᠤ ᠠᠵᠢᠯᠲᠠᠨ + | ᠲᠣᠰᠬᠤᠨ ᠤ ᠠᠷᠠᠳ︾ ᠤᠨ ᠰᠦᠯᠵᠢᠶᠡᠨ ᠤ ᠰᠢᠰᠲ᠋ᠧᠮ ᠢ ᠪᠠᠶᠢᠭᠤᠯᠵᠤ᠂ ᠲᠣᠰᠬᠤᠨ ᠤ ︽ᠬᠤᠶᠠᠷ ᠵᠥᠪᠯᠡᠯ︾᠂ | ᠲᠣᠰᠬᠤᠨ ᠳᠤ ᠰᠠᠭᠤᠭ᠎ᠠ ᠠᠩᠭᠢ ᠶᠢᠨ ᠨᠠᠮ ᠤᠨ ᠭᠡᠰᠢᠭᠦᠨ ᠤ ᠡᠯ᠎ᠡ ᠵᠦᠢᠯ ᠤᠨ ᠰᠠᠶᠢᠨ ᠳᠤᠷ᠎ᠠ ᠶᠢᠨ ᠠᠵᠢᠯᠯᠠᠭ᠎ᠠ | ᠳᠤᠮᠳᠠᠬᠢ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ᠂ ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠡᠮᠵᠢᠨ᠂ ᠤᠯᠠᠨ ᠲᠦᠮᠡᠨ ᠤ | ︽ᠥᠪᠡᠷ ᠤᠨ ᠶᠠᠪᠤᠳᠠᠯ ᠢᠶᠠᠨ ᠥᠪᠡᠷ ᠢᠶᠠᠨ ᠬᠢᠵᠦ ᠂ ᠥᠪᠡᠷ ᠤᠨ ᠭᠡᠷ ᠣᠷᠣᠨ ᠢᠶᠠᠨ ᠥᠪᠡᠷ ᠢᠶᠠᠨ ᠪᠠᠶᠢᠭᠤᠯᠬᠤ ︾ | ᠡᠵᠡᠨ ᠬᠥᠮᠥᠨ ᠤ ᠤᠬᠠᠮᠰᠠᠷ ᠢ ᠬᠥᠭᠵᠢᠭᠡᠵᠦ ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ | ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ ᠂ ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ | ᠲᠦᠷᠦᠭᠦᠯᠡᠨ ᠭᠦᠢᠴᠡᠳᠬᠡᠵᠦ ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠲᠠᠶᠢᠴᠢᠯᠠᠵᠦ ᠪᠠᠶᠢᠭᠠᠳ ᠣᠷᠣᠰᠢᠨ | ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠠᠯᠬᠤᠮ ᠠᠯᠬᠤᠮ ᠢᠶᠠᠷ ᠪᠦᠲᠦᠭᠡᠨ ᠪᠠᠶᠢᠭᠤᠯᠵᠤ ᠂ ︽ᠨᠠᠮ ᠤᠨ ᠭᠡᠰᠢᠭᠦᠨ ᠲᠦᠷᠦᠭᠦᠯᠡᠨ ᠤᠯᠠᠨ ᠲᠦᠮᠡᠨ | ᠮᠠᠭᠲᠠᠨ ᠰᠠᠶᠢᠰᠢᠶᠠᠵᠤ ᠂ ᠠᠷᠠᠳ ᠤᠯᠠᠨ ᠨᠠᠮ ᠤᠨ ᠭᠡᠰᠢᠭᠦᠨ ᠢᠶᠠᠨ ᠲᠠᠭᠠᠵᠥ ᠠᠵᠢᠯᠯᠠᠬᠤ ︾ ᠠᠮᠢᠳᠤᠯᠢᠭ ᠪᠠᠶᠢᠳᠠᠯ ᠢ | ᠪᠡᠶᠡᠯᠡᠭᠦᠯᠦᠨ᠎ᠡ᠃ | ᠭᠤᠷᠪᠠ ᠳᠤ ᠂ ᠰᠣᠶᠣᠯ ᠢᠶᠠᠷ ᠬᠦᠴᠦᠨ ᠨᠡᠮᠡᠷᠢᠯᠡᠵᠦ᠂ ᠣᠶᠤᠨ ᠰᠠᠨᠠᠭ᠎ᠠ ᠶᠢ ᠨᠢ ᠪᠠᠶᠠᠯᠢᠭᠵᠢᠭᠤᠯᠤᠨ᠎ᠠ᠃ | ᠲᠣᠰᠬᠤᠨ ᠤ ᠨᠠᠮ ᠤᠨ ᠡᠭᠦᠷ ᠠᠴᠠ ᠰᠣᠶᠣᠯ ᠴᠡᠩᠭᠡᠯ ᠤᠨ ᠵᠥᠭᠡᠯᠡᠨ ᠬᠠᠲᠠᠭᠤ ᠬᠡᠷᠡᠭᠰᠡᠯ ᠤᠨ ᠪᠠᠶᠢᠭᠤᠯᠤᠯᠲᠠ ᠶᠢ | ᠶᠡᠬᠡᠪᠡᠷ ᠬᠡᠷᠡᠭᠵᠢᠭᠦᠯᠵᠦ ᠂ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠲᠠᠯᠠᠪᠠᠢ ᠂ ᠰᠣᠶᠣᠯ ᠤᠨ ᠠᠵᠢᠯᠯᠠᠭᠠᠨ ᠤ ᠦᠷᠦᠭᠡ ᠂ | ᠲᠠᠯ᠎ᠠ ᠨᠤᠲᠤᠭ ᠤᠨ ᠨᠣᠮ ᠤᠨ ᠦᠷᠦᠭᠡ ᠶᠢ ᠪᠠᠶᠠᠯᠢᠭᠵᠢᠭᠤᠯᠬᠤ ᠵᠡᠷᠭᠡ ᠨᠡᠶᠢᠲᠡ ᠶᠢᠨ ᠠᠰᠠᠷᠠᠮᠵᠢ ᠶᠢᠨ | ᠲᠥᠬᠦᠭᠡᠷᠦᠮᠵᠢ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠪᠠᠷ ᠲᠥᠯᠥᠪᠵᠢᠭᠦᠯᠦᠨ ᠪᠠᠶᠢᠭᠤᠯᠵᠤ ᠂ | ᠲᠣᠰᠬᠤᠨ ᠤ ᠠᠷᠠᠳ ᠤᠨ ᠥᠪᠡᠷ ᠤᠨ ᠶᠠᠩᠭᠠᠷ ᠪᠥᠵᠢᠭ ᠤᠨ ᠠᠩᠭᠢ ᠂ ᠲᠠᠯᠠᠪᠠᠢ ᠶᠢᠨ ᠪᠥᠵᠢᠭ ᠤᠨ ᠠᠩᠭᠢ ᠶᠢ | ᠵᠣᠬᠢᠶᠠᠨ ᠪᠠᠶᠢᠭᠤᠯᠵᠤ ᠂ ᠠᠳᠠᠯᠢ ᠪᠤᠰᠤ ᠨᠠᠰᠤᠨ ᠤ ᠲᠣᠰᠬᠤᠨ ᠤ ᠠᠷᠠᠳ ᠤᠨ ᠰᠡᠯᠡᠭᠦᠴᠡᠯ ᠂ ᠪᠡᠶ᠎ᠡ ᠴᠢᠭᠢᠷᠠᠭᠵᠢᠭᠤᠯᠬᠤ | ᠪᠠ ᠵᠤᠭ᠎ᠠ ᠴᠡᠩᠭᠡᠯ ᠤᠨ ᠬᠡᠷᠡᠭᠴᠡᠭᠡ ᠶᠢ ᠬᠠᠩᠭᠠᠨ᠎ᠠ ᠃ ᠡᠭᠦᠨ ᠤ ᠬᠠᠮᠲᠤ ᠰᠣᠶᠣᠯ ᠵᠤᠭᠠᠴᠠᠯ ᠤᠨ ᠰᠠᠯᠠᠭ᠎ᠠ | ᠮᠥᠴᠢᠷ ᠤᠨ ᠬᠢᠨ ᠰᠢ ᠵᠦᠴᠦᠭᠡ ᠶᠢ ᠬᠥᠳᠡᠭᠡ ᠬᠦᠷᠭᠡᠬᠦ᠂ ᠺᠢᠨᠣ᠋ ᠶᠢ ᠬᠥᠳᠡᠭᠡ ᠬᠦᠷᠭᠡᠬᠦ᠂ ᠨᠣᠮ ᠪᠢᠴᠢᠭ ᠢ ᠬᠥᠳᠡᠭᠡ | ᠬᠦᠷᠭᠡᠬᠦ ᠨᠢ ᠨᠢᠭᠡᠨᠲᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢᠨ ᠬᠤᠷᠢᠶᠠᠩᠭᠤᠢ ᠳᠦᠷᠰᠦ ᠪᠣᠯᠤᠭᠰᠠᠨ | ᠪᠠᠶᠢᠨ᠎ᠠ᠃ ᠪᠦᠬᠦ ᠲᠣᠰᠬᠤᠨ ᠢ ᠬᠠᠮᠤᠷᠤᠭᠰᠠᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠦᠷᠢᠶ᠎ᠡ | ᠠᠭᠠᠵᠢᠮ ᠢᠶᠠᠷ ᠪᠦᠷᠢᠯᠳᠦᠵᠦ᠂ ᠲᠣᠰᠬᠤᠨ ᠤ ᠠᠷᠠᠳ ᠥᠪᠡᠷ ᠤᠨ ᠡᠭᠦᠳᠡᠨ ᠳᠡᠭᠡᠷ᠎ᠡ ᠪᠠᠨ ᠣᠷᠣᠨ ᠨᠤᠲᠤᠭ ᠤᠨ | ᠣᠨᠴᠠᠯᠢᠭ ᠪᠦᠬᠦᠢ ᠰᠣᠶᠣᠯ ᠢ ᠳᠡᠯᠭᠡᠨ ᠦᠵᠡᠭᠦᠯᠬᠦ᠂ ᠲᠤᠬᠠᠢ ᠶᠢᠨ ᠭᠠᠵᠠᠷ ᠤᠨ ᠶᠣᠰᠣ ᠮᠣᠷᠠᠯ ᠤᠨ ᠵᠢᠱᠢᠶᠡᠴᠢ ᠶᠢᠨ | ᠨᠡᠶᠢᠲᠡᠯᠢᠭ ᠵᠢᠱᠢᠶ᠎ᠡ ᠶᠢ ᠤᠬᠠᠭᠤᠯᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ | ᠪᠠᠳᠠᠷᠠᠭᠤᠯᠬᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠵᠤ ᠪᠣᠯᠣᠨ᠎ᠠ᠃ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠳ ᠢ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠲᠣᠰᠬᠤᠨ ᠤ | ᠠᠷᠠᠳ ᠰᠤᠯᠠ ᠰᠡᠯᠡᠭᠦᠦ ᠴᠠᠭ ᠢᠶᠠᠷ ᠢᠶᠠᠨ ᠲᠧᠯᠸᠢᠰ ᠦᠵᠡᠬᠦ ᠂ ᠮᠠᠵᠢᠶᠠᠩ ᠨᠠᠭᠠᠳᠬᠤ ᠂ ᠵᠣᠭᠤᠭᠳᠠᠬᠤ ᠳᠤ ᠯᠠ | ᠬᠢᠵᠠᠭᠠᠷᠯᠠᠭᠳᠠᠬᠤ ᠪᠢᠰᠢ ᠂ ᠬᠠᠷᠢᠨ ᠨᠡᠩ ᠥᠨᠳᠥᠷ ᠲᠡᠰ ᠳᠠᠪᠬᠤᠷᠭ᠎ᠠ ᠶᠢᠨ ᠰᠣᠶᠣᠯ ᠲᠠᠮᠢᠷ ᠤᠨ ᠠᠮᠢᠳᠤᠷᠠᠯ ᠢ | ᠬᠥᠭᠡᠭᠡᠴᠡᠯᠳᠦᠬᠦ ᠪᠣᠯᠣᠨ᠎ᠠ ᠂ ᠡᠨᠡᠬᠦ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠨᠢ ᠬᠥᠳᠡᠭᠡ ᠲᠣᠰᠬᠤᠨ ᠤ | ᠪᠣᠯᠪᠠᠰᠤᠨ ᠬᠡᠪ ᠰᠤᠷᠲᠠᠯ ᠢ ᠪᠤᠢ ᠪᠣᠯᠭᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ | ᠨᠡᠮᠡᠷᠢᠯᠡᠵᠦ ᠪᠠᠶᠢᠨ᠎ᠠ ᠃ | ᠶᠠᠭ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠠᠩ ᠯᠢ ᠶᠢᠨ ᠬᠡᠯᠡᠭᠰᠡᠨᠴᠢᠯᠡᠨ᠂ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠣᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠠᠬᠢᠭᠤᠯᠵᠤ ᠂ ᠵᠡᠷᠭᠡᠪᠡᠷ ᠬᠦᠴᠦᠯᠡᠬᠦ ᠶᠢ ᠠᠬᠢᠭᠤᠯᠵᠤ ᠂ | ᠬᠠᠷᠢᠯᠴᠠᠨ ᠠᠭᠤᠰᠤᠯᠴᠠᠵᠤ ᠬᠠᠮᠲᠤᠪᠠᠷ ᠤᠷᠤᠭᠰᠢᠯᠠᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠰᠠᠶᠢᠲᠤᠷ ᠬᠢᠬᠦ ᠶᠢᠨ ᠤᠷᠢᠲᠠᠯ ᠪᠠ ᠰᠠᠭᠤᠷᠢ ᠪᠣᠯᠣᠨ᠎ᠠ ᠃ ᠲᠣᠰᠬᠤᠨ ᠤ ︽ᠬᠤᠶᠠᠷ ᠵᠥᠪᠯᠡᠯ︾ ᠤᠨ ᠬᠢᠨ ᠬᠥᠳᠡᠭᠡ | ᠲᠣᠰᠬᠤᠨ ᠤ ᠯᠤᠲᠤ ᠶᠡᠭᠡ ᠬᠤᠪᠢᠷᠠᠯᠲᠠ ᠶᠢᠨ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠂ | ︽ᠠᠵᠤ ᠦᠢᠯᠡᠰ ᠲᠠᠢ ᠂ ᠦᠨ᠎ᠡ ᠦᠷᠳᠡᠭ ᠲᠠᠢ ᠂ ᠨᠤᠲᠤᠭ ᠤᠨ ᠬᠠᠶᠢᠷ᠎ᠠ ᠰᠡᠳᠬᠢᠯᠭᠡ ᠲᠠᠢ ᠂ ᠠᠮᠢᠵᠢᠷᠠᠯ ᠤᠨ | ᠬᠦᠴᠦᠨ ᠲᠠᠢ ᠂ ᠪᠤᠶᠠᠨ ᠵᠢᠷᠭᠠᠯ ᠲᠠᠢ ︾ ᠠᠮᠢᠳᠤᠯᠢᠭ ᠵᠢᠷᠤᠭ ᠲᠥᠰᠥᠪ ᠰᠠᠶᠢᠨᠪᠤᠯᠤᠩ ᠲᠣᠰᠬᠤᠨ ᠳᠤ ᠠᠭᠠᠵᠢᠮ ᠢᠶᠠᠷ | ᠣᠶᠢᠷᠠᠲᠤᠵᠠᠢ ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠳᠠᠰᠤᠷᠠᠯᠳᠠ ᠦᠭᠡᠢ ᠨᠢᠭᠲᠠᠷᠠᠭᠤᠯᠪᠠᠯ ᠂ ᠬᠥᠭᠵᠢᠭᠦᠯᠦᠨ | ᠮᠠᠨᠳᠤᠭᠤᠯᠬᠤ ︽ᠠᠤᠭ᠎ᠠ ᠲᠥᠰᠥᠪ ︾ ᠢ ᠪᠣᠳᠠᠲᠤ ᠠᠬᠤᠢ ᠶᠢᠨ ︽ᠵᠢᠷᠤᠭ ᠲᠥᠯᠥᠪ ︾ ᠪᠣᠯᠭᠠᠨ ᠬᠤᠪᠢᠷᠠᠭᠤᠯᠬᠤ ᠶᠢ | ᠢᠲᠡᠭᠡᠵᠦ ᠪᠠᠶᠢᠨ᠎ᠠ ᠭᠡᠵᠦ ᠭᠡᠪᠡ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | |