| ᠬᠤᠸᠠᠳᠧ ᠵᠠᠰᠠᠭ ᠠᠯᠪᠠᠨ ᠲᠠᠷᠬᠠᠭᠠᠭᠰᠠᠨ 〔2022〕 28 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠢ ᠨᠦᠭᠦᠳ ᠲᠤ ᠄ | ︽ᠬᠤᠸᠠᠳᠧ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ | ᠲᠥᠰᠥᠯ︾ ᠢ ᠰᠢᠶᠠᠨ ᠤ ᠵᠠᠰᠠᠭ ᠤᠨ ᠣᠷᠳᠣᠨ ᠤ 2022 ᠣᠨ ᠤ ᠶᠢᠰᠦᠳᠦᠭᠡᠷ ᠤᠳᠠᠭ᠎ᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠠᠴᠠ ᠨᠢᠭᠡᠨᠲᠡ ᠰᠤᠳᠤᠯᠤᠨ ᠪᠠᠲᠤᠯᠠᠪᠠ ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ | ᠬᠢᠨᠠᠮᠠᠭᠠᠢ ᠰᠠᠶᠢᠲᠤᠷ ᠠᠳᠬᠤᠬᠤ ᠪᠣᠯᠪᠠᠤ ᠃ | ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | 2022 ᠣᠨ ᠤ 8 ᠰᠠᠷ᠎ᠠ ᠶᠢᠨ 15 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠬᠤᠸᠠᠳᠧ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ | ᠲᠥᠰᠥᠯ | ᠨᠢᠭᠡ ᠂ ᠶᠡᠷᠦᠩᠬᠡᠢ ᠳᠦᠷᠢᠮ | ︵ᠨᠢᠭᠡ︶ ᠨᠠᠶᠢᠷᠠᠭᠤᠯᠤᠭᠰᠠᠨ ᠵᠣᠷᠢᠯᠭ᠎ᠠ | ᠭᠡᠨᠡᠳᠲᠡ ᠡᠭᠦᠰᠦᠭᠰᠡᠨ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠠᠷᠭᠠᠴᠠᠬᠤ ᠠᠪᠤᠷᠠᠨ ᠲᠤᠰᠠᠯᠠᠬᠤ ᠰᠢᠰᠲ᠋ᠧᠮ | ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠠᠵᠢᠯᠯᠠᠭ᠎ᠠ ᠶᠢ ᠵᠢᠷᠤᠮᠵᠢᠭᠤᠯᠤᠨ ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠳᠠᠪᠤᠷᠢ ᠶᠢ | ᠳᠡᠭᠡᠭᠰᠢᠯᠡᠭᠦᠯᠵᠦ ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠵᠤ ᠂ ᠭᠠᠮᠰᠢᠭᠳᠠᠭᠰᠠᠨ ᠣᠷᠣᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ ᠃ | ︵ᠬᠤᠶᠠᠷ︶ ᠨᠠᠶᠢᠷᠠᠭᠤᠯᠤᠭᠰᠠᠨ ᠦᠨᠳᠦᠰᠦᠯᠡᠯ | ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ | ᠠᠷᠭᠠᠴᠠᠬᠤ ᠬᠠᠤᠯᠢ︾ ᠂ ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾ ᠂ ︽ᠪᠠᠶᠢᠭᠠᠯᠢ ᠶᠢᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠵᠠᠶᠢᠯᠠᠬᠤ ᠳᠤᠮᠳᠠᠬᠢ ᠬᠥᠮᠥᠰ ᠢ ᠠᠯᠪᠠᠳᠠᠯᠭ᠎ᠠ ᠪᠠᠷ | ᠰᠢᠯᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠂ | ︽ᠬᠤᠸᠠᠳᠧ ᠰᠢᠶᠠᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠶᠡᠷᠦᠩᠬᠡᠢ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠦᠰᠦᠯ︾ ᠵᠡᠷᠭᠡ᠃ | ︵ᠭᠤᠷᠪᠠ︶ ᠬᠡᠷᠡᠭᠯᠡᠬᠦ ᠬᠡᠪᠴᠢᠶ᠎ᠡ | ᠲᠤᠰ ᠪᠡᠯᠡᠳᠬᠡᠯ ᠲᠥᠰᠥᠯ ᠢ ᠮᠠᠨ ᠤ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠶᠢᠭᠠᠯᠢ ᠶᠢᠨ | ᠭᠠᠮᠰᠢᠭ ᠭᠠᠷᠤᠭᠰᠠᠨ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ | ᠬᠡᠷᠡᠭᠯᠡᠨ᠎ᠡ ᠃ | ᠪᠠᠶᠢᠭᠠᠯᠢ ᠶᠢᠨ ᠭᠠᠮᠰᠢᠭ ᠡᠭᠦᠰᠦᠭᠰᠡᠨ ᠤ ᠲᠠᠷᠠᠭ᠎ᠠ ᠂ ᠡᠯ᠎ᠡ ᠰᠢᠶᠠᠩ ᠪᠠᠯᠭᠠᠰᠤ ᠪᠠᠶᠢᠳᠠᠯ ᠢ ᠦᠵᠡᠵᠦ ᠪᠠᠶᠢᠭᠠᠳ | ᠲᠤᠰ ᠱᠠᠲᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠥᠯ ᠢ ᠡᠬᠢᠯᠡᠭᠦᠯᠦᠨ᠎ᠡ᠃ | ᠪᠤᠰᠤᠳ ᠲᠥᠷᠥᠯ ᠬᠡᠯᠪᠡᠷᠢ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠭᠠᠷᠪᠠᠯ᠂ ᠬᠡᠷᠡᠭᠴᠡᠭᠡ ᠪᠠᠨ | ᠦᠨᠳᠦᠰᠦᠯᠡᠨ ᠲᠣᠰ ᠪᠡᠯᠡᠳᠬᠡᠯ ᠲᠥᠰᠥᠯ ᠢᠶᠠᠷ ᠯᠠᠪᠯᠠᠯᠲᠠ ᠪᠣᠯᠭᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠠᠵᠢᠯ ᠢ ᠥᠷᠨᠢᠭᠦᠯᠵᠦ ᠪᠣᠯᠣᠨ᠎ᠠ᠃ | ︵ᠳᠥᠷᠪᠡ︶ ᠠᠵᠢᠯ ᠤᠨ ᠵᠠᠷᠴᠢᠮ | ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ ᠂ ᠭᠠᠮᠰᠢᠭᠳᠠᠭᠰᠠᠨ ᠬᠥᠮᠥᠰ ᠤᠨ ᠦᠨᠳᠦᠰᠦᠨ ᠠᠮᠢᠳᠤᠷᠠᠯ ᠢ | ᠦᠨᠡᠨ ᠬᠦ ᠪᠠᠲᠤᠯᠠᠨ᠎ᠠ ︔ ᠨᠢᠭᠡᠳᠦᠯᠲᠡᠢ ᠤᠳᠤᠷᠢᠳᠬᠤ᠂ ᠶᠡᠷᠦᠩᠬᠡᠶᠢᠯᠡᠨ ᠵᠣᠬᠢᠴᠠᠭᠤᠯᠬᠤ᠂ ᠱᠠᠲᠤ ᠬᠤᠪᠢᠶᠠᠨ | ᠬᠠᠷᠢᠭᠤᠴᠠᠬᠤ᠂ ᠬᠠᠷᠢᠶ᠎ᠠ ᠣᠷᠣᠨ ᠤ ᠬᠠᠮᠢᠶᠠᠷᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠨ᠎ᠠ︔ ᠵᠠᠰᠠᠭ ᠤᠨ | ᠣᠷᠳᠣᠨ ᠢᠶᠠᠷ ᠤᠳᠤᠷᠢᠳᠤᠮᠵᠢ ᠪᠣᠯᠭᠠᠬᠤ ᠂ ᠨᠡᠶᠢᠭᠡᠮ ᠢᠶᠠᠷ ᠢᠶᠠᠨ ᠬᠠᠷᠢᠯᠴᠠᠨ ᠬᠠᠪᠰᠤᠷᠤᠯᠴᠠᠬᠤ ᠂ ᠤᠯᠠᠨ ᠲᠦᠮᠡᠨ | ᠥᠪᠡᠷ ᠢ ᠪᠠᠨ ᠠᠪᠤᠷᠠᠬᠤ ᠶᠢ ᠪᠠᠷᠢᠮᠲᠠᠯᠠᠵᠤ ᠂ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ | ᠵᠣᠬᠢᠶᠠᠨ ᠪᠠᠶᠢᠭᠤᠯᠤᠯᠲᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ ᠃ | ᠬᠤᠶᠠᠷ ᠂ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮᠵᠢ | ︵ᠨᠢᠭᠡ︶ ᠰᠢᠶᠠᠨ ᠤ ᠭᠠᠮᠰᠢᠭ ᠢ ᠪᠠᠭᠠᠰᠬᠠᠬᠤ ᠺᠣᠮᠢᠰ | ᠬᠤᠸᠠᠳᠧ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ︵ᠳᠣᠷᠣᠭᠰᠢ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ | ᠭᠡᠵᠦ ᠲᠣᠪᠴᠢᠯᠠᠨ᠎ᠠ︶ ᠢ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ | ᠠᠷᠭᠠᠴᠠᠬᠤ ᠶᠡᠷᠦᠩᠬᠡᠶᠢᠯᠡᠭᠰᠡᠨ ᠵᠣᠬᠢᠴᠠᠭᠤᠯᠬᠤ ᠪᠠᠶᠢᠭᠤᠯᠤᠮᠵᠢ ᠪᠣᠯᠭᠠᠨ᠎ᠠ᠃ ᠰᠢᠶᠠᠨ ᠤ ᠭᠠᠮᠰᠢᠭ ᠢ ᠪᠠᠭᠠᠰᠬᠠᠬᠤ | ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ | ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠡᠭᠦᠷᠭᠡᠯᠡᠵᠦ ᠂ ᠳᠡᠳ᠋ ᠡᠷᠬᠢᠯᠡᠭᠴᠢ ᠶᠢᠨ ᠲᠤᠰᠢᠶᠠᠯ ᠢ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠡᠭᠦᠷᠭᠡᠯᠡᠨ᠎ᠡ ᠃ ᠰᠢᠶᠠᠨ ᠤ ᠭᠠᠮᠰᠢᠭ ᠢ ᠪᠠᠭᠠᠰᠬᠠᠬᠤ | ᠵᠥᠪᠯᠡᠯ ᠨᠢ ᠪᠦᠬᠦ ᠰᠢᠶᠠᠨ ᠤ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠵᠢᠯ ᠢ ᠨᠢᠭᠡᠳᠦᠯᠲᠡᠢ ᠤᠳᠤᠷᠢᠳᠬᠤ ᠂ ᠵᠢᠯᠤᠭᠤᠳᠬᠤ ᠂ ᠵᠣᠬᠢᠴᠠᠭᠤᠯᠬᠤ ᠠᠵᠢᠯ ᠢ ᠬᠠᠷᠢᠭᠤᠴᠠᠨ᠎ᠠ ︔ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠭᠠᠮᠰᠢᠭᠳᠠᠭᠰᠠᠨ ᠭᠠᠮᠰᠢᠭ ᠤᠨ ᠪᠠᠶᠢᠳᠠᠯ ᠂ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ | ᠭᠠᠮᠰᠢᠭᠳᠠᠭᠰᠠᠨ ᠣᠷᠣᠨ ᠤ ᠪᠠᠶᠢᠳᠠᠯ ᠢ ᠵᠥᠪᠳᠡᠯᠴᠡᠬᠦ ᠪᠠ ᠵᠠᠳᠠᠯᠬᠤ ᠪᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ ᠂ | ᠠᠷᠭᠠᠴᠠᠬᠤ ᠪᠣᠳᠣᠯᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠨ᠎ᠠ ︔ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠴᠠᠭᠤᠯᠵᠤ ᠪᠠᠶᠢᠭᠠᠳ ᠭᠠᠮᠰᠢᠭᠳᠠᠭᠰᠠᠨ ᠣᠷᠣᠨ ᠢ ᠳᠡᠮᠵᠢᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ ︔ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤᠷᠠᠭᠰᠠᠨ | ᠠᠵᠢᠯᠯᠠᠬᠤ ᠳᠤᠭᠤᠶᠢᠯᠠᠩ ᠪᠠᠶᠢᠭᠤᠯᠵᠤ ᠂ ᠭᠠᠮᠰᠢᠭᠳᠠᠭᠰᠠᠨ ᠣᠷᠣᠨ ᠳᠤ ᠬᠦᠷᠴᠦ ᠪᠠᠶᠢᠭᠠᠯᠢ ᠶᠢᠨ ᠭᠠᠮᠰᠢᠭ ᠠᠴᠠ | ᠠᠪᠤᠷᠠᠨ ᠲᠤᠰᠠᠯᠠᠬᠤ ᠠᠵᠢᠯ ᠢ ᠵᠢᠯᠣᠭᠤᠳᠤᠨ ᠦᠷᠨᠢᠭᠦᠯᠦᠨ᠎ᠡ︔ ᠪᠤᠰᠤᠳ ᠬᠤᠯᠪᠣᠭᠳᠠᠯ ᠪᠦᠬᠦᠢ ᠴᠢᠬᠤᠯᠠ ᠶᠡᠭᠡ | ᠵᠦᠢᠯᠡᠰ ᠢ ᠰᠤᠳᠤᠯᠤᠨ ᠲᠣᠭᠲᠠᠭᠠᠨ᠎ᠠ ᠃ | ︵ᠬᠤᠶᠠᠷ︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠪᠦᠷᠢᠯᠳᠦᠭᠦᠨ ᠨᠢᠭᠡᠴᠡ | ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠪᠦᠷᠢᠯᠳᠦᠭᠦᠨ ᠨᠢᠭᠡᠴᠡ ᠲᠤᠰ ᠲᠤᠰ ᠤᠨ ᠡᠭᠦᠷᠭᠡ ᠬᠠᠷᠢᠭᠤᠴᠠᠯᠭ᠎ᠠ | ᠶᠣᠰᠣᠭᠠᠷ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ | ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠄ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ | ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠵᠤ ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠪᠠ | ᠰᠣᠨᠢᠨ ᠮᠡᠳᠡᠭᠡᠯᠡᠯ ᠤᠨ ᠠᠵᠢᠯ ᠢ ᠥᠷᠨᠢᠭᠦᠯᠦᠨ᠎ᠡ ︔ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ | ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠵᠢᠴᠢ ᠠᠪᠤᠷᠠᠨ ᠲᠤᠰᠠᠯᠠᠬᠤ ᠮᠡᠳᠡᠭᠡ ᠵᠠᠩᠭᠢ ᠶᠢ ᠴᠠᠭ | ᠲᠤᠨᠢ ᠲᠣᠬᠢᠷᠠᠭᠤᠯᠤᠨ ᠮᠡᠳᠡᠭᠡᠯᠡᠵᠦ᠂ ᠴᠠᠭ ᠲᠤᠬᠠᠢ ᠳᠤᠨᠢ ᠨᠡᠶᠢᠭᠡᠮ ᠳᠤ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠬᠥᠳᠡᠯᠦᠯ ᠪᠠᠶᠢᠳᠠᠯ ᠢ ᠨᠡᠶᠢᠲᠡᠯᠡᠨ᠎ᠡ᠃ | ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠄ ᠰᠢᠶᠠᠨ ᠤ ᠳᠣᠲᠣᠷ᠎ᠠ ᠬᠦᠨᠳᠦ ᠶᠡᠭᠡ ᠭᠠᠮᠰᠢᠭ ᠤᠨ | ᠪᠠᠶᠢᠳᠠᠯ ᠭᠠᠷᠪᠠᠯ᠂ ᠬᠡᠷᠡᠭᠴᠡᠭᠡ ᠪᠠᠨ ᠦᠨᠳᠦᠰᠦᠯᠡᠨ᠂ ᠴᠡᠷᠢᠭ ᠠᠩᠭᠢ ᠪᠠ ᠡᠷᠦᠬᠡ ᠶᠢᠨ ᠴᠡᠷᠢᠭ ᠤᠨ ᠪᠡᠯᠡᠳᠬᠡᠯ | ᠠᠯᠪᠠᠨ ᠤ ᠬᠥᠮᠥᠰ ᠵᠢᠴᠢ ᠬᠡᠷᠡᠭᠰᠡᠬᠦ ᠲᠣᠨᠤᠭ ᠲᠥᠬᠦᠭᠡᠷᠦᠮᠵᠢ᠂ ᠪᠠᠭᠠᠵᠢ ᠬᠡᠷᠡᠭᠰᠡᠯ ᠢ ᠵᠣᠬᠢᠶᠠᠨ ᠪᠠᠶᠢᠭᠤᠯᠤᠨ | ᠲᠣᠬᠢᠷᠠᠭᠤᠯᠵᠤ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭ᠎ᠠ ᠳᠠᠬᠢᠨ ᠪᠠᠶᠢᠭᠤᠯᠬᠤ ᠠᠵᠢᠯ ᠳᠤ | ᠣᠷᠣᠯᠴᠠᠭᠤᠯᠤᠨ᠎ᠠ᠃ | ᠰᠢᠶᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠄ ᠭᠠᠮᠰᠢᠭ ᠢ ᠪᠠᠭᠠᠰᠬᠠᠬᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ ︔ ᠬᠠᠮᠢᠶ᠎ᠠ ᠪᠦᠬᠦᠢ ᠨᠡᠶᠢᠭᠡᠮᠯᠢᠭ ᠤᠨ ᠭᠠᠮᠰᠢᠭ ᠢ ᠪᠠᠭᠠᠰᠬᠠᠵᠤ | ᠭᠠᠮᠰᠢᠭ ᠠᠴᠠ ᠠᠪᠤᠷᠠᠬᠤ ᠰᠤᠳᠤᠯᠭᠠᠨ ᠤ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ ᠃ | ᠰᠢᠶᠠᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠄ ᠵᠠᠰᠠᠭ ᠤᠨ ᠣᠷᠳᠣᠨ ᠢ ᠬᠠᠮᠵᠢᠨ ᠬᠥᠮᠦᠯᠢᠭ ᠦᠵᠡᠯ ᠤᠨ | ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠬᠦ ᠶᠢ ᠬᠠᠷᠢᠭᠤᠴᠠᠨ᠎ᠠ᠃ ᠪᠠᠶᠢᠭᠠᠯᠢ ᠶᠢᠨ ᠭᠠᠮᠰᠢᠭ ᠪᠠ ᠭᠡᠨᠡᠳᠲᠡ ᠶᠢᠨ | ᠬᠡᠷᠡᠭ ᠤᠨ ᠪᠣᠳᠠᠲᠠᠢ ᠪᠠᠶᠢᠳᠠᠯ ᠢ ᠦᠨᠳᠦᠰᠦᠯᠡᠨ ᠂ ᠨᠡᠶᠢᠭᠡᠮ ᠨᠡᠶᠢᠲᠡ ᠳᠤ ᠴᠠᠭ ᠲᠤᠬᠠᠢ ᠳᠤᠨᠢ ᠤᠷᠢᠶᠠᠯᠠᠭ᠎ᠠ ᠭᠠᠷᠭᠠᠵᠤ ᠂ | ᠤᠯᠤᠰ ᠤᠨ ᠳᠣᠲᠣᠭᠠᠳᠤ ᠭᠠᠳᠠᠭᠠᠳᠤ ᠶᠢᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠪᠡᠯᠡᠭᠯᠡᠨ ᠬᠦᠷᠭᠡᠭᠰᠡᠨ | ᠵᠦᠢᠯ ᠢ ᠬᠠᠤᠯᠢ ᠶᠣᠰᠣᠭᠠᠷ ᠭᠥᠯᠢᠶᠡᠨ ᠠᠪᠤᠨ᠎ᠠ ︔ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠵᠤ | ᠠᠪᠤᠷᠠᠬᠤ ᠮᠡᠳᠡᠯᠭᠡ ᠪᠠ ᠮᠡᠷᠭᠡᠵᠢᠯ ᠴᠢᠳᠠᠪᠤᠷᠢ ᠶᠢ ᠲᠦᠭᠡᠮᠡᠯᠵᠢᠭᠦᠯᠦᠨ ᠪᠣᠯᠪᠠᠰᠤᠷᠠᠭᠤᠯᠬᠤ ᠠᠵᠢᠯ ᠢ ᠬᠠᠤᠯᠢ ᠶᠣᠰᠣᠭᠠᠷ | ᠦᠷᠨᠢᠭᠦᠯᠦᠨ᠎ᠡ︔ ᠭᠠᠮᠰᠢᠭ ᠤᠨ ᠳᠠᠷᠠᠭᠠᠬᠢ ᠲᠠᠬᠢᠨ ᠪᠠᠶᠢᠭᠤᠯᠬᠤ ᠠᠵᠢᠯ ᠳᠤ ᠣᠷᠤᠯᠴᠠᠨ᠎ᠠ᠃ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠄ ᠭᠠᠮᠰᠢᠭᠳᠠᠭᠰᠠᠨ ᠣᠷᠣᠨ ᠤ ᠠᠮᠤᠷ ᠢ ᠬᠠᠮᠠᠭᠠᠯᠠᠬᠤ ᠡᠮᠬᠢ | ᠵᠢᠷᠤᠮ ᠢ ᠬᠠᠮᠠᠭᠠᠯᠠᠬᠤ ᠠᠵᠢᠯ ᠢ ᠵᠢᠯᠣᠭᠤᠳᠤᠨ ᠬᠠᠪᠰᠤᠷᠴᠤ ᠂ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠬᠠᠷᠢᠭᠤᠴᠠᠨ᠎ᠠ ︔ ᠵᠠᠮ ᠬᠠᠷᠢᠯᠴᠠᠭ᠎ᠠ ᠶᠢ ᠨᠡᠪᠲᠡᠷᠡᠭᠦᠯᠬᠦ ᠂ ᠵᠠᠬᠢᠷᠤᠨ | ᠬᠠᠮᠢᠶᠠᠷᠬᠤ ᠵᠢᠴᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ ᠂ ᠭᠠᠮᠰᠢᠭ ᠠᠴᠠ ᠠᠪᠤᠷᠠᠬᠤ | ᠡᠳ᠋ ᠪᠣᠳᠠᠰ ᠤᠨ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ ︔ ᠭᠠᠮᠰᠢᠭᠳᠠᠭᠰᠠᠨ ᠤᠯᠠᠨ | ᠲᠦᠮᠡᠨ ᠢ ᠪᠠᠴᠢᠮ ᠲᠦᠷᠭᠡᠨ ᠰᠢᠯᠵᠢᠭᠦᠯᠦᠨ ᠲᠥᠪᠬᠢᠨᠡᠭᠦᠯᠬᠦ ᠠᠵᠢᠯ ᠢ ᠬᠠᠪᠰᠤᠷᠤᠨ ᠵᠣᠬᠢᠶᠠᠨ ᠪᠠᠶᠢᠭᠤᠯᠤᠨ᠎ᠠ ︔ | ᠳᠣᠲᠣᠭᠠᠳᠤ ᠶᠢ ᠬᠠᠮᠠᠭᠠᠯᠠᠬᠤ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ ᠭᠠᠮᠰᠢᠭ ᠲᠠᠢ ᠲᠡᠮᠡᠴᠡᠵᠦ ᠭᠠᠮᠰᠢᠭ | ᠠᠴᠠ ᠠᠪᠤᠷᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠄ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ | ᠣᠷᠣᠭᠤᠯᠬᠤ ᠶᠢ ᠬᠠᠷᠢᠭᠤᠴᠠᠵᠤ ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠤᠣᠯᠳᠠᠯᠭ᠎ᠠ ᠲᠠᠢ ᠵᠦᠢᠯᠡᠰ ᠢ | ᠲᠣᠬᠢᠷᠠᠭᠤᠯᠵᠤ ᠂ ᠭᠠᠮᠰᠢᠭ ᠢ ᠪᠠᠭᠠᠰᠬᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠲᠣᠭᠲᠠᠭᠠᠬᠤ ᠂ | ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ ᠂ ᠬᠢᠨᠠᠨ ᠪᠠᠶᠢᠴᠠᠭᠠᠬᠤ ᠪᠠ ᠰᠢᠯᠭᠠᠨ ᠠᠪᠬᠤ ᠠᠵᠢᠯ ᠢ ᠵᠣᠬᠢᠶᠠᠨ | ᠪᠠᠶᠢᠭᠤᠯᠵᠤ ᠣᠷᠣᠯᠴᠠᠭᠤᠯᠤᠨ᠎ᠠ ︔ ᠡᠪᠳᠡᠵᠦ ᠰᠦᠢᠳᠬᠡᠭᠰᠡᠨ ᠵᠦᠢᠯᠡᠰ ᠤᠨ ᠭᠠᠮᠰᠢᠭ ᠤᠨ ᠳᠠᠷᠠᠭᠠᠬᠢ ᠲᠠᠬᠢᠨ | ᠪᠦᠲᠦᠭᠡᠨ ᠪᠠᠶᠢᠭᠤᠯᠬᠤ ᠪᠡᠯᠡ ᠮᠥᠩᠭᠦ ᠶᠢ ᠲᠡᠮᠡᠴᠡᠨ ᠣᠯᠬᠤ ᠪᠠ ᠲᠣᠬᠢᠷᠠᠭᠤᠯᠬᠤ ᠶᠢ ᠬᠠᠷᠢᠭᠤᠴᠠᠵᠤ ᠂ ᠬᠤᠯᠪᠣᠭᠳᠠᠯ | ᠪᠦᠬᠦᠢ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ ᠃ | ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠄ ᠴᠢᠮᠡᠭᠡ ᠬᠤᠯᠪᠣᠭᠠᠨ ᠤ ᠰᠦᠯᠵᠢᠶ᠎ᠡ | ᠵᠢᠴᠢ ᠡᠯ᠎ᠡ ᠴᠢᠮᠡᠭᠡ ᠬᠤᠯᠪᠣᠭᠠᠨ ᠤ ᠠᠵᠤ ᠠᠬᠤᠶᠢᠯᠠᠯ ᠤᠨ ᠭᠠᠮᠰᠢᠭ ᠢ ᠪᠠᠭᠠᠰᠬᠠᠬᠤ ᠴᠢᠮᠡᠭᠡ ᠬᠤᠯᠪᠣᠭᠠᠨ ᠤ | ᠪᠠᠲᠤᠯᠠᠭ᠎ᠠ ᠶᠢᠨ ᠵᠣᠬᠢᠴᠠᠭᠤᠯᠬᠤ ᠠᠵᠢᠯ ᠢ ᠬᠠᠷᠢᠭᠤᠴᠠᠵᠤ ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ | ᠠᠶᠤᠯ ᠭᠠᠮᠰᠢᠭ ᠠᠴᠠ ᠠᠪᠤᠷᠠᠬᠤ ᠠᠵᠢᠯ ᠳᠤ ᠣᠷᠤᠯᠴᠠᠬᠤ ᠶᠢ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ | ᠬᠠᠷᠢᠭᠤᠴᠠᠨ᠎ᠠ ︔ ᠭᠠᠮᠰᠢᠭ ᠠᠴᠠ ᠠᠪᠤᠷᠠᠬᠤ ᠢᠳᠡᠭᠡᠨ᠂ ᠤᠤᠭᠤᠬᠤ ᠤᠰᠤ ᠵᠡᠷᠭᠡ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠬᠤ ᠶᠢ ᠬᠠᠷᠢᠭᠤᠴᠠᠨ᠎ᠠ᠃ᠴᠢᠬᠤᠯᠠ ᠪᠠᠷᠠᠭ᠎ᠠ ᠪᠣᠯᠣᠨ ᠪᠠᠴᠢᠮ ᠪᠠᠶᠢᠳᠠᠯ ᠢ ᠠᠷᠭᠠᠴᠠᠬᠤ ᠨᠥᠭᠡᠴᠡ | ᠪᠠᠷᠠᠭ᠎ᠠ ᠶᠢ ᠬᠤᠳᠠᠯᠳᠤᠨ ᠠᠪᠴᠤ ᠬᠠᠳᠠᠭᠠᠯᠠᠬᠤ ᠂ ᠡᠭᠡᠯᠵᠢᠯᠡᠨ ᠰᠣᠯᠢᠬᠤ ᠪᠠ ᠡᠳᠦᠷ ᠲᠤᠳᠤᠮ ᠤᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠎ᠠ ᠃ | ᠰᠢᠶᠠᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠄ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ | ᠴᠡᠴᠡᠷᠯᠢᠭ︶ ᠶᠢᠨ ᠭᠠᠮᠰᠢᠭ ᠢ ᠪᠠᠭᠠᠰᠬᠠᠬᠤ ᠮᠡᠳᠡᠯᠭᠡ ᠶᠢᠨ ᠬᠥᠮᠦᠵᠢᠯ ᠤᠨ ᠠᠵᠢᠯᠯᠠᠭ᠎ᠠ ᠪᠠ ᠪᠡᠯᠡᠳᠬᠡᠯ ᠲᠥᠰᠥᠯ ᠤᠨ | ᠰᠣᠷᠢᠯᠲᠠ ᠶᠢᠨ ᠠᠵᠢᠯ ᠥᠷᠨᠢᠭᠦᠯᠬᠦ ᠶᠢ ᠬᠠᠷᠢᠭᠤᠴᠠᠨ ᠵᠢᠯᠤᠭᠤᠳᠴᠤ᠂ ᠪᠥᠬᠦ ᠰᠢᠶᠠᠨ ᠤ ᠪᠠᠭᠰᠢ ᠰᠤᠷᠤᠭᠴᠢᠳ ᠤᠨ | ᠠᠮᠤᠷ ᠲᠦᠪᠰᠢᠨ ᠤ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ ︔ ᠭᠠᠮᠰᠢᠭᠳᠠᠭᠰᠠᠨ ᠣᠷᠣᠨ ᠤ ᠪᠠᠭᠰᠢ | ᠰᠤᠷᠤᠬᠴᠢ ᠠᠵᠢᠯᠲᠠᠨ ᠠᠵᠢᠯᠴᠢᠨ ᠢ ᠴᠠᠭ ᠲᠤᠬᠠᠢ ᠳᠤᠨᠢ ᠰᠢᠯᠵᠢᠭᠦᠯᠬᠦ ᠶᠢ ᠵᠢᠯᠤᠭᠤᠳᠴᠤ ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠬᠡᠪ ᠤᠨ ᠡᠮᠬᠢ ᠵᠢᠷᠤᠮ ᠢ ᠰᠡᠷᠭᠦᠭᠡᠵᠦ ᠂ ᠭᠠᠮᠰᠢᠭ ᠤᠨ ᠳᠠᠷᠠᠭᠠᠬᠢ ᠰᠤᠷᠭᠠᠭᠤᠯᠢ ᠶᠢ ᠲᠠᠬᠢᠨ | ᠪᠠᠶᠢᠭᠤᠯᠬᠤ ᠲᠥᠯᠦᠪᠵᠢᠭᠦᠯᠭᠡ ᠵᠢᠴᠢ ᠬᠤᠯᠪᠣᠭᠳᠠᠯ ᠪᠦᠬᠦᠢ ᠵᠠᠰᠠᠨ ᠪᠠᠶᠢᠭᠤᠯᠬᠤ ᠠᠵᠢᠯ ᠢ ᠰᠠᠶᠢᠲᠤᠷ ᠬᠢᠨ᠎ᠡ ᠃ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠄ ᠭᠠᠮᠰᠢᠭᠳᠠᠭᠰᠠᠨ ᠣᠷᠣᠨ ᠤ ᠭᠠᠮᠰᠢᠭᠳᠠᠭᠰᠠᠨ ᠠᠷᠠᠳ ᠢ | ᠰᠢᠯᠵᠢᠭᠦᠯᠦᠨ ᠲᠥᠪᠬᠢᠨᠡᠭᠦᠯᠬᠦ ᠶᠢ ᠬᠠᠷᠢᠭᠤᠴᠠᠨ ᠵᠢᠯᠤᠭᠤᠳᠴᠤ ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠯᠲᠠ ᠶᠢ ᠥᠷᠨᠢᠭᠦᠯᠦᠨ᠎ᠡ ᠃ | ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠄ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠪᠡᠯᠡ | ᠮᠥᠩᠭᠦ ᠶᠢ ᠴᠤᠭᠯᠠᠭᠤᠯᠬᠤ ᠂ ᠰᠠᠯᠭᠠᠨ ᠥᠭᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ ᠃ | ᠭᠠᠮᠰᠢᠭ ᠢ ᠪᠠᠭᠠᠰᠬᠠᠬᠤ ᠠᠵᠢᠯ ᠤᠨ ᠪᠣᠳᠠᠲᠤ ᠬᠡᠷᠡᠭᠴᠡᠭᠡ ᠶᠢ ᠦᠨᠳᠦᠰᠦᠯᠡᠨ ᠂ ᠭᠠᠮᠰᠢᠭ ᠢ ᠪᠠᠭᠠᠰᠬᠠᠬᠤ ᠵᠠᠷᠤᠳᠠᠯ ᠢ | ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ ᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ ᠃ | | ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠄ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ | ᠠᠵᠢᠯ ᠢ ᠵᠣᠬᠢᠶᠠᠨ ᠪᠠᠶᠢᠭᠤᠯᠬᠤ ᠂ ᠵᠣᠬᠢᠴᠠᠭᠤᠯᠬᠤ ᠂ ᠵᠢᠯᠤᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠶᠢ | ᠬᠠᠷᠢᠭᠤᠴᠠᠨ᠎ᠠ ︔ ᠭᠡᠨᠡᠳᠲᠡ ᠶᠢᠨ ᠴᠢᠨᠠᠷᠲᠠᠢ ᠭᠠᠵᠠᠷ ᠤᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ | ᠪᠠᠶᠢᠴᠠᠭᠠᠯᠲᠠ ᠪᠠ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢᠨ ᠤᠬᠠᠭᠤᠯᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ ᠃ | ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠄ ᠪᠦᠬᠦ ᠰᠢᠶᠠᠨ ᠤ ᠤᠢ ᠰᠢᠭᠤᠢ ᠶᠢᠨ | ᠦᠢᠯᠡᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠷᠢᠭᠤᠴᠠᠵᠤ ᠂ ᠤᠢ ᠰᠢᠭᠤᠢ ᠶᠢᠨ | ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠂ ᠤᠢ ᠰᠢᠭᠤᠢ ᠶᠢᠨ ᠦᠢᠯᠡᠰ ᠤᠨ ᠦᠨᠳᠦᠰᠦᠨ ᠱᠠᠲᠤᠨ ᠤ | ᠨᠢᠭᠡᠴᠡ ᠶᠢ ᠵᠣᠬᠢᠶᠠᠨ ᠪᠠᠶᠢᠭᠤᠯᠵᠤ ᠭᠠᠮᠰᠢᠭᠲᠤ ᠴᠠᠭ ᠠᠭᠤᠷ ᠢ ᠤᠷᠢᠳᠴᠢᠯᠠᠨ ᠰᠡᠷᠭᠡᠶᠢᠯᠡᠬᠦ ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠬᠦ ᠠᠵᠢᠯ ᠢ ᠬᠠᠷᠢᠭᠤᠴᠠᠨ᠎ᠠ᠃ | ᠪᠦᠬᠦ ᠰᠢᠶᠠᠨ ᠤ ᠤᠢ ᠰᠢᠭᠤᠢ ᠶᠢᠨ ᠭᠠᠯ ᠤᠨ ᠠᠶᠤᠯ ᠪᠠ ᠤᠢ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠂ ᠬᠢᠵᠢᠭ ᠪᠠᠶᠢᠴᠠᠭᠠᠵᠤ ᠭᠠᠮᠰᠢᠭ ᠢ ᠰᠡᠷᠭᠡᠶᠢᠯᠡᠬᠦ ᠂ ᠰᠡᠷᠭᠡᠶᠢᠯᠡᠨ ᠵᠠᠰᠠᠵᠤ | ᠭᠠᠮᠰᠢᠭ ᠢ ᠪᠠᠭᠠᠰᠬᠠᠬᠤ ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠠᠵᠢᠯ ᠢ ᠬᠠᠷᠢᠭᠤᠴᠠᠨ᠎ᠠ ︔ | ᠣᠶ ᠰᠢᠭᠤᠢ ᠶᠢᠨ ᠭᠠᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢᠨ ᠤᠬᠠᠭᠤᠯᠭ᠎ᠠ ᠵᠢᠴᠢ | ᠪᠡᠯᠡᠳᠬᠡᠯ ᠲᠥᠰᠥᠯ ᠤᠨ ᠰᠣᠷᠢᠯᠲᠠ ᠶᠢ ᠦᠷᠨᠢᠭᠦᠯᠦᠨ᠎ᠡ ᠃ ᠭᠠᠮᠰᠢᠭᠳᠠᠭᠰᠠᠨ ᠣᠷᠣᠨ ᠢ ᠬᠠᠮᠵᠢᠨ ᠭᠠᠮᠰᠢᠭ ᠤᠨ | ᠳᠠᠷᠠᠭᠠᠬᠢ ᠰᠡᠷᠭᠦᠭᠡᠨ ᠲᠠᠬᠢᠨ ᠪᠠᠶᠢᠭᠤᠯᠬᠤ ᠲᠥᠯᠦᠪᠵᠢᠭᠦᠯᠭᠡ ᠶᠢ ᠲᠣᠭᠲᠠᠭᠠᠬᠤ ᠶᠢ ᠬᠠᠷᠢᠭᠤᠴᠠᠨ᠎ᠠ ᠃ | ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ︶᠄ ᠭᠠᠮᠰᠢᠭ ᠠᠴᠠ ᠵᠠᠶᠢᠯᠠᠵᠤ ᠲᠥᠪᠬᠢᠨᠡᠭᠦᠯᠬᠦ ᠲᠠᠯᠠᠪᠤᠷ | ᠭᠠᠵᠠᠷ᠂ ᠭᠠᠮᠰᠢᠭ ᠤᠨ ᠳᠠᠷᠠᠭᠠᠬᠢ ᠭᠡᠷ ᠪᠠᠶᠢᠰᠢᠩ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ | ᠠᠮᠤᠷ ᠲᠦᠪᠰᠢᠨ ᠤ ᠬᠢᠨᠠᠨ ᠲᠣᠭᠲᠠᠭᠠᠯᠲᠠ᠂ ᠰᠡᠯᠪᠢᠨ ᠵᠠᠰᠠᠯᠲᠠ᠂ ᠳᠠᠬᠢᠨ ᠪᠦᠲᠦᠭᠡᠨ ᠪᠠᠶᠢᠭᠤᠯᠤᠯᠲᠠ ᠵᠡᠷᠭᠡ | ᠠᠵᠢᠯ ᠳᠤ ᠣᠷᠤᠯᠴᠠᠬᠤ ᠪᠠ ᠵᠢᠯᠤᠭᠤᠳᠴᠤ᠂ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠥᠭᠡᠷᠡᠴᠢᠯᠡᠨ | ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ︔ ᠵᠠᠰᠠᠭ ᠤᠨ ᠣᠷᠳᠣᠨ ᠤ ᠵᠠᠷᠯᠢᠭ ᠢᠶᠠᠷ ᠭᠠᠮᠰᠢᠭ ᠢ ᠰᠡᠷᠭᠡᠢᠯᠡᠬᠦ | ᠰᠡᠷᠡᠮᠵᠢ ᠶᠢᠨ ᠳᠣᠬᠢᠶ᠎ᠠ ᠵᠠᠷᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠤᠭᠤᠳᠬᠤ ᠴᠢᠮᠡᠭᠡ | ᠬᠤᠯᠪᠣᠭᠠᠨ ᠤ ᠪᠡᠯᠡᠳᠬᠡᠮᠵᠢ᠂ ᠬᠥᠮᠥᠨ ᠠᠮᠠ ᠶᠢᠨ ᠭᠠᠮᠰᠢᠭ ᠠᠴᠠ ᠵᠠᠶᠢᠯᠠᠵᠤ ᠲᠠᠷᠬᠠᠭᠠᠬᠤ ᠲᠠᠯᠠᠪᠤᠷ ᠢ ᠠᠰᠢᠭᠯᠠᠨ | ᠠᠶᠤᠯ ᠭᠠᠮᠰᠢᠭ ᠠᠴᠠ ᠠᠪᠤᠷᠠᠬᠤ ᠶᠢ ᠵᠣᠬᠢᠶᠠᠨ ᠪᠠᠶᠢᠭᠤᠯᠬᠤ ᠳᠤ ᠴᠢᠬᠤᠯᠠ ᠪᠦᠬᠦᠢ ᠪᠠᠲᠤᠯᠠᠭ᠎ᠠ ᠬᠠᠩᠭᠠᠵᠤ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠤᠰᠬᠠᠢ ᠠᠩᠭᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠪᠣᠯᠣᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ ᠠᠶᠤᠯ ᠭᠠᠮᠰᠢᠭ ᠠᠴᠠ ᠠᠪᠤᠷᠠᠬᠤ ᠳᠤ | ᠣᠷᠣᠯᠴᠠᠭᠤᠯᠤᠨ᠎ᠠ᠃ | ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠄ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠢ | ᠬᠠᠷᠢᠭᠤᠴᠠᠵᠤ ᠪᠠᠶᠢᠭ᠎ᠠ ᠬᠤᠭᠤᠴᠠᠭᠠᠨ ᠳᠤ ᠂ ᠤᠯᠤᠰ ᠤᠨ ᠪᠠ ᠮᠤᠵᠢ ᠰᠢᠶᠠᠨ ᠤ ᠵᠠᠰᠠᠮᠠᠯ ᠵᠠᠮ ᠤᠨ | ᠲᠥᠬᠦᠭᠡᠷᠦᠮᠵᠢ ᠶᠢ ᠬᠠᠮᠠᠭᠠᠯᠠᠨ ᠬᠠᠮᠢᠶᠠᠷᠤᠨ᠎ᠠ ︔ ᠲᠡᠷᠭᠡ ᠬᠥᠰᠬᠡ ᠴᠤᠭᠯᠠᠭᠤᠯᠬᠤ ᠪᠠ ᠰᠢᠯᠵᠢᠭᠦᠯᠦᠨ ᠲᠣᠬᠢᠷᠠᠭᠤᠯᠬᠤ | ᠠᠵᠢᠯ ᠢ ᠰᠠᠶᠢᠲᠤᠷ ᠬᠢᠬᠦ ᠶᠢᠨ ᠬᠠᠮᠲᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢᠨ ᠪᠠᠴᠢᠮ ᠲᠡᠭᠡᠭᠡᠪᠦᠷᠢ ᠶᠢ | ᠬᠠᠷᠢᠭᠤᠴᠠᠵᠤ ᠂ ᠭᠠᠮᠰᠢᠭᠳᠠᠭᠰᠠᠨ ᠭᠠᠵᠠᠷ ᠣᠷᠣᠨ ᠤ ᠤᠯᠤᠰ ᠤᠨ ᠪᠠ ᠮᠤᠵᠢ ᠰᠢᠶᠠᠨ ᠤ ᠵᠠᠮ ᠵᠠᠰᠠᠮᠠᠯ ᠵᠠᠮ ᠢ | ᠵᠠᠪᠳᠤᠨ ᠵᠠᠰᠠᠵᠤ ᠨᠡᠪᠲᠡᠷᠡᠭᠦᠯᠬᠦ ᠶᠢ ᠪᠠᠲᠤᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ ᠃ | ᠰᠢᠶᠠᠨ ᠤ ᠣᠰᠣᠨ ᠠᠰᠢᠭᠯᠠᠯᠲᠠ ᠶᠢᠨ ᠲᠣᠪᠴᠢᠶ᠎ᠠ ᠄ ᠴᠢᠬᠤᠯᠠ ᠣᠰᠣᠨ ᠠᠰᠢᠭᠯᠠᠯᠲᠠ ᠶᠢᠨ ᠪᠠᠷᠢᠯᠭ᠎ᠠ ᠶᠢᠨ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠢ ᠲᠣᠬᠢᠷᠠᠭᠤᠯᠬᠤ ᠵᠢᠴᠢ ᠪᠠᠴᠢᠮ ᠪᠠᠶᠢᠳᠠᠯ ᠢ ᠠᠷᠭᠠᠴᠠᠬᠤ | ᠣᠰᠣᠨ ᠤ ᠬᠡᠮᠵᠢᠶ᠎ᠡ ᠶᠢ ᠲᠣᠬᠢᠷᠠᠭᠤᠯᠬᠤ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠵᠤ ᠂ ᠵᠢᠷᠤᠮ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ ᠃ ᠪᠦᠬᠦ ᠰᠢᠶᠠᠨ ᠤ ᠤᠰᠤᠨ ᠤ ᠪᠠᠶᠢᠳᠠᠯ ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠡᠭᠦᠷᠭᠡᠯᠡᠵᠦ ᠂ ᠰᠢᠷᠦᠭᠦᠨ ᠪᠣᠷᠣᠭᠠᠨ᠂ ᠦᠶᠡᠷ ᠤᠨ | ᠤᠰᠤ ᠂ ᠲᠠᠯᠠᠢ ᠬᠤᠢ ᠪᠠ ᠭᠠᠩ ᠬᠠᠭᠰᠠᠷᠠᠭᠠᠨ ᠠᠴᠠ ᠪᠣᠯᠵᠤ ᠮᠡᠳᠡᠬᠦ ᠬᠤᠣᠷ ᠬᠥᠨᠥᠭᠡᠯ ᠵᠡᠷᠭᠡ ᠳᠤ ᠪᠠᠶᠢᠳᠠᠯ ᠤᠨ | ᠵᠠᠳᠠᠯᠤᠯᠲᠠ ᠪᠠ ᠰᠡᠷᠭᠡᠶᠢᠯᠡᠯᠲᠡ ᠶᠢᠨ ᠰᠠᠨᠠᠭᠤᠯᠭ᠎ᠠ ᠭᠠᠷᠭᠠᠨ᠎ᠠ ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ ᠃ ᠴᠢᠬᠤᠯᠠ ᠤᠰᠤᠨ ᠤ | ᠢᠨᠵᠧᠨᠧᠷᠢᠩ ᠤᠨ ᠲᠣᠬᠢᠷᠠᠭᠤᠯᠬᠤ ᠠᠵᠢᠯ ᠢ ᠡᠭᠦᠷᠭᠡᠯᠡᠨ᠎ᠡ ᠃ ᠪᠦᠬᠦ ᠰᠢᠶᠠᠨ ᠤ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠠᠶᠤᠯᠭᠦᠢ ᠠᠵᠢᠯᠯᠠᠭᠠᠨ ᠤ ᠬᠠᠮᠢᠶᠠᠷᠤᠯᠲᠠ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠤᠰᠤᠨ ᠳᠤ | ᠡᠪᠳᠡᠭᠳᠡᠭᠰᠡᠨ ᠲᠥᠬᠦᠭᠡᠷᠦᠮᠵᠢ ᠶᠢ ᠵᠠᠰᠠᠨ ᠰᠡᠷᠭᠦᠭᠡᠬᠦ ᠠᠵᠢᠯ ᠳᠤ ᠬᠢᠨᠠᠯᠲᠠ ᠲᠠᠯᠪᠢᠵᠤ ᠂ ᠲᠡᠭᠦᠨ ᠢ ᠵᠢᠯᠤᠭᠤᠳᠤᠨ᠎ᠠ᠃ | ᠪᠦᠬᠦ ᠰᠢᠶᠠᠨ ᠤ ᠤᠰᠤ ᠪᠣᠷᠣᠭᠠᠨ ᠤ ᠪᠠᠶᠢᠳᠠᠯ ᠢ ᠬᠢᠨᠠᠨ ᠬᠡᠮᠵᠢᠬᠦ᠂ ᠤᠰᠤᠨ ᠠᠰᠢᠭᠯᠠᠯᠲᠠ ᠶᠢᠨ ᠢᠨᠵᠧᠨᠧᠷᠢᠩ ᠢ ᠬᠢᠨᠠᠨ | ᠡᠵᠡᠮᠳᠡᠬᠦ ᠵᠡᠷᠭᠡ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠠᠵᠢᠯᠯᠠᠭᠠᠨ ᠤ ᠬᠠᠮᠠᠭᠠᠯᠠᠯᠲᠠ ᠶᠢ ᠰᠠᠶᠢᠲᠤᠷ ᠬᠢᠨ᠎ᠡ ᠃ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠭᠠᠮᠰᠢᠭ ᠤᠨ ᠪᠠᠶᠢᠳᠠᠯ ᠢ ᠪᠠᠶᠢᠴᠠᠭᠠᠨ ᠨᠣᠲᠠᠯᠠᠨ᠎ᠠ᠃ ᠰᠢᠶᠠᠨ ᠤ | ᠱᠠᠲᠤᠨ ᠤ ᠦᠶᠡᠷ ᠢ ᠰᠡᠷᠭᠡᠶᠢᠯᠡᠬᠦ ᠲᠠᠯᠠᠢ ᠶᠢᠨ ᠬᠤᠢ ᠶᠢ ᠰᠡᠷᠭᠡᠶᠢᠯᠡᠬᠦ ᠭᠠᠩ ᠬᠠᠭᠰᠠᠷᠠᠭᠠᠨ ᠲᠠᠢ ᠲᠡᠮᠡᠴᠡᠬᠦ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠳᠤ ᠣᠷᠣᠯᠴᠠᠨ᠎ᠠ ᠃ | ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠄ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠬᠦᠷᠢᠶᠡᠨ ᠳᠠᠬᠢ ᠵᠠᠩᠭᠢᠯᠠᠭ᠎ᠠ ᠶᠢᠨ ᠪᠠ ᠨᠡᠶᠢᠲᠡᠯᠢᠭ ᠴᠢᠨᠠᠷᠲᠠᠢ ᠮᠡᠷᠭᠡᠵᠢᠯ ᠤᠨ | ᠪᠡᠷᠬᠡ ᠰᠡᠳᠦᠪ ᠲᠤ ᠴᠢᠭᠯᠡᠭᠦᠯᠦᠨ ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ | ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠂ ᠰᠢᠨ᠎ᠡ ᠶᠢ | ᠡᠭᠦᠳᠬᠦ ᠠᠴᠢᠶᠠᠯᠠᠪᠤᠷᠢ ᠶᠢ ᠪᠠᠶᠢᠭᠤᠯᠵᠤ ᠂ ᠪᠦᠬᠦ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠭᠠᠩ ᠬᠠᠭᠰᠠᠷᠭᠠᠨ ᠂ ᠦᠶᠡᠷ ᠤᠰᠤᠲᠤᠯ ᠂ ᠮᠥᠰᠥ ᠬᠥᠯᠳᠡᠬᠦ ᠵᠡᠷᠭᠡ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠵᠢᠴᠢ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠢ ᠰᠡᠷᠭᠦᠭᠡᠵᠦ ᠥᠪᠡᠷ ᠢ ᠪᠠᠨ ᠠᠪᠤᠷᠠᠬᠤ | ᠠᠵᠢᠯ ᠢ ᠵᠢᠯᠤᠭᠤᠳᠴᠤ ᠂ ᠭᠤᠣᠯ ᠪᠣᠯᠬᠤ ᠲᠠᠷᠢᠮᠠᠯ ᠤᠨ ᠵᠦᠢᠯ ᠤᠨ ᠬᠦᠨᠳᠦ ᠶᠡᠭᠡ ᠡᠪᠡᠳᠴᠢᠨ ᠬᠤᠷᠣᠬᠠᠢ ᠶᠢᠨ | ᠬᠥᠨᠥᠭᠡᠯ ᠢ ᠬᠢᠨᠠᠨ ᠬᠡᠮᠵᠢᠬᠦ ᠂ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠠᠵᠢᠯ ᠵᠢᠴᠢ ᠬᠤᠯᠪᠣᠭᠳᠠᠯ | ᠪᠦᠬᠦᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠥᠷᠨᠢᠭᠦᠯᠦᠨ᠎ᠡ ︔ ᠭᠤᠣᠯ ᠪᠣᠯᠬᠤ | ᠲᠠᠷᠢᠮᠠᠯ ᠤᠨ ᠬᠦᠨᠳᠦ ᠶᠡᠭᠡ ᠡᠪᠡᠳᠴᠢᠨ ᠬᠤᠷᠣᠬᠠᠶᠢᠲᠤᠯ ᠤᠨ ᠭᠠᠮᠰᠢᠭ ᠪᠣᠯᠣᠨ ᠠᠮᠢᠳᠠᠨ ᠤ ᠬᠢᠵᠢᠭ ᠤᠨ ᠪᠠᠶᠢᠳᠠᠯ | ᠵᠡᠷᠭᠡ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠮᠡᠳᠡᠭᠦᠯᠵᠦ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ | ᠵᠢᠯᠤᠭᠤᠳᠬᠤ ᠪᠠ ᠵᠣᠬᠢᠴᠠᠭᠤᠯᠤᠨ ᠶᠠᠪᠤᠭᠳᠠᠭᠤᠯᠤᠨ᠎ᠠ᠃ | ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠺᠣᠮᠢᠰ ᠄ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ | ᠬᠦᠴᠦᠨ ᠢ ᠵᠣᠬᠢᠴᠠᠭᠤᠯᠵᠤ ᠂ ᠭᠠᠮᠰᠢᠭ ᠠᠴᠠ ᠪᠣᠯᠵᠤ ᠰᠢᠷᠬᠠᠲᠤᠭᠰᠠᠳ ᠢ ᠲᠦᠷᠭᠡᠨ ᠠᠪᠤᠷᠠᠬᠤ ᠠᠵᠢᠯ ᠢ | ᠬᠠᠷᠢᠭᠤᠴᠠᠨ᠎ᠠ ︔ ᠬᠢᠵᠢᠭ ᠤᠨ ᠪᠠᠶᠢᠳᠠᠯ ᠪᠠ ᠤᠤᠭᠤᠬᠤ ᠤᠰᠤᠨ ᠤ ᠡᠬᠢ ᠰᠤᠷᠪᠤᠯᠵᠢ ᠶᠢ ᠬᠢᠨᠠᠨ ᠬᠡᠮᠵᠢᠬᠦ ᠠᠵᠢᠯ ᠢ | ᠥᠷᠨᠢᠭᠦᠯᠵᠦ ᠂ ᠭᠠᠮᠰᠢᠭᠳᠠᠭᠰᠠᠨ ᠣᠷᠣᠨ ᠳᠤ ᠭᠠᠷᠴᠤ ᠮᠡᠳᠡᠬᠦ ᠬᠦᠨᠳᠦ ᠶᠡᠭᠡ ᠬᠠᠯᠳᠠᠪᠤᠷᠢᠲᠤ ᠡᠪᠡᠳᠴᠢᠨ ᠤ | ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠦᠨ᠎ᠡ ︔ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠪᠠ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠵᠦ ᠂ ᠬᠢᠵᠢᠭ ᠡᠪᠡᠳᠴᠢᠨ ᠤ ᠡᠭᠦᠰᠬᠦ ᠂ ᠲᠠᠷᠬᠠᠬᠤ ᠪᠠ ᠳᠡᠯᠭᠡᠷᠡᠬᠦ ᠶᠢ | ᠰᠡᠷᠭᠡᠶᠢᠯᠡᠨ ᠬᠢᠵᠠᠭᠠᠷᠯᠠᠨ᠎ᠠ ︔ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠪᠠ ᠲᠦᠷᠭᠡᠨ ᠠᠪᠤᠷᠠᠬᠤ ᠮᠡᠳᠡᠯᠭᠡ ᠶᠢᠨ | ᠤᠬᠠᠭᠤᠯᠭ᠎ᠠ ᠬᠥᠮᠦᠵᠢᠯ ᠂ ᠰᠣᠷᠢᠯᠲᠠ ᠶᠢ ᠥᠷᠨᠢᠭᠦᠯᠵᠦ ᠂ ᠰᠡᠳᠬᠢᠴᠡ ᠶᠢᠨ ᠲᠤᠰᠬᠠᠢ ᠮᠡᠷᠭᠡᠵᠢᠯᠲᠡᠨ ᠢ ᠵᠣᠬᠢᠶᠠᠨ | ᠪᠠᠶᠢᠭᠤᠯᠤᠨ ᠭᠠᠮᠰᠢᠭᠳᠠᠭᠰᠠᠨ ᠣᠷᠣᠨ ᠳᠤ ᠣᠴᠢᠭᠤᠯᠵᠤ ᠰᠡᠳᠬᠢᠴᠡ ᠶᠢᠨ ᠠᠪᠤᠷᠠᠨ ᠲᠤᠰᠠᠯᠠᠯᠲᠠ ᠬᠢᠯᠭᠡᠨ᠎ᠡ᠃ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠄ ᠰᠢᠶᠠᠨ ᠤ ᠭᠠᠮᠰᠢᠭ ᠢ ᠪᠠᠭᠠᠰᠬᠠᠬᠤ | ᠺᠣᠮᠢᠰ ᠤᠨ ᠠᠯᠪᠠᠨ ᠭᠡᠷ ᠤᠨ ᠡᠳᠦᠷ ᠳᠤᠲᠤᠮ ᠤᠨ ᠠᠵᠢᠯ ᠢ ᠡᠭᠦᠷᠭᠡᠯᠡᠨ᠎ᠡ︔ ᠭᠡᠨᠡᠳᠲᠡ ᠶᠢᠨ ᠬᠡᠷᠡᠭ ᠤᠨ ᠮᠡᠳᠡᠭᠡ | ᠵᠠᠩᠭᠢ ᠶᠢ ᠭᠥᠯᠢᠶᠡᠨ ᠠᠪᠬᠤ ᠪᠠ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠦᠭᠰᠡᠨ᠂ | ᠲᠣᠬᠢᠷᠠᠭᠤᠯᠤᠯᠲᠠ ᠬᠢᠭᠰᠡᠨ᠂ ᠬᠦᠴᠦᠨ ᠦᠭᠡᠢ ᠪᠣᠯᠭᠠᠭᠰᠠᠨ ᠮᠡᠳᠡᠭᠡ ᠶᠢ ᠴᠠᠭ ᠲᠤᠬᠠᠢ ᠳᠤᠨᠢ ᠨᠡᠶᠢᠲᠡᠯᠡᠨ᠎ᠡ︔ | ᠪᠠᠶᠢᠭᠠᠯᠢ ᠶᠢᠨ ᠭᠠᠢ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ ᠂ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠦᠨᠡᠯᠡᠨ | ᠵᠢᠱᠢᠬᠦ ᠠᠵᠢᠯ ᠢ ᠵᠢᠯᠣᠭᠤᠳᠤᠨ ᠥᠷᠨᠢᠭᠦᠯᠦᠨ᠎ᠡ ᠃ ᠪᠦᠬᠦ ᠰᠢᠶᠠᠨ ᠤ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ | ᠪᠣᠳᠠᠰ ᠢ ᠭᠤᠶᠤᠴᠢᠯᠠᠬᠤ ᠂ ᠬᠤᠪᠢᠶᠠᠷᠢᠯᠠᠬᠤ ᠪᠠ ᠬᠠᠮᠢᠶᠠᠷᠬᠤ ᠠᠵᠢᠯ ᠢ ᠬᠠᠷᠢᠭᠤᠴᠠᠬᠤ ᠶᠢᠨ ᠬᠠᠮᠲᠤ ᠬᠡᠷᠡᠭᠯᠡᠭᠰᠡᠨ | ᠪᠠᠶᠢᠳᠠᠯ ᠢ ᠬᠢᠨᠠᠵᠤ ᠪᠠᠶᠢᠴᠠᠭᠠᠨ᠎ᠠ ︔ ᠪᠦᠬᠦ ᠰᠢᠶᠠᠨ ᠤ ᠭᠠᠮᠰᠢᠭ ᠠᠴᠠ ᠵᠠᠶᠢᠯᠠᠭᠤᠯᠤᠨ ᠲᠥᠪᠬᠢᠨᠡᠭᠦᠯᠬᠦ ᠲᠠᠯᠠᠪᠤᠷ ᠭᠠᠵᠠᠷ | ᠪᠠ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠵᠢᠯᠣᠭᠤᠳᠤᠨ᠎ᠠ ︔ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠮᠡᠳᠡᠭᠦᠯᠦᠨ ᠬᠦᠷᠭᠡᠬᠦ᠂ | ᠨᠡᠶᠢᠲᠡᠯᠡᠬᠦ ᠠᠵᠢᠯ ᠢ ᠵᠣᠬᠢᠶᠠᠨ ᠪᠠᠶᠢᠭᠤᠯᠤᠨ᠎ᠠ︔ ᠭᠠᠮᠰᠢᠭᠳᠠᠭᠰᠠᠨ ᠣᠷᠣᠨ ᠤ ᠭᠠᠮᠰᠢᠭ ᠠᠴᠠ ᠪᠣᠯᠵᠤ ᠨᠤᠷᠠᠵᠤ | ᠡᠪᠳᠡᠷᠡᠭᠰᠡᠨ ᠭᠡᠷ ᠪᠠᠶᠢᠰᠢᠩ ᠢ ᠰᠡᠷᠭᠦᠭᠡᠨ ᠲᠠᠬᠢᠨ ᠪᠠᠶᠢᠭᠤᠯᠬᠤ ᠠᠵᠢᠯ ᠢ ᠵᠢᠯᠣᠭᠤᠳᠤᠨ᠎ᠠ ︔ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠴᠢ ᠠᠮᠤᠷ ᠲᠦᠪᠰᠢᠨ ᠤ ᠠᠶᠤᠯ ᠠᠴᠠ ᠵᠠᠶᠢᠯᠠᠵᠤ ᠥᠪᠡᠷ ᠢ ᠪᠠᠨ | ᠠᠪᠤᠷᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ ᠃ ᠪᠦᠬᠦ ᠰᠢᠶᠠᠨ ᠤ | ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠵᠢᠯᠤᠭᠤᠳᠬᠤ ᠪᠠ ᠲᠡᠭᠦᠨ ᠳᠤ ᠬᠢᠨᠠᠯᠲᠠ | ᠲᠠᠯᠪᠢᠵᠤ ᠂ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠂ ᠭᠠᠮᠰᠢᠭ ᠤᠨ ᠮᠡᠳᠡᠭᠡ ᠵᠠᠩᠭᠢ ᠶᠢ ᠴᠤᠭᠯᠠᠭᠤᠯᠬᠤ ᠪᠠ | ᠦᠨᠡᠯᠡᠨ ᠵᠢᠱᠢᠬᠦ ᠶᠢ ᠬᠠᠷᠢᠭᠤᠴᠠᠵᠤ ᠂ ᠵᠠᠰᠠᠭ ᠤᠨ ᠣᠷᠳᠣᠨ ᠳᠤ ᠰᠡᠷᠭᠡᠶᠢᠯᠡᠯᠲᠡ ᠶᠢᠨ ᠠᠷᠭ᠎ᠠ ᠪᠣᠳᠣᠯᠭ᠎ᠠ ᠪᠠ | ᠰᠠᠨᠠᠭᠤᠯᠭ᠎ᠠ ᠬᠠᠩᠭᠠᠨ᠎ᠠ ᠃ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠪᠠ | ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠣᠨᠣᠭᠯᠠᠯ ᠤᠨ ᠲᠥᠯᠦᠪᠵᠢᠭᠦᠯᠭᠡ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ | ᠪᠠᠶᠢᠳᠠᠯ ᠢ ᠠᠷᠭᠠᠴᠠᠬᠤ ︔ ᠦᠢᠯᠡᠳᠪᠦᠷᠢᠯᠡᠯ ᠤᠨ ᠠᠶᠤᠯᠭᠦᠢ ᠶᠢᠨ ᠬᠦᠨᠳᠦ ᠶᠡᠭᠡ ᠡ᠊ᠨᠳᠡᠯ ᠂ ᠪᠠᠶᠢᠭᠠᠯᠢ ᠶᠢᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ | ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠄ ᠪᠦᠬᠦ ᠰᠢᠶᠠᠨ ᠤ ᠣᠷᠴᠢᠨ | ᠲᠣᠭᠤᠷᠢᠨ ᠤ ᠬᠢᠨᠠᠨ ᠬᠡᠮᠵᠢᠯᠲᠡ ᠂ ᠣᠷᠴᠢᠨ ᠲᠣᠭᠤᠷᠢᠨ ᠤ ᠪᠦᠷᠢᠳᠬᠡᠯ ᠂ ᠣᠷᠴᠢᠨ ᠲᠣᠭᠤᠷᠢᠨ ᠤ ᠮᠡᠳᠡᠭᠡ ᠵᠠᠩᠭᠢ | ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠶᠢ ᠬᠠᠷᠢᠭᠤᠴᠠᠨ᠎ᠠ ︔ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠡ᠃ | ᠭᠠᠮᠰᠢᠭᠳᠠᠭᠰᠠᠨ ᠣᠷᠣᠨ ᠤ ᠣᠷᠴᠢᠨ ᠲᠣᠭᠤᠷᠢᠨ ᠤ ᠪᠣᠬᠢᠷᠳᠤᠯ ᠤᠨ ᠪᠠᠶᠢᠳᠠᠯ ᠢ ᠬᠢᠨᠠᠨ ᠬᠡᠮᠵᠢᠬᠦ ᠂ ᠵᠠᠳᠠᠯᠬᠤ ᠠᠵᠢᠯ ᠢ | ᠬᠠᠷᠢᠭᠤᠴᠠᠨ ᠵᠣᠬᠢᠶᠠᠨ ᠪᠠᠶᠢᠭᠤᠯᠬᠤ ᠶᠢᠨ ᠬᠠᠮᠲᠤ ᠰᠢᠢᠳᠪᠦᠷᠢᠯᠡᠬᠦ ᠲᠥᠰᠥᠯ ᠳᠤᠷᠠᠳᠤᠨ᠎ᠠ᠃ | ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠄ ᠭᠠᠮᠰᠢᠭ ᠤᠨ ᠪᠠᠶᠢᠳᠠᠯ ᠢ ᠪᠦᠷᠢᠳᠬᠡᠬᠦ ᠠᠵᠢᠯ ᠤᠨ | ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠵᠤ ᠂ ᠭᠠᠮᠰᠢᠭ ᠤᠨ ᠪᠠᠶᠢᠳᠠᠯ ᠢ ᠪᠦᠷᠢᠳᠬᠡᠬᠦ ᠳᠦᠷᠢᠮ ᠢ | ᠬᠠᠪᠰᠤᠷᠤᠨ ᠪᠠᠶᠢᠭᠤᠯᠵᠤ ᠲᠡᠭᠦᠯᠳᠡᠷᠵᠢᠭᠦᠯᠦᠨ᠎ᠡ ︔ ᠭᠠᠮᠰᠢᠭ ᠤᠨ ᠪᠠᠶᠢᠳᠠᠯ ᠤᠨ ᠪᠦᠷᠢᠳᠬᠡᠯ ᠤᠨ ᠲᠤᠭ᠎ᠠ ᠪᠠᠷᠢᠮᠲᠠ ᠶᠢ | ᠪᠦᠷᠢᠳᠬᠡᠬᠦ᠂ ᠬᠤᠷᠢᠶᠠᠩᠭᠤᠶᠢᠯᠠᠬᠤ ᠪᠠ ᠵᠠᠳᠠᠯᠤᠨ ᠦᠨᠡᠯᠡᠬᠦ ᠶᠢ ᠰᠠᠶᠢᠲᠤᠷ ᠬᠢᠬᠦ ᠶᠢ ᠬᠠᠷᠢᠭᠤᠴᠠᠵᠤ᠂ ᠪᠤᠰᠤᠳ | ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠬᠠᠩᠭᠠᠨ᠎ᠠ᠃ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠴᠠᠭᠤᠯᠵᠤ ᠪᠠᠶᠢᠭᠠᠳ ᠭᠠᠮᠰᠢᠭᠳᠠᠭᠰᠠᠨ ᠣᠷᠣᠨ ᠳᠤ ᠢᠳᠡᠭᠡᠨ ᠤ ᠵᠦᠢᠯ ᠡᠮ ᠤᠨ ᠵᠦᠢᠯ ᠤᠨ | ᠠᠶᠤᠯᠭᠦᠢ ᠶᠢᠨ ᠬᠢᠨᠠᠯᠲᠠ ᠬᠠᠮᠢᠶᠠᠷᠤᠯᠲᠠ ᠬᠢᠨ᠎ᠡ᠃ ᠭᠠᠮᠰᠢᠭᠳᠠᠭᠰᠠᠨ ᠣᠷᠣᠨ ᠤ ᠪᠠᠷᠠᠭᠠᠨ ᠤ ᠦᠨ᠎ᠡ ᠶᠢ ᠬᠢᠨᠠᠵᠤ | ᠪᠠᠶᠢᠴᠠᠭᠠᠨ᠎ᠠ ᠃ | ᠰᠢᠶᠠᠨ ᠤ ᠬᠠᠮ ᠵᠠᠭᠤᠴᠢᠯᠠᠭᠤᠷ ᠤᠨ ᠲᠥᠪ ᠄ ᠷᠠᠳᠢᠣ᠋ ᠨᠡᠪᠲᠡᠷᠡᠭᠦᠯᠭᠡ ᠂ ᠲᠧᠯᠸᠢᠰ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠴᠢᠮ ᠵᠠᠷ ᠢ ᠴᠠᠭ ᠲᠤᠬᠠᠢ ᠳᠤᠨᠢ | ᠬᠠᠪᠴᠢᠭᠤᠯᠤᠨ ᠨᠡᠪᠲᠡᠷᠡᠭᠦᠯᠦᠨ᠎ᠡ ︔ ᠭᠠᠮᠰᠢᠭᠳᠠᠭᠰᠠᠨ ᠣᠷᠣᠨ ᠤ ᠷᠠᠳᠢᠣ᠋ ᠨᠡᠪᠲᠡᠷᠡᠭᠦᠯᠭᠡ ᠂ ᠲᠧᠯᠸᠢᠰ ᠤᠨ | ᠰᠢᠰᠲ᠋ᠧᠮ ᠤᠨ ᠪᠡᠯᠡᠳᠬᠡᠮᠵᠢ ᠶᠢ ᠰᠡᠷᠭᠦᠭᠡᠵᠦ ᠲᠠᠬᠢᠨ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ ᠵᠢᠯᠣᠭᠤᠳᠤᠨ᠎ᠠ ᠃ | | ᠰᠢᠶᠠᠨ ᠤ ᠴᠠᠭ ᠠᠭᠤᠷ ᠤᠨ ᠲᠣᠪᠴᠢᠶ᠎ᠠ ᠄ ᠭᠠᠮᠰᠢᠭᠲᠤ ᠴᠠᠭ ᠠᠭᠤᠷ ᠢ ᠬᠢᠨᠠᠨ ᠬᠡᠮᠵᠢᠬᠦ ᠂ ᠤᠷᠢᠳᠴᠢᠯᠠᠨ | ᠮᠡᠳᠡᠭᠡᠯᠡᠬᠦ ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠷᠢᠭᠤᠴᠠᠨ ᠬᠠᠩᠭᠠᠵᠤ ᠂ ᠳᠠᠯᠠᠢ ᠶᠢᠨ ᠬᠤᠢ | ᠰᠠᠯᠬᠢ ᠂ ᠰᠢᠷᠦᠭᠦᠨ ᠪᠣᠷᠣᠭᠠᠨ ᠂ ᠬᠥᠯᠳᠡᠬᠦ ᠭᠠᠮᠰᠢᠭ ᠂ ᠭᠠᠩ ᠬᠠᠭᠰᠠᠷᠭᠠᠨ ᠂ ᠠᠶᠤᠩᠭ᠎ᠠ ᠴᠠᠬᠢᠯᠭᠠᠨ ᠂ ᠮᠥᠨᠳᠥᠷ | ᠵᠡᠷᠭᠡ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠷᠭ᠎ᠠ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠎ᠠ︔ ᠠᠭᠤᠷ | ᠠᠮᠢᠰᠬᠤᠯ ᠢ ᠦᠨᠡᠯᠡᠬᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠶᠤᠩᠭ᠎ᠠ ᠴᠠᠬᠢᠯᠭᠠᠨ ᠢ | ᠰᠡᠷᠭᠡᠶᠢᠯᠡᠬᠦ ᠵᠢᠴᠢ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠮᠡᠷᠭᠡᠵᠢᠯ ᠤᠨ ᠦᠢᠯᠡᠴᠢᠯᠡᠭᠡ ᠵᠡᠷᠭᠡ ᠡᠯ᠎ᠡ | ᠵᠦᠢᠯ ᠤᠨ ᠬᠡᠷᠡᠭᠯᠡᠭᠡᠨ ᠤ ᠮᠡᠷᠭᠡᠵᠢᠯ ᠤᠨ ᠵᠥᠪᠯᠡᠯᠭᠡ ᠥᠭᠬᠦ ᠵᠢᠴᠢ ᠲᠤᠰᠬᠠᠢ ᠵᠦᠢᠯ ᠤᠨ ᠴᠠᠭ ᠠᠭᠤᠷ ᠤᠨ | ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ ︔ ᠴᠠᠭ ᠠᠭᠤᠷ ᠤᠨ ᠭᠠᠮᠰᠢᠭ ᠢ ᠦᠨᠡᠯᠡᠨ ᠵᠢᠱᠢᠬᠦ | ᠠᠵᠢᠯ ᠢ ᠬᠠᠷᠢᠭᠤᠴᠠᠨ ᠥᠷᠨᠢᠭᠦᠯᠵᠦ ᠂ ᠭᠠᠮᠰᠢᠭ ᠠᠴᠠ ᠠᠪᠤᠷᠠᠬᠤ ᠴᠠᠭ ᠠᠭᠤᠷ ᠤᠨ ᠪᠠᠲᠤᠯᠠᠭ᠎ᠠ ᠶᠢᠨ | ᠦᠢᠯᠡᠴᠢᠯᠡᠭᠡ ᠶᠢ ᠰᠠᠶᠢᠲᠤᠷ ᠬᠢᠨ᠎ᠡ ︔ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠ ᠰᠣᠷᠢᠯᠲᠠ ᠶᠢ ᠥᠷᠨᠢᠭᠦᠯᠦᠨ᠎ᠡ ᠃ | ᠠᠷᠠᠳ ᠤᠨ ᠳᠠᠭᠠᠳᠬᠠᠯ ᠤᠨ ᠬᠤᠸᠠᠳᠧ ᠶᠢᠨ ᠰᠠᠯᠪᠤᠷᠢ ᠺᠣᠮᠫᠠᠨᠢ᠄ ᠭᠠᠮᠰᠢᠭ ᠢ ᠰᠡᠷᠭᠡᠶᠢᠯᠡᠬᠦ ᠪᠠ ᠬᠤᠬᠢᠷᠠᠯ ᠢ | ᠰᠡᠷᠭᠡᠶᠢᠯᠡᠬᠦ ᠵᠢᠴᠢ ᠳᠠᠭᠠᠳᠬᠠᠯ ᠤᠨ ᠲᠥᠯᠥᠪᠦᠷᠢ ᠥᠭᠬᠦ ᠠᠵᠢᠯ ᠢ ᠰᠠᠶᠢᠲᠤᠷ ᠬᠢᠵᠦ᠂ ᠭᠠᠮᠰᠢᠭ ᠤᠨ ᠳᠠᠭᠠᠳᠬᠠᠯ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠴᠢᠭᠯᠡᠭᠦᠯᠬᠦ ᠴᠢᠨᠠᠷᠲᠠᠢ ᠪᠠᠷ ᠥᠷᠨᠢᠭᠦᠯᠦᠨ᠎ᠡ᠃ | ᠰᠢᠶᠠᠨ ᠤ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠄ ᠰᠢᠶᠠᠨ ᠤ ᠳᠣᠲᠣᠷ᠎ᠠ ᠬᠦᠨᠳᠦ ᠶᠡᠭᠡ ᠭᠠᠮᠰᠢᠭ ᠤᠨ | ᠪᠠᠶᠢᠳᠠᠯ ᠭᠠᠷᠪᠠᠯ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠠᠷᠯᠢᠭ ᠢ ᠦᠨᠳᠦᠰᠦᠯᠡᠨ᠂ | ᠵᠡᠪᠰᠡᠭᠲᠦ ᠴᠠᠭᠳᠠᠭ᠎ᠠ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠵᠢᠴᠢ ᠪᠤᠰᠤᠳ ᠪᠠᠴᠢᠮ | ᠪᠠᠶᠢᠳᠠᠯ ᠢ ᠠᠷᠭᠠᠴᠠᠬᠤ ᠬᠦᠴᠦᠨ ᠢ ᠵᠣᠬᠢᠶᠠᠨ ᠪᠠᠶᠢᠭᠤᠯᠤᠨ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠭᠤᠯᠵᠤ᠂ | ᠭᠠᠮᠰᠢᠭᠳᠠᠭᠰᠠᠨ ᠣᠷᠣᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠭᠠᠮᠰᠢᠭᠳᠠᠭᠰᠠᠨ ᠣᠷᠣᠨ ᠢ | ᠬᠠᠪᠰᠤᠷᠤᠨ ᠠᠶᠤᠯᠲᠠᠢ ᠭᠠᠵᠠᠷ ᠣᠷᠣᠨ ᠤ ᠣᠯᠠᠨ ᠲᠦᠮᠡᠨ ᠢ ᠰᠢᠯᠵᠢᠭᠦᠯᠦᠨ᠎ᠡ᠃ | ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠰᠠᠯᠠᠭ᠎ᠠ ᠮᠥᠴᠢᠷ ᠤᠨ ᠢᠶᠠᠨ ᠲᠤᠰᠢᠶᠠᠯ | ᠬᠠᠷᠢᠭᠤᠴᠠᠯᠭ᠎ᠠ ᠶᠢ ᠦᠨᠳᠦᠰᠦᠯᠡᠨ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠱᠠᠭᠠᠷᠳᠠᠭᠰᠠᠨ ᠡᠯ᠎ᠡ ᠵᠦᠢᠯ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ | ︵ᠭᠤᠷᠪᠠ︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ | ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠳᠣᠣᠷ᠎ᠠ ᠠᠯᠪᠠᠨ ᠭᠡᠷ ᠭᠠᠷᠭᠠᠵᠤ ᠂ ᠰᠢᠶᠠᠨ ᠤ ᠭᠠᠮᠰᠢᠭ ᠢ | ᠪᠠᠭᠠᠰᠬᠠᠬᠤ ᠵᠥᠪᠯᠡᠯ ᠤᠨ ᠡᠳᠦᠷ ᠲᠤᠳᠤᠮ ᠤᠨ ᠬᠡᠷᠡᠭ ᠡᠷᠬᠢᠯᠡᠬᠦ ᠪᠠᠶᠢᠭᠤᠯᠤᠮᠵᠢ ᠪᠣᠯᠭᠠᠵᠤ ᠂ ᠠᠯᠪᠠᠨ ᠭᠡᠷ ᠢ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠭᠠᠷᠭᠠᠵᠤ ᠂ ᠠᠯᠪᠠᠨ ᠭᠡᠷ ᠤᠨ | ᠡᠷᠬᠢᠯᠡᠭᠴᠢ ᠶᠢᠨ ᠲᠤᠰᠢᠶᠠᠯ ᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ | ᠳᠠᠷᠤᠭ᠎ᠠ ᠡᠭᠦᠷᠭᠡᠯᠡᠨ᠎ᠡ᠃ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠡᠳᠦᠷ ᠲᠤᠲᠤᠮ ᠤᠨ ᠠᠵᠢᠯ ᠢ | ᠡᠭᠦᠷᠭᠡᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠣᠷᠣᠨ ᠨᠤᠲᠤᠭ ᠯᠤᠭ᠎ᠠ ᠶᠢᠨ ᠨᠡᠪᠲᠡᠷᠡᠯᠴᠡᠨ ᠬᠠᠷᠢᠯᠴᠠᠬᠤ ᠶᠢ | ᠬᠠᠷᠢᠭᠤᠴᠠᠵᠤ᠂ ᠭᠠᠮᠰᠢᠭ ᠤᠨ ᠪᠠᠶᠢᠳᠠᠯ ᠢ ᠵᠥᠪᠳᠡᠯᠴᠡᠨ ᠦᠨᠡᠯᠡᠬᠦ᠂ ᠭᠠᠮᠰᠢᠭ ᠤᠨ ᠪᠠᠶᠢᠳᠠᠯ ᠢ ᠨᠡᠶᠢᠲᠡᠯᠡᠬᠦ᠂ ᠭᠠᠮᠰᠢᠭ | ᠠᠴᠠ ᠠᠪᠤᠷᠠᠨ ᠲᠤᠰᠠᠯᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠳᠡᠮᠵᠢᠬᠦ ᠠᠷᠭ᠎ᠠ | ᠬᠡᠮᠵᠢᠶ᠎ᠡ ᠶᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | ᠭᠤᠷᠪᠠ᠂ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠬᠤ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠂ ᠴᠠᠭ ᠠᠭᠤᠷ ᠂ ᠤᠰᠤᠨ ᠠᠰᠢᠭᠯᠠᠯᠲᠠ ᠂ | ᠪᠠᠶᠢᠭᠠᠯᠢ ᠶᠢᠨ ᠡᠬᠢ ᠪᠠᠶᠠᠯᠢᠭ ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ | ᠮᠥᠴᠢᠷ ᠴᠠᠭ ᠲᠤᠬᠠᠢ ᠳᠤᠨᠢ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠪᠠ ᠭᠠᠮᠰᠢᠭ ᠠᠴᠠ | ᠠᠪᠤᠷᠠᠬᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ | ᠪᠦᠷᠢᠯᠳᠦᠭᠦᠨ ᠨᠢᠭᠡᠴᠡ ᠳᠤ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ | ᠮᠡᠳᠡᠭᠡ ᠵᠠᠩᠭᠢ ᠶᠢ ᠮᠡᠳᠡᠭᠳᠡᠨ᠎ᠡ᠃ ᠴᠢᠬᠤᠯᠠᠲᠠᠢ ᠦᠶ᠎ᠡ ᠳᠤ ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠠᠴᠠ ᠬᠡᠷᠡᠭᠴᠡᠭᠡ ᠪᠠᠨ ᠦᠨᠳᠦᠰᠦᠯᠡᠨ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠪᠠ | ᠦᠢᠯᠡᠴᠢᠯᠡᠭᠡ ᠶᠢ ᠴᠠᠭ ᠲᠤᠬᠠᠢ ᠳᠤᠨᠢ ᠬᠠᠩᠭᠠᠨ᠎ᠠ᠃ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ | ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠨᠥᠯᠥᠭᠡᠯᠡᠭᠳᠡᠵᠦ | ᠮᠡᠳᠡᠬᠦ ᠭᠠᠵᠠᠷ ᠣᠷᠣᠨ ᠤ ᠪᠠᠶᠢᠭᠠᠯᠢ ᠶᠢᠨ ᠨᠥᠬᠦᠴᠡᠯ ᠂ ᠬᠥᠮᠥᠨ ᠠᠮᠠ ᠪᠠ ᠨᠡᠶᠢᠭᠡᠮ ᠤᠨ ᠠᠵᠤ ᠠᠬᠤᠢ ᠶᠢᠨ | ᠪᠠᠶᠢᠳᠠᠯ ᠲᠠᠢ ᠤᠶᠠᠯᠳᠤᠭᠤᠯᠤᠨ ᠂ ᠭᠠᠷᠴᠤ ᠮᠡᠳᠡᠬᠦ ᠭᠠᠮᠰᠢᠭ ᠤᠨ ᠪᠠᠶᠢᠳᠠᠯ ᠢ ᠤᠷᠢᠳᠴᠢᠯᠠᠨ ᠦᠨᠡᠯᠡᠨ ᠵᠢᠱᠢᠵᠦ ᠂ | ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠵᠦ ᠂ ᠦᠨᠳᠦᠰᠦᠨ | ᠠᠮᠢᠳᠤᠷᠠᠯ ᠢ ᠨᠥᠯᠥᠭᠡᠯᠡᠵᠦ ᠮᠡᠳᠡᠬᠦ ᠶᠢᠨ ᠤᠯᠠᠮ ᠠᠴᠠ ᠠᠷᠭᠠᠴᠠᠬᠤ ᠠᠷᠭ᠎ᠠ ᠬᠡᠮᠵᠢᠶ᠎ᠡ ᠶᠢ ᠤᠷᠢᠳᠴᠢᠯᠠᠨ ᠠᠪᠬᠤ | ᠴᠢᠬᠤᠯᠠᠲᠠᠢ ᠦᠶ᠎ᠡ ᠳᠤ ᠂ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠲᠤᠨ ᠲᠠᠭᠠᠬᠤ ᠠᠵᠢᠯ ᠢ ᠡᠬᠢᠯᠡᠭᠦᠯᠵᠦ ᠂ | ᠪᠠᠶᠢᠳᠠᠯ ᠢ ᠨᠢ ᠦᠵᠡᠵᠦ ᠪᠠᠶᠢᠭᠠᠳ ᠳᠣᠣᠷᠠᠬᠢ ᠨᠢᠭᠡ ᠵᠦᠢᠯ ᠪᠤᠶᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠤᠨ᠎ᠠ | ᠄ | 1. ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠡᠷᠬᠢᠯᠡᠭᠴᠢ ᠪᠤᠶᠤ ᠳᠡᠳ᠋ ᠡᠷᠬᠢᠯᠡᠭᠴᠢ᠂ ᠰᠢᠶᠠᠨ ᠤ | ᠭᠠᠮᠰᠢᠭ ᠢ ᠪᠠᠭᠠᠰᠬᠠᠬᠤ ᠵᠥᠪᠯᠡᠯ ᠤᠨ ᠪᠦᠷᠢᠯᠳᠦᠭᠦᠨ ᠨᠢᠭᠡᠴᠡ ᠳᠤ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠵᠤ | ᠡᠬᠢᠯᠡᠭᠦᠯᠦᠭᠰᠡᠨ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠪᠤᠶᠤ ᠮᠡᠳᠡᠭᠳᠡᠵᠦ᠂ ᠤᠷᠢᠳᠴᠢᠯᠠᠨ ᠰᠡᠷᠡᠮᠵᠢᠯᠡᠭᠦᠯᠬᠦ ᠶᠢ | ᠳᠠᠭᠠᠵᠤ ᠡᠬᠢᠯᠡᠭᠦᠯᠦᠭᠰᠡᠨ ᠪᠠᠶᠢᠳᠠᠯ ᠢ ᠨᠡᠶᠢᠭᠡᠮ ᠳᠤ ᠨᠡᠶᠢᠲᠡᠯᠡᠨ᠎ᠡ︔ ᠬᠠᠮᠢᠶ᠎ᠠ ᠪᠦᠬᠦᠢ ᠰᠢᠶᠠᠩ ᠪᠠᠯᠭᠠᠰᠤ ᠳᠤ | ᠭᠠᠮᠰᠢᠭ ᠤᠨ ᠰᠡᠷᠡᠮᠵᠢᠯᠡᠭᠦᠯᠦᠯ ᠤᠨ ᠳᠠᠭᠠᠬᠤ ᠮᠡᠳᠡᠭᠡ ᠵᠠᠩᠭᠢ ᠶᠢ ᠲᠠᠷᠬᠠᠭᠠᠵᠤ᠂ ᠭᠠᠮᠰᠢᠭ ᠠᠴᠠ ᠠᠪᠤᠷᠠᠨ ᠲᠤᠰᠠᠯᠠᠬᠤ | ᠠᠵᠢᠯ ᠤᠨ ᠱᠠᠭᠠᠷᠳᠠᠯᠭ᠎ᠠ ᠶᠢ ᠳᠤᠷᠠᠳᠤᠨ᠎ᠠ ᠃ | 2. ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠨᠡᠶᠢᠲᠡᠯᠡᠭᠰᠡᠨ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ | ᠭᠠᠮᠰᠢᠭ ᠠᠴᠠ ᠪᠣᠯᠵᠤ ᠮᠡᠳᠡᠬᠦ ᠬᠤᠬᠢᠷᠠᠯ ᠢ ᠵᠠᠳᠠᠯᠤᠨ ᠦᠨᠡᠯᠡᠵᠦ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠳᠤ ᠴᠠᠭ | ᠲᠤᠬᠠᠢ ᠳᠤᠨᠢ ᠲᠣᠬᠢᠷᠠᠭᠤᠯᠤᠯᠲᠠ ᠬᠢᠨ᠎ᠡ ᠃ | 3. ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠵᠠᠶᠢᠯᠠᠭᠤᠯᠬᠤ ᠂ ᠲᠠᠷᠬᠠᠭᠠᠬᠤ ᠭᠠᠵᠠᠷ ᠢ ᠨᠡᠭᠡᠭᠡᠵᠦ ᠂ | ᠪᠠᠶᠢᠭᠠᠯᠢ ᠶᠢᠨ ᠭᠠᠮᠰᠢᠭ ᠤᠨ ᠬᠤᠣᠷ ᠬᠥᠨᠥᠭᠡᠯ ᠳᠤ ᠠᠮᠠᠷᠬᠠᠨ ᠤᠴᠠᠷᠠᠬᠤ ᠬᠥᠮᠥᠰ ᠪᠠ ᠡᠳ᠋ ᠬᠥᠷᠥᠩᠭᠡ ᠶᠢ | ᠲᠠᠷᠬᠠᠭᠠᠬᠤ ᠪᠠ ᠰᠢᠯᠵᠢᠭᠦᠯᠬᠦ ︔ ᠪᠠᠶᠢᠳᠠᠯ ᠪᠠᠴᠢᠮ ᠦᠶ᠎ᠡ ᠳᠤ ᠂ ᠵᠣᠬᠢᠶᠠᠨ ᠪᠠᠶᠢᠭᠤᠯᠤᠯᠲᠠ ᠲᠠᠢ ᠪᠠᠷ ᠠᠶᠤᠯ ᠠᠴᠠ | ᠵᠠᠶᠢᠯᠠᠭᠤᠯᠤᠨ ᠰᠢᠯᠵᠢᠭᠦᠯᠬᠦ ᠶᠢ ᠬᠡᠷᠡᠭᠵᠢᠭᠦᠯᠦᠨ᠎ᠡ ︔ ᠢᠳᠬᠠᠭᠰᠠᠨ ᠪᠠᠶᠢᠲᠠᠯ᠎ᠠ ᠮᠥᠨ ᠰᠢᠯᠵᠢᠭᠦᠯᠬᠦ ᠶᠢ ᠲᠡᠪᠴᠢᠭᠰᠡᠨ | ᠬᠥᠮᠥᠰ ᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ ᠠᠯᠪᠠᠳᠠᠯᠭ᠎ᠠ ᠪᠠᠷ ᠰᠢᠯᠵᠢᠭᠦᠯᠬᠦ ᠶᠢ ᠬᠡᠷᠡᠭᠵᠢᠭᠦᠯᠵᠦ | ᠪᠣᠯᠣᠨ᠎ᠠ ︔ ᠰᠢᠯᠵᠢᠭᠦᠯᠬᠦ ᠵᠠᠷᠯᠢᠭ ᠢ ᠬᠦᠴᠦᠨ ᠦᠭᠡᠢ ᠪᠣᠯᠭᠠᠬᠤ ᠠᠴᠠ ᠡᠮᠦᠨ᠎ᠡ ᠂ ᠰᠢᠯᠵᠢᠭᠦᠯᠦᠭᠳᠡᠭᠰᠡᠨ ᠬᠥᠮᠥᠨ | ᠠᠶᠤᠯᠲᠠᠢ ᠣᠷᠣᠨ ᠳᠤ ᠳᠤᠷ᠎ᠠ ᠪᠠᠷ ᠢᠶᠠᠨ ᠪᠤᠴᠠᠵᠤ ᠪᠣᠯᠬᠤ ᠦᠭᠡᠢ ᠃ | 4. ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠡᠭᠦᠷᠭᠡ ᠲᠠᠢ ᠬᠤᠯᠪᠣᠭᠳᠠᠯ ᠪᠦᠬᠦᠢ ᠨᠢᠭᠡᠴᠡ ᠳᠤ | ᠮᠡᠳᠡᠭᠳᠡᠵᠦ ᠭᠠᠮᠰᠢᠭ ᠠᠴᠠ ᠠᠪᠤᠷᠠᠬᠤ ᠡᠳ᠋ ᠪᠣᠳᠠᠰ ᠤᠨ ᠪᠡᠯᠡᠳᠬᠡᠯ ᠪᠠ ᠡᠳ᠋ ᠪᠣᠳᠠᠰ ᠢ ᠰᠢᠯᠵᠢᠭᠦᠯᠦᠨ ᠲᠡᠭᠡᠭᠡᠪᠦᠷᠢᠯᠡᠬᠦ | ᠪᠡᠯᠡᠳᠬᠡᠯ ᠢ ᠰᠠᠶᠢᠲᠤᠷ ᠬᠢᠯᠭᠡᠵᠦ ᠂ ᠪᠠᠴᠢᠮ ᠪᠠᠶᠢᠳᠠᠯ ᠤᠨ ᠳᠣᠣᠷ᠎ᠠ ᠤᠷᠢᠳᠴᠢᠯᠠᠨ ᠰᠢᠯᠵᠢᠭᠦᠯᠦᠨ ᠥᠭᠭᠦᠭᠦᠯᠦᠨᠡ ︔ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠨᠢᠭᠡᠴᠡ ᠯᠦᠭᠡ ᠶᠢᠨ ᠪᠠᠴᠢᠮ | ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠭᠠᠮᠰᠢᠭ ᠠᠴᠠ ᠠᠪᠤᠷᠠᠬᠤ | ᠡᠳ᠋ ᠪᠠᠷᠠᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠪᠡᠯᠡᠳᠬᠡᠯ ᠢ ᠰᠠᠶᠢᠲᠤᠷ ᠬᠢᠨ᠎ᠡ᠃ | 5. ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠬᠤ ᠠᠵᠢᠯ ᠤᠨ ᠳᠤᠭᠤᠶᠢᠯᠠᠩ ᠲᠣᠮᠢᠯᠠᠵᠤ᠂ ᠭᠠᠮᠰᠢᠭ ᠤᠨ ᠠᠶᠤᠯ | ᠲᠦᠭᠰᠢᠭᠦᠷᠢ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠨ᠂ ᠡᠯ᠎ᠡ ᠵᠦᠢᠯ ᠤᠨ ᠭᠠᠮᠰᠢᠭ ᠠᠴᠠ ᠠᠪᠤᠷᠠᠬᠤ | ᠪᠡᠯᠡᠳᠬᠡᠯ ᠵᠢᠴᠢ ᠠᠷᠭᠠᠴᠠᠬᠤ ᠠᠵᠢᠯ ᠤᠨ ᠪᠠᠶᠢᠳᠠᠯ ᠢ ᠪᠠᠶᠢᠴᠠᠭᠠᠨ᠎ᠠ᠃ | 6. ᠰᠡᠷᠡᠮᠵᠢᠯᠡᠭᠦᠯᠬᠦ ᠶᠢ ᠳᠠᠭᠠᠬᠤ ᠠᠵᠢᠯᠯᠠᠭ᠎ᠠ ᠶᠢ ᠡᠬᠢᠯᠡᠭᠦᠯᠦᠭᠰᠡᠨ ᠪᠠᠶᠢᠳᠠᠯ ᠢ ᠨᠡᠶᠢᠭᠡᠮ ᠨᠡᠶᠢᠲᠡ ᠳᠤ ᠨᠡᠶᠢᠲᠡᠯᠡᠨ᠎ᠡ | ᠃ | 7. ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠵᠢᠭᠦᠯᠬᠦ ᠡᠯ᠎ᠡ ᠵᠦᠢᠯ ᠤᠨ ᠪᠡᠯᠡᠳᠬᠡᠯ | ᠠᠵᠢᠯ ᠢ ᠰᠠᠶᠢᠲᠤᠷ ᠬᠢᠨ᠎ᠡ᠃ | ᠭᠠᠢ ᠭᠠᠮᠰᠢᠭ ᠤᠨ ᠠᠶᠤᠯ ᠲᠦᠭᠰᠢᠭᠦᠷᠢ ᠶᠢ ᠠᠷᠢᠯᠭᠠᠭᠰᠠᠨ ᠪᠤᠶᠤ ᠭᠠᠢ ᠭᠠᠮᠰᠢᠭ ᠪᠣᠯᠭᠠᠨ ᠬᠤᠪᠢᠷᠠᠭᠤᠯᠤᠭᠰᠠᠨ ᠤ | ᠳᠠᠷᠠᠭ᠎ᠠ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠤᠷᠢᠳᠴᠢᠯᠠᠨ ᠰᠡᠷᠡᠮᠵᠢᠯᠡᠭᠦᠯᠵᠦ | ᠳᠠᠭᠠᠬᠤ ᠪᠠᠨ ᠵᠣᠭᠰᠣᠨ᠎ᠠ᠃ | ᠳᠥᠷᠪᠡ᠂ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ | ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠪᠠᠶᠢᠭᠠᠯᠢ ᠶᠢᠨ ᠭᠠᠮᠰᠢᠭ ᠤᠨ | ᠪᠠᠶᠢᠳᠠᠯ ᠢ ᠪᠦᠷᠢᠳᠬᠡᠬᠦ ᠳᠦᠷᠢᠮ︾ ᠪᠠ ︽ᠣᠨᠴᠠᠭᠠᠶ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠬᠤᠬᠢᠷᠠᠯ ᠢ | ᠪᠦᠷᠢᠳᠬᠡᠬᠦ ᠳᠦᠷᠢᠮ︾ ᠤᠨ ᠶᠣᠰᠣᠭᠠᠷ ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ ᠂ | ᠬᠤᠷᠢᠶᠠᠩᠭᠤᠶᠢᠯᠠᠬᠤ ᠂ ᠵᠠᠳᠠᠯᠬᠤ ᠂ ᠳᠡᠭᠡᠭᠰᠢ ᠮᠡᠳᠡᠭᠦᠯᠬᠦ ᠪᠠ ᠰᠠᠯᠠᠭ᠎ᠠ ᠮᠥᠴᠢᠷ ᠤᠨ ᠬᠤᠭᠤᠷᠣᠨᠳᠤ ᠪᠠᠨ ᠬᠠᠮᠲᠤ ᠪᠠᠷ | ᠡᠳ᠋ᠯᠡᠬᠦ ᠠᠵᠢᠯ ᠢ ᠰᠠᠶᠢᠲᠤᠷ ᠬᠢᠨ᠎ᠡ᠃ | ︵ᠨᠢᠭᠡ︶ ᠮᠡᠳᠡᠭᠡ ᠵᠠᠩᠭᠢ ᠶᠢᠨ ᠮᠡᠳᠡᠭᠦᠯᠦᠯᠲᠡ | 1. ᠭᠡᠨᠡᠳᠲᠡ ᠶᠢᠨ ᠴᠢᠨᠠᠷᠲᠠᠢ ᠪᠠᠶᠢᠭᠠᠯᠢ ᠶᠢᠨ ᠭᠠᠮᠰᠢᠭ ᠢ ᠡᠯ᠎ᠡ ᠰᠢᠶᠠᠩ ᠪᠠᠯᠭᠠᠰᠤ ᠭᠠᠮᠰᠢᠭ ᠭᠠᠷᠤᠭᠰᠠᠨ ᠤ | ᠲᠠᠷᠠᠭ᠎ᠠ 1.5 ᠴᠠᠭ ᠤᠨ ᠳᠣᠲᠣᠷ᠎ᠠ ᠬᠠᠷᠢᠶ᠎ᠠ ᠣᠷᠣᠨ ᠤ ᠪᠠᠨ ᠭᠠᠮᠰᠢᠭ ᠤᠨ ᠪᠠᠶᠢᠳᠠᠯ ᠢ ᠰᠢᠶᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ ︔ ᠰᠢᠶᠠᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠭᠠᠮᠰᠢᠭ ᠭᠠᠷᠤᠭᠰᠠᠨ ᠤ ᠳᠠᠷᠠᠭᠠᠬᠢ 2 ᠴᠠᠭ ᠤᠨ | ᠳᠣᠲᠣᠷ᠎ᠠ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠢᠶᠠᠨ ᠰᠢᠶᠠᠨ ᠤ ᠵᠠᠰᠠᠭ ᠤᠨ | ᠣᠷᠳᠣᠨ ᠪᠠ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ | ᠮᠡᠳᠡᠭᠦᠯᠦᠨ᠎ᠡ᠃ 10 ᠠᠴᠠ ᠳᠡᠭᠡᠭᠰᠢ ᠬᠥᠮᠥᠨ ᠦᠬᠦᠭᠰᠡᠨ ︵ᠠᠯᠠᠭ᠎ᠠ ᠪᠣᠯᠤᠭᠰᠠᠨ ᠢ | ᠪᠠᠭᠲᠠᠭᠠᠨ᠎ᠠ︶ ᠪᠤᠶᠤ ᠭᠡᠷ ᠪᠠᠶᠢᠰᠢᠩ ᠶᠡᠭᠡ ᠬᠡᠮᠵᠢᠶ᠎ᠡ ᠪᠠᠷ ᠨᠤᠷᠠᠭᠰᠠᠨ᠂ ᠲᠠᠷᠢᠶᠠᠨ ᠭᠠᠵᠠᠷ ᠶᠡᠭᠡ ᠬᠡᠪᠴᠢᠶ᠎ᠡ ᠪᠠᠷ | ᠭᠠᠮᠰᠢᠭᠳᠠᠭᠰᠠᠨ ᠵᠡᠷᠭᠡ ᠬᠦᠨᠳᠦ ᠨᠣᠴᠢᠲᠠᠢ ᠬᠤᠬᠢᠷᠠᠯ ᠳᠤ ᠤᠴᠠᠷᠠᠭᠰᠠᠨ ᠭᠡᠨᠡᠳᠲᠡ ᠶᠢᠨ ᠴᠢᠨᠠᠷᠲᠠᠢ ᠪᠠᠶᠢᠭᠠᠯᠢ ᠶᠢᠨ | ᠭᠠᠮᠰᠢᠭ ᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠭᠠᠮᠰᠢᠭ ᠭᠠᠷᠤᠭᠰᠠᠨ ᠤ | ᠲᠠᠷᠠᠭ᠎ᠠ ᠲᠡᠷᠡ ᠳᠠᠷᠤᠢ ᠳᠤᠨᠢ ᠰᠢᠶᠠᠨ ᠤ ᠵᠠᠰᠠᠭ ᠤᠨ ᠣᠷᠳᠣᠨ ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠢᠩᠬᠢᠮ ᠪᠠ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠳᠤ | ᠮᠡᠳᠡᠭᠦᠯᠦᠨ᠎ᠡ᠃ | ᠰᠢᠶᠠᠨ ᠤ ᠨᠠᠮ ᠤᠨ ᠬᠤᠷᠢᠶ᠎ᠠ ᠂ ᠰᠢᠶᠠᠨ ᠤ ᠵᠠᠰᠠᠭ ᠤᠨ ᠣᠷᠳᠣᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ | ᠲᠤᠬᠠᠢ ᠠᠰᠲᠠᠭᠠᠨ ᠲᠣᠭᠲᠠᠭᠠᠯ ᠲᠠᠢ ᠪᠠᠶᠢᠪᠠᠯ ᠂ ᠲᠡᠷᠡ ᠲᠣᠭᠲᠠᠭᠠᠯ ᠢ ᠵᠢᠷᠤᠮᠯᠠᠨ᠎ᠠ ᠃ | 2.ᠣᠨᠴᠠᠭᠠᠶ ᠬᠦᠨᠳᠦ ᠶᠡᠭᠡ ᠂ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠭᠠᠮᠰᠢᠭ ᠤᠨ ᠪᠠᠶᠢᠳᠠᠯ ᠢ ᠲᠣᠭᠲᠠᠭᠤᠨ | ᠪᠠᠶᠢᠯᠭᠠᠬᠤ ᠠᠴᠠ ᠡᠮᠦᠨ᠎ᠡ ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠡᠯ᠎ᠡ | ᠰᠢᠶᠠᠩ ᠪᠠᠯᠭᠠᠰᠤ ᠭᠠᠮᠰᠢᠭ ᠤᠨ ᠪᠠᠶᠢᠳᠠᠯ ᠢ 24 ᠴᠠᠭ ᠤᠨ ᠳᠣᠲᠣᠷ᠎ᠠ ᠮᠡᠳᠡᠭᠦᠯᠬᠦ ᠦᠭᠡᠢ ᠪᠠᠶᠢᠬᠤ ᠳᠦᠷᠢᠮ ᠢ | ᠬᠡᠷᠡᠭᠵᠢᠭᠦᠯᠦᠨ᠎ᠡ ︔ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠳᠦᠷ ᠪᠦᠷᠢ ᠶᠢᠨ | 9 ᠴᠠᠭ ᠠᠴᠠ ᠡᠮᠦᠨ᠎ᠡ ᠡᠳᠦᠷ ᠤᠨ 24 ᠴᠠᠭ ᠪᠣᠯᠲᠠᠯᠠᠬᠢ ᠭᠠᠮᠰᠢᠭ ᠤᠨ ᠪᠠᠶᠢᠳᠠᠯ ᠢ ᠰᠢᠶᠠᠨ ᠤ ᠵᠠᠰᠠᠭ ᠤᠨ ᠣᠷᠳᠣᠨ | ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ | ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠲᠠᠷᠠᠭ᠎ᠠ ᠂ ᠡᠯ᠎ᠡ ᠰᠢᠶᠠᠩ ᠪᠠᠯᠭᠠᠰᠤ 2 ᠠᠵᠢᠯᠯᠠᠬᠤ | ᠡᠳᠦᠷ ᠤᠨ ᠳᠣᠲᠣᠷ᠎ᠠ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠵᠤ ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ 5 ᠠᠵᠢᠯᠯᠠᠬᠤ ᠡᠳᠦᠷ ᠤᠨ ᠳᠣᠲᠣᠷ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ | ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠵᠦ ᠂ ᠰᠢᠶᠠᠨ ᠤ ᠵᠠᠰᠠᠭ ᠤᠨ ᠣᠷᠳᠣᠨ ᠂ | ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ᠎ᠡ᠃ | 3.ᠭᠠᠩ ᠬᠠᠭᠰᠠᠷᠠᠭᠠᠨ ᠤ ᠭᠠᠮᠰᠢᠭ ᠲᠤ ᠳᠠᠭᠠᠷᠢᠭᠳᠠᠭᠰᠠᠨ ᠰᠢᠶᠠᠩ ᠪᠠᠯᠭᠠᠰᠤᠨ ᠤ ᠭᠠᠩ ᠬᠠᠭᠰᠠᠷᠠᠭᠠᠨ ᠤ | ᠪᠠᠶᠢᠳᠠᠯ ᠠᠩᠬ᠎ᠠ ᠢᠯᠡᠷᠡᠵᠦ ᠂ ᠤᠯᠠᠨ ᠲᠦᠮᠡᠨ ᠤ ᠦᠢᠯᠡᠳᠪᠦᠷᠢᠯᠡᠯ ᠪᠠ ᠠᠮᠢᠳᠤᠷᠠᠯ ᠵᠣᠬᠢᠬᠤ ᠬᠡᠮᠵᠢᠶ᠎ᠡ ᠪᠠᠷ | ᠨᠥᠯᠥᠭᠡᠯᠡᠭᠳᠡᠭᠰᠡᠨ ᠦᠶ᠎ᠡ ᠳᠤ ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ | ᠭᠠᠮᠰᠢᠭ ᠤᠨ ᠪᠠᠶᠢᠳᠠᠯ ᠢ ᠠᠩᠬ᠎ᠠ ᠮᠡᠳᠡᠭᠦᠯᠦᠨ᠎ᠡ︔ ᠭᠠᠩ ᠬᠠᠭᠰᠠᠷᠠᠭᠠᠨ ᠤ ᠬᠥᠭᠵᠢᠯᠲᠡ ᠶᠢᠨ ᠶᠠᠪᠤᠴᠠ ᠳᠤ ᠂ | ᠭᠠᠮᠰᠢᠭ ᠤᠨ ᠪᠠᠶᠢᠳᠠᠯ ᠢ ᠠᠷᠢᠯᠭᠠᠲᠠᠯᠠ ᠠᠳᠠᠭ ᠲᠠᠭᠠᠨ 10 ᠡᠳᠦᠷ ᠲᠤ ᠨᠢᠭᠡ ᠤᠳᠠᠭ᠎ᠠ ᠦᠷᠭᠦᠯᠵᠢᠯᠡᠨ | ᠮᠡᠳᠡᠭᠦᠯᠦᠨ᠎ᠡ ︔ ᠭᠠᠮᠰᠢᠭ ᠤᠨ ᠪᠠᠶᠢᠳᠠᠯ ᠢ ᠲᠠᠶᠢᠯᠤᠭᠰᠠᠨ ᠤ ᠳᠠᠷᠠᠭ᠎ᠠ ᠴᠠᠭ ᠲᠤᠬᠠᠢ ᠳᠤᠨᠢ ᠬᠠᠷᠭᠤᠭᠤᠯᠤᠨ | ᠮᠡᠳᠡᠭᠦᠯᠦᠨ᠎ᠡ᠃ | 4. ᠡᠬᠡ ᠲᠠᠩᠰᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠮᠰᠢᠭ ᠠᠴᠠ ᠪᠣᠯᠵᠤ ᠦᠬᠦᠵᠦ ᠪᠠᠷ᠎ᠠ ᠰᠤᠷᠠᠭ | ᠦᠭᠡᠢ ᠪᠣᠯᠤᠭᠰᠠᠨ ᠬᠥᠮᠥᠨ ᠠᠮᠠ᠂ ᠭᠠᠮᠰᠢᠭ ᠠᠴᠠ ᠪᠣᠯᠵᠤ ᠨᠤᠷᠠᠵᠤ ᠡᠪᠳᠡᠷᠡᠭᠰᠡᠨ ᠣᠷᠣᠨ ᠰᠠᠭᠤᠴᠠ ᠪᠠ | ᠭᠠᠮᠰᠢᠭᠳᠠᠭᠰᠠᠨ ᠬᠥᠮᠥᠰ ᠤᠨ ᠡᠪᠦᠯ ᠬᠠᠪᠤᠷ ᠤᠨ ᠠᠮᠢᠳᠤᠷᠠᠯ ᠤᠨ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ | ᠬᠥᠮᠥᠨ ᠠᠮᠠ ᠶᠢᠨ ᠨᠠᠷᠢᠨ ᠬᠦᠰᠦᠨᠦᠭᠲᠦ ᠶᠢ ᠪᠠᠶᠢᠭᠤᠯᠤᠨ᠎ᠠ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠤ ᠲᠠᠷᠠᠭ᠎ᠠ ᠂ ᠭᠠᠮᠰᠢᠭ ᠠᠴᠠ | ᠪᠣᠯᠵᠤ ᠦᠬᠦᠵᠦ ᠪᠠᠷ᠎ᠠ ᠰᠤᠷᠠᠭ ᠦᠭᠡᠢ ᠪᠣᠯᠤᠭᠰᠠᠨ ᠬᠥᠮᠥᠨ ᠠᠮᠠ ᠂ ᠨᠤᠷᠠᠵᠤ ᠤᠨᠠᠭᠰᠠᠨ ᠭᠡᠷ ᠪᠠᠶᠢᠰᠢᠩ ᠂ | ᠭᠠᠮᠰᠢᠭᠳᠠᠭᠰᠠᠨ ᠲᠠᠷᠢᠶᠠᠨ ᠭᠠᠵᠠᠷ ᠤᠨ ᠲᠠᠯᠠᠪᠠᠢ ᠪᠣᠯᠣᠨ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ | ᠴᠢᠬᠤᠯᠠᠲᠠᠢ ᠬᠥᠮᠥᠨ ᠠᠮᠠ ᠶᠢᠨ ᠨᠡᠷᠡᠰ ᠤᠨ ᠪᠦᠷᠢᠳᠬᠡᠯ ᠢ ᠪᠠᠶᠢᠭᠤᠯᠵᠤ ᠂ ᠰᠡᠷᠭᠦᠭᠡᠨ ᠲᠠᠬᠢᠨ ᠪᠠᠶᠢᠭᠤᠯᠬᠤ ᠪᠠ | ᠠᠮᠢᠳᠤᠷᠠᠯ ᠤᠨ ᠠᠪᠤᠷᠠᠨ ᠲᠤᠰᠠᠯᠠᠯᠲᠠ ᠶᠢ ᠥᠷᠨᠢᠭᠦᠯᠬᠦ ᠳᠤ ᠨᠠᠶᠢᠳᠠᠪᠤᠷᠢᠲᠠᠢ ᠦᠨᠳᠦᠰᠦ ᠪᠠᠷᠢᠮᠲᠠ ᠬᠠᠩᠭᠠᠨ᠎ᠠ᠃ | ︵ᠬᠤᠶᠠᠷ︶ ᠮᠡᠳᠡᠭᠡ ᠵᠠᠩᠭᠢ ᠨᠡᠶᠢᠲᠡᠯᠡᠬᠦ | ᠮᠡᠳᠡᠭᠡ ᠵᠠᠩᠭᠢ ᠨᠡᠶᠢᠲᠡᠯᠡᠬᠦ ᠳᠡᠭᠡᠨ ᠦᠨᠡᠨ ᠠᠴᠠ ᠵᠥᠪ ᠢ ᠡᠷᠢᠬᠦ ᠂ ᠴᠠᠭ ᠲᠤᠬᠠᠢ ᠳᠤᠨᠢ ᠣᠨᠣᠪᠴᠢᠲᠠᠶ ᠪᠠᠶᠢᠬᠤ ᠂ | ᠢᠯᠡ ᠲᠣᠳᠣ ᠪᠠᠶᠢᠬᠤ ᠵᠠᠷᠴᠢᠮ ᠢ ᠪᠠᠷᠢᠮᠲᠠᠯᠠᠨ᠎ᠠ ᠃ ᠮᠡᠳᠡᠭᠡ ᠵᠠᠩᠭᠢ ᠨᠡᠶᠢᠲᠡᠯᠡᠬᠦ ᠬᠡᠯᠪᠡᠷᠢ ᠳᠤ ᠡᠷᠬᠡ ᠣᠯᠭᠤᠨ | ᠨᠡᠶᠢᠲᠡᠯᠡᠬᠦ᠂ ᠵᠣᠬᠢᠶᠠᠨ ᠪᠠᠶᠢᠭᠤᠯᠤᠨ ᠮᠡᠳᠡᠭᠡᠯᠡᠬᠦ᠂ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ᠂ ᠰᠣᠨᠢᠨ | ᠮᠡᠳᠡᠭᠡ ᠨᠡᠶᠢᠲᠡᠯᠡᠬᠦ ᠬᠤᠷᠠᠯ ᠬᠢᠬᠦ ᠵᠡᠷᠭᠡ᠂ ᠷᠠᠳᠢᠣ᠋ ᠲᠧᠯᠸᠢᠰ ᠵᠢᠴᠢ ᠰᠣᠨᠢᠨ ᠮᠡᠳᠡᠭᠡᠨ ᠤ ᠰᠦᠯᠵᠢᠶ᠎ᠡ ᠪᠤᠶᠤ ᠵᠠᠰᠠᠭ ᠤᠨ | ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠪᠢᠴᠢᠯ ᠪᠦᠷᠭᠡ᠂ ᠵᠠᠰᠠᠭ ᠤᠨ ᠶᠠᠪᠤᠳᠠᠯ ᠤᠨ ᠸᠢᠴᠠᠲ᠂ | ᠵᠠᠰᠠᠭ ᠤᠨ ᠶᠠᠪᠤᠳᠠᠯ ᠤᠨ ᠬᠡᠷᠡᠭᠯᠡᠭᠴᠢ ᠶᠢᠨ ᠬᠤᠯᠪᠤᠭᠠᠰᠤ ᠵᠡᠷᠭᠡ ᠪᠠᠷ ᠳᠠᠮᠵᠢᠭᠤᠯᠤᠨ ᠮᠡᠳᠡᠭᠡ ᠵᠠᠩᠭᠢ ᠨᠡᠶᠢᠲᠡᠯᠡᠬᠦ | ᠵᠡᠷᠭᠡ ᠪᠠᠭᠲᠠᠨ᠎ᠠ᠃ | ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠬᠤ ᠪᠠ ᠨᠡᠶᠢᠲᠡᠯᠡᠬᠦ ᠠᠵᠢᠯ ᠤᠨ ᠲᠠᠯ᠎ᠠ ᠪᠠᠷ ᠬᠠᠤᠯᠢ ᠴᠠᠭᠠᠵᠠ ᠬᠠᠤᠯᠢ | ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠂ ᠲᠡᠷᠡ ᠲᠣᠭᠲᠠᠭᠠᠯ ᠢ ᠵᠢᠷᠤᠮᠯᠠᠨ᠎ᠠ ᠃ | ᠲᠠᠪᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ | ᠪᠠᠶᠢᠭᠠᠯᠢ ᠶᠢᠨ ᠭᠠᠢ ᠭᠠᠮᠰᠢᠭ ᠤᠨ ᠬᠤᠣᠷ ᠬᠥᠨᠥᠭᠡᠯ ᠤᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ | ᠰᠢᠶᠠᠨ ᠤ ᠱᠠᠲᠤᠨ ᠤ ᠪᠠᠶᠢᠭᠠᠯᠢ ᠶᠢᠨ ᠭᠠᠢ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠬᠤ ᠶᠢ Ⅰ᠂ Ⅱ᠂ Ⅲ᠂ Ⅳ ᠳᠥᠷᠪᠡᠨ ᠳᠡᠰ ᠬᠤᠪᠢᠶᠠᠨ᠎ᠠ᠃ | ︵ᠨᠢᠭᠡ︶ Ⅰ ᠳᠡᠰ ᠤᠨ ᠳᠠᠭᠠᠯ | 1.ᠡᠬᠢᠯᠡᠭᠦᠯᠬᠦ ᠨᠥᠬᠦᠴᠡᠯ | ᠲᠤᠰ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠢᠭᠡ ᠤᠳᠠᠭᠠᠨ ᠤ ᠪᠠᠶᠢᠭᠠᠯᠢ ᠶᠢᠨ ᠭᠠᠮᠰᠢᠭ ᠤᠨ | ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠭᠠᠷᠪᠠᠯ ᠂ Ⅰ ᠳᠡᠰ ᠤᠨ ᠴᠤᠤᠷᠢᠶᠠᠲᠤᠯ ᠢ | ᠡᠬᠢᠯᠡᠭᠦᠯᠦᠨ᠎ᠡ ᠄ | ︵1︶ 20 ᠠᠴᠠ ᠳᠡᠭᠡᠭᠰᠢ ᠬᠥᠮᠥᠨ ᠦᠬᠦᠭᠰᠡᠨ ︔ | ︵2︶ ᠪᠠᠴᠢᠮ ᠰᠢᠯᠵᠢᠭᠦᠯᠦᠨ ᠲᠥᠪᠬᠢᠨᠡᠭᠦᠯᠬᠦ ᠪᠤᠶᠤ ᠪᠠᠴᠢᠮ ᠠᠮᠢᠳᠤᠷᠠᠯ ᠤᠨ ᠠᠪᠤᠷᠠᠨ ᠲᠤᠰᠠᠯᠠᠯᠲᠠ 2 ᠲᠦᠮᠡ ᠠᠴᠠ | ᠳᠡᠭᠡᠭᠰᠢ ᠬᠥᠮᠥᠨ ᠳᠤ ᠬᠡᠷᠡᠭᠴᠡᠭᠡ ᠲᠠᠢ ᠪᠠᠶᠢᠬᠤ ︔ | ︵3︶ 100 ᠲᠠᠰᠤᠯᠭ᠎ᠠ ᠪᠤᠶᠤ 30 ᠡᠷᠦᠭᠡ ᠠᠴᠠ ᠳᠡᠭᠡᠭᠰᠢ ᠭᠡᠷ ᠪᠠᠶᠢᠰᠢᠩ ᠨᠤᠷᠠᠵᠤ ᠤᠨᠠᠭᠰᠠᠨ ᠪᠤᠶᠤ ᠬᠦᠨᠳᠦ | ᠨᠣᠴᠢᠲᠠᠢ ᠡᠪᠳᠡᠭᠳᠡᠭᠰᠡᠨ ︔ | ︵4︶ ᠭᠠᠮᠰᠢᠭ ᠠᠴᠠ ᠪᠣᠯᠵᠤ ᠠᠮᠤ ᠪᠤᠳᠠᠭ᠎ᠠ ᠳᠤᠲᠠᠭᠳᠠᠬᠤ ᠪᠤᠶᠤ ᠤᠰᠤ ᠳᠤᠲᠠᠭᠳᠠᠬᠤ ᠵᠡᠷᠭᠡ ᠠᠮᠢᠳᠤᠷᠠᠯ ᠤᠨ | ᠬᠦᠴᠢᠷᠳᠡᠯ ᠳᠤ ᠲᠤᠯᠭᠠᠷᠠᠵᠤ ᠂ ᠵᠠᠰᠠᠭ ᠤᠨ ᠣᠷᠳᠣᠨ ᠠᠴᠠ 10 ᠲᠦᠮᠡ ᠠᠴᠠ ᠳᠡᠭᠡᠭᠰᠢ ᠬᠥᠮᠥᠨ ᠠᠮᠠ ᠶᠢ ᠠᠪᠤᠷᠠᠨ | ᠲᠤᠰᠠᠯᠠᠬᠤ ᠴᠢᠬᠤᠯᠠᠲᠠᠢ ᠃ | 2.ᠡᠬᠢᠯᠡᠭᠦᠯᠬᠦ ᠳᠠᠷᠠᠭᠠᠯᠠᠯ | ᠭᠠᠮᠰᠢᠭ ᠡᠭᠦᠰᠦᠭᠰᠡᠨ ᠤ ᠳᠠᠷᠠᠭ᠎ᠠ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠵᠠᠳᠠᠯᠤᠨ | ᠦᠨᠡᠯᠡᠬᠦ ᠪᠠᠷ ᠳᠡᠮᠵᠢᠨ᠂ ᠭᠠᠮᠰᠢᠭ ᠤᠨ ᠪᠠᠶᠢᠳᠠᠯ ᠢ ᠡᠬᠢᠯᠡᠭᠦᠯᠬᠦ ᠪᠠᠷᠢᠮᠵᠢᠶ᠎ᠠ ᠳᠤ ᠭᠦᠷᠦᠭᠰᠡᠨ ᠭᠡᠵᠦ ᠮᠠᠭᠠᠳᠯᠠᠨ | ᠲᠣᠭᠲᠠᠭᠠᠵᠤ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠳᠤ Ⅰ ᠲᠠᠰ ᠤᠨ ᠳᠠᠭᠠᠬᠤ ᠰᠠᠨᠠᠭᠤᠯᠭ᠎ᠠ ᠶᠢ ᠳᠤᠷᠠᠳᠤᠨ | ᠭᠠᠷᠭᠠᠵᠤ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠠᠴᠠ Ⅰ ᠲᠠᠰ ᠤᠨ ᠳᠠᠭᠠᠬᠤ ᠰᠠᠨᠠᠭᠤᠯᠭ᠎ᠠ ᠶᠢ | ᠡᠬᠢᠯᠡᠭᠦᠯᠬᠦ ᠪᠠᠷ ᠲᠣᠭᠲᠠᠨ᠎ᠠ᠃ | 3. ᠳᠠᠭᠠᠬᠤ ᠠᠷᠭ᠎ᠠ ᠬᠡᠮᠵᠢᠶ᠎ᠡ | ᠰᠢᠶᠠᠨ ᠤ ᠭᠠᠮᠰᠢᠭ ᠢ ᠪᠠᠭᠠᠰᠬᠠᠬᠤ ᠺᠣᠮᠢᠰ ᠤᠨ ᠡᠷᠬᠢᠯᠡᠭᠴᠢ ᠰᠢᠶᠠᠨ ᠤ ᠱᠠᠲᠤᠨ ᠤ ᠪᠠᠶᠢᠭᠠᠯᠢ ᠶᠢᠨ ᠭᠠᠮᠰᠢᠭ ᠠᠴᠠ | ᠠᠪᠤᠷᠠᠨ ᠲᠤᠰᠠᠯᠠᠬᠤ ᠠᠵᠢᠯ ᠢ ᠨᠢᠭᠡᠳᠦᠯᠲᠡᠢ ᠵᠣᠬᠢᠶᠠᠨ ᠪᠠᠶᠢᠭᠤᠯᠵᠤ ᠂ ᠤᠳᠤᠷᠢᠳᠴᠤ ᠂ ᠵᠣᠬᠢᠴᠠᠭᠤᠯᠵᠤ ᠂ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ ᠃ ᠰᠢᠶᠠᠨ ᠤ ᠭᠠᠮᠰᠢᠭ ᠢ ᠪᠠᠭᠠᠰᠬᠠᠬᠤ | ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠬᠢᠨ ᠪᠡᠯᠡᠳᠬᠡᠯ ᠲᠥᠰᠥᠯ ᠢ ᠦᠨᠳᠦᠰᠦᠯᠡᠨ Ⅰ ᠳᠡᠰ ᠤᠨ ᠳᠠᠭᠠᠬᠤ | ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠂ ᠪᠠᠴᠢᠮ ᠠᠷᠭᠠᠴᠠᠬᠤ ᠪᠠᠶᠢᠳᠠᠯ ᠳᠤ ᠣᠷᠣᠵᠤ ᠂ 24 ᠴᠠᠭ ᠤᠨ ᠪᠠᠴᠢᠮ | ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠬᠡᠷᠡᠭᠵᠢᠭᠦᠯᠵᠦ ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ | ᠪᠦᠬᠦ ᠬᠦᠴᠦᠨ ᠢᠶᠠᠷ ᠢᠶᠠᠨ ᠦᠷᠨᠢᠭᠦᠯᠦᠨ᠎ᠡ᠃ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠵᠢᠴᠢ ᠲᠡᠭᠦᠨ ᠤ | ᠪᠦᠷᠢᠯᠳᠦᠭᠦᠨ ᠨᠢᠭᠡᠴᠡ ᠪᠠᠶᠢᠳᠠᠯ ᠢ ᠦᠵᠡᠵᠦ ᠪᠠᠶᠢᠭᠠᠳ ᠳᠣᠣᠷᠠᠬᠢ ᠠᠷᠭ᠎ᠠ ᠬᠡᠮᠵᠢᠶ᠎ᠡ ᠶᠢ ᠠᠪᠤᠨ᠎ᠠ ᠄ | ︵1︶ ᠰᠢᠶᠠᠨ ᠤ ᠭᠠᠮᠰᠢᠭ ᠢ ᠪᠠᠭᠠᠰᠬᠠᠬᠤ ᠺᠣᠮᠢᠰ ᠤᠨ ᠬᠤᠳᠠᠯᠳᠤᠭᠠᠨ ᠤ ᠡᠪᠯᠡᠯ ᠂ ᠰᠢᠶᠠᠨ ᠤ ᠭᠠᠮᠰᠢᠭ ᠢ | ᠪᠠᠭᠠᠰᠬᠠᠬᠤ ᠺᠣᠮᠢᠰ ᠤᠨ ᠡᠯ᠎ᠡ ᠪᠦᠷᠢᠯᠳᠦᠭᠦᠨ ᠨᠢᠭᠡᠴᠡ ᠵᠢᠴᠢ ᠬᠤᠯᠪᠣᠭᠳᠠᠯ ᠪᠦᠬᠦᠢ ᠭᠠᠮᠰᠢᠭᠳᠠᠭᠰᠠᠨ ᠰᠢᠶᠠᠩ | ᠪᠠᠯᠭᠠᠰᠤ ᠶᠢ ᠣᠷᠣᠯᠴᠠᠭᠤᠯᠵᠤ ᠂ ᠭᠠᠮᠰᠢᠭᠳᠠᠭᠰᠠᠨ ᠣᠷᠣᠨ ᠤ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠬᠤᠯᠠ ᠶᠡᠭᠡ ᠤᠴᠢᠷ ᠶᠠᠪᠤᠳᠠᠯ ᠢ ᠵᠢᠯᠣᠭᠤᠳᠤᠨ ᠳᠡᠮᠵᠢᠬᠦ ᠲᠤᠬᠠᠢ ᠲᠣᠭᠲᠠᠭᠠᠯ ᠭᠠᠷᠭᠠᠨ᠎ᠠ ᠃ | ︵2︶ ᠰᠢᠶᠠᠨ ᠤ ᠭᠠᠮᠰᠢᠭ ᠢ ᠪᠠᠭᠠᠰᠬᠠᠬᠤ ᠺᠣᠮᠢᠰ ᠤᠨ ᠬᠠᠷᠢᠭᠤᠴᠠᠯᠭᠠᠲᠠᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠳᠠᠭᠠᠭᠤᠯᠤᠨ ᠭᠠᠮᠰᠢᠭᠳᠠᠭᠰᠠᠨ ᠣᠷᠣᠨ ᠳᠤ ᠬᠦᠷᠴᠦ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ | ᠠᠵᠢᠯ ᠢ ᠵᠢᠯᠤᠭᠤᠳᠬᠤ ᠪᠤᠶᠤ ᠠᠵᠢᠯᠯᠠᠬᠤ ᠳᠤᠭᠤᠶᠢᠯᠠᠩ ᠲᠣᠮᠢᠯᠠᠨ ᠭᠠᠮᠰᠢᠭᠳᠠᠭᠰᠠᠨ ᠣᠷᠣᠨ ᠳᠤ ᠣᠴᠢᠭᠤᠯᠵᠤ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠢᠯᠣᠭᠤᠳᠤᠭᠤᠯᠤᠨ᠎ᠠ ᠃ | ︵3︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠭᠠᠮᠰᠢᠭ ᠤᠨ ᠪᠠᠶᠢᠳᠠᠯ ᠪᠠ ᠭᠠᠮᠰᠢᠭ ᠠᠴᠠ | ᠠᠪᠤᠷᠠᠬᠤ ᠠᠵᠢᠯ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠵᠦ ᠂ ᠭᠠᠮᠰᠢᠭ ᠤᠨ ᠪᠠᠶᠢᠳᠠᠯ ᠢ | ᠵᠥᠪᠳᠡᠯᠴᠡᠬᠦ ᠠᠵᠢᠯ ᠢ ᠵᠣᠬᠢᠶᠠᠨ ᠪᠠᠶᠢᠭᠤᠯᠵᠤ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ | ᠪᠠᠶᠢᠳᠠᠯ ᠢ ᠨᠢᠭᠡᠳᠦᠯᠲᠡᠢ ᠨᠡᠶᠢᠲᠡᠯᠡᠵᠦ ᠂ ᠭᠠᠮᠰᠢᠭᠳᠠᠭᠰᠠᠨ ᠣᠷᠣᠨ ᠤ ᠬᠡᠷᠡᠭᠴᠡᠭᠡ ᠶᠢ ᠴᠠᠭ ᠲᠤᠬᠠᠢ ᠳᠤᠨᠢ ᠨᠡᠶᠢᠲᠡᠯᠡᠨ᠎ᠡ ᠃ | ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠢᠨ ᠭᠠᠮᠰᠢᠭ ᠤᠨ ᠪᠠᠶᠢᠳᠠᠯ ᠂ | ᠭᠠᠮᠰᠢᠭᠳᠠᠭᠰᠠᠨ ᠣᠷᠣᠨ ᠤ ᠬᠡᠷᠡᠭᠴᠡᠭᠡ ᠵᠢᠴᠢ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠵᠡᠷᠭᠡ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠶᠢ ᠰᠠᠶᠢᠲᠤᠷ ᠬᠢᠵᠦ ᠂ ᠡᠳᠦᠷ ᠪᠦᠷᠢ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ | ᠠᠯᠪᠠᠨ ᠭᠡᠷ ᠲᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠨ᠎ᠡ ᠃ | ︵4︶ ᠭᠠᠮᠰᠢᠭᠳᠠᠭᠰᠠᠨ ᠭᠠᠵᠠᠷ ᠤᠨ ᠰᠢᠶᠠᠩ ᠪᠠᠯᠭᠠᠰᠤᠨ ᠤ ᠭᠤᠶᠤᠴᠢᠯᠠᠯ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠪᠠᠶᠢᠳᠠᠯ ᠢ ᠦᠨᠳᠦᠰᠦᠯᠡᠨ ᠂ ᠰᠢᠶᠠᠨ ᠤ ᠡᠳ᠋ ᠤᠨ | ᠵᠠᠰᠠᠭ ᠤᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠰᠢᠶᠠᠨ ᠤ | ᠱᠠᠲᠤᠨ ᠤ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ ᠳᠤᠨᠢ | ᠳᠣᠷᠣᠭᠰᠢ ᠪᠠᠭᠤᠯᠭᠠᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠪᠠ ᠵᠢᠷᠤᠮ ᠶᠣᠰᠣᠭᠠᠷ ᠂ ᠰᠢᠶᠠᠨ ᠤ | ᠡᠳ᠋ ᠤᠨ ᠵᠠᠰᠠᠭ ᠤᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠷ᠎ᠡ ᠪᠠᠷ | ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠠᠮᠰᠢᠭ ᠤᠨ ᠪᠠᠶᠢᠳᠠᠯ ᠢ ᠮᠡᠳᠡᠭᠦᠯᠵᠦ ᠂ ᠬᠤᠳᠠ ᠶᠢᠨ | ᠱᠠᠲᠤᠨ ᠤ ᠲᠤᠰᠠᠯᠠᠮᠵᠢ ᠶᠢ ᠭᠤᠶᠤᠴᠢᠯᠠᠨ᠎ᠠ ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠠᠮᠢᠳᠤᠷᠠᠯ ᠤᠨ ᠠᠪᠤᠷᠠᠨ ᠲᠤᠰᠠᠯᠠᠬᠤ ᠡᠳ᠋ ᠪᠣᠳᠠᠰ ᠢ ᠪᠠᠴᠢᠮ ᠲᠣᠬᠢᠷᠠᠭᠤᠯᠤᠨ ᠥᠭᠴᠦ ᠂ ᠪᠠᠴᠢᠮ | ᠪᠠᠶᠢᠳᠠᠯ ᠢ ᠠᠷᠭᠠᠴᠠᠵᠤ ᠬᠤᠳᠠᠯᠳᠤᠨ ᠠᠪᠴᠤ ᠂ ᠦᠨᠳᠦᠰᠦᠨ ᠱᠠᠲᠤᠨ ᠤ ᠭᠠᠮᠰᠢᠭ ᠠᠴᠠ ᠠᠪᠤᠷᠠᠬᠤ ᠪᠠᠴᠢᠮ | ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠮᠰᠢᠭ ᠠᠴᠠ ᠠᠪᠤᠷᠠᠬᠤ ᠵᠣᠭᠤᠰ ᠮᠥᠩᠭᠦ | ᠡᠳ᠋ ᠪᠣᠳᠠᠰ ᠢ ᠲᠠᠷᠬᠠᠭᠠᠬᠤ ᠶᠢ ᠵᠢᠯᠣᠭᠤᠳᠤᠨ ᠲᠡᠭᠦᠨ ᠳᠤ ᠬᠢᠨᠠᠯᠲᠠᠵᠠᠮ ᠬᠠᠷᠢᠯᠴᠠᠭ᠎ᠠ ᠲᠡᠭᠡᠭᠡᠪᠦᠷᠢ᠂ ᠲᠡᠮᠦᠷ ᠵᠠᠮ | ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠭᠠᠮᠰᠢᠭ ᠠᠴᠠ ᠠᠪᠤᠷᠠᠬᠤ ᠡᠳ᠋ ᠪᠠᠷᠠᠭ᠎ᠠ᠂ ᠠᠵᠢᠯᠲᠠᠨ ᠤ | ᠲᠡᠭᠡᠭᠡᠪᠦᠷᠢ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵5︶ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠠᠮᠰᠢᠭᠳᠠᠭᠰᠠᠨ ᠣᠷᠣᠨ ᠤ ᠨᠡᠶᠢᠭᠡᠮ ᠤᠨ ᠠᠮᠤᠷ | ᠲᠦᠪᠰᠢᠨ ᠪᠠ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ ᠂ | ᠭᠠᠮᠰᠢᠭᠳᠠᠭᠰᠠᠨ ᠣᠷᠣᠨ ᠤ ᠤᠯᠠᠨ ᠲᠦᠮᠡᠨ ᠢ ᠬᠠᠪᠰᠤᠷᠤᠨ ᠵᠣᠬᠢᠶᠠᠨ ᠪᠠᠶᠢᠭᠤᠯᠵᠤ ᠪᠠᠴᠢᠮ ᠲᠦᠷᠭᠡᠨ | ᠰᠢᠯᠵᠢᠭᠦᠯᠦᠨ᠎ᠡ ᠃ ᠵᠡᠪᠰᠡᠭᠲᠦ ᠴᠠᠭᠳᠠᠭ᠎ᠠ ᠂ ᠡᠷᠦᠭᠡ ᠶᠢᠨ ᠴᠡᠷᠢᠭ ᠂ ᠪᠡᠯᠡᠳᠬᠡᠯ ᠠᠯᠪᠠᠨ ᠤ ᠴᠡᠷᠢᠭ ᠠᠩᠭᠢ ᠳᠡᠭᠡᠳᠦ | ᠱᠠᠲᠤᠨ ᠤ ᠵᠢᠭᠠᠪᠤᠷᠢ ᠪᠠ ᠭᠠᠮᠰᠢᠭᠳᠠᠭᠰᠠᠨ ᠭᠠᠵᠠᠷ ᠤᠨ ᠰᠢᠶᠠᠩ ᠪᠠᠯᠭᠠᠰᠤᠨ ᠤ ᠭᠤᠶᠤᠴᠢᠯᠠᠯ ᠢ ᠦᠨᠳᠦᠰᠦᠯᠡᠨ ᠂ | ᠭᠠᠮᠰᠢᠭ ᠠᠴᠠ ᠠᠪᠤᠷᠠᠬᠤ ᠠᠵᠢᠯ ᠳᠤ ᠢᠳᠡᠪᠬᠢᠲᠡᠢ ᠣᠷᠣᠯᠴᠠᠵᠤ ᠂ ᠴᠢᠬᠤᠯᠠᠲᠠᠢ ᠦᠶ᠎ᠡ ᠳᠤ ᠭᠠᠮᠰᠢᠭᠳᠠᠭᠰᠠᠨ | ᠭᠠᠵᠠᠷ ᠤᠨ ᠰᠢᠶᠠᠩ ᠪᠠᠯᠭᠠᠰᠤ ᠶᠢ ᠬᠠᠮᠵᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠬᠦᠷᠭᠡᠵᠦ ᠂ ᠭᠥᠯᠢᠶᠡᠨ | ᠠᠪᠴᠤ ᠪᠠᠭᠤᠯᠭᠠᠵᠤ ᠂ ᠲᠦᠭᠡᠭᠡᠨ ᠥᠭᠭᠦᠨ᠎ᠡ᠃ | ︵6︶ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠵᠠᠬ᠎ᠠ | ᠳᠡᠯᠭᠡᠭᠦᠷ ᠤᠨ ᠬᠠᠩᠭᠠᠯᠭ᠎ᠠ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ ᠃ ᠰᠢᠶᠠᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠰᠠᠭᠤᠷᠢ ᠴᠠᠬᠢᠯᠭᠠᠨ ᠬᠤᠯᠪᠣᠭᠠᠨ ᠤ | ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠬᠤᠯᠪᠣᠭᠠᠨ ᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠂ ᠠᠪᠤᠷᠠᠨ ᠲᠤᠰᠠᠯᠠᠬᠤ ᠲᠣᠨᠣᠭᠯᠠᠯ ᠂ ᠡᠮᠨᠡᠯᠭᠡ ᠳᠤ ᠬᠡᠷᠡᠭᠯᠡᠬᠦ ᠰᠡᠷᠭᠡᠶᠢᠯᠡᠨ | ᠬᠠᠮᠠᠭᠠᠯᠠᠯᠲᠠ ᠪᠠ ᠠᠯᠠᠵᠤ ᠤᠰᠠᠳᠬᠠᠬᠤ ᠬᠡᠷᠡᠭᠰᠡᠯ ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ | ᠵᠡᠷᠭᠡ ᠶᠢᠨ ᠦᠢᠯᠡᠳᠪᠦᠷᠢᠯᠡᠯ ᠬᠠᠩᠭᠠᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ ᠃ ᠰᠢᠶᠠᠨ ᠤ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠭᠠᠮᠰᠢᠭ ᠤᠨ | ᠳᠠᠷᠠᠭᠠᠬᠢ ᠭᠡᠷ ᠪᠠᠶᠢᠰᠢᠩ ᠢ ᠲᠠᠬᠢᠨ ᠪᠠᠶᠢᠭᠤᠯᠬᠤ ᠵᠡᠷᠭᠡ ᠠᠵᠢᠯ ᠢ ᠵᠢᠯᠣᠭᠤᠳᠤᠨ᠎ᠠ ᠃ ᠰᠢᠶᠠᠨ ᠤ ᠤᠰᠤᠨ | ᠠᠰᠢᠭᠯᠠᠯᠲᠠ ᠶᠢᠨ ᠲᠣᠪᠴᠢᠶ᠎ᠠ ᠠᠴᠠ ᠭᠠᠮᠰᠢᠭᠳᠠᠭᠰᠠᠨ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠬᠦ ᠵᠢᠴᠢ ᠰᠡᠯᠪᠢᠨ ᠵᠠᠰᠠᠬᠤ ᠂ ᠤᠰᠤ ᠬᠠᠩᠭᠠᠬᠤ ᠤᠰᠤᠨ ᠤ ᠰᠤᠷᠪᠤᠯᠵᠢ ᠶᠢᠨ | ᠪᠠᠴᠢᠮ ᠪᠠᠶᠢᠳᠠᠯ ᠢ ᠠᠷᠭᠠᠴᠠᠨ ᠲᠣᠬᠢᠷᠠᠭᠤᠯᠬᠤ ᠪᠠ ᠬᠥᠳᠡᠭᠡ ᠲᠣᠰᠬᠤᠨ ᠤ ᠪᠠᠴᠢᠮ ᠪᠠᠶᠢᠳᠠᠯ ᠤᠨ ᠤᠰᠤ ᠬᠠᠩᠭᠠᠬᠤ | ᠠᠵᠢᠯ ᠢ ᠵᠢᠯᠤᠭᠤᠳᠤᠨ᠎ᠠ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠴᠠᠭ ᠲᠤᠬᠠᠢ ᠳᠤᠨᠢ ᠡᠮ | ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠶᠢ ᠵᠣᠬᠢᠶᠠᠨ ᠪᠠᠶᠢᠭᠤᠯᠵᠤ ᠭᠠᠮᠰᠢᠭᠳᠠᠭᠰᠠᠨ ᠣᠷᠣᠨ ᠳᠤ ᠣᠴᠢᠭᠤᠯᠤᠨ ᠡᠮ | ᠡᠮᠨᠡᠯᠭᠡ ᠶᠢᠨ ᠠᠪᠤᠷᠠᠨ ᠵᠠᠰᠠᠯᠲᠠ ᠂ ᠡᠷᠡᠭᠦᠯ ᠬᠠᠮᠠᠭᠠᠯᠠᠯ ᠤᠨ ᠡᠪᠡᠳᠴᠢᠨ ᠡᠮᠭᠡᠭ ᠢ ᠰᠡᠷᠭᠡᠶᠢᠯᠡᠬᠦ ᠪᠠ ᠰᠡᠳᠬᠢᠴᠡ ᠶᠢᠨ | ᠲᠤᠰᠠᠯᠠᠮᠵᠢ ᠦᠵᠡᠭᠦᠯᠬᠦ ᠵᠡᠷᠭᠡ ᠠᠵᠢᠯ ᠢ ᠬᠠᠮᠵᠢᠨ ᠦᠷᠨᠢᠭᠦᠯᠦᠨ᠎ᠡ᠃ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠶᠢᠨ | ᠶᠡᠷᠦᠩᠬᠡᠶᠢᠯᠡᠭᠰᠡᠨ ᠵᠥᠪᠯᠡᠯᠭᠡ ᠥᠭᠬᠦ ᠰᠠᠨᠠᠭᠤᠯᠭ᠎ᠠ ᠶᠢ ᠬᠠᠩᠭᠠᠵᠤ ᠂ ᠭᠠᠮᠰᠢᠭᠳᠠᠭᠰᠠᠨ ᠣᠷᠣᠨ ᠤ ᠠᠪᠤᠷᠠᠨ | ᠲᠤᠰᠠᠯᠠᠬᠤ ᠳᠤ ᠬᠡᠷᠡᠭᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠬᠢᠴᠠᠭᠤᠯᠤᠨ ᠭᠠᠮᠰᠢᠭ ᠠᠴᠠ | ᠠᠪᠤᠷᠠᠬᠤ ᠠᠵᠢᠯ ᠢ ᠳᠡᠮᠵᠢᠨ᠎ᠡ ᠃ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭᠳᠠᠭᠰᠠᠨ | ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠡᠯᠡᠳᠬᠡᠵᠦ ᠂ ᠭᠠᠮᠰᠢᠭᠳᠠᠭᠰᠠᠨ ᠣᠷᠣᠨ ᠤ | ᠲᠤᠬᠠᠢ ᠶᠢᠨ ᠭᠠᠵᠠᠷ ᠤᠨ ᠵᠢᠷᠤᠭ ᠳᠦᠷᠰᠦ ᠶᠢ ᠣᠯᠵᠤ ᠠᠪᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠬᠡᠮᠵᠢᠨ | ᠵᠢᠷᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠣᠷᠣᠨ | ᠵᠠᠢ ᠶᠢᠨ ᠵᠠᠳᠠᠯᠤᠯᠲᠠ ᠬᠢᠵᠦ ᠂ ᠪᠠᠴᠢᠮ ᠪᠠᠶᠢᠳᠠᠯ ᠢ ᠠᠷᠭᠠᠴᠠᠬᠤ ᠬᠡᠮᠵᠢᠨ ᠵᠢᠷᠤᠬᠤ ᠪᠠᠲᠤᠯᠠᠭ᠎ᠠ ᠶᠢᠨ ᠦᠢᠯᠡᠴᠢᠯᠡᠭᠡ | ᠬᠠᠩᠭᠠᠨ᠎ᠠ ᠃ | ︵7︶ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠰᠢᠶᠠᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ᠠᠴᠠ ᠰᠣᠨᠢᠨ ᠮᠡᠳᠡᠭᠡᠯᠡᠯ ᠤᠬᠠᠭᠤᠯᠭ᠎ᠠ ᠵᠡᠷᠭᠡ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ᠃ | ︵8︶ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠠᠮᠰᠢᠭ ᠠᠴᠠ ᠠᠪᠤᠷᠠᠬᠤ ᠬᠠᠨᠳᠢᠪ ᠢ ᠭᠥᠯᠢᠶᠡᠨ | ᠠᠪᠬᠤ ᠠᠯᠪᠠᠨ ᠵᠠᠷ ᠢ ᠨᠡᠶᠢᠭᠡᠮ ᠨᠡᠶᠢᠲᠡ ᠳᠤ ᠨᠡᠶᠢᠲᠡᠯᠡᠵᠦ ᠂ ᠭᠠᠮᠰᠢᠭ ᠠᠴᠠ ᠠᠪᠤᠷᠠᠬᠤ ᠬᠠᠨᠳᠢᠪ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠥᠷᠨᠢᠭᠦᠯᠦᠨ᠎ᠡ ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠡᠶᠢᠭᠡᠮ ᠤᠨ ᠬᠦᠴᠦᠨ ᠢ | ᠵᠢᠯᠣᠭᠤᠳᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ ᠃ ᠬᠠᠨᠳᠢᠪ ᠴᠤᠭᠯᠠᠭᠤᠯᠬᠤ ᠬᠢᠷᠢ | ᠬᠡᠮ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠭᠠᠮᠰᠢᠭ ᠠᠴᠠ ᠠᠪᠤᠷᠠᠵᠤ ᠬᠠᠨᠳᠢᠪ ᠴᠤᠭᠯᠠᠭᠤᠯᠬᠤ ᠠᠵᠢᠯᠯᠠᠭ᠎ᠠ ᠶᠢ | ᠬᠠᠤᠯᠢ ᠶᠣᠰᠣᠭᠠᠷ ᠥᠷᠨᠢᠭᠦᠯᠵᠦ ᠂ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠨ᠎ᠠ ᠃ | ︵9︶ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠲᠠᠷᠠᠭ᠎ᠠ ᠂ ᠰᠢᠶᠠᠨ ᠤ ᠵᠠᠰᠠᠭ ᠤᠨ ᠣᠷᠳᠣᠨ ᠤ | ᠭᠠᠮᠰᠢᠭ ᠢ ᠦᠨᠡᠯᠡᠨ ᠵᠢᠱᠢᠬᠦ ᠠᠵᠢᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠦᠨᠳᠦᠰᠦᠯᠡᠨ ᠂ ᠰᠢᠶᠠᠨ ᠤ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠭᠠᠮᠰᠢᠭᠳᠠᠭᠰᠠᠨ ᠭᠠᠵᠠᠷ ᠤᠨ ᠰᠢᠶᠠᠩ ᠪᠠᠯᠭᠠᠰᠤ ᠂ | ᠰᠢᠶᠠᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠠᠮᠰᠢᠭ ᠤᠨ ᠬᠤᠬᠢᠷᠠᠯ ᠢ | ᠶᠡᠷᠦᠩᠬᠡᠶᠢᠯᠡᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ ᠃ ᠰᠢᠶᠠᠨ ᠤ ᠭᠠᠮᠰᠢᠭ ᠢ | ᠪᠠᠭᠠᠰᠬᠠᠬᠤ ᠵᠥᠪᠯᠡᠯ ᠤᠨ ᠠᠯᠪᠠᠨ ᠭᠡᠷ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠭᠠᠯᠢ ᠶᠢᠨ ᠭᠠᠮᠰᠢᠭ ᠤᠨ | ᠬᠤᠬᠢᠷᠠᠯ ᠤᠨ ᠪᠠᠶᠢᠳᠠᠯ ᠢ ᠨᠢᠭᠡᠳᠦᠯᠲᠡᠢ ᠨᠡᠶᠢᠲᠡᠯᠡᠨ᠎ᠡ ᠃ | ︵10︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠪᠤᠰᠤᠳ ᠪᠦᠷᠢᠯᠳᠦᠭᠦᠨ ᠨᠢᠭᠡᠴᠡ ᠨᠦᠭᠦᠳ ᠲᠤᠰᠢᠶᠠᠯ | ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ ᠃ | (ᠬᠤᠶᠠᠷ) Ⅱ ᠳᠡᠰ ᠤᠨ ᠳᠠᠭᠠᠯ | 1.ᠡᠬᠢᠯᠡᠭᠦᠯᠬᠦ ᠨᠥᠬᠦᠴᠡᠯ | ᠲᠤᠰ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠂ ᠨᠢᠭᠡ ᠤᠳᠠᠭᠠᠨ ᠤ ᠪᠠᠶᠢᠭᠠᠯᠢ ᠶᠢᠨ ᠭᠠᠮᠰᠢᠭ ᠤᠨ | ᠶᠠᠪᠤᠴᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠭᠠᠷᠪᠠᠯ ᠂ Ⅱ ᠳᠡᠰ ᠤᠨ ᠴᠤᠤᠷᠢᠶᠠᠲᠤᠯ ᠢ | ᠡᠬᠢᠯᠡᠭᠦᠯᠦᠨ᠎ᠡ ᠄ | ︵1︶ 10 ᠠᠴᠠ ᠳᠡᠭᠡᠭᠰᠢ ᠬᠥᠮᠥᠨ ᠦᠬᠦᠵᠦ᠂ 20 ᠠᠴᠠ ᠳᠣᠭᠤᠭᠰᠢ ᠬᠥᠮᠥᠨ ᠦᠬᠦᠭᠰᠡᠨ︔ | ︵2︶ ᠪᠠᠴᠢᠮ ᠰᠢᠯᠵᠢᠭᠦᠯᠦᠨ ᠲᠥᠪᠬᠢᠨᠡᠭᠦᠯᠬᠦ ᠪᠤᠶᠤ ᠠᠮᠢᠳᠤᠷᠠᠯ ᠤᠨ ᠪᠠᠴᠢᠮ ᠠᠪᠤᠷᠠᠨ ᠲᠤᠰᠠᠯᠠᠯᠲᠠ 1 ᠲᠦᠮᠡ ᠠᠴᠠ | ᠳᠡᠭᠡᠭᠰᠢ ᠂ 2 ᠲᠦᠮᠡ ᠠᠴᠠ ᠳᠣᠭᠤᠭᠰᠢ ᠬᠥᠮᠥᠨ ᠢ ᠪᠠᠴᠢᠮ ᠠᠪᠤᠷᠠᠨ ᠲᠤᠰᠠᠯᠠᠬᠤ ᠶᠢ ᠱᠠᠭᠠᠷᠳᠠᠬᠤ ︔ | ︵3︶ 60 ᠲᠠᠰᠤᠯᠭ᠎ᠠ ᠪᠤᠶᠤ 20 ᠡᠷᠤᠭᠡ ᠠᠴᠠ ᠳᠡᠭᠡᠭᠰᠢ ᠂ 100 ᠲᠠᠰᠤᠯᠭ᠎ᠠ ᠪᠤᠶᠤ 30 ᠡᠷᠤᠭᠡ ᠠᠴᠠ | ᠳᠣᠭᠤᠭᠰᠢ ᠭᠡᠷ ᠪᠠᠶᠢᠰᠢᠩ ᠢ ᠨᠤᠷᠠᠭᠠᠭᠰᠠᠨ ᠪᠤᠶᠤ ᠬᠦᠨᠳᠦ ᠨᠣᠴᠢᠲᠠᠢ ᠡᠪᠳᠡᠵᠦ ᠰᠦᠢᠳᠬᠡᠭᠰᠡᠨ ︔ | ︵4︶ ᠭᠠᠮᠰᠢᠭ ᠠᠴᠠ ᠪᠣᠯᠵᠤ ᠠᠮᠤ ᠪᠤᠳᠠᠭ᠎ᠠ ᠳᠤᠲᠠᠭᠳᠠᠬᠤ ᠪᠤᠶᠤ ᠤᠰᠤ ᠳᠤᠲᠠᠭᠳᠠᠬᠤ ᠵᠡᠷᠭᠡ ᠠᠮᠢᠳᠤᠷᠠᠯ ᠤᠨ | ᠬᠦᠴᠢᠷᠳᠡᠯ ᠳᠤ ᠲᠤᠯᠭᠠᠷᠠᠪᠠᠯ ᠂ ᠵᠠᠰᠠᠭ ᠤᠨ ᠣᠷᠳᠣᠨ ᠠᠴᠠ 5 ᠲᠦᠮᠡ ᠠᠴᠠ ᠳᠡᠭᠡᠭᠰᠢ ᠂ 10 ᠲᠦᠮᠡ ᠠᠴᠠ | ᠳᠣᠭᠤᠭᠰᠢ ᠬᠥᠮᠥᠨ ᠠᠮᠠ ᠶᠢ ᠠᠪᠤᠷᠠᠨ ᠲᠤᠰᠠᠯᠠᠬᠤ ᠴᠢᠬᠤᠯᠠᠲᠠᠢ ᠪᠣᠯᠣᠭᠰᠠᠨ᠃ | 2.ᠡᠬᠢᠯᠡᠭᠦᠯᠬᠦ ᠳᠠᠷᠠᠭᠠᠯᠠᠯ | ᠭᠠᠮᠰᠢᠭ ᠡᠭᠦᠰᠦᠭᠰᠡᠨ ᠤ ᠳᠠᠷᠠᠭ᠎ᠠ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠵᠠᠳᠠᠯᠤᠨ | ᠦᠨᠡᠯᠡᠬᠦ ᠪᠠᠷ ᠳᠡᠮᠵᠢᠨ᠂ ᠭᠠᠮᠰᠢᠭ ᠤᠨ ᠪᠠᠶᠢᠳᠠᠯ ᠢ ᠡᠬᠢᠯᠡᠭᠦᠯᠬᠦ ᠪᠠᠷᠢᠮᠵᠢᠶ᠎ᠠ ᠳᠤ ᠭᠦᠷᠦᠭᠰᠡᠨ ᠭᠡᠵᠦ ᠮᠠᠭᠠᠳᠯᠠᠨ | ᠲᠣᠭᠲᠠᠭᠠᠵᠤ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠳᠤ Ⅱ ᠲᠠᠰ ᠤᠨ ᠳᠠᠭᠠᠬᠤ ᠰᠠᠨᠠᠭᠤᠯᠭ᠎ᠠ ᠶᠢ ᠳᠤᠷᠠᠳᠤᠨ | ᠭᠠᠷᠭᠠᠵᠤ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠳᠡᠳ᠋ ᠡᠷᠬᠢᠯᠡᠭᠴᠢ Ⅱ ᠲᠠᠰ ᠤᠨ ᠳᠠᠭᠠᠬᠤ | ᠰᠠᠨᠠᠭᠤᠯᠭ᠎ᠠ ᠶᠢ ᠡᠬᠢᠯᠡᠭᠦᠯᠬᠦ ᠶᠢᠨ ᠬᠠᠮᠲᠤ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠡᠷᠬᠢᠯᠡᠭᠴᠢ ᠳᠤ | ᠮᠡᠳᠡᠭᠦᠯᠬᠦ ᠪᠠᠷ ᠲᠤᠭᠲᠠᠨ᠎ᠠ᠃ | 3. ᠳᠠᠭᠠᠬᠤ ᠠᠷᠭ᠎ᠠ ᠬᠡᠮᠵᠢᠶ᠎ᠡ | ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠳᠡᠳ᠋ ᠡᠷᠬᠢᠯᠡᠭᠴᠢ ᠰᠢᠶᠠᠨ ᠤ ᠱᠠᠲᠤᠨ ᠤ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠂ ᠭᠠᠮᠰᠢᠭᠳᠠᠭᠰᠠᠨ ᠰᠢᠶᠠᠩ | ᠪᠠᠯᠭᠠᠰᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠳᠡᠮᠵᠢᠨ ᠵᠢᠯᠤᠭᠤᠳᠤᠨ᠎ᠠ᠃ ᠰᠢᠶᠠᠨ ᠤ | ᠭᠠᠮᠰᠢᠭ ᠢ ᠪᠠᠭᠠᠰᠬᠠᠬᠤ ᠵᠥᠪᠯᠡᠯ ᠤᠨ ᠪᠦᠷᠢᠯᠳᠦᠭᠦᠨ ᠨᠢᠭᠡᠴᠡ ᠪᠠᠴᠢᠮ ᠠᠷᠭᠠᠴᠠᠬᠤ ᠪᠠᠶᠢᠳᠠᠯ ᠳᠤ ᠣᠷᠣᠵᠤ ᠂ 24 | ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠬᠡᠷᠡᠭᠵᠢᠭᠦᠯᠵᠦ ᠂ ᠭᠠᠮᠰᠢᠭ ᠠᠴᠠ ᠠᠪᠤᠷᠠᠨ | ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠦᠷᠨᠢᠭᠦᠯᠦᠨ᠎ᠡ᠃ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ | ᠵᠢᠴᠢ ᠲᠡᠭᠦᠨ ᠤ ᠪᠦᠷᠢᠯᠳᠦᠭᠦᠨ ᠨᠢᠭᠡᠴᠡ ᠪᠠᠶᠢᠳᠠᠯ ᠢ ᠦᠵᠡᠵᠦ ᠪᠠᠶᠢᠭᠠᠳ ᠳᠣᠣᠷᠠᠬᠢ ᠠᠷᠭ᠎ᠠ ᠬᠡᠮᠵᠢᠶ᠎ᠡ ᠶᠢ ᠠᠪᠤᠨ᠎ᠠ ᠄ | ︵1︶ ᠰᠢᠶᠠᠨ ᠤ ᠭᠠᠮᠰᠢᠭ ᠢ ᠪᠠᠭᠠᠰᠬᠠᠬᠤ ᠺᠣᠮᠢᠰ ᠤᠨ ᠳᠡᠳ᠋ ᠡᠷᠬᠢᠯᠡᠭᠴᠢ ᠬᠤᠳᠠᠯᠳᠤᠭᠠᠴᠢᠳ ᠤᠨ ᠡᠪᠯᠡᠯ ᠢ | ᠡᠷᠬᠢᠯᠡᠨ ᠬᠤᠷᠠᠯᠳᠤᠭᠤᠯᠵᠤ ᠂ ᠰᠢᠶᠠᠨ ᠤ ᠭᠠᠮᠰᠢᠭ ᠢ ᠪᠠᠭᠠᠰᠬᠠᠬᠤ ᠺᠣᠮᠢᠰ ᠤᠨ ᠪᠦᠷᠢᠯᠳᠦᠭᠦᠨ ᠨᠢᠭᠡᠴᠡ ᠵᠢᠴᠢ | ᠬᠤᠯᠪᠣᠭᠳᠠᠯ ᠪᠦᠬᠦᠢ ᠭᠠᠮᠰᠢᠭᠳᠠᠭᠰᠠᠨ ᠰᠢᠶᠠᠩ ᠪᠠᠯᠭᠠᠰᠤ ᠣᠷᠣᠯᠴᠠᠵᠤ ᠂ ᠭᠠᠮᠰᠢᠭᠳᠠᠭᠰᠠᠨ ᠣᠷᠣᠨ ᠤ ᠪᠠᠶᠢᠳᠠᠯ ᠢ | ᠵᠠᠳᠠᠯᠵᠤ ᠂ ᠭᠠᠮᠰᠢᠭᠳᠠᠭᠰᠠᠨ ᠣᠷᠣᠨ ᠤ ᠭᠠᠮᠰᠢᠭ ᠠᠴᠠ ᠠᠪᠤᠷᠠᠬᠤ ᠶᠢ ᠳᠡᠮᠵᠢᠬᠦ ᠠᠷᠭ᠎ᠠ ᠬᠡᠮᠵᠢᠶ᠎ᠡ ᠶᠢ ᠰᠤᠳᠤᠯᠤᠨ | ᠨᠠᠶᠢᠳᠠᠪᠤᠷᠢᠵᠢᠭᠤᠯᠤᠨ᠎ᠠ ᠃ | ︵2︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠳᠡᠳ᠋ ᠡᠷᠬᠢᠯᠡᠭᠴᠢ ᠪᠤᠶᠤ ᠰᠢᠶᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠤ ᠳᠠᠭᠠᠭᠤᠯᠤᠭᠰᠠᠨ ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠣᠷᠣᠯᠴᠠᠭᠰᠠᠨ ᠠᠵᠢᠯᠯᠠᠬᠤ ᠳᠤᠭᠤᠶᠢᠯᠠᠩ ᠢ ᠲᠣᠮᠢᠯᠠᠨ ᠭᠠᠮᠰᠢᠭᠳᠠᠭᠰᠠᠨ ᠣᠷᠣᠨ ᠳᠤ | ᠣᠴᠢᠭᠤᠯᠵᠤ ᠭᠠᠮᠰᠢᠭᠳᠠᠭᠰᠠᠨ ᠤᠯᠠᠨ ᠲᠦᠮᠡᠨ ᠢ ᠲᠣᠬᠤᠨᠢᠭᠤᠯᠵᠤ ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠂ | ᠭᠠᠮᠰᠢᠭᠳᠠᠭᠰᠠᠨ ᠣᠷᠣᠨ ᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠭᠤᠯᠤᠨ᠎ᠠ ᠃ | ︵3︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠭᠠᠮᠰᠢᠭ ᠤᠨ ᠪᠠᠶᠢᠳᠠᠯ ᠪᠠ ᠭᠠᠮᠰᠢᠭ ᠠᠴᠠ | ᠠᠪᠤᠷᠠᠬᠤ ᠠᠵᠢᠯ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠵᠦ ᠂ ᠭᠠᠮᠰᠢᠭ ᠤᠨ ᠪᠠᠶᠢᠳᠠᠯ ᠢ | ᠵᠥᠪᠳᠡᠯᠴᠡᠬᠦ ᠠᠵᠢᠯ ᠢ ᠵᠣᠬᠢᠶᠠᠨ ᠪᠠᠶᠢᠭᠤᠯᠵᠤ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ | ᠪᠠᠶᠢᠳᠠᠯ ᠢ ᠨᠢᠭᠡᠳᠦᠯᠲᠡᠢ ᠨᠡᠶᠢᠲᠡᠯᠡᠵᠦ ᠂ ᠭᠠᠮᠰᠢᠭᠳᠠᠭᠰᠠᠨ ᠣᠷᠣᠨ ᠤ ᠬᠡᠷᠡᠭᠴᠡᠭᠡ ᠶᠢ ᠴᠠᠭ ᠲᠤᠬᠠᠢ ᠳᠤᠨᠢ ᠨᠡᠶᠢᠲᠡᠯᠡᠨ᠎ᠡ ᠃ | ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠢᠨ ᠭᠠᠮᠰᠢᠭ ᠤᠨ ᠪᠠᠶᠢᠳᠠᠯ ᠂ | ᠭᠠᠮᠰᠢᠭᠳᠠᠭᠰᠠᠨ ᠣᠷᠣᠨ ᠤ ᠬᠡᠷᠡᠭᠴᠡᠭᠡ ᠵᠢᠴᠢ ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠵᠡᠷᠭᠡ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ ᠶᠢ ᠰᠠᠶᠢᠲᠤᠷ ᠬᠢᠵᠦ ᠂ ᠡᠳᠦᠷ ᠪᠦᠷᠢ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ | ᠠᠯᠪᠠᠨ ᠭᠡᠷ ᠲᠤ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠨ᠎ᠡ ᠃ | ︵4︶ ᠭᠠᠮᠰᠢᠭᠳᠠᠭᠰᠠᠨ ᠭᠠᠵᠠᠷ ᠤᠨ ᠰᠢᠶᠠᠩ ᠪᠠᠯᠭᠠᠰᠤᠨ ᠤ ᠭᠤᠶᠤᠴᠢᠯᠠᠯ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠪᠠᠶᠢᠳᠠᠯ ᠢ ᠦᠨᠳᠦᠰᠦᠯᠡᠨ ᠂ ᠰᠢᠶᠠᠨ ᠤ ᠡᠳ᠋ ᠤᠨ | ᠵᠠᠰᠠᠭ ᠤᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠰᠢᠶᠠᠨ ᠤ | ᠱᠠᠲᠤᠨ ᠤ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ ᠳᠤᠨᠢ | ᠳᠣᠷᠣᠭᠰᠢ ᠪᠠᠭᠤᠯᠭᠠᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠪᠠ ᠵᠢᠷᠤᠮ ᠶᠣᠰᠣᠭᠠᠷ ᠂ ᠰᠢᠶᠠᠨ ᠤ | ᠡᠳ᠋ ᠤᠨ ᠵᠠᠰᠠᠭ ᠤᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠷ᠎ᠡ ᠪᠠᠷ | ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠠᠮᠰᠢᠭ ᠤᠨ ᠪᠠᠶᠢᠳᠠᠯ ᠢ ᠮᠡᠳᠡᠭᠦᠯᠵᠦ ᠂ ᠬᠤᠳᠠ ᠶᠢᠨ | ᠱᠠᠲᠤᠨ ᠤ ᠲᠤᠰᠠᠯᠠᠮᠵᠢ ᠶᠢ ᠭᠤᠶᠤᠴᠢᠯᠠᠨ᠎ᠠ ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠠᠮᠢᠳᠤᠷᠠᠯ ᠤᠨ ᠠᠪᠤᠷᠠᠨ ᠲᠤᠰᠠᠯᠠᠬᠤ ᠡᠳ᠋ ᠪᠣᠳᠠᠰ ᠢ ᠪᠠᠴᠢᠮ ᠲᠣᠬᠢᠷᠠᠭᠤᠯᠤᠨ ᠥᠭᠴᠦ ᠂ ᠪᠠᠴᠢᠮ | ᠪᠠᠶᠢᠳᠠᠯ ᠢ ᠠᠷᠭᠠᠴᠠᠵᠤ ᠬᠤᠳᠠᠯᠳᠤᠨ ᠠᠪᠴᠤ ᠂ ᠦᠨᠳᠦᠰᠦᠨ ᠱᠠᠲᠤᠨ ᠤ ᠭᠠᠮᠰᠢᠭ ᠠᠴᠠ ᠠᠪᠤᠷᠠᠬᠤ ᠪᠠᠴᠢᠮ | ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠮᠰᠢᠭ ᠠᠴᠠ ᠠᠪᠤᠷᠠᠬᠤ ᠵᠣᠭᠤᠰ ᠮᠥᠩᠭᠦ | ᠡᠳ᠋ ᠪᠣᠳᠠᠰ ᠢ ᠲᠠᠷᠬᠠᠭᠠᠬᠤ ᠶᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ | ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠭᠠᠮᠰᠢᠭ ᠠᠴᠠ ᠠᠪᠤᠷᠠᠬᠤ ᠡᠳ᠋ ᠪᠠᠷᠠᠭ᠎ᠠ᠂ | ᠠᠵᠢᠯᠲᠠᠨ ᠤ ᠲᠡᠭᠡᠭᠡᠪᠦᠷᠢ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵5︶ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠠᠮᠰᠢᠭᠳᠠᠭᠰᠠᠨ ᠣᠷᠣᠨ ᠤ ᠨᠡᠶᠢᠭᠡᠮ ᠤᠨ ᠠᠮᠤᠷ | ᠲᠦᠪᠰᠢᠨ ᠪᠠ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ ᠂ | ᠭᠠᠮᠰᠢᠭᠳᠠᠭᠰᠠᠨ ᠣᠷᠣᠨ ᠤ ᠤᠯᠠᠨ ᠲᠦᠮᠡᠨ ᠢ ᠬᠠᠪᠰᠤᠷᠤᠨ ᠵᠣᠬᠢᠶᠠᠨ ᠪᠠᠶᠢᠭᠤᠯᠵᠤ ᠪᠠᠴᠢᠮ ᠲᠦᠷᠭᠡᠨ | ᠰᠢᠯᠵᠢᠭᠦᠯᠦᠨ᠎ᠡ ᠃ ᠵᠡᠪᠰᠡᠭᠲᠦ ᠴᠠᠭᠳᠠᠭ᠎ᠠ ᠂ ᠡᠷᠦᠭᠡ ᠶᠢᠨ ᠴᠡᠷᠢᠭ ᠂ ᠪᠡᠯᠡᠳᠬᠡᠯ ᠠᠯᠪᠠᠨ ᠤ ᠴᠡᠷᠢᠭ ᠠᠩᠭᠢ ᠳᠡᠭᠡᠳᠦ | ᠱᠠᠲᠤᠨ ᠤ ᠵᠢᠭᠠᠪᠤᠷᠢ ᠪᠠ ᠭᠠᠮᠰᠢᠭᠳᠠᠭᠰᠠᠨ ᠭᠠᠵᠠᠷ ᠤᠨ ᠰᠢᠶᠠᠩ ᠪᠠᠯᠭᠠᠰᠤᠨ ᠤ ᠭᠤᠶᠤᠴᠢᠯᠠᠯ ᠢ ᠦᠨᠳᠦᠰᠦᠯᠡᠨ ᠂ | ᠭᠠᠮᠰᠢᠭ ᠠᠴᠠ ᠠᠪᠤᠷᠠᠬᠤ ᠠᠵᠢᠯ ᠳᠤ ᠢᠳᠡᠪᠬᠢᠲᠡᠢ ᠣᠷᠣᠯᠴᠠᠵᠤ ᠂ ᠴᠢᠬᠤᠯᠠᠲᠠᠢ ᠦᠶ᠎ᠡ ᠳᠤ ᠭᠠᠮᠰᠢᠭᠳᠠᠭᠰᠠᠨ | ᠭᠠᠵᠠᠷ ᠤᠨ ᠰᠢᠶᠠᠩ ᠪᠠᠯᠭᠠᠰᠤ ᠶᠢ ᠬᠠᠮᠵᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠬᠦᠷᠭᠡᠵᠦ ᠂ ᠭᠥᠯᠢᠶᠡᠨ | ᠠᠪᠴᠤ ᠪᠠᠭᠤᠯᠭᠠᠵᠤ ᠂ ᠲᠦᠭᠡᠭᠡᠨ ᠥᠭᠭᠦᠨ᠎ᠡ᠃ | ︵6︶ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠵᠠᠬ᠎ᠠ | ᠳᠡᠯᠭᠡᠭᠦᠷ ᠤᠨ ᠬᠠᠩᠭᠠᠯᠭ᠎ᠠ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ ᠃ ᠰᠢᠶᠠᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠰᠠᠭᠤᠷᠢ ᠴᠠᠬᠢᠯᠭᠠᠨ ᠬᠤᠯᠪᠣᠭᠠᠨ ᠤ | ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠬᠤᠯᠪᠣᠭᠠᠨ ᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠂ ᠠᠪᠤᠷᠠᠨ ᠲᠤᠰᠠᠯᠠᠬᠤ ᠲᠣᠨᠣᠭᠯᠠᠯ ᠂ ᠡᠮᠨᠡᠯᠭᠡ ᠳᠤ ᠬᠡᠷᠡᠭᠯᠡᠬᠦ ᠰᠡᠷᠭᠡᠶᠢᠯᠡᠨ | ᠬᠠᠮᠠᠭᠠᠯᠠᠯᠲᠠ ᠪᠠ ᠠᠷᠢᠭᠤᠳᠬᠠᠬᠤ ᠬᠡᠷᠡᠭᠰᠡᠯ ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠶᠢᠨ | ᠦᠢᠯᠡᠳᠪᠦᠷᠢᠯᠡᠯ ᠬᠠᠩᠭᠠᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ ᠃ ᠰᠢᠶᠠᠨ ᠤ ᠣᠷᠣᠨ | ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠭᠠᠮᠰᠢᠭ ᠤᠨ ᠳᠠᠷᠠᠭᠠᠬᠢ | ᠭᠡᠷ ᠪᠠᠶᠢᠰᠢᠩ ᠢ ᠲᠠᠬᠢᠨ ᠪᠠᠶᠢᠭᠤᠯᠬᠤ ᠵᠡᠷᠭᠡ ᠠᠵᠢᠯ ᠢ ᠵᠢᠯᠣᠭᠤᠳᠤᠨ᠎ᠠ ᠃ ᠰᠢᠶᠠᠨ ᠤ ᠤᠰᠤᠨ ᠠᠰᠢᠭᠯᠠᠯᠲᠠ ᠶᠢᠨ | ᠲᠣᠪᠴᠢᠶ᠎ᠠ ᠠᠴᠠ ᠭᠠᠮᠰᠢᠭᠳᠠᠭᠰᠠᠨ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠦᠭᠰᠢᠭᠦᠷᠢᠲᠦ ᠪᠠᠶᠢᠳᠠᠯ ᠢ | ᠰᠢᠢᠳᠪᠦᠷᠢᠯᠡᠬᠦ ᠵᠢᠴᠢ ᠰᠡᠯᠪᠢᠨ ᠵᠠᠰᠠᠬᠤ ᠂ ᠤᠰᠤ ᠬᠠᠩᠭᠠᠬᠤ ᠤᠰᠤᠨ ᠤ ᠰᠤᠷᠪᠤᠯᠵᠢ ᠶᠢᠨ ᠪᠠᠴᠢᠮ ᠪᠠᠶᠢᠳᠠᠯ ᠢ | ᠠᠷᠭᠠᠴᠠᠨ ᠲᠣᠬᠢᠷᠠᠭᠤᠯᠬᠤ ᠪᠠ ᠬᠥᠳᠡᠭᠡ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠤᠰᠤ ᠬᠠᠩᠭᠠᠬᠤ ᠠᠵᠢᠯ ᠢ | ᠵᠢᠯᠤᠭᠤᠳᠤᠨ᠎ᠠ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠴᠠᠭ ᠲᠤᠬᠠᠢ ᠳᠤᠨᠢ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠩᠨᠡᠭᠡ ᠶᠢ ᠵᠣᠬᠢᠶᠠᠨ ᠪᠠᠶᠢᠭᠤᠯᠵᠤ ᠭᠠᠮᠰᠢᠭᠳᠠᠭᠰᠠᠨ ᠣᠷᠣᠨ ᠳᠤ ᠣᠴᠢᠭᠤᠯᠤᠨ ᠡᠮ | ᠡᠮᠨᠡᠯᠭᠡ ᠶᠢᠨ ᠠᠪᠤᠷᠠᠨ ᠵᠠᠰᠠᠯᠲᠠ ᠂ ᠡᠷᠡᠭᠦᠯ ᠬᠠᠮᠠᠭᠠᠯᠠᠯ ᠤᠨ ᠡᠪᠡᠳᠴᠢᠨ ᠡᠮᠭᠡᠭ ᠢ ᠰᠡᠷᠭᠡᠶᠢᠯᠡᠬᠦ ᠪᠠ ᠰᠡᠳᠬᠢᠴᠡ ᠶᠢᠨ | ᠲᠤᠰᠠᠯᠠᠮᠵᠢ ᠦᠵᠡᠭᠦᠯᠬᠦ ᠵᠡᠷᠭᠡ ᠠᠵᠢᠯ ᠢ ᠬᠠᠮᠵᠢᠨ ᠦᠷᠨᠢᠭᠦᠯᠦᠨ᠎ᠡ᠃ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠶᠢᠨ | ᠶᠡᠷᠦᠩᠬᠡᠶᠢᠯᠡᠭᠰᠡᠨ ᠵᠥᠪᠯᠡᠯᠭᠡ ᠥᠭᠬᠦ ᠰᠠᠨᠠᠭᠤᠯᠭ᠎ᠠ ᠶᠢ ᠬᠠᠩᠭᠠᠵᠤ ᠂ ᠭᠠᠮᠰᠢᠭᠳᠠᠭᠰᠠᠨ ᠣᠷᠣᠨ ᠤ ᠠᠪᠤᠷᠠᠨ | ᠲᠤᠰᠠᠯᠠᠬᠤ ᠳᠤ ᠬᠡᠷᠡᠭᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠬᠢᠴᠠᠭᠤᠯᠤᠨ ᠭᠠᠮᠰᠢᠭ ᠠᠴᠠ | ᠠᠪᠤᠷᠠᠬᠤ ᠠᠵᠢᠯ ᠢ ᠳᠡᠮᠵᠢᠨ᠎ᠡ ᠃ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭᠳᠠᠭᠰᠠᠨ | ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠡᠯᠡᠳᠬᠡᠵᠦ ᠂ ᠭᠠᠮᠰᠢᠭᠳᠠᠭᠰᠠᠨ ᠣᠷᠣᠨ ᠤ | ᠲᠤᠬᠠᠢ ᠶᠢᠨ ᠭᠠᠵᠠᠷ ᠤᠨ ᠵᠢᠷᠤᠭ ᠳᠦᠷᠰᠦ ᠶᠢ ᠣᠯᠵᠤ ᠠᠪᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠬᠡᠮᠵᠢᠨ | ᠵᠢᠷᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠣᠷᠣᠨ | ᠵᠠᠢ ᠶᠢᠨ ᠵᠠᠳᠠᠯᠤᠯᠲᠠ ᠬᠢᠵᠦ ᠂ ᠪᠠᠴᠢᠮ ᠪᠠᠶᠢᠳᠠᠯ ᠢ ᠠᠷᠭᠠᠴᠠᠬᠤ ᠬᠡᠮᠵᠢᠨ ᠵᠢᠷᠤᠬᠤ ᠪᠠᠲᠤᠯᠠᠭ᠎ᠠ ᠶᠢᠨ ᠦᠢᠯᠡᠴᠢᠯᠡᠭᠡ | ᠬᠠᠩᠭᠠᠨ᠎ᠠ ᠃ | ︵7︶ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠰᠢᠶᠠᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ᠠᠴᠠ ᠰᠣᠨᠢᠨ ᠮᠡᠳᠡᠭᠡᠯᠡᠯ ᠤᠬᠠᠭᠤᠯᠭ᠎ᠠ ᠵᠡᠷᠭᠡ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ᠃ | ︵8︶ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠠᠮᠰᠢᠭ ᠠᠴᠠ ᠠᠪᠤᠷᠠᠬᠤ ᠬᠠᠨᠳᠢᠪ ᠢ ᠭᠥᠯᠢᠶᠡᠨ | ᠠᠪᠬᠤ ᠠᠯᠪᠠᠨ ᠵᠠᠷ ᠢ ᠨᠡᠶᠢᠭᠡᠮ ᠨᠡᠶᠢᠲᠡ ᠳᠤ ᠨᠡᠶᠢᠲᠡᠯᠡᠵᠦ ᠂ ᠭᠠᠮᠰᠢᠭ ᠠᠴᠠ ᠠᠪᠤᠷᠠᠬᠤ ᠬᠠᠨᠳᠢᠪ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠥᠷᠨᠢᠭᠦᠯᠦᠨ᠎ᠡ ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠡᠶᠢᠭᠡᠮ ᠤᠨ ᠬᠦᠴᠦᠨ ᠢ | ᠵᠢᠯᠣᠭᠤᠳᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ ᠃ ᠬᠠᠨᠳᠢᠪ ᠴᠤᠭᠯᠠᠭᠤᠯᠬᠤ ᠬᠢᠷᠢ | ᠬᠡᠮ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠭᠠᠮᠰᠢᠭ ᠠᠴᠠ ᠠᠪᠤᠷᠠᠵᠤ ᠬᠠᠨᠳᠢᠪ ᠴᠤᠭᠯᠠᠭᠤᠯᠬᠤ ᠠᠵᠢᠯᠯᠠᠭ᠎ᠠ ᠶᠢ | ᠬᠠᠤᠯᠢ ᠶᠣᠰᠣᠭᠠᠷ ᠥᠷᠨᠢᠭᠦᠯᠵᠦ ᠂ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠨ᠎ᠠ ᠃ | ︵9︶ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠲᠠᠷᠠᠭ᠎ᠠ ᠂ ᠭᠠᠮᠰᠢᠭᠳᠠᠭᠰᠠᠨ ᠭᠠᠵᠠᠷ ᠤᠨ ᠰᠢᠶᠠᠩ | ᠪᠠᠯᠭᠠᠰᠤ ᠭᠠᠮᠰᠢᠭ ᠤᠨ ᠬᠤᠬᠢᠷᠠᠯ ᠢ ᠶᠡᠷᠦᠩᠬᠡᠶᠢᠯᠡᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ | ᠦᠨᠡᠯᠡᠨ ᠵᠢᠱᠢᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠳᠤ | ᠮᠡᠳᠡᠭᠦᠯᠦᠨ ᠬᠦᠷᠭᠡᠨ᠎ᠡ ᠃ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠪᠠᠶᠢᠭᠠᠯᠢ ᠶᠢᠨ | ᠭᠠᠮᠰᠢᠭ ᠤᠨ ᠬᠤᠬᠢᠷᠠᠯ ᠤᠨ ᠪᠠᠶᠢᠳᠠᠯ ᠢ ᠬᠢᠨᠠᠨ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠨᠢᠭᠡᠳᠦᠯᠲᠡᠢ ᠨᠡᠶᠢᠲᠡᠯᠡᠨ᠎ᠡ᠃ | ︵ᠭᠤᠷᠪᠠ︶ Ⅲ ᠲᠠᠰ ᠤᠨ ᠳᠠᠭᠠᠯᠲᠠ | 1.ᠡᠬᠢᠯᠡᠭᠦᠯᠬᠦ ᠨᠥᠬᠦᠴᠡᠯ | ᠲᠣᠰ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠢᠭᠡ ᠤᠳᠠᠭᠠᠨ ᠤ ᠪᠠᠶᠢᠭᠠᠯᠢ ᠶᠢᠨ ᠭᠠᠮᠰᠢᠭ ᠤᠨ | ᠶᠠᠪᠤᠴᠠ ᠳᠤ ᠳᠣᠣᠷᠠᠬᠢ ᠪᠠᠶᠢᠳᠠᠯ ᠤᠨ ᠨᠢᠭᠡ ᠨᠢ ᠢᠯᠡᠷᠡᠭᠰᠡᠨ ᠪᠠᠶᠢᠪᠠᠯ᠂ Ⅲ ᠲᠠᠰ ᠤᠨ ᠳᠠᠭᠠᠬᠤ ᠠᠵᠢᠯ ᠢ | ᠡᠬᠢᠯᠡᠭᠦᠯᠦᠨ᠎ᠡ᠄ | ︵1︶ 3 ᠠᠴᠠ ᠳᠡᠭᠡᠭᠰᠢ ᠬᠥᠮᠥᠨ ᠦᠬᠦᠵᠦ ᠂ 10 ᠠᠴᠠ ᠳᠣᠭᠤᠭᠰᠢ ᠬᠥᠮᠥᠨ ᠦᠬᠦᠭᠰᠡᠨ ︔ | ︵2︶ ᠪᠠᠴᠢᠮ ᠰᠢᠯᠵᠢᠭᠦᠯᠦᠨ ᠲᠥᠪᠬᠢᠨᠡᠭᠦᠯᠬᠦ ᠪᠤᠶᠤ ᠠᠮᠢᠳᠤᠷᠠᠯ ᠤᠨ ᠪᠠᠴᠢᠮ ᠠᠪᠤᠷᠠᠨ ᠲᠤᠰᠠᠯᠠᠯᠲᠠ ᠬᠡᠷᠡᠭᠰᠡᠬᠦ | 5000 ᠬᠥᠮᠥᠨ ᠠᠴᠠ ᠳᠡᠭᠡᠭᠰᠢ ᠂ 1 ᠲᠦᠮᠡ ᠠᠴᠠ ᠳᠣᠭᠤᠭᠰᠢ ᠬᠥᠮᠥᠨ ᠢ ᠪᠠᠴᠢᠮ ᠠᠪᠤᠷᠠᠨ ᠲᠤᠰᠠᠯᠠᠬᠤ ︔ | ︵3︶ 20 ᠲᠠᠰᠤᠯᠭ᠎ᠠ ᠪᠤᠶᠤ 10 ᠡᠷᠤᠭᠡ ᠠᠴᠠ ᠳᠡᠭᠡᠭᠰᠢ ᠂ 60 ᠲᠠᠰᠤᠯᠭ᠎ᠠ ᠪᠤᠶᠤ 20 ᠡᠷᠤᠭᠡ ᠠᠴᠠ ᠳᠣᠭᠤᠭᠰᠢ | ᠭᠡᠷ ᠪᠠᠶᠢᠰᠢᠩ ᠢ ᠨᠤᠷᠠᠭᠠᠭᠰᠠᠨ ᠪᠤᠶᠤ ᠬᠦᠨᠳᠦ ᠨᠣᠴᠢᠲᠠᠢ ᠡᠪᠳᠡᠵᠦ ᠰᠦᠢᠳᠬᠡᠭᠰᠡᠨ ︔ | ︵4︶ ᠭᠠᠮᠰᠢᠭ ᠠᠴᠠ ᠪᠣᠯᠵᠤ ᠠᠮᠤ ᠪᠤᠳᠠᠭ᠎ᠠ ᠳᠤᠲᠠᠭᠳᠠᠬᠤ ᠪᠤᠶᠤ ᠤᠰᠤ ᠳᠤᠲᠠᠭᠳᠠᠬᠤ ᠵᠡᠷᠭᠡ ᠠᠮᠢᠳᠤᠷᠠᠯ ᠤᠨ | ᠬᠦᠴᠢᠷᠳᠡᠯ ᠳᠤ ᠲᠤᠯᠭᠠᠷᠠᠪᠠᠯ ᠂ ᠵᠠᠰᠠᠭ ᠤᠨ ᠣᠷᠳᠣᠨ ᠠᠴᠠ 1 ᠲᠦᠮᠡ ᠠᠴᠠ ᠳᠡᠭᠡᠭᠰᠢ ᠂ 5 ᠲᠦᠮᠡ ᠠᠴᠠ | ᠳᠣᠭᠤᠭᠰᠢ ᠬᠥᠮᠥᠨ ᠠᠮᠠ ᠶᠢ ᠠᠪᠤᠷᠠᠨ ᠲᠤᠰᠠᠯᠠᠬᠤ ᠴᠢᠬᠤᠯᠠᠲᠠᠢ ᠪᠣᠯᠣᠭᠰᠠᠨ᠃ | 2.ᠡᠬᠢᠯᠡᠭᠦᠯᠬᠦ ᠳᠠᠷᠠᠭᠠᠯᠠᠯ | ᠭᠠᠮᠰᠢᠭ ᠡᠭᠦᠰᠦᠭᠰᠡᠨ ᠤ ᠳᠠᠷᠠᠭ᠎ᠠ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠵᠠᠳᠠᠯᠤᠨ | ᠦᠨᠡᠯᠡᠬᠦ ᠪᠠᠷ ᠳᠡᠮᠵᠢᠨ᠂ ᠭᠠᠮᠰᠢᠭ ᠤᠨ ᠪᠠᠶᠢᠳᠠᠯ ᠢ ᠡᠬᠢᠯᠡᠭᠦᠯᠬᠦ ᠪᠠᠷᠢᠮᠵᠢᠶ᠎ᠠ ᠳᠤ ᠭᠦᠷᠦᠭᠰᠡᠨ ᠢ ᠮᠠᠭᠠᠳᠯᠠᠨ | ᠲᠣᠭᠲᠠᠭᠠᠵᠤ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠳᠤ Ⅲ ᠲᠠᠰ ᠤᠨ ᠳᠠᠭᠠᠬᠤ ᠰᠠᠨᠠᠭᠤᠯᠭ᠎ᠠ ᠶᠢ ᠳᠤᠷᠠᠳᠤᠨ | ᠭᠠᠷᠭᠠᠵᠤ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠳᠡᠳ᠋ ᠡᠷᠬᠢᠯᠡᠭᠴᠢ Ⅲ ᠲᠠᠰ ᠤᠨ ᠳᠠᠭᠠᠬᠤ | ᠰᠠᠨᠠᠭᠤᠯᠭ᠎ᠠ ᠶᠢ ᠡᠬᠢᠯᠡᠭᠦᠯᠬᠦ ᠪᠠᠷ ᠲᠣᠭᠲᠠᠨ᠎ᠠ᠃ | 3. ᠳᠠᠭᠠᠬᠤ ᠠᠷᠭ᠎ᠠ ᠬᠡᠮᠵᠢᠶ᠎ᠡ | ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠳᠡᠳ᠋ ᠡᠷᠬᠢᠯᠡᠭᠴᠢ ᠰᠢᠶᠠᠨ ᠤ ᠱᠠᠲᠤᠨ ᠤ ᠳᠠᠪᠬᠤᠷᠭ᠎ᠠ ᠶᠢᠨ | ᠪᠠᠶᠢᠭᠠᠯᠢ ᠶᠢᠨ ᠭᠠᠮᠰᠢᠭ ᠡᠴᠠᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 24 | ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷ ᠢ ᠬᠡᠷᠡᠭᠵᠢᠭᠦᠯᠵᠦ ᠂ ᠭᠠᠮᠰᠢᠭᠳᠠᠭᠰᠠᠨ ᠣᠷᠣᠨ ᠤ ᠭᠠᠮᠰᠢᠭ ᠠᠴᠠ | ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ ᠃ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠵᠢᠴᠢ ᠲᠡᠭᠦᠨ ᠤ | ᠪᠦᠷᠢᠯᠳᠦᠭᠦᠨ ᠨᠢᠭᠡᠴᠡ ᠪᠠᠶᠢᠳᠠᠯ ᠢ ᠦᠵᠡᠵᠦ ᠪᠠᠶᠢᠭᠠᠳ ᠳᠣᠣᠷᠠᠬᠢ ᠠᠷᠭ᠎ᠠ ᠬᠡᠮᠵᠢᠶ᠎ᠡ ᠶᠢ ᠠᠪᠤᠨ᠎ᠠ ᠄ | ︵1︶ ᠰᠢᠶᠠᠨ ᠤ ᠭᠠᠮᠰᠢᠭ ᠢ ᠪᠠᠭᠠᠰᠬᠠᠬᠤ ᠺᠣᠮᠢᠰ ᠤᠨ ᠠᠯᠪᠠᠨ ᠭᠡᠷ ᠴᠠᠭ ᠲᠤᠬᠠᠢ ᠳᠤᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠵᠢᠴᠢ ᠭᠠᠮᠰᠢᠭᠳᠠᠭᠰᠠᠨ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠤᠨ ᠬᠤᠳᠠᠯᠳᠤᠭᠠᠴᠢᠳ ᠤᠨ | ᠡᠪᠯᠡᠯ ᠢ ᠬᠤᠷᠠᠯᠳᠤᠭᠤᠯᠵᠤ ᠂ ᠭᠠᠮᠰᠢᠭᠳᠠᠭᠰᠠᠨ ᠣᠷᠣᠨ ᠤ ᠪᠠᠶᠢᠳᠠᠯ ᠢ ᠵᠠᠳᠠᠯᠵᠤ ᠂ ᠭᠠᠮᠰᠢᠭᠳᠠᠭᠰᠠᠨ ᠣᠷᠣᠨ ᠤ | ᠭᠠᠮᠰᠢᠭ ᠠᠴᠠ ᠠᠪᠤᠷᠠᠬᠤ ᠶᠢ ᠳᠡᠮᠵᠢᠬᠦ ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠤᠨ᠎ᠠ ᠃ | ︵2︶ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠤ | ᠳᠠᠭᠠᠭᠤᠯᠤᠭᠰᠠᠨ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠷᠣᠯᠴᠠᠭᠰᠠᠨ ᠬᠠᠮᠲᠤᠷᠠᠭᠰᠠᠨ ᠠᠵᠢᠯᠯᠠᠬᠤ | ᠳᠤᠭᠤᠶᠢᠯᠠᠩ ᠢ ᠲᠣᠮᠢᠯᠠᠨ ᠭᠠᠮᠰᠢᠭᠳᠠᠭᠰᠠᠨ ᠣᠷᠣᠨ ᠳᠤ ᠣᠴᠢᠭᠤᠯᠵᠤ ᠭᠠᠮᠰᠢᠭᠳᠠᠭᠰᠠᠨ ᠤᠯᠠᠨ ᠲᠦᠮᠡᠨ ᠢ | ᠲᠣᠬᠤᠨᠢᠭᠤᠯᠵᠤ ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠂ ᠭᠠᠮᠰᠢᠭᠳᠠᠭᠰᠠᠨ ᠣᠷᠣᠨ ᠤ ᠭᠠᠮᠰᠢᠭ ᠠᠴᠠ | ᠠᠪᠤᠷᠠᠬᠤ ᠠᠵᠢᠯ ᠢ ᠬᠠᠮᠵᠢᠨ ᠵᠢᠯᠣᠭᠤᠳᠤᠨ᠎ᠠ ᠃ | ︵3︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠭᠠᠮᠰᠢᠭ ᠤᠨ ᠪᠠᠶᠢᠳᠠᠯ ᠪᠠ ᠭᠠᠮᠰᠢᠭ ᠠᠴᠠ | ᠠᠪᠤᠷᠠᠬᠤ ᠠᠵᠢᠯ ᠤᠨ ᠬᠥᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠠᠬᠤ ᠬᠥᠳᠡᠯᠦᠩᠭᠦᠢ | ᠪᠠᠶᠢᠳᠠᠯ ᠤᠨ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠨ᠎ᠡ ᠃ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ | ᠪᠦᠷᠢᠯᠳᠦᠭᠦᠨ ᠨᠢᠭᠡᠴᠡ ᠶᠢᠨ ᠬᠢᠨ ᠭᠠᠮᠰᠢᠭ ᠤᠨ ᠪᠠᠶᠢᠳᠠᠯ ᠂ ᠭᠠᠮᠰᠢᠭᠳᠠᠭᠰᠠᠨ ᠣᠷᠣᠨ ᠤ ᠬᠡᠷᠡᠭᠴᠡᠭᠡ ᠵᠢᠴᠢ | ᠭᠠᠮᠰᠢᠭ ᠠᠴᠠ ᠠᠪᠤᠷᠠᠬᠤ ᠠᠵᠢᠯ ᠤᠨ ᠪᠠᠶᠢᠳᠠᠯ ᠵᠡᠷᠭᠡ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠰᠠᠶᠢᠲᠤᠷ ᠬᠢᠵᠦ ᠂ | ᠡᠳᠦᠷ ᠪᠦᠷᠢ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠲᠤ ᠬᠤᠯᠪᠣᠭᠳᠠᠯ ᠪᠦᠬᠦᠢ ᠪᠠᠶᠢᠳᠠᠯ ᠢ | ᠮᠡᠳᠡᠭᠳᠡᠨ᠎ᠡ ᠃ | ︵4︶ ᠭᠠᠮᠰᠢᠭᠳᠠᠭᠰᠠᠨ ᠭᠠᠵᠠᠷ ᠤᠨ ᠰᠢᠶᠠᠩ ᠪᠠᠯᠭᠠᠰᠤᠨ ᠤ ᠭᠤᠶᠤᠴᠢᠯᠠᠯ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠪᠠᠶᠢᠳᠠᠯ ᠢ ᠦᠨᠳᠦᠰᠦᠯᠡᠨ ᠂ ᠰᠢᠶᠠᠨ ᠤ ᠡᠳ᠋ ᠤᠨ | ᠵᠠᠰᠠᠭ ᠤᠨ ᠲᠣᠪᠴᠢᠶ᠎ᠠ ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ | ᠰᠢᠶᠠᠨ ᠤ ᠱᠠᠲᠤᠨ ᠤ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ | ᠳᠤᠨᠢ ᠳᠣᠷᠣᠭᠰᠢ ᠪᠠᠭᠤᠯᠭᠠᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠪᠠ ᠵᠢᠷᠤᠮ ᠶᠣᠰᠣᠭᠠᠷ ᠂ ᠰᠢᠶᠠᠨ ᠤ | ᠡᠳ᠋ ᠤᠨ ᠵᠠᠰᠠᠭ ᠤᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠡᠷ᠎ᠡ ᠪᠠᠷ | ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠭᠠᠮᠰᠢᠭ ᠤᠨ ᠪᠠᠶᠢᠳᠠᠯ ᠢ ᠮᠡᠳᠡᠭᠦᠯᠵᠦ ᠂ ᠬᠤᠳᠠ ᠶᠢᠨ | ᠱᠠᠲᠤᠨ ᠤ ᠲᠤᠰᠠᠯᠠᠮᠵᠢ ᠶᠢ ᠭᠤᠶᠤᠴᠢᠯᠠᠨ᠎ᠠ ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠠᠮᠢᠳᠤᠷᠠᠯ ᠤᠨ ᠠᠪᠤᠷᠠᠨ ᠲᠤᠰᠠᠯᠠᠬᠤ ᠡᠳ᠋ ᠪᠣᠳᠠᠰ ᠢ ᠪᠠᠴᠢᠮ ᠲᠣᠬᠢᠷᠠᠭᠤᠯᠤᠨ ᠥᠭᠴᠦ ᠂ ᠪᠠᠴᠢᠮ | ᠪᠠᠶᠢᠳᠠᠯ ᠢ ᠠᠷᠭᠠᠴᠠᠵᠤ ᠬᠤᠳᠠᠯᠳᠤᠨ ᠠᠪᠴᠤ ᠂ ᠦᠨᠳᠦᠰᠦᠨ ᠱᠠᠲᠤᠨ ᠤ ᠭᠠᠮᠰᠢᠭ ᠠᠴᠠ ᠠᠪᠤᠷᠠᠬᠤ ᠪᠠᠴᠢᠮ | ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠮᠰᠢᠭ ᠠᠴᠠ ᠠᠪᠤᠷᠠᠬᠤ ᠵᠣᠭᠤᠰ ᠮᠥᠩᠭᠦ | ᠡᠳ᠋ ᠪᠣᠳᠠᠰ ᠢ ᠲᠠᠷᠬᠠᠭᠠᠬᠤ ᠶᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ | ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠨᠦᠭᠦᠳ ᠭᠠᠮᠰᠢᠭ ᠠᠴᠠ ᠠᠪᠤᠷᠠᠬᠤ ᠡᠳ᠋ ᠪᠠᠷᠠᠭ᠎ᠠ᠂ | ᠠᠵᠢᠯᠲᠠᠨ ᠤ ᠲᠡᠭᠡᠭᠡᠪᠦᠷᠢ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵5︶ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠠᠮᠰᠢᠭᠳᠠᠭᠰᠠᠨ ᠣᠷᠣᠨ ᠤ ᠨᠡᠶᠢᠭᠡᠮ ᠤᠨ ᠠᠮᠤᠷ | ᠲᠦᠪᠰᠢᠨ ᠪᠠ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ ᠂ | ᠭᠠᠮᠰᠢᠭᠳᠠᠭᠰᠠᠨ ᠣᠷᠣᠨ ᠤ ᠤᠯᠠᠨ ᠲᠦᠮᠡᠨ ᠢ ᠬᠠᠪᠰᠤᠷᠤᠨ ᠵᠣᠬᠢᠶᠠᠨ ᠪᠠᠶᠢᠭᠤᠯᠵᠤ ᠪᠠᠴᠢᠮ ᠲᠦᠷᠭᠡᠨ | ᠰᠢᠯᠵᠢᠭᠦᠯᠦᠨ᠎ᠡ ᠃ ᠵᠡᠪᠰᠡᠭᠲᠦ ᠴᠠᠭᠳᠠᠭ᠎ᠠ ᠂ ᠡᠷᠦᠭᠡ ᠶᠢᠨ ᠴᠡᠷᠢᠭ ᠂ ᠪᠡᠯᠡᠳᠬᠡᠯ ᠠᠯᠪᠠᠨ ᠤ ᠴᠡᠷᠢᠭ ᠠᠩᠭᠢ ᠳᠡᠭᠡᠳᠦ | ᠱᠠᠲᠤᠨ ᠤ ᠵᠢᠭᠠᠪᠤᠷᠢ ᠪᠠ ᠭᠠᠮᠰᠢᠭᠳᠠᠭᠰᠠᠨ ᠭᠠᠵᠠᠷ ᠤᠨ ᠰᠢᠶᠠᠩ ᠪᠠᠯᠭᠠᠰᠤᠨ ᠤ ᠭᠤᠶᠤᠴᠢᠯᠠᠯ ᠢ ᠦᠨᠳᠦᠰᠦᠯᠡᠨ ᠂ | ᠭᠠᠮᠰᠢᠭ ᠠᠴᠠ ᠠᠪᠤᠷᠠᠬᠤ ᠠᠵᠢᠯ ᠳᠤ ᠢᠳᠡᠪᠬᠢᠲᠡᠢ ᠣᠷᠣᠯᠴᠠᠵᠤ ᠂ ᠴᠢᠬᠤᠯᠠᠲᠠᠢ ᠦᠶ᠎ᠡ ᠳᠤ ᠭᠠᠮᠰᠢᠭᠳᠠᠭᠰᠠᠨ | ᠭᠠᠵᠠᠷ ᠤᠨ ᠰᠢᠶᠠᠩ ᠪᠠᠯᠭᠠᠰᠤ ᠶᠢ ᠬᠠᠮᠵᠢᠨ ᠭᠠᠮᠰᠢᠭ ᠠᠴᠠ ᠠᠪᠤᠷᠠᠬᠤ ᠡᠳ᠋ ᠪᠣᠳᠠᠰ ᠢ ᠬᠦᠷᠭᠡᠵᠦ ᠂ ᠭᠥᠯᠢᠶᠡᠨ | ᠠᠪᠴᠤ ᠪᠠᠭᠤᠯᠭᠠᠵᠤ ᠂ ᠲᠦᠭᠡᠭᠡᠨ ᠥᠭᠭᠦᠨ᠎ᠡ᠃ | ︵6︶ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠵᠠᠬ᠎ᠠ | ᠳᠡᠯᠭᠡᠭᠦᠷ ᠤᠨ ᠬᠠᠩᠭᠠᠯᠭ᠎ᠠ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ ᠃ ᠰᠢᠶᠠᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠰᠠᠭᠤᠷᠢ ᠴᠠᠬᠢᠯᠭᠠᠨ ᠬᠤᠯᠪᠣᠭᠠᠨ ᠤ | ᠡᠵᠡᠩᠨᠡᠯᠲᠡ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠬᠤᠯᠪᠣᠭᠠᠨ ᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ ᠂ ᠠᠪᠤᠷᠠᠨ ᠲᠤᠰᠠᠯᠠᠬᠤ ᠲᠣᠨᠣᠭᠯᠠᠯ ᠂ ᠡᠮᠨᠡᠯᠭᠡ ᠳᠤ ᠬᠡᠷᠡᠭᠯᠡᠬᠦ ᠰᠡᠷᠭᠡᠶᠢᠯᠡᠨ | ᠬᠠᠮᠠᠭᠠᠯᠠᠯᠲᠠ ᠪᠠ ᠠᠷᠢᠭᠤᠳᠬᠠᠬᠤ ᠬᠡᠷᠡᠭᠰᠡᠯ ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠶᠢᠨ | ᠦᠢᠯᠡᠳᠪᠦᠷᠢᠯᠡᠯ ᠬᠠᠩᠭᠠᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ ᠃ ᠰᠢᠶᠠᠨ ᠤ ᠣᠷᠣᠨ | ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠭᠠᠮᠰᠢᠭ ᠤᠨ ᠳᠠᠷᠠᠭᠠᠬᠢ | ᠭᠡᠷ ᠪᠠᠶᠢᠰᠢᠩ ᠢ ᠲᠠᠬᠢᠨ ᠪᠠᠶᠢᠭᠤᠯᠬᠤ ᠵᠡᠷᠭᠡ ᠠᠵᠢᠯ ᠢ ᠵᠢᠯᠣᠭᠤᠳᠤᠨ᠎ᠠ ᠃ ᠰᠢᠶᠠᠨ ᠤ ᠤᠰᠤᠨ ᠠᠰᠢᠭᠯᠠᠯᠲᠠ ᠶᠢᠨ | ᠲᠣᠪᠴᠢᠶ᠎ᠠ ᠠᠴᠠ ᠭᠠᠮᠰᠢᠭᠳᠠᠭᠰᠠᠨ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠦᠭᠰᠢᠭᠦᠷᠢᠲᠦ ᠪᠠᠶᠢᠳᠠᠯ ᠢ | ᠰᠢᠢᠳᠪᠦᠷᠢᠯᠡᠬᠦ ᠵᠢᠴᠢ ᠰᠡᠯᠪᠢᠨ ᠵᠠᠰᠠᠬᠤ ᠂ ᠤᠰᠤ ᠬᠠᠩᠭᠠᠬᠤ ᠤᠰᠤᠨ ᠤ ᠰᠤᠷᠪᠤᠯᠵᠢ ᠶᠢᠨ ᠪᠠᠴᠢᠮ ᠪᠠᠶᠢᠳᠠᠯ ᠢ | ᠠᠷᠭᠠᠴᠠᠨ ᠲᠣᠬᠢᠷᠠᠭᠤᠯᠬᠤ ᠪᠠ ᠬᠥᠳᠡᠭᠡ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠤᠰᠤ ᠬᠠᠩᠭᠠᠬᠤ ᠠᠵᠢᠯ ᠢ | ᠵᠢᠯᠤᠭᠤᠳᠤᠨ᠎ᠠ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠴᠠᠭ ᠲᠤᠬᠠᠢ ᠳᠤᠨᠢ ᠡᠮ ᠡᠮᠨᠡᠯᠭᠡ | ᠡᠷᠡᠭᠦᠯ ᠬᠠᠮᠠᠭᠠᠯᠠᠯ ᠤᠨ ᠡᠩᠨᠡᠭᠡ ᠶᠢ ᠵᠣᠬᠢᠶᠠᠨ ᠪᠠᠶᠢᠭᠤᠯᠵᠤ ᠭᠠᠮᠰᠢᠭᠳᠠᠭᠰᠠᠨ ᠣᠷᠣᠨ ᠳᠤ ᠣᠴᠢᠭᠤᠯᠤᠨ ᠡᠮ | ᠡᠮᠨᠡᠯᠭᠡ ᠶᠢᠨ ᠠᠪᠤᠷᠠᠨ ᠵᠠᠰᠠᠯᠲᠠ ᠂ ᠡᠷᠡᠭᠦᠯ ᠬᠠᠮᠠᠭᠠᠯᠠᠯ ᠤᠨ ᠡᠪᠡᠳᠴᠢᠨ ᠡᠮᠭᠡᠭ ᠢ ᠰᠡᠷᠭᠡᠶᠢᠯᠡᠬᠦ ᠪᠠ ᠰᠡᠳᠬᠢᠴᠡ ᠶᠢᠨ | ᠲᠤᠰᠠᠯᠠᠮᠵᠢ ᠦᠵᠡᠭᠦᠯᠬᠦ ᠵᠡᠷᠭᠡ ᠠᠵᠢᠯ ᠢ ᠬᠠᠮᠵᠢᠨ ᠦᠷᠨᠢᠭᠦᠯᠦᠨ᠎ᠡ᠃ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠶᠢᠨ | ᠶᠡᠷᠦᠩᠬᠡᠶᠢᠯᠡᠭᠰᠡᠨ ᠵᠥᠪᠯᠡᠯᠭᠡ ᠥᠭᠬᠦ ᠰᠠᠨᠠᠭᠤᠯᠭ᠎ᠠ ᠶᠢ ᠬᠠᠩᠭᠠᠵᠤ ᠂ ᠭᠠᠮᠰᠢᠭᠳᠠᠭᠰᠠᠨ ᠣᠷᠣᠨ ᠤ ᠠᠪᠤᠷᠠᠨ | ᠲᠤᠰᠠᠯᠠᠬᠤ ᠳᠤ ᠬᠡᠷᠡᠭᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠣᠬᠢᠴᠠᠭᠤᠯᠤᠨ ᠭᠠᠮᠰᠢᠭ ᠠᠴᠠ | ᠠᠪᠤᠷᠠᠬᠤ ᠠᠵᠢᠯ ᠢ ᠳᠡᠮᠵᠢᠨ᠎ᠡ ᠃ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭᠳᠠᠭᠰᠠᠨ | ᠣᠷᠣᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠡᠯᠡᠳᠬᠡᠵᠦ ᠂ ᠭᠠᠮᠰᠢᠭᠳᠠᠭᠰᠠᠨ ᠣᠷᠣᠨ ᠤ | ᠲᠤᠬᠠᠢ ᠶᠢᠨ ᠭᠠᠵᠠᠷ ᠤᠨ ᠵᠢᠷᠤᠭ ᠳᠦᠷᠰᠦ ᠶᠢ ᠣᠯᠵᠤ ᠠᠪᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠬᠡᠮᠵᠢᠨ | ᠵᠢᠷᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠣᠷᠣᠨ | ᠵᠠᠢ ᠶᠢᠨ ᠵᠠᠳᠠᠯᠤᠯᠲᠠ ᠬᠢᠵᠦ ᠂ ᠪᠠᠴᠢᠮ ᠪᠠᠶᠢᠳᠠᠯ ᠢ ᠠᠷᠭᠠᠴᠠᠬᠤ ᠬᠡᠮᠵᠢᠨ ᠵᠢᠷᠤᠬᠤ ᠪᠠᠲᠤᠯᠠᠭ᠎ᠠ ᠶᠢᠨ ᠦᠢᠯᠡᠴᠢᠯᠡᠭᠡ | ᠬᠠᠩᠭᠠᠨ᠎ᠠ ᠃ | ︵7︶ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠰᠢᠶᠠᠨ ᠤ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ᠠᠴᠠ ᠰᠣᠨᠢᠨ ᠮᠡᠳᠡᠭᠡᠯᠡᠯ ᠤᠬᠠᠭᠤᠯᠭ᠎ᠠ ᠵᠡᠷᠭᠡ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ᠃ | ︵8︶ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠭᠠᠮᠰᠢᠭ ᠠᠴᠠ ᠠᠪᠤᠷᠠᠬᠤ ᠬᠠᠨᠳᠢᠪ ᠢ ᠭᠥᠯᠢᠶᠡᠨ | ᠠᠪᠬᠤ ᠠᠯᠪᠠᠨ ᠵᠠᠷ ᠢ ᠨᠡᠶᠢᠭᠡᠮ ᠨᠡᠶᠢᠲᠡ ᠳᠤ ᠨᠡᠶᠢᠲᠡᠯᠡᠵᠦ ᠂ ᠭᠠᠮᠰᠢᠭ ᠠᠴᠠ ᠠᠪᠤᠷᠠᠬᠤ ᠬᠠᠨᠳᠢᠪ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠥᠷᠨᠢᠭᠦᠯᠦᠨ᠎ᠡ ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠡᠶᠢᠭᠡᠮ ᠤᠨ ᠬᠦᠴᠦᠨ ᠢ | ᠵᠢᠯᠣᠭᠤᠳᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ ᠃ ᠬᠠᠨᠳᠢᠪ ᠴᠤᠭᠯᠠᠭᠤᠯᠬᠤ ᠬᠢᠷᠢ | ᠬᠡᠮ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠭᠠᠮᠰᠢᠭ ᠠᠴᠠ ᠠᠪᠤᠷᠠᠵᠤ ᠬᠠᠨᠳᠢᠪ ᠴᠤᠭᠯᠠᠭᠤᠯᠬᠤ ᠠᠵᠢᠯᠯᠠᠭ᠎ᠠ ᠶᠢ | ᠬᠠᠤᠯᠢ ᠶᠣᠰᠣᠭᠠᠷ ᠥᠷᠨᠢᠭᠦᠯᠵᠦ ᠂ ᠭᠠᠮᠰᠢᠭ ᠠᠴᠠ ᠠᠪᠤᠷᠠᠬᠤ ᠠᠵᠢᠯ ᠳᠤ ᠣᠷᠣᠯᠴᠠᠨ᠎ᠠ ᠃ | ︵9︶ ᠭᠠᠮᠰᠢᠭ ᠤᠨ ᠪᠠᠶᠢᠳᠠᠯ ᠲᠣᠭᠲᠠᠭᠤᠨ ᠪᠣᠯᠤᠭᠰᠠᠨ ᠤ ᠲᠠᠷᠠᠭ᠎ᠠ ᠂ ᠰᠢᠶᠠᠨ ᠤ ᠭᠠᠮᠰᠢᠭ ᠢ ᠪᠠᠭᠠᠰᠬᠠᠬᠤ | ᠵᠥᠪᠯᠡᠯ ᠤᠨ ᠠᠯᠪᠠᠨ ᠭᠡᠷ ᠠᠴᠠ ᠭᠠᠮᠰᠢᠭᠳᠠᠭᠰᠠᠨ ᠰᠢᠶᠠᠩ ᠪᠠᠯᠭᠠᠰᠤᠨ ᠤ ᠪᠠᠶᠢᠭᠠᠯᠢ ᠶᠢᠨ ᠭᠠᠮᠰᠢᠭ ᠤᠨ ᠬᠤᠬᠢᠷᠠᠯ ᠤᠨ | ᠪᠠᠶᠢᠳᠠᠯ ᠢ ᠦᠨᠡᠯᠡᠨ ᠵᠢᠱᠢᠬᠦ ᠂ ᠬᠢᠨᠠᠨ ᠲᠣᠭᠲᠠᠭᠠᠬᠤ ᠶᠢ ᠵᠢᠯᠣᠭᠤᠳᠤᠨ᠎ᠠ ᠃ | ︵10︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠪᠤᠰᠤᠳ ᠪᠦᠷᠢᠯᠳᠦᠭᠦᠨ ᠨᠢᠭᠡᠴᠡ ᠨᠦᠭᠦᠳ ᠲᠤᠰᠢᠶᠠᠯ | ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ ᠃ | ︵ᠳᠥᠷᠪᠡ︶ Ⅳ ᠳᠡᠰ ᠤᠨ ᠳᠠᠭᠠᠯ | 1.ᠡᠬᠢᠯᠡᠭᠦᠯᠬᠦ ᠨᠥᠬᠦᠴᠡᠯ | ᠲᠤᠰ ᠰᠢᠶᠠᠨ ᠤ ᠵᠠᠰᠠᠭ ᠵᠠᠬᠢᠷᠭᠠᠨ ᠤ ᠣᠷᠣᠨ ᠳᠤ ᠨᠢᠭᠡ ᠤᠳᠠᠭᠠᠨ ᠤ ᠪᠠᠶᠢᠭᠠᠯᠢ ᠶᠢᠨ ᠭᠠᠮᠰᠢᠭ ᠤᠨ ᠶᠠᠪᠤᠴᠠ ᠳᠤ | ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠢᠯᠡᠷᠡᠪᠡᠯ ᠂ Ⅳ ᠳᠡᠰ ᠤᠨ ᠴᠤᠤᠷᠢᠶᠠᠲᠤᠯ ᠢ ᠡᠬᠢᠯᠡᠭᠦᠯᠦᠨ᠎ᠡ ᠄ | ︵1︶ 1 ᠠᠴᠠ ᠳᠡᠭᠡᠭᠰᠢ ᠬᠥᠮᠥᠨ ᠦᠬᠦᠭᠰᠡᠨ ᠂ 3 ᠠᠴᠠ ᠳᠣᠭᠤᠭᠰᠢ ᠬᠥᠮᠥᠨ ᠦᠬᠦᠭᠰᠡᠨ ︔ | ︵2︶ ᠪᠠᠴᠢᠮ ᠰᠢᠯᠵᠢᠭᠦᠯᠦᠨ ᠲᠥᠪᠬᠢᠨᠡᠭᠦᠯᠬᠦ ᠪᠤᠶᠤ ᠠᠮᠢᠳᠤᠷᠠᠯ ᠤᠨ ᠪᠠᠴᠢᠮ ᠠᠪᠤᠷᠠᠨ ᠲᠤᠰᠠᠯᠠᠯᠲᠠ ᠬᠡᠷᠡᠭᠰᠡᠬᠦ | 3000 ᠬᠥᠮᠥᠨ ᠠᠴᠠ ᠳᠡᠭᠡᠭᠰᠢ ᠂ 5000 ᠬᠥᠮᠥᠨ ᠠᠴᠠ ᠳᠣᠭᠤᠭᠰᠢ ︔ | ︵3︶ 15 ᠲᠠᠰᠤᠯᠭ᠎ᠠ ᠪᠤᠶᠤ 5 ᠡᠷᠤᠭᠡ ᠠᠴᠠ ᠳᠡᠭᠡᠭᠰᠢ ᠂ 20 ᠲᠠᠰᠤᠯᠭ᠎ᠠ ᠪᠤᠶᠤ 10 ᠡᠷᠤᠭᠡ ᠠᠴᠠ ᠳᠣᠭᠤᠭᠰᠢ | ᠭᠡᠷ ᠪᠠᠶᠢᠰᠢᠩ ᠢ ᠨᠤᠷᠠᠭᠠᠭᠰᠠᠨ ᠪᠤᠶᠤ ᠬᠦᠨᠳᠦ ᠨᠣᠴᠢᠲᠠᠢ ᠡᠪᠳᠡᠵᠦ ᠰᠦᠢᠳᠬᠡᠭᠰᠡᠨ ︔ | ︵4︶ ᠭᠠᠮᠰᠢᠭ ᠠᠴᠠ ᠪᠣᠯᠵᠤ ᠠᠮᠤ ᠪᠤᠳᠠᠭ᠎ᠠ ᠳᠤᠲᠠᠭᠳᠠᠬᠤ ᠪᠤᠶᠤ ᠤᠰᠤ ᠳᠤᠲᠠᠭᠳᠠᠬᠤ ᠵᠡᠷᠭᠡ ᠠᠮᠢᠳᠤᠷᠠᠯ ᠤᠨ | ᠬᠦᠴᠢᠷᠳᠡᠯ ᠳᠤ ᠲᠤᠯᠭᠠᠷᠠᠪᠠᠯ᠂ ᠵᠠᠰᠠᠭ ᠤᠨ ᠣᠷᠳᠣᠨ ᠠᠴᠠ ᠮᠠᠯᠵᠢᠬᠤ ᠲᠠᠷᠢᠶᠠᠯᠠᠬᠤ ᠬᠥᠮᠥᠨ ᠠᠮᠠ ᠶᠢ 0.5 | ᠲᠦᠮᠡ ᠠᠴᠠ ᠳᠡᠭᠡᠭᠰᠢ᠂ 1 ᠲᠦᠮᠡ ᠠᠴᠠ ᠳᠣᠷᠣᠭᠰᠢ ᠠᠪᠤᠷᠠᠨ ᠲᠤᠰᠠᠯᠠᠬᠤ ᠴᠢᠬᠤᠯᠠᠲᠠᠢ ᠪᠣᠯᠣᠭᠰᠠᠨ ᠃ | 2.ᠡᠬᠢᠯᠡᠭᠦᠯᠬᠦ ᠳᠠᠷᠠᠭᠠᠯᠠᠯ | ᠭᠠᠮᠰᠢᠭ ᠡᠭᠦᠰᠦᠭᠰᠡᠨ ᠤ ᠳᠠᠷᠠᠭ᠎ᠠ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠵᠠᠳᠠᠯᠤᠨ | ᠦᠨᠡᠯᠡᠬᠦ ᠪᠠᠷ ᠳᠡᠮᠵᠢᠨ᠂ ᠭᠠᠮᠰᠢᠭ ᠤᠨ ᠪᠠᠶᠢᠳᠠᠯ ᠢ ᠡᠬᠢᠯᠡᠭᠦᠯᠬᠦ ᠪᠠᠷᠢᠮᠵᠢᠶ᠎ᠠ ᠳᠤ ᠭᠦᠷᠦᠭᠰᠡᠨ ᠢ ᠮᠠᠭᠠᠳᠯᠠᠨ | ᠲᠣᠭᠲᠠᠭᠠᠵᠤ᠂ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠠᠴᠠ Ⅳ ᠲᠠᠰ ᠤᠨ | ᠳᠠᠭᠠᠬᠤ ᠠᠵᠢᠯᠯᠠᠭ᠎ᠠ ᠶᠢ ᠡᠬᠢᠯᠡᠭᠦᠯᠬᠦ ᠪᠠᠷ ᠲᠣᠭᠲᠠᠨ᠎ᠠ ᠃ | 3. ᠳᠠᠭᠠᠬᠤ ᠠᠷᠭ᠎ᠠ ᠬᠡᠮᠵᠢᠶ᠎ᠡ | ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠰᠢᠶᠠᠨ ᠤ ᠱᠠᠲᠤᠨ ᠤ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠂ ᠰᠢᠶᠠᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 24 ᠴᠠᠭ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ | ᠰᠠᠬᠢᠬᠤ ᠶᠢ ᠬᠡᠷᠡᠭᠵᠢᠭᠦᠯᠵᠦ ᠂ ᠭᠠᠮᠰᠢᠭᠳᠠᠭᠰᠠᠨᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠵᠢᠴᠢ ᠲᠡᠭᠦᠨ ᠤ | ᠪᠦᠷᠢᠯᠳᠦᠭᠦᠨ ᠨᠢᠭᠡᠴᠡ ᠪᠠᠶᠢᠳᠠᠯ ᠢ ᠦᠵᠡᠵᠦ ᠪᠠᠶᠢᠭᠠᠳ ᠳᠣᠣᠷᠠᠬᠢ ᠠᠷᠭ᠎ᠠ ᠬᠡᠮᠵᠢᠶ᠎ᠡ ᠶᠢ ᠠᠪᠤᠨ᠎ᠠ ᠄ | ︵1︶ ᠰᠢᠶᠠᠨ ᠤ ᠭᠠᠮᠰᠢᠭ ᠢ ᠪᠠᠭᠠᠰᠬᠠᠬᠤ ᠺᠣᠮᠢᠰ ᠤᠨ ᠠᠯᠪᠠᠨ ᠭᠡᠷ ᠪᠠᠶᠢᠳᠠᠯ ᠢ ᠦᠵᠡᠵᠦ ᠪᠠᠶᠢᠭᠠᠳ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠠ ᠨᠢᠭᠡᠴᠡ ᠶᠢ ᠵᠣᠬᠢᠶᠠᠨ ᠪᠠᠶᠢᠭᠤᠯᠵᠤ ᠬᠤᠳᠠᠯᠳᠤᠭᠠᠴᠢᠳ ᠤᠨ ᠡᠪᠯᠡᠯ ᠤᠨ ᠬᠤᠷᠠᠯ ᠢ | ᠬᠤᠷᠠᠯᠳᠤᠭᠤᠯᠤᠨ ᠂ ᠭᠠᠮᠰᠢᠭᠳᠠᠭᠰᠠᠨ ᠣᠷᠣᠨ ᠤ ᠪᠠᠶᠢᠳᠠᠯ ᠢ ᠵᠠᠳᠠᠯᠵᠤ ᠂ ᠭᠠᠮᠰᠢᠭᠳᠠᠭᠰᠠᠨ ᠣᠷᠣᠨ ᠤ ᠭᠠᠮᠰᠢᠭ ᠠᠴᠠ | ᠠᠪᠤᠷᠠᠬᠤ ᠶᠢ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ︵2︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠠᠵᠢᠯᠯᠠᠬᠤ ᠳᠤᠭᠤᠶᠢᠯᠠᠩ ᠲᠣᠮᠢᠯᠠᠨ | ᠭᠠᠮᠰᠢᠭᠳᠠᠭᠰᠠᠨ ᠣᠷᠣᠨ ᠳᠤ ᠣᠴᠢᠭᠤᠯᠵᠤ ᠭᠠᠮᠰᠢᠭᠳᠠᠭᠰᠠᠨ ᠤᠯᠠᠨ ᠲᠦᠮᠡᠨ ᠢ ᠲᠣᠬᠤᠨᠢᠭᠤᠯᠵᠤ ᠂ ᠭᠠᠮᠰᠢᠭ ᠤᠨ | ᠪᠠᠶᠢᠳᠠᠯ ᠢ ᠬᠢᠨᠠᠨ ᠪᠠᠶᠢᠴᠠᠭᠠᠵᠤ ᠂ ᠭᠠᠮᠰᠢᠭᠳᠠᠭᠰᠠᠨ ᠣᠷᠣᠨ ᠤ ᠭᠠᠮᠰᠢᠭ ᠠᠴᠠ ᠠᠪᠤᠷᠠᠬᠤ ᠠᠵᠢᠯ ᠢ ᠬᠠᠪᠰᠤᠷᠤᠨ | ᠵᠢᠯᠣᠭᠤᠳᠤᠨ᠎ᠠ ᠃ | ︵3︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠭᠠᠮᠰᠢᠭ ᠤᠨ ᠪᠠᠶᠢᠳᠠᠯ ᠪᠠ ᠭᠠᠮᠰᠢᠭ ᠠᠴᠠ | ᠠᠪᠤᠷᠠᠬᠤ ᠠᠵᠢᠯ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠭᠠᠮᠰᠢᠭ ᠤᠨ ᠪᠠᠶᠢᠳᠠᠯ ᠢ ᠨᠢᠭᠡᠳᠦᠯᠲᠡᠢ ᠨᠡᠶᠢᠲᠡᠯᠡᠨ᠎ᠡ ᠃ | ︵4︶ ᠭᠠᠮᠰᠢᠭᠳᠠᠭᠰᠠᠨ ᠭᠠᠵᠠᠷ ᠤᠨ ᠰᠢᠶᠠᠩ ᠪᠠᠯᠭᠠᠰᠤᠨ ᠤ ᠭᠤᠶᠤᠴᠢᠯᠠᠯ ᠪᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠠᠮᠰᠢᠭ ᠤᠨ ᠪᠠᠶᠢᠳᠠᠯ ᠢ ᠬᠢᠨᠠᠨ ᠲᠣᠭᠲᠠᠭᠠᠭᠰᠠᠨ ᠪᠠᠶᠢᠳᠠᠯ ᠢ ᠦᠨᠳᠦᠰᠦᠯᠡᠨ ᠂ ᠰᠢᠶᠠᠨ ᠤ ᠡᠳ᠋ ᠤᠨ | ᠵᠠᠰᠠᠭ ᠤᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠰᠢᠶᠠᠨ ᠤ | ᠱᠠᠲᠤᠨ ᠤ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ ᠳᠤᠨᠢ | ᠳᠣᠷᠣᠭᠰᠢ ᠪᠠᠭᠤᠯᠭᠠᠨ᠎ᠠ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠠᠮᠢᠳᠤᠷᠠᠯ ᠤᠨ ᠠᠪᠤᠷᠠᠨ ᠲᠤᠰᠠᠯᠠᠬᠤ ᠡᠳ᠋ ᠪᠣᠳᠠᠰ ᠢ ᠪᠠᠴᠢᠮ ᠲᠣᠬᠢᠷᠠᠭᠤᠯᠤᠨ ᠥᠭᠴᠦ ᠂ ᠪᠠᠴᠢᠮ ᠪᠠᠶᠢᠳᠠᠯ ᠢ | ᠠᠷᠭᠠᠴᠠᠵᠤ ᠬᠤᠳᠠᠯᠳᠤᠨ ᠠᠪᠴᠤ ᠂ ᠦᠨᠳᠦᠰᠦᠨ ᠱᠠᠲᠤᠨ ᠤ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ | ᠪᠣᠳᠠᠰ ᠢ ᠲᠠᠷᠬᠠᠭᠠᠬᠤ ᠶᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠨ᠎ᠠ᠃ | ︵5︶ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠠᠴᠠ ᠭᠠᠮᠰᠢᠭᠳᠠᠭᠰᠠᠨ ᠣᠷᠣᠨ ᠢ ᠵᠢᠭᠠᠨ | ᠵᠢᠯᠤᠭᠤᠳᠴᠤ ᠪᠠᠶᠢᠭᠠᠳ ᠡᠮᠨᠡᠨ ᠠᠪᠤᠷᠠᠬᠤ ᠂ ᠡᠷᠡᠭᠦᠯ ᠬᠠᠮᠠᠭᠠᠯᠠᠯ ᠤᠨ ᠡᠪᠡᠳᠴᠢᠨ ᠡᠮᠭᠡᠭ ᠢ ᠰᠡᠷᠭᠡᠶᠢᠯᠡᠬᠦ ᠪᠠ | ᠰᠡᠳᠬᠢᠴᠡ ᠶᠢᠨ ᠲᠤᠰᠠᠯᠠᠮᠵᠢ ᠦᠵᠡᠭᠦᠯᠬᠦ ᠠᠵᠢᠯ ᠢ ᠰᠠᠶᠢᠲᠤᠷ ᠬᠢᠨ᠎ᠡ ᠃ | ︵6︶ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠪᠤᠰᠤᠳ ᠪᠦᠷᠢᠯᠳᠦᠭᠦᠨ ᠨᠢᠭᠡᠴᠡ ᠲᠤᠰᠢᠶᠠᠯ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠨ᠎ᠡ ᠃ | ︵ᠲᠠᠪᠤ︶ ᠳᠠᠭᠠᠬᠤ ᠶᠢ ᠳᠠᠭᠤᠰᠬᠠᠬᠤ | ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠤᠭᠰᠠᠨ ᠤ ᠲᠠᠷᠠᠭ᠎ᠠ ᠂ ᠰᠢᠶᠠᠨ ᠤ | ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠰᠠᠨᠠᠭᠤᠯᠭ᠎ᠠ ᠳᠤᠷᠠᠳᠴᠤ ᠂ ᠴᠤᠤᠷᠢᠶᠠᠲᠤᠯ ᠢ | ᠡᠬᠢᠯᠡᠭᠦᠯᠦᠭᠰᠡᠨ ᠨᠢᠭᠡᠴᠡ ᠠᠴᠠ ᠴᠤᠤᠷᠢᠶᠠᠲᠤᠯ ᠢ ᠵᠣᠭᠰᠤᠭᠠᠬᠤ ᠪᠠᠷ ᠲᠣᠭᠲᠠᠭᠠᠬᠤ ᠶᠢᠨ ᠬᠠᠮᠲᠤ ᠰᠢᠶᠠᠨ ᠤ | ᠭᠠᠮᠰᠢᠭ ᠢ ᠪᠠᠭᠠᠰᠬᠠᠬᠤ ᠵᠥᠪᠯᠡᠯ ᠤᠨ ᠡᠷᠬᠢᠯᠡᠭᠴᠢ ᠳᠤ ᠮᠡᠳᠡᠭᠦᠯᠦᠨ᠎ᠡ ᠃ | ᠵᠢᠷᠭᠤᠭ᠎ᠠ ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠪᠠ ᠰᠡᠷᠭᠦᠭᠡᠨ ᠲᠠᠬᠢᠨ ᠪᠦᠲᠦᠭᠡᠨ ᠪᠠᠶᠢᠭᠤᠯᠬᠤ | ︵ᠨᠢᠭᠡ︶ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ ᠲᠤᠰᠠᠯᠠᠯᠲᠠ | 1.ᠣᠨᠴᠠᠭᠠᠶ ᠬᠦᠨᠳᠦ ᠶᠡᠭᠡ ᠪᠠ ᠬᠦᠨᠳᠦ ᠶᠡᠭᠡ ᠪᠠᠶᠢᠭᠠᠯᠢ ᠶᠢᠨ ᠭᠠᠮᠰᠢᠭ ᠡᠭᠦᠰᠦᠭᠰᠡᠨ ᠤ ᠲᠠᠷᠠᠭ᠎ᠠ ᠂ ᠰᠢᠶᠠᠨ ᠤ | ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠲᠤᠰᠬᠠᠢ | ᠮᠡᠷᠭᠡᠵᠢᠯᠲᠡᠨ ᠵᠢᠴᠢ ᠭᠠᠮᠰᠢᠭᠳᠠᠭᠰᠠᠨ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠭᠠᠮᠰᠢᠭᠳᠠᠭᠰᠠᠨ ᠣᠷᠣᠨ ᠤ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ ᠲᠤᠰᠠᠯᠠᠬᠤ | ᠬᠡᠷᠡᠭᠴᠡᠭᠡ ᠶᠢᠨ ᠪᠠᠶᠢᠳᠠᠯ ᠢ ᠦᠨᠡᠯᠡᠨ ᠵᠢᠱᠢᠨ᠎ᠡ᠃ | 2.ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ | ᠲᠤᠬᠠᠢ ᠳᠤᠨᠢ ᠣᠯᠭᠤᠨ᠎ᠠ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠭᠠᠮᠰᠢᠭᠳᠠᠭᠰᠠᠨ ᠣᠷᠣᠨ ᠢ ᠵᠢᠯᠣᠭᠤᠳᠤᠨ ᠰᠢᠯᠵᠢᠯᠲᠡ ᠶᠢᠨ ᠬᠤᠭᠤᠴᠠᠭᠠᠨ ᠳᠠᠬᠢ ᠠᠪᠤᠷᠠᠨ ᠲᠤᠰᠠᠯᠠᠬᠤ ᠬᠥᠮᠥᠰ ᠢ | ᠬᠢᠨᠠᠨ ᠲᠣᠭᠲᠠᠭᠠᠬᠤ᠂ ᠪᠡᠯᠡ ᠮᠥᠩᠭᠦ ᠲᠠᠷᠬᠠᠭᠠᠬᠤ ᠵᠡᠷᠭᠡ ᠠᠵᠢᠯ ᠢ ᠰᠠᠶᠢᠲᠤᠷ ᠬᠢᠨ᠎ᠡ ᠃ | 3.ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ ᠡᠳ᠋ ᠤᠨ ᠵᠠᠰᠠᠭ ᠤᠨ | ᠲᠣᠪᠴᠢᠶ᠎ᠠ ᠠᠴᠠ ᠭᠠᠮᠰᠢᠭᠳᠠᠭᠰᠠᠨ ᠣᠷᠣᠨ ᠤ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ | ᠲᠤᠰᠠᠯᠠᠬᠤ ᠲᠦᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠬᠢᠨᠠᠨ ᠪᠠᠶᠢᠴᠠᠭᠠᠵᠤ ᠂ | ᠭᠠᠮᠰᠢᠭᠳᠠᠭᠰᠠᠨ ᠣᠷᠣᠨ ᠤ ᠠᠪᠤᠷᠠᠨ ᠲᠤᠰᠠᠯᠠᠬᠤ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ | ᠮᠡᠳᠡᠭᠳᠡᠵᠦ ᠂ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠳᠠᠭᠤᠰᠤᠭᠰᠠᠨ ᠤ | ᠲᠠᠷᠠᠭ᠎ᠠ ᠪᠠᠶᠢᠳᠠᠯ ᠢ ᠨᠢ ᠦᠵᠡᠵᠦ ᠪᠠᠶᠢᠭᠠᠳ ᠬᠦᠮᠦᠰ ᠢ ᠵᠣᠬᠢᠶᠠᠨ ᠪᠠᠶᠢᠭᠤᠯᠤᠨ ᠦᠷ᠎ᠡ ᠪᠦᠲᠦᠮᠵᠢ ᠶᠢᠨ ᠦᠨᠡᠯᠡᠨ | ᠵᠢᠱᠢᠯᠲᠡ ᠬᠢᠨ᠎ᠡ᠃ | ︵ᠬᠤᠶᠠᠷ︶ ᠡᠪᠦᠯ ᠬᠠᠪᠤᠷ ᠤᠨ ᠲᠡᠩᠬᠡᠷᠡᠭᠦᠯᠦᠨ ᠲᠤᠰᠠᠯᠠᠬᠤ | ᠪᠠᠶᠢᠭᠠᠯᠢ ᠶᠢᠨ ᠭᠠᠮᠰᠢᠭ ᠡᠭᠦᠰᠦᠭᠰᠡᠨ ᠤ ᠳᠠᠷᠠᠭᠠᠬᠢ ᠲᠤᠰ ᠵᠢᠯ ᠤᠨ ᠡᠪᠦᠯ ᠂ ᠲᠠᠷᠠᠭ᠎ᠠ ᠵᠢᠯ ᠤᠨ ᠬᠠᠪᠤᠷ ᠤᠨ | ᠤᠯᠠᠷᠢᠯ ᠳᠤ ᠂ ᠭᠠᠮᠰᠢᠭᠳᠠᠭᠰᠠᠨ ᠰᠢᠶᠠᠩ ᠪᠠᠯᠭᠠᠰᠤ ᠨᠢ ᠠᠮᠢᠳᠤᠷᠠᠯ ᠨᠢ ᠬᠦᠴᠢᠷᠳᠡᠯ ᠲᠠᠢ ᠭᠠᠮᠰᠢᠭᠳᠠᠭᠰᠠᠨ | ᠬᠥᠮᠥᠰ ᠲᠤ ᠦᠨᠳᠦᠰᠦᠨ ᠠᠮᠢᠳᠤᠷᠠᠯ ᠤᠨ ᠲᠤᠰᠠᠯᠠᠮᠵᠢ ᠬᠠᠩᠭᠠᠨ᠎ᠠ᠃ | 1.ᠭᠠᠮᠰᠢᠭᠳᠠᠭᠰᠠᠨ ᠰᠢᠶᠠᠩ ᠪᠠᠯᠭᠠᠰᠤ ᠨᠢ ᠵᠢᠯ ᠪᠦᠷᠢ ᠶᠢᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠬᠠᠷᠢᠶ᠎ᠠ | ᠣᠷᠣᠨ ᠤ ᠪᠠᠨ ᠭᠠᠮᠰᠢᠭᠳᠠᠭᠰᠠᠨ ᠬᠥᠮᠥᠰ ᠤᠨ ᠲᠤᠰ ᠵᠢᠯ ᠤᠨ ᠡᠪᠦᠯ ᠂ ᠲᠠᠷᠠᠭ᠎ᠠ ᠵᠢᠯ ᠤᠨ ᠬᠠᠪᠤᠷ ᠤᠨ ᠤᠯᠠᠷᠢᠯ ᠤᠨ | ᠦᠨᠳᠦᠰᠦᠨ ᠠᠮᠢᠳᠤᠷᠠᠯ ᠤᠨ ᠬᠦᠴᠢᠷᠳᠡᠯ ᠪᠠ ᠬᠡᠷᠡᠭᠴᠡᠭᠡ ᠶᠢ ᠪᠦᠷᠢᠳᠬᠡᠨ ᠦᠨᠡᠯᠡᠵᠦ ᠂ ᠠᠪᠤᠷᠠᠨ ᠲᠤᠰᠠᠯᠠᠬᠤ | ᠡᠲᠡᠭᠡᠳ ᠢ ᠬᠢᠨᠠᠨ ᠬᠠᠷᠭᠤᠭᠤᠯᠵᠤ ᠂ ᠠᠵᠢᠯ ᠤᠨ ᠡᠬᠡ ᠲᠠᠩᠰᠠ ᠶᠢ ᠨᠠᠶᠢᠷᠠᠭᠤᠯᠤᠨ ᠵᠣᠬᠢᠶᠠᠵᠤ ᠂ ᠠᠪᠤᠷᠠᠨ ᠲᠤᠰᠠᠯᠠᠬᠤ | ᠠᠵᠢᠯ ᠤᠨ ᠲᠥᠰᠥᠯ ᠲᠣᠭᠲᠠᠭᠠᠬᠤ ᠶᠢᠨ ᠬᠠᠮᠲᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | 2. ᠰᠢᠶᠠᠨ ᠤ ᠵᠠᠰᠠᠭ ᠤᠨ ᠣᠷᠳᠣᠨ ᠪᠤᠶᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠂ ᠡᠳ᠋ ᠤᠨ ᠵᠠᠰᠠᠭ ᠤᠨ ᠲᠣᠪᠴᠢᠶ᠎ᠠ ᠡᠪᠦᠯ ᠬᠠᠪᠤᠷ ᠤᠨ ᠲᠡᠩᠬᠡᠷᠡᠭᠦᠯᠦᠨ ᠲᠤᠰᠠᠯᠠᠬᠤ ᠴᠢᠬᠤᠯᠠ ᠲᠠᠢ | ᠬᠥᠮᠥᠨ ᠤ ᠲᠤᠭ᠎ᠠ ᠶᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠂ ᠬᠤᠳᠠ ᠶᠢᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠥᠪᠡᠷᠲᠡᠭᠡᠨ ᠵᠠᠰᠠᠬᠤ ᠣᠷᠣᠨ ᠂ ᠬᠤᠳᠠ ᠶᠢᠨ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠡᠪᠦᠯ ᠬᠠᠪᠤᠷ ᠤᠨ ᠬᠤᠭᠤᠴᠠᠭᠠᠨ ᠳᠤ ᠭᠠᠮᠰᠢᠭᠳᠠᠭᠰᠠᠨ ᠤᠯᠠᠨ ᠲᠦᠮᠡᠨ ᠤ | ᠠᠮᠢᠳᠤᠷᠠᠯ ᠤᠨ ᠲᠤᠰᠠᠯᠠᠮᠵᠢ ᠶᠢᠨ ᠪᠡᠯᠡ ᠮᠥᠩᠭᠦ ᠶᠢ ᠭᠤᠶᠤᠴᠢᠯᠠᠨ᠎ᠠ ᠃ | 3.ᠡᠯ᠎ᠡ ᠰᠢᠶᠠᠩ ᠪᠠᠯᠭᠠᠰᠤᠨ ᠤ ᠰᠢᠶᠠᠨ ᠤ ᠵᠠᠰᠠᠭ ᠤᠨ ᠣᠷᠳᠣᠨ ᠠᠴᠠ ᠵᠣᠭᠤᠰ ᠰᠠᠯᠭᠠᠨ ᠥᠭᠭᠦᠭᠦᠯᠬᠦ ᠪᠠᠷ | ᠱᠠᠭᠠᠷᠳᠠᠭᠰᠠᠨ ᠵᠢᠭᠠᠪᠤᠷᠢ ᠠᠪᠬᠤ ᠮᠡᠳᠡᠭᠦᠯᠦᠯᠲᠡ ᠶᠢ ᠦᠨᠳᠦᠰᠦᠯᠡᠨ ᠂ ᠭᠠᠮᠰᠢᠭ ᠤᠨ ᠪᠠᠶᠢᠳᠠᠯ ᠢ ᠦᠨᠡᠯᠡᠨ ᠵᠢᠱᠢᠭᠰᠡᠨ | ᠪᠠᠶᠢᠳᠠᠯ ᠲᠠᠢ ᠤᠶᠠᠯᠳᠤᠭᠤᠯᠤᠨ ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠂ | ᠡᠳ᠋ ᠤᠨ ᠵᠠᠰᠠᠭ ᠤᠨ ᠲᠣᠪᠴᠢᠶ᠎ᠠ ᠠᠴᠠ ᠡᠪᠦᠯ ᠬᠠᠪᠤᠷ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠨᠥᠬᠦᠪᠦᠷᠢ ᠶᠢᠨ | ᠲᠥᠰᠥᠯ ᠢ ᠲᠣᠭᠲᠠᠭᠠᠬᠤ ᠶᠢᠨ ᠬᠠᠮᠲᠤ ᠴᠠᠭ ᠲᠤᠬᠠᠢ ᠳᠤᠨᠢ ᠪᠡᠯᠡ ᠮᠥᠩᠭᠦ ᠪᠠᠭᠤᠯᠭᠠᠵᠤ ᠂ ᠡᠪᠦᠯ ᠬᠠᠪᠤᠷ ᠤᠨ | ᠬᠤᠭᠤᠴᠠᠭᠠᠨ ᠳᠠᠬᠢ ᠭᠠᠮᠰᠢᠭᠳᠠᠭᠰᠠᠨ ᠤᠯᠠᠨ ᠲᠦᠮᠡᠨ ᠤ ᠬᠤᠭᠤᠯᠠ ᠬᠦᠨᠡᠰᠦ ᠂ ᠡᠮᠦᠰᠴᠦ ᠵᠡᠭᠦᠬᠦ ᠵᠡᠷᠭᠡ | ᠦᠨᠳᠦᠰᠦᠨ ᠠᠮᠢᠳᠤᠷᠠᠯ ᠤᠨ ᠬᠦᠴᠢᠷᠳᠡᠯ ᠢ ᠬᠠᠪᠰᠤᠷᠤᠨ ᠰᠢᠢᠳᠪᠦᠷᠢᠯᠡᠬᠦ ᠳᠤ ᠲᠤᠰᠬᠠᠢ ᠬᠡᠷᠡᠭᠯᠡᠨ᠎ᠡ ᠃ | ︵ᠭᠤᠷᠪᠠ︶ ᠨᠤᠷᠠᠵᠤ ᠬᠤᠬᠢᠷᠠᠭᠰᠠᠨ ᠣᠷᠣᠨ ᠰᠠᠭᠤᠴᠠ ᠶᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ | ᠭᠠᠮᠰᠢᠭ ᠠᠴᠠ ᠪᠣᠯᠵᠤ ᠨᠤᠷᠠᠵᠤ ᠬᠤᠬᠢᠷᠠᠭᠰᠠᠨ ᠣᠷᠣᠨ ᠰᠠᠭᠤᠴᠠ ᠶᠢ ᠰᠡᠷᠭᠦᠭᠡᠨ ᠲᠠᠬᠢᠨ ᠪᠠᠶᠢᠭᠤᠯᠬᠤ ᠠᠵᠢᠯ ᠢ | ᠰᠢᠶᠠᠩ ᠪᠠᠯᠭᠠᠰᠤ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠤᠯᠠᠨ ᠲᠦᠮᠡᠨ ᠤ ᠬᠦᠰᠡᠯ | ᠰᠠᠨᠠᠭ᠎ᠠ ᠶᠢ ᠬᠦᠨᠳᠦᠳᠬᠡᠨ ᠂ ᠭᠠᠮᠰᠢᠭᠳᠠᠭᠰᠠᠨ ᠡᠷᠤᠭᠡ ᠶᠢ ᠥᠪᠡᠷ ᠢᠶᠠᠨ ᠪᠠᠶᠢᠭᠤᠯᠬᠤ ᠪᠠᠷ ᠭᠤᠣᠯ ᠪᠣᠯᠭᠠᠨ᠎ᠠ ᠃ ᠭᠡᠷ | ᠪᠠᠷᠢᠬᠤ ᠪᠡᠯᠡ ᠮᠥᠩᠭᠦ ᠶᠢ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ ᠂ ᠣᠷᠣᠨ ᠰᠠᠭᠤᠴᠠ ᠶᠢᠨ | ᠳᠠᠭᠠᠳᠬᠠᠯ ᠤᠨ ᠲᠥᠯᠥᠪᠦᠷᠢ ᠂ ᠨᠡᠶᠢᠭᠡᠮ ᠤᠨ ᠬᠠᠪᠰᠤᠷᠤᠯᠴᠠᠭ᠎ᠠ ᠂ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠂ ᠥᠪᠡᠷᠲᠡᠭᠡᠨ ᠵᠢᠭᠡᠯᠡᠯᠭᠡ ᠲᠠᠯᠪᠢᠬᠤ ᠂ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠵᠡᠷᠭᠡ | ᠤᠯᠠᠨ ᠵᠦᠢᠯ ᠤᠨ ᠠᠷᠭ᠎ᠠ ᠵᠠᠮ ᠢᠶᠠᠷ ᠰᠢᠢᠳᠪᠦᠷᠢᠯᠡᠨ᠎ᠡ ᠃ ᠲᠠᠬᠢᠨ ᠪᠠᠶᠢᠭᠤᠯᠬᠤ ᠲᠥᠯᠦᠪᠵᠢᠭᠦᠯᠭᠡ ᠪᠠ ᠭᠡᠷ | ᠪᠠᠶᠢᠰᠢᠩ ᠤᠨ ᠵᠢᠷᠤᠭ ᠲᠥᠯᠥᠪᠯᠡᠭᠡ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠂ ᠵᠦᠢ | ᠵᠣᠬᠢᠰᠲᠠᠢ ᠪᠠᠶᠢᠷᠢᠯᠠᠭᠤᠯᠵᠤ ᠂ ᠭᠠᠮᠰᠢᠭ ᠤᠨ ᠬᠦᠴᠦᠨ ᠵᠦᠢᠯ ᠢ ᠭᠦᠢᠴᠡᠳ ᠪᠣᠳᠤᠯᠬᠢᠯᠠᠨ᠎ᠠ᠃ | ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠨᠤᠷᠠᠵᠤ ᠡᠪᠳᠡᠷᠡᠭᠰᠡᠨ ᠣᠷᠣᠨ ᠰᠠᠭᠤᠴᠠ ᠶᠢ ᠰᠡᠷᠭᠦᠭᠡᠨ | ᠳᠠᠬᠢᠨ ᠪᠦᠲᠦᠭᠡᠨ ᠪᠠᠶᠢᠭᠤᠯᠬᠤ ᠠᠵᠢᠯ ᠤᠨ ᠪᠠᠶᠢᠴᠠᠭᠠᠯᠲᠠ ᠪᠠᠨ ᠴᠢᠩᠭᠠᠳᠬᠠᠵᠤ᠂ ᠪᠠᠶᠢᠳᠠᠯ ᠢ ᠨᠢ ᠦᠵᠡᠵᠦ | ᠪᠠᠶᠢᠭᠠᠳ ᠬᠠᠮᠲᠤᠷᠠᠭᠰᠠᠨ ᠠᠵᠢᠯᠯᠠᠬᠤ ᠳᠤᠭᠤᠶᠢᠯᠠᠩ ᠲᠣᠮᠢᠯᠠᠨ ᠭᠠᠮᠰᠢᠭᠳᠠᠭᠰᠠᠨ ᠣᠷᠣᠨ ᠢ ᠰᠡᠷᠭᠦᠭᠡᠨ ᠳᠠᠬᠢᠨ | ᠪᠦᠲᠦᠭᠡᠨ ᠪᠠᠶᠢᠭᠤᠯᠬᠤ ᠠᠵᠢᠯ ᠢ ᠵᠢᠯᠣᠭᠤᠳᠤᠭᠤᠯᠵᠤ᠂ ᠳᠠᠬᠢᠨ ᠪᠦᠲᠦᠭᠡᠨ ᠪᠠᠶᠢᠭᠤᠯᠬᠤ ᠠᠬᠢᠴᠠ ᠶᠢ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠡᠯᠡᠨ᠎ᠡ᠃ ᠰᠢᠶᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠠᠴᠠ ᠨᠤᠷᠠᠵᠤ ᠬᠤᠬᠢᠷᠠᠭᠰᠠᠨ ᠣᠷᠣᠨ ᠰᠠᠭᠤᠴᠠ ᠶᠢ ᠰᠡᠷᠭᠦᠭᠡᠨ ᠲᠠᠬᠢᠨ ᠪᠦᠲᠦᠭᠡᠨ | ᠪᠠᠶᠢᠭᠤᠯᠬᠤ ᠮᠡᠷᠭᠡᠵᠢᠯ ᠤᠨ ᠳᠡᠮᠵᠢᠯᠭᠡ ᠪᠠ ᠶᠠᠰᠤ ᠴᠢᠨᠠᠷ ᠲᠤ ᠬᠢᠨᠠᠯᠲᠠ ᠲᠠᠯᠪᠢᠬᠤ ᠵᠡᠷᠭᠡ ᠠᠵᠢᠯ ᠢ ᠬᠠᠷᠢᠭᠤᠴᠠᠨ᠎ᠠ ᠃ | ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ | ᠳᠠᠬᠢᠨ ᠪᠦᠲᠦᠭᠡᠨ ᠪᠠᠶᠢᠭᠤᠯᠬᠤ ᠲᠥᠯᠦᠪᠵᠢᠭᠦᠯᠭᠡ᠂ ᠭᠠᠵᠠᠷ ᠰᠣᠩᠭᠤᠬᠤ ᠠᠵᠢᠯ ᠢ ᠰᠠᠶᠢᠲᠤᠷ ᠬᠢᠵᠦ᠂ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠂ ᠣᠷᠣᠨ ᠰᠠᠭᠤᠴᠠ ᠶᠢ ᠳᠠᠬᠢᠨ ᠪᠦᠲᠦᠭᠡᠨ ᠪᠠᠶᠢᠭᠤᠯᠬᠤ | ᠠᠵᠢᠯ ᠢ ᠰᠠᠶᠢᠲᠤᠷ ᠬᠢᠬᠦ ᠶᠢ ᠳᠡᠮᠵᠢᠨ᠎ᠡ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠪᠡᠯᠡ ᠮᠥᠩᠭᠦ ᠶᠢᠨ ᠪᠠᠲᠤᠯᠠᠭ᠎ᠠ | 1. ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ ᠵᠡᠷᠭᠡ ᠰᠠᠯᠠᠭ᠎ᠠ ᠮᠥᠴᠢᠷ ︽ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠳᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠠᠪᠤᠷᠠᠨ ᠲᠤᠰᠠᠯᠠᠬᠤ | ᠪᠡᠯᠡ ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠲᠣᠭᠲᠠᠭᠠᠯ ᠢ ᠦᠨᠳᠦᠰᠦᠯᠡᠨ᠂ | ᠰᠢᠶᠠᠨ ᠤ ᠱᠠᠲᠤᠨ ᠤ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠲᠥᠰᠥᠪ ᠢ ᠲᠣᠬᠢᠷᠠᠭᠤᠯᠬᠤ ᠶᠢᠨ ᠬᠠᠮᠲᠤ | ᠭᠠᠮᠰᠢᠭ ᠠᠴᠠ ᠠᠪᠤᠷᠠᠬᠤ ᠠᠵᠢᠯ ᠢ ᠱᠠᠲᠤ ᠬᠤᠪᠢᠶᠠᠨ ᠬᠠᠷᠢᠭᠤᠴᠠᠬᠤ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ | ᠱᠠᠲᠤ ᠬᠤᠪᠢᠶᠠᠨ ᠡᠭᠦᠷᠭᠡᠯᠡᠬᠦ ᠵᠠᠷᠴᠢᠮ ᠶᠣᠰᠣᠭᠠᠷ᠂ ᠡᠯ᠎ᠡ ᠱᠠᠲᠤᠨ ᠤ ᠡᠳ᠋ ᠤᠨ ᠵᠠᠰᠠᠭ ᠤᠨ ᠭᠠᠮᠰᠢᠭ ᠠᠴᠠ | ᠠᠪᠤᠷᠠᠬᠤ ᠪᠡᠯᠡ ᠮᠥᠩᠭᠦ ᠶᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ᠎ᠠ ᠃ | 2.ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠵᠤ ᠂ ᠪᠠᠶᠢᠭᠠᠯᠢ ᠶᠢᠨ ᠭᠠᠮᠰᠢᠭ ᠠᠴᠠ ᠠᠪᠤᠷᠠᠨ | ᠲᠤᠰᠠᠯᠠᠬᠤ ᠬᠡᠷᠡᠭᠴᠡᠭᠡ ᠳᠤ ᠵᠣᠬᠢᠴᠠᠭᠰᠠᠨ ᠪᠡᠯᠡ ᠮᠥᠩᠭᠦ᠂ ᠡᠳ᠋ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠡᠯᠡ ᠮᠥᠩᠭᠦ ᠪᠠ | ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ | ᠣᠷᠤᠭᠤᠯᠤᠨ᠎ᠠ᠃ | 3.ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ | ᠠᠪᠤᠷᠠᠨ ᠲᠤᠰᠠᠯᠠᠬᠤ ᠥᠪᠡᠷ ᠤᠨ ᠥᠷᠲᠡᠭ ᠵᠢᠴᠢ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠲᠣᠬᠢᠷᠠᠭᠤᠯᠤᠯᠲᠠ | ᠵᠡᠷᠭᠡ ᠬᠦᠴᠦᠨ ᠵᠦᠢᠯ ᠢ ᠦᠨᠳᠦᠰᠦᠯᠡᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠲᠥᠷᠥ ᠶᠢᠨ | ᠪᠣᠳᠣᠯᠭ᠎ᠠ ᠪᠠ ᠬᠠᠮᠢᠶ᠎ᠠ ᠪᠦᠬᠦᠢ ᠨᠥᠬᠦᠪᠦᠷᠢ ᠶᠢᠨ ᠪᠠᠷᠢᠮᠵᠢᠶ᠎ᠠ ᠶᠢ ᠴᠠᠭ ᠲᠤᠨᠢ ᠲᠣᠬᠢᠷᠠᠭᠤᠯᠤᠨ᠎ᠠ ᠃ | ︵ᠬᠤᠶᠠᠷ︶ ᠡᠳ᠋ ᠪᠠᠷᠠᠭ᠎ᠠ ᠶᠢᠨ ᠪᠠᠲᠤᠯᠠᠭ᠎ᠠ | 1.ᠵᠦᠢ ᠵᠣᠬᠢᠰᠲᠠᠢ ᠪᠠᠷ ᠲᠥᠯᠥᠪᠵᠢᠭᠦᠯᠬᠦ ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠠᠷᠴᠢᠮ ᠶᠣᠰᠣᠭᠠᠷ ᠂ ᠪᠦᠬᠦ | ᠰᠢᠶᠠᠨ ᠤ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠰᠢᠰᠲ᠋ᠧᠮ ᠢ ᠪᠠᠶᠢᠭᠤᠯᠵᠤ ᠂ ᠭᠠᠮᠰᠢᠭ ᠠᠴᠠ | ᠠᠪᠤᠷᠠᠬᠤ ᠡᠳ᠋ ᠪᠣᠳᠠᠰ ᠢ ᠨᠥᠭᠡᠴᠡᠯᠡᠬᠦ ᠬᠥᠮᠥᠷᠭᠡ ᠶᠢᠨ ᠬᠥᠮᠥᠷᠭᠡᠯᠡᠨ ᠬᠠᠳᠠᠭᠠᠯᠠᠬᠤ ᠨᠥᠬᠦᠴᠡᠯ ᠂ ᠲᠥᠬᠦᠭᠡᠷᠦᠮᠵᠢ ᠪᠠ | ᠴᠢᠳᠠᠮᠵᠢ ᠶᠢ ᠲᠡᠭᠦᠯᠳᠡᠷᠵᠢᠭᠦᠯᠵᠦ ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠲᠣᠣᠷ ᠢ ᠪᠤᠢ ᠪᠣᠯᠭᠠᠨ᠎ᠠ ᠃ | ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠭᠠᠮᠰᠢᠭ ᠠᠴᠠ ᠵᠠᠶᠢᠯᠠᠭᠤᠯᠤᠨ ᠲᠠᠷᠬᠠᠭᠠᠬᠤ ᠭᠠᠵᠠᠷ ᠤᠳ ᠴᠤ | ᠲᠥᠪᠬᠢᠨᠡᠭᠦᠯᠬᠦ ᠬᠡᠪᠴᠢᠶ᠎ᠡ ᠲᠠᠢ ᠵᠣᠬᠢᠴᠠᠯᠳᠤᠭᠰᠠᠨ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠨ᠎ᠡ᠃ | 2. ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠲᠥᠯᠦᠪᠵᠢᠭᠦᠯᠭᠡ ᠶᠢ ᠲᠣᠭᠲᠠᠭᠠᠵᠤ ᠂ ᠨᠥᠭᠡᠴᠡᠯᠡᠬᠦ | ᠲᠥᠷᠥᠯ ᠵᠦᠢᠯ ᠪᠣᠯᠣᠨ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠨ᠎ᠠ᠃ ᠭᠠᠮᠰᠢᠭ ᠠᠴᠠ ᠠᠪᠤᠷᠠᠬᠤ ᠡᠳ᠋ ᠪᠣᠳᠠᠰ ᠢ | ᠬᠤᠳᠠᠯᠳᠤᠨ ᠠᠪᠬᠤ ᠪᠠ ᠨᠥᠭᠡᠴᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠵᠢᠯ ᠪᠦᠷᠢ ᠬᠦᠨᠳᠦ ᠶᠡᠭᠡ | ᠪᠠᠶᠢᠭᠠᠯᠢ ᠶᠢᠨ ᠭᠠᠢ ᠭᠠᠮᠰᠢᠭ ᠢ ᠠᠷᠭᠠᠴᠠᠬᠤ ᠱᠠᠭᠠᠷᠳᠠᠯᠭ᠎ᠠ ᠶᠢ ᠦᠨᠳᠦᠰᠦᠯᠡᠨ ᠴᠢᠬᠤᠯᠠ ᠪᠦᠬᠦᠢ ᠡᠳ᠋ ᠪᠣᠳᠠᠰ ᠢ | ᠨᠥᠭᠡᠴᠡᠯᠡᠨ᠎ᠡ ᠃ | 3. ᠪᠣᠳᠠᠲᠤ ᠶᠠᠭᠤᠮ᠎ᠠ ᠨᠥᠭᠡᠴᠡᠯᠡᠬᠦ ᠪᠠ ᠴᠢᠳᠠᠪᠤᠷᠢ ᠨᠥᠭᠡᠴᠡᠯᠡᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠤᠨ | ᠶᠣᠰᠣᠭᠠᠷ ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠦᠢᠯᠡᠳᠪᠦᠷᠢᠯᠡᠬᠦ ᠦᠢᠯᠡᠳᠪᠦᠷᠢ ᠶᠢᠨ ᠨᠡᠷᠡᠰ ᠤᠨ | ᠵᠢᠭᠰᠠᠭᠠᠯᠲᠠ ᠶᠢ ᠪᠠᠶᠢᠭᠤᠯᠤᠨ ᠂ ᠪᠠᠴᠢᠮ ᠪᠠᠶᠢᠳᠠᠯ ᠢ ᠠᠷᠭᠠᠴᠠᠬᠤ ᠬᠤᠳᠠᠯᠳᠤᠨ ᠠᠪᠬᠤ ᠪᠠ ᠪᠠᠷᠠᠭ᠎ᠠ ᠬᠠᠩᠭᠠᠬᠤ | ᠲᠣᠭᠲᠠᠴᠠ ᠶᠢ ᠪᠦᠷᠢᠨᠰᠢᠭᠦᠯᠵᠦ ᠂ ᠴᠢᠬᠤᠯᠠ ᠲᠠᠢ ᠦᠶ᠎ᠡ ᠳᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠪᠠᠴᠢᠮ | ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠲᠣᠭᠲᠠᠨ᠎ᠠ ᠃ | 4. ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ ᠪᠠᠲᠤᠯᠠᠬᠤ ᠪᠠ ᠨᠥᠬᠦᠪᠦᠷᠢᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠲᠣᠬᠢᠷᠠᠭᠤᠯᠬᠤ | ᠪᠠ ᠲᠡᠭᠡᠭᠡᠪᠦᠷᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠭᠠᠮᠰᠢᠭ ᠤᠨ ᠪᠠᠶᠢᠳᠠᠯ ᠭᠠᠷᠤᠭᠰᠠᠨ ᠦᠶ᠎ᠡ ᠳᠤ ᠂ | ᠭᠠᠮᠰᠢᠭ ᠠᠴᠠ ᠠᠪᠤᠷᠠᠬᠤ ᠨᠥᠭᠡᠴᠡ ᠡᠳ᠋ ᠪᠠᠷᠠᠭ᠎ᠠ ᠶᠢ ᠴᠠᠭ ᠲᠤᠬᠠᠢ ᠳᠤᠨᠢ ᠰᠢᠯᠵᠢᠭᠦᠯᠦᠨ ᠬᠡᠷᠡᠭᠯᠡᠵᠦ ᠪᠣᠯᠣᠨ᠎ᠠ ᠃ | ︵ᠭᠤᠷᠪᠠ︶ ᠴᠢᠮᠡᠭᠡ ᠬᠤᠯᠪᠣᠭ᠎ᠠ ᠪᠣᠯᠣᠨ ᠮᠡᠳᠡᠭᠡ ᠵᠠᠩᠭᠢ ᠶᠢᠨ ᠪᠠᠲᠤᠯᠠᠭ᠎ᠠ | 1. ᠭᠠᠮᠰᠢᠭ ᠤᠨ ᠪᠠᠶᠢᠳᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ ᠂ | ᠨᠡᠶᠢᠲᠡ ᠶᠢᠨ ᠬᠡᠷᠡᠭᠯᠡᠭᠡᠨ ᠤ ᠴᠢᠮᠡᠭᠡ ᠬᠤᠯᠪᠣᠭᠠᠨ ᠤ ᠰᠦᠯᠵᠢᠶ᠎ᠡ ᠪᠠᠷ ᠰᠠᠭᠤᠷᠢ ᠪᠣᠯᠭᠠᠨ ᠂ ᠰᠢᠶᠠᠨ ᠂ ᠰᠢᠶᠠᠩ ᠪᠠᠯᠭᠠᠰᠤ ᠂ | ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤ ᠶᠢ ᠬᠠᠮᠤᠷᠤᠭᠰᠠᠨ ᠭᠠᠮᠰᠢᠭ ᠠᠴᠠ ᠠᠪᠤᠷᠠᠬᠤ ᠴᠢᠮᠡᠭᠡ | ᠬᠤᠯᠪᠣᠭᠠᠨ ᠤ ᠰᠦᠯᠵᠢᠶ᠎ᠡ ᠶᠢ ᠪᠠᠶᠢᠭᠤᠯᠵᠤ ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠨ ᠂ | ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠡᠵᠡᠮᠰᠢᠬᠦ ᠶᠢ ᠦᠨᠡᠨᠬᠦ | ᠪᠠᠲᠤᠯᠠᠨ᠎ᠠ᠃ | 2. ᠣᠲᠣ ᠶᠢᠨ ᠪᠠᠶᠢᠭ᠎ᠠ ᠡᠬᠢ ᠪᠠᠶᠠᠯᠢᠭ᠂ ᠲᠥᠬᠦᠭᠡᠷᠦᠮᠵᠢ ᠶᠢ ᠭᠦᠢᠴᠡᠳ ᠠᠰᠢᠭᠯᠠᠨ᠂ ᠭᠠᠮᠰᠢᠭ ᠤᠨ ᠪᠠᠶᠢᠳᠠᠯ | ᠪᠠ ᠲᠤᠭ᠎ᠠ ᠪᠠᠷᠢᠮᠲᠠ ᠶᠢᠨ ᠦᠢᠯᠡᠳᠬᠦᠨ ᠢ ᠬᠠᠮᠲᠤᠪᠠᠷ ᠭᠥᠷᠳᠡᠬᠦ ᠲᠠᠪᠴᠠᠩ ᠢ ᠲᠡᠭᠦᠯᠳᠡᠷᠵᠢᠭᠦᠯᠵᠦ᠂ ᠰᠠᠯᠠᠭ᠎ᠠ | ᠮᠥᠴᠢᠷ ᠤᠨ ᠬᠤᠭᠤᠷᠣᠨᠳᠣᠬᠢ ᠭᠠᠮᠰᠢᠭ ᠤᠨ ᠪᠠᠶᠢᠳᠠᠯ ᠢ ᠬᠠᠮᠲᠤᠪᠠᠷ ᠭᠥᠷᠳᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | | ︵ᠳᠥᠷᠪᠡ︶ ᠲᠤᠨᠤᠭ ᠲᠥᠬᠦᠭᠡᠷᠦᠮᠵᠢ ᠪᠠ ᠪᠡᠯᠡᠳᠬᠡᠮᠵᠢ ᠶᠢᠨ ᠪᠠᠲᠤᠯᠠᠭ᠎ᠠ | 1.ᠡᠯ᠎ᠡ ᠰᠢᠶᠠᠩ ᠪᠠᠯᠭᠠᠰᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠱᠠᠭᠠᠷᠳᠠᠯᠭ᠎ᠠ | ᠶᠣᠰᠣᠭᠠᠷ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠳᠤ ᠴᠢᠬᠤᠯᠠ ᠪᠦᠬᠦᠢ ᠵᠠᠮ ᠬᠠᠷᠢᠯᠴᠠᠭ᠎ᠠ᠂ | ᠮᠡᠳᠡᠭᠡ ᠬᠤᠯᠪᠣᠭ᠎ᠠ ᠵᠡᠷᠭᠡ ᠲᠥᠬᠦᠭᠡᠷᠦᠮᠵᠢ ᠶᠢ ᠬᠠᠩᠭᠠᠨ᠎ᠠ᠃ | 2. ᠡᠯ᠎ᠡ ᠰᠢᠶᠠᠩ ᠪᠠᠯᠭᠠᠰᠤ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠠᠭᠤᠭᠠᠯᠢ ᠠᠷᠠᠳ ᠤᠨ | ᠬᠥᠮᠥᠨ ᠠᠮᠠ ᠶᠢᠨ ᠲᠤᠭ᠎ᠠ ᠬᠡᠮᠵᠢᠶ᠎ᠡ ᠪᠣᠯᠣᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ ᠂ ᠠᠰᠠᠷᠠᠮᠵᠢ ᠶᠢᠨ | ᠬᠦᠷᠢᠶᠡᠯᠡᠩ ᠂ ᠨᠠᠰᠤᠲᠠᠨ ᠠᠰᠠᠷᠠᠬᠤ ᠬᠦᠷᠢᠶᠡᠯᠡᠩ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠠᠷᠬᠠᠭᠠᠬᠤ | ᠲᠠᠯᠠᠪᠤᠷ ᠂ ᠰᠤᠷᠭᠠᠭᠤᠯᠢ ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠤᠯᠠᠨ ᠨᠡᠶᠢᠲᠡ ᠶᠢᠨ ᠪᠡᠯᠡᠳᠬᠡᠮᠵᠢ ᠶᠢ | ᠠᠰᠢᠭᠯᠠᠨ ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠵᠠᠶᠢᠯᠠᠭᠤᠯᠤᠨ ᠲᠥᠪᠬᠢᠨᠡᠭᠦᠯᠬᠦ ᠲᠠᠯᠠᠪᠤᠷ ᠢ ᠨᠢᠭᠡᠳᠦᠯᠲᠡᠢ | ᠲᠥᠯᠥᠪᠵᠢᠭᠦᠯᠦᠨ ᠪᠠᠶᠢᠭᠤᠯᠬᠤ ᠶᠢᠨ ᠬᠠᠮᠲᠤ ᠢᠯᠡᠷᠬᠡᠢ ᠲᠡᠮᠳᠡᠭ ᠪᠠᠶᠢᠷᠢᠯᠠᠭᠤᠯᠤᠨ᠎ᠠ᠃ | ︵ᠲᠠᠪᠤ︶ ᠬᠥᠮᠥᠨ ᠤ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ | 1. ᠡᠯ᠎ᠡ ᠲᠥᠷᠥᠯ ᠤᠨ ᠪᠠᠶᠢᠭᠠᠯᠢ ᠶᠢᠨ ᠭᠠᠮᠰᠢᠭ ᠤᠨ ᠲᠤᠰᠬᠠᠢ ᠠᠪᠤᠷᠠᠨ ᠲᠤᠰᠠᠯᠠᠬᠤ ᠡᠩᠨᠡᠭᠡ ᠪᠣᠯᠣᠨ | ᠭᠠᠮᠰᠢᠭ ᠤᠨ ᠬᠠᠮᠢᠶᠠᠷᠤᠯᠲᠠ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠯᠪᠣᠭᠳᠠᠯ ᠪᠦᠬᠦᠢ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠪᠣᠶᠢᠵᠢᠭᠤᠯᠤᠨ ᠬᠥᠭᠵᠢᠭᠦᠯᠬᠦ ᠪᠠ | ᠬᠥᠲᠥᠯᠥᠨ ᠵᠢᠯᠤᠭᠤᠳᠴᠤ ᠂ ᠲᠡᠳᠡᠨ ᠤ ᠭᠠᠮᠰᠢᠭ ᠠᠴᠠ ᠠᠪᠤᠷᠠᠬᠤ ᠠᠵᠢᠯ ᠤᠨ ᠳᠤᠮᠳᠠ ᠢᠳᠡᠪᠬᠢᠲᠡᠢ | ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ ᠃ | 2. ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠲᠤᠰᠬᠠᠢ ᠮᠡᠷᠭᠡᠵᠢᠯᠲᠡᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠂ ᠡᠷᠡᠭᠦᠯ ᠬᠠᠮᠠᠭᠠᠯᠠᠯ ᠂ ᠤᠰᠤᠨ ᠠᠰᠢᠭᠯᠠᠯᠲᠠ ᠂ | ᠴᠠᠭ ᠠᠭᠤᠷ ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠂ | ᠭᠠᠮᠰᠢᠭ ᠤᠨ ᠪᠠᠶᠢᠳᠠᠯ ᠢ ᠵᠥᠪᠳᠡᠯᠴᠡᠬᠦ ᠂ ᠭᠠᠮᠰᠢᠭᠳᠠᠭᠰᠠᠨ ᠣᠷᠣᠨ ᠳᠤ ᠬᠦᠷᠴᠦ ᠲᠤᠬᠠᠢ ᠶᠢᠨ ᠭᠠᠵᠠᠷ ᠲᠤᠨᠢ | ᠦᠨᠡᠯᠡᠨ ᠵᠢᠱᠢᠬᠦ ᠵᠢᠴᠢ ᠭᠠᠮᠰᠢᠭ ᠤᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠯᠠᠪᠯᠠᠯᠭ᠎ᠠ ᠶᠢᠨ ᠠᠵᠢᠯ ᠢ | ᠭᠤᠣᠯᠳᠠᠯᠭ᠎ᠠ ᠲᠠᠢ ᠪᠠᠷ ᠥᠷᠨᠢᠭᠦᠯᠦᠨ᠎ᠡ ᠃ | 3. ᠭᠠᠮᠰᠢᠭ ᠤᠨ ᠮᠡᠳᠡᠭᠡ ᠵᠠᠩᠭᠢᠴᠢ ᠶᠢᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠤᠨ ᠳᠦᠷᠢᠮ ᠢ ᠬᠡᠷᠡᠭᠵᠢᠭᠦᠯᠵᠦ᠂ ᠭᠠᠮᠰᠢᠭ ᠤᠨ ᠮᠡᠳᠡᠭᠡ ᠵᠠᠩᠭᠢᠴᠢ ᠶᠢᠨ ᠡᠩᠨᠡᠭᠡ ᠶᠢ ᠪᠠᠶᠢᠭᠤᠯᠤᠨ | ᠪᠦᠷᠢᠨᠰᠢᠭᠦᠯᠦᠨ᠎ᠡ᠃ ᠲᠣᠰᠬᠤᠨ ︵ᠨᠡᠶᠢᠭᠡᠮ ᠲᠣᠭᠤᠷᠢᠭ︶ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ | ᠨᠦᠭᠦᠳ ᠭᠠᠮᠰᠢᠭ ᠤᠨ ᠮᠡᠳᠡᠭᠡ ᠵᠠᠩᠭᠢ ᠶᠢᠨ ᠲᠤᠰᠬᠠᠢ ᠠᠵᠢᠯᠲᠠᠨ ᠪᠤᠶᠤ ᠲᠤᠰᠢᠶᠠᠯ ᠬᠠᠪᠰᠤᠷᠭᠠᠭᠰᠠᠨ ᠠᠵᠢᠯᠲᠠᠨ | ᠭᠠᠷᠭᠠᠨ᠎ᠠ᠃ | ︵ᠵᠢᠷᠭᠤᠭ᠎ᠠ︶ ᠨᠡᠶᠢᠭᠡᠮ ᠤᠨ ᠳᠠᠶᠢᠴᠢᠯᠠᠯᠲᠠ ᠶᠢᠨ ᠪᠠᠲᠤᠯᠠᠭ᠎ᠠ | 1. ᠭᠠᠮᠰᠢᠭ ᠠᠴᠠ ᠠᠪᠤᠷᠠᠬᠤ ᠶᠢᠨ ᠲᠤᠰᠠᠯᠠᠨ ᠬᠦᠷᠭᠡᠬᠦ ᠶᠢᠨ ᠳᠠᠶᠢᠴᠢᠯᠠᠬᠤ ᠂ ᠠᠵᠢᠯᠯᠠᠭᠤᠯᠬᠤ ᠂ ᠬᠢᠨᠠᠯᠲᠠ | ᠲᠠᠯᠪᠢᠵᠤ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠭᠠᠮᠰᠢᠭ ᠠᠴᠠ ᠠᠪᠤᠷᠠᠬᠤ ᠶᠢᠨ ᠲᠤᠰᠠᠯᠠᠨ | ᠬᠦᠷᠭᠡᠬᠦ ᠶᠢ ᠵᠣᠬᠢᠶᠠᠨ ᠪᠠᠶᠢᠭᠤᠯᠤᠨ ᠳᠠᠶᠢᠴᠢᠯᠠᠬᠤ ᠂ ᠵᠣᠭᠤᠰ ᠮᠥᠩᠭᠦ ᠡᠳ᠋ ᠪᠠᠷᠠᠭ᠎ᠠ ᠶᠢ ᠭᠥᠯᠢᠶᠡᠨ ᠠᠪᠬᠤ ᠂ | ᠪᠦᠷᠢᠳᠬᠡᠬᠦ ᠂ ᠬᠤᠪᠢᠶᠠᠷᠢᠯᠠᠬᠤ ᠂ ᠬᠡᠷᠡᠭᠯᠡᠬᠦ ᠂ ᠢᠯᠡ ᠨᠡᠶᠢᠲᠡᠯᠡᠵᠦ ᠬᠠᠷᠢᠭᠤ ᠲᠤᠰᠬᠠᠬᠤ ᠵᠡᠷᠭᠡ ᠡᠯ᠎ᠡ ᠵᠠᠩᠭᠢᠯᠠᠭ᠎ᠠ ᠶᠢᠨ | ᠠᠵᠢᠯ ᠢ ᠵᠢᠷᠤᠮᠵᠢᠭᠤᠯᠤᠨ᠎ᠠ᠃ | 2. ᠭᠠᠮᠰᠢᠭᠳᠠᠭᠰᠠᠨ ᠪᠤᠰᠤ ᠣᠷᠣᠨ ᠠᠴᠠ ᠭᠠᠮᠰᠢᠭᠳᠠᠭᠰᠠᠨ ᠣᠷᠣᠨ ᠢ ᠲᠤᠰᠠᠯᠠᠬᠤ ᠂ ᠬᠥᠩᠭᠡᠨ ᠭᠠᠮᠰᠢᠭᠳᠠᠭᠰᠠᠨ | ᠣᠷᠣᠨ ᠠᠴᠠ ᠬᠦᠨᠳᠦ ᠭᠠᠮᠰᠢᠭᠳᠠᠭᠰᠠᠨ ᠣᠷᠣᠨ ᠢ ᠲᠤᠰᠠᠯᠠᠬᠤ ᠲᠡᠩᠬᠡᠷᠡᠭᠦᠯᠦᠨ ᠲᠤᠰᠠᠯᠠᠵᠤ ᠠᠵᠢᠯ ᠲᠥᠷᠥᠯ ᠤᠨ | ᠰᠢᠰᠲ᠋ᠧᠮ ᠢᠶᠠᠷ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ | ︵ᠲᠤᠯᠤᠭ᠎ᠠ︶ ᠤᠬᠠᠭᠤᠯᠬᠤ ᠂ ᠪᠣᠯᠪᠠᠰᠤᠷᠠᠭᠤᠯᠬᠤ ᠪᠠ ᠰᠣᠷᠢᠯᠲᠠ ᠬᠢᠬᠦ | 1. ᠪᠥᠬᠦ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠵᠦᠢᠯ ᠤᠨ ᠵᠠᠭᠤᠴᠢᠯᠠᠭᠤᠷ ᠢ | ᠠᠰᠢᠭᠯᠠᠨ ᠭᠠᠮᠰᠢᠭ ᠤᠨ ᠮᠡᠳᠡᠯᠭᠡ ᠶᠢ ᠤᠬᠠᠭᠤᠯᠵᠤ᠂ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠬᠠᠤᠯᠢ | ᠴᠠᠭᠠᠵᠠ ᠬᠠᠤᠯᠢ ᠲᠣᠭᠲᠠᠭᠠᠯ ᠪᠠ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠭᠠᠮᠰᠢᠭ ᠠᠴᠠ | ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ᠂ ᠳᠠᠭᠠᠳᠬᠠᠯ ᠤᠨ ᠶᠡᠷᠦ ᠶᠢᠨ ᠮᠡᠳᠡᠯᠭᠡ ᠶᠢ | ᠤᠬᠠᠭᠤᠯᠵᠤ᠂ ︽ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ︽ᠣᠯᠠᠨ ᠤᠯᠤᠰ ᠤᠨ ᠭᠠᠮᠰᠢᠭ | ᠢ ᠪᠠᠭᠠᠰᠬᠠᠬᠤ ᠡᠳᠦᠷ︾ ︽ᠪᠥᠬᠦ ᠤᠯᠤᠰ ᠤᠨ ᠭᠠᠯ ᠤᠨᠲᠠᠷᠠᠭᠠᠬᠤ ᠡᠳᠦᠷ︾ ︽ᠪᠥᠬᠦ ᠤᠯᠤᠰ ᠤᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠡᠳᠦᠷ︾ ᠪᠠ ︽ᠣᠯᠠᠨ ᠤᠯᠤᠰ ᠤᠨ ᠠᠷᠠᠳ ᠤᠨ ᠰᠡᠷᠭᠡᠶᠢᠯᠡᠯᠲᠡ ᠶᠢᠨ ᠡᠳᠦᠷ︾ | ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠣᠯᠠᠨ ᠨᠡᠶᠢᠲᠡ ᠶᠢᠨ ᠭᠠᠮᠰᠢᠭ ᠢ ᠤᠬᠠᠮᠰᠠᠷ ᠢ ᠳᠡᠭᠡᠭᠰᠢᠯᠡᠭᠦᠯᠦᠨ᠎ᠡ᠃ | ᠨᠡᠶᠢᠭᠡᠮ ᠲᠣᠭᠤᠷᠢᠭ ᠤᠨ ᠭᠠᠮᠰᠢᠭ ᠢ ᠪᠠᠭᠠᠰᠬᠠᠬᠤ ᠠᠵᠢᠯᠯᠠᠭ᠎ᠠ ᠶᠢ ᠢᠳᠡᠪᠬᠢᠲᠡᠢ ᠲᠦᠯᠬᠢᠨ ᠠᠬᠢᠭᠤᠯᠵᠤ ᠂ ᠭᠠᠮᠰᠢᠭ ᠢ | ᠪᠠᠭᠠᠰᠬᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | 2. ᠭᠠᠮᠰᠢᠭ ᠤᠨ ᠬᠠᠮᠢᠶᠠᠷᠤᠯᠲᠠ ᠶᠢᠨ ᠠᠵᠢᠯᠲᠠᠨ ᠪᠣᠯᠣᠨ ᠪᠠᠴᠢᠮ ᠠᠪᠤᠷᠠᠨ ᠲᠤᠰᠠᠯᠠᠬᠤ ᠲᠤᠰᠬᠠᠢ ᠡᠩᠨᠡᠭᠡ ᠂ | ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ ᠤᠨ ᠵᠣᠬᠢᠶᠠᠨ | ᠪᠠᠶᠢᠭᠤᠯᠤᠯᠲᠠ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃ | 3. ᠪᠠᠶᠢᠭᠠᠯᠢ ᠶᠢᠨ ᠭᠠᠮᠰᠢᠭ ᠡᠭᠦᠰᠬᠦ ᠣᠨᠴᠠᠯᠢᠭ ᠢ ᠦᠨᠳᠦᠰᠦᠯᠡᠨ᠂ 2 ᠵᠢᠯ ᠪᠦᠷᠢ ᠭᠠᠮᠰᠢᠭ ᠣᠯᠠᠨ ᠡᠭᠦᠰᠳᠡᠭ᠂ | ᠠᠮᠠᠷᠬᠠᠨ ᠡᠭᠦᠰᠳᠡᠭ ᠭᠠᠵᠠᠷ ᠣᠷᠣᠨ ᠳᠤ ᠪᠠᠴᠢᠮ ᠪᠠᠶᠢᠳᠠᠯ ᠢ ᠠᠷᠭᠠᠴᠠᠵᠤ ᠭᠠᠮᠰᠢᠭ ᠠᠴᠠ ᠠᠪᠤᠷᠠᠬᠤ ᠰᠣᠷᠢᠯᠲᠠ ᠶᠢ | ᠠᠳᠠᠭ ᠲᠠᠭᠠᠨ 1 ᠤᠳᠠᠭ᠎ᠠ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠵᠢᠯᠣᠭᠤᠳᠤᠯᠭ᠎ᠠ | ᠪᠠ ᠳᠠᠭᠠᠬᠤ ᠴᠢᠳᠠᠪᠤᠷᠢ ᠶᠢ ᠰᠢᠯᠭᠠᠨ ᠪᠠᠶᠢᠴᠠᠭᠠᠬᠤ ᠶᠢᠨ ᠬᠠᠮᠲᠤ ᠳᠡᠭᠡᠭᠰᠢᠯᠡᠭᠦᠯᠦᠨ᠎ᠡ ᠃ | ᠨᠠᠢᠮᠠ᠂ ᠳᠠᠭᠠᠯᠳᠤᠭᠤᠯᠤᠭᠰᠠᠨ ᠳᠦᠷᠢᠮ | ︵ᠨᠢᠭᠡ︶ ᠨᠡᠷ᠎ᠡ ᠲᠣᠮᠢᠶᠠᠨ ᠤ ᠲᠠᠶᠢᠯᠪᠤᠷᠢᠯᠠᠯᠲᠠ | ᠲᠤᠰ ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ᠪᠠᠶᠢᠭᠠᠯᠢ ᠶᠢᠨ ᠭᠠᠮᠰᠢᠭ ᠲᠤ ᠭᠤᠣᠯᠳᠠᠭᠤ ᠭᠠᠩ ᠬᠠᠭᠰᠠᠷᠭᠠᠨ ᠂ | ᠦᠶᠡᠷ ᠤᠰᠤᠲᠤᠯ ᠤᠨ ᠭᠠᠮᠰᠢᠭ ᠂ ᠳᠠᠯᠠᠢ ᠶᠢᠨ ᠬᠤᠢ ᠰᠠᠯᠬᠢ ᠂ ᠮᠥᠨᠳᠥᠷ ᠂ ᠬᠦᠢᠲᠡᠨ ᠢᠶᠠᠷ ᠬᠥᠯᠳᠡᠬᠦ ᠂ ᠥᠨᠳᠥᠷ | ᠳᠤᠯᠠᠭᠠᠨ ᠂ ᠴᠠᠰᠤ ᠵᠡᠷᠭᠡ ᠴᠠᠭ ᠠᠭᠤᠷ ᠤᠨ ᠭᠠᠮᠰᠢᠭ ᠂ ᠭᠠᠵᠠᠷ ᠬᠥᠳᠡᠯᠦᠯᠲᠡ ᠶᠢᠨ ᠭᠠᠮᠰᠢᠭ ᠂ ᠠᠭᠤᠯᠠ ᠨᠤᠷᠠᠬᠤ ᠂ | ᠶᠡᠭᠦᠷᠡᠬᠦ ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠮᠰᠢᠭ ᠂ ᠤᠢ ᠰᠢᠭᠤᠢ ᠨᠤᠲᠤᠭ ᠪᠡᠯᠴᠢᠭᠡᠷ ᠤᠨ | ᠭᠠᠯ ᠤᠨ ᠭᠠᠮᠰᠢᠭ ᠵᠡᠷᠭᠡ ᠪᠠᠭᠲᠠᠨ᠎ᠠ ᠃ | ᠲᠤᠰ ᠪᠡᠯᠡᠳᠬᠡᠯ ᠲᠥᠰᠥᠯ ᠳᠠᠬᠢ ᠬᠤᠯᠪᠣᠭᠳᠠᠯ ᠪᠦᠬᠦᠢ ᠲᠤᠭ᠎ᠠ ᠬᠡᠮᠵᠢᠶ᠎ᠡ ᠶᠢᠨ ᠲᠣᠭᠠᠴᠢᠯᠲᠠ ᠳᠤ ︽ᠳᠡᠭᠡᠭᠰᠢ︾ | ᠭᠡᠳᠡᠭ ᠲᠤ ᠤᠤᠯ ᠲᠤᠭ᠎ᠠ ᠶᠢ ᠪᠠᠭᠲᠠᠭᠠᠨ᠎ᠠ ᠂ ︽ᠳᠣᠷᠣᠭᠰᠢ︾ ᠭᠡᠳᠡᠭ ᠲᠤ ᠤᠤᠯ ᠲᠤᠭ᠎ᠠ ᠶᠢ ᠪᠠᠭᠲᠠᠭᠠᠬᠤ ᠦᠭᠡᠢ ᠃ | ︵ᠬᠤᠶᠠᠷ︶ ᠪᠡᠯᠡᠳᠬᠡᠯ ᠲᠥᠰᠥᠯ ᠤᠨ ᠬᠠᠮᠢᠶᠠᠷᠤᠯᠲᠠ | ᠲᠤᠰ ᠪᠡᠯᠡᠳᠬᠡᠯ ᠲᠥᠰᠥᠯ ᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ | ᠰᠢᠶᠠᠨ ᠤ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠵᠤ ᠂ ᠰᠢᠶᠠᠨ ᠤ | ᠵᠠᠰᠠᠭ ᠤᠨ ᠣᠷᠳᠣᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠡᠯ᠎ᠡ ᠰᠢᠶᠠᠩ | ᠪᠠᠯᠭᠠᠰᠤ ᠲᠤᠰ ᠪᠡᠯᠡᠳᠬᠡᠯ ᠲᠥᠰᠥᠯ ᠢ ᠦᠨᠳᠦᠰᠦᠯᠡᠨ ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ | ᠤᠶᠠᠯᠳᠤᠭᠤᠯᠤᠨ ᠂ ᠲᠤᠰ ᠭᠠᠵᠠᠷ ᠣᠷᠣᠨ ᠤ ᠪᠠᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠶᠢᠨ ᠬᠠᠮᠲᠤ ᠵᠠᠰᠠᠪᠤᠷᠢ ᠣᠷᠣᠭᠤᠯᠵᠤ | ᠳᠠᠭᠤᠰᠤᠭᠰᠠᠨ ᠤ ᠳᠠᠷᠠᠭᠠᠬᠢ 20 ᠠᠵᠢᠯᠯᠠᠬᠤ ᠡᠳᠦᠷ ᠤᠨ ᠳᠣᠲᠣᠷ᠎ᠠ ᠰᠢᠶᠠᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃ | ︵ᠭᠤᠷᠪᠠ︶ ᠪᠡᠯᠡᠳᠬᠡᠯ ᠲᠥᠰᠥᠯ ᠤᠨ ᠲᠠᠶᠢᠯᠪᠤᠷᠢᠯᠠᠯᠲᠠ | ᠲᠤᠰ ᠪᠡᠯᠡᠳᠬᠡᠯ ᠲᠥᠰᠥᠯ ᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ ᠃ | ︵ᠳᠥᠷᠪᠡ︶ ᠪᠡᠯᠡᠳᠬᠡᠯ ᠲᠥᠰᠥᠯ ᠢ ᠬᠡᠷᠡᠭᠵᠢᠭᠦᠯᠬᠦ ᠴᠠᠭ | ᠲᠤᠰ ᠪᠡᠯᠡᠳᠬᠡᠯ ᠲᠥᠰᠥᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |