︽ᠬᠤᠸᠠᠳᠧ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/8/17
   2022 ᠣᠨ ᠤ 8 ᠰᠠᠷ᠎ᠠ ᠶᠢᠨ 15 ᠤ ᠡᠳᠦᠷ᠂ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠬᠤᠸᠠᠳᠧ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ︵ᠬᠤᠸᠠᠳᠧ ᠵᠠᠰᠠᠭ ᠠᠯᠪᠠᠨ ᠲᠠᠷᠬᠠᠭᠠᠭᠰᠠᠨ ﹇2022﹈ 28 ᠳ᠋ᠤᠭᠠᠷ ᠲᠣᠭᠠᠲᠤ᠂ ᠳᠣᠷᠣᠭᠰᠢ ︽ᠪᠡᠯᠡᠳᠬᠡᠯ ᠲᠥᠰᠥᠯ︾ ᠭᠡᠵᠦ ᠲᠣᠪᠴᠢᠯᠠᠨ᠎ᠠ︶ ᠢ ᠠᠯᠪᠠᠨ ᠶᠣᠰᠣᠭᠠᠷ ᠨᠡᠶᠢᠲᠡᠯᠡᠪᠡ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠶ᠎ᠠ᠄   ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ ᠪᠠ ᠦᠨᠳᠦᠰᠦᠯᠡᠯ   ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠠᠯᠢ ᠣᠯᠠᠨ ᠴᠢᠬᠤᠯᠠ ᠶᠠᠷᠢᠶ᠎ᠠ ᠪᠣᠯᠣᠨ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ︽ᠠᠷᠠᠳ ᠲᠦᠮᠡᠨ ᠢ ᠳᠡᠭᠡᠳᠦᠯᠡᠵᠦ᠂ ᠠᠮᠢ ᠨᠠᠰᠤ ᠶᠢ ᠳᠡᠭᠡᠳᠦᠯᠡᠬᠦ︾ ᠠᠵᠢᠯ ᠤᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠬᠤᠸᠠᠳᠧ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠠᠴᠠ 2022 ᠣᠨ ᠤ 3 ᠰᠠᠷ᠎ᠠ ᠶᠢᠨ 3 ᠤ ᠡᠳᠦᠷ ᠤᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠵᠢᠩᠬᠢᠨᠢ ᠪᠠᠷ ᠳᠠᠷᠤᠮᠠᠯᠯᠠᠨ ᠲᠠᠷᠬᠠᠭᠠᠭᠰᠠᠨ ︽ᠤᠯᠠᠭᠠᠨᠴᠠᠪ ᠬᠤᠲᠠ ᠶᠢᠨ ᠪᠠᠶᠢᠭᠠᠯᠢ ᠶᠢᠨ ᠭᠠᠮᠰᠢᠭ  ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠦᠨᠳᠦᠰᠦᠯᠡᠨ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠬᠤᠸᠠᠳᠧ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠪᠥᠭᠡᠳ 2022 ᠣᠨ ᠤ 8 ᠰᠠᠷ᠎ᠠ ᠶᠢᠨ 15 ᠤ ᠡᠳᠦᠷ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠳᠠᠷᠤᠮᠠᠯᠯᠠᠨ ᠲᠠᠷᠬᠠᠭᠠᠪᠠ᠃   ᠬᠤᠶᠠᠷ ᠂ ᠪᠡᠯᠡᠳᠬᠡᠯ ᠲᠥᠰᠥᠯ  ᠢ ᠨᠠᠶᠢᠷᠠᠭᠤᠯᠤᠨ ᠵᠣᠬᠢᠶᠠᠬᠤ  ᠶᠢᠨ ᠵᠣᠷᠢᠯᠭ᠎ᠠ ᠠᠴᠢ ᠬᠤᠯᠪᠣᠭᠳᠠᠯ   ᠪᠠᠶᠢᠭᠠᠯᠢ ᠶᠢᠨ ᠭᠠᠮᠰᠢᠭ ᠢ ᠠᠷᠭᠠᠴᠠᠬᠤ ᠠᠪᠤᠷᠠᠨ ᠲᠤᠰᠠᠯᠠᠬᠤ ᠰᠢᠰᠲ᠋ᠧᠮ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠠᠵᠢᠯᠯᠠᠭ᠎ᠠ ᠶᠢ ᠵᠢᠷᠤᠮᠵᠢᠭᠤᠯᠤᠨ ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠪᠠᠴᠢᠮ ᠠᠪᠤᠷᠠᠨ ᠲᠤᠰᠠᠯᠠᠯᠲᠠ ᠶᠢ ᠦᠳᠲᠡᠷ ᠲᠦᠷᠭᠡᠨ ᠂ ᠡᠮᠬᠢ ᠵᠢᠷᠤᠮ ᠲᠠᠢ ᠂ ᠥᠨᠳᠥᠷ ᠪᠦᠲᠦᠮᠵᠢᠲᠡᠶ ᠪᠠᠷ ᠬᠡᠷᠡᠭᠵᠢᠭᠦᠯᠵᠦ ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ ᠂ ᠭᠠᠮᠰᠢᠭᠳᠠᠭᠰᠠᠨ ᠬᠥᠮᠥᠰ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ ᠂ ᠭᠠᠮᠰᠢᠭᠳᠠᠭᠰᠠᠨ ᠣᠷᠣᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ ᠃ ᠮᠠᠨ ᠤ ᠰᠢᠶᠠᠨ ᠤ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠺᠣᠮᠢᠰ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠤᠯᠠᠮ ᠨᠢᠭᠡ ᠠᠯᠬᠤᠮ ᠴᠢᠬᠤᠯᠠᠴᠢᠯᠠᠵᠤ ᠂ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ ᠂ ᠮᠠᠨ ᠤ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠦᠨ᠎ᠡ᠃   ᠭᠤᠷᠪᠠ᠂ ᠰᠤᠳᠤᠯᠤᠨ ᠮᠠᠭᠠᠳᠯᠠᠭᠰᠠᠨ ᠪᠠ ᠲᠤᠭᠤᠷᠪᠢᠭᠰᠠᠨ ᠶᠠᠪᠤᠴᠠ   ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ ᠃ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠠᠭᠤᠯᠭ᠎ᠠ ᠶᠢᠨ ᠲᠤᠬᠠᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠯᠠᠨᠲᠠ ᠭᠦᠨᠵᠡᠭᠡᠶᠢᠷᠡᠨ ᠰᠠᠨᠠᠯ ᠬᠤᠷᠢᠶᠠᠪᠠ ᠃   2022 ᠣᠨ ᠤ 6 ᠰᠠᠷ᠎ᠠ ᠶᠢᠨ 15 ᠤ ᠡᠳᠦᠷ᠂ ︽ᠬᠤᠸᠠᠳᠧ ᠰᠢᠶᠠᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ ︵ᠰᠠᠨᠠᠯ ᠬᠤᠷᠢᠶᠠᠬᠤ ᠨᠣᠣᠷᠠᠭ︶︾ ︵ᠳᠣᠷᠣᠭᠰᠢ ︽ᠰᠠᠨᠠᠯ ᠬᠤᠷᠢᠶᠠᠬᠤ ᠨᠣᠣᠷᠠᠭ︾ ᠭᠡᠵᠦ ᠲᠣᠪᠴᠢᠯᠠᠨ᠎ᠠ︶ ᠢ ᠪᠣᠶ ᠪᠣᠯᠭᠠᠪᠠ᠃   2022 ᠣᠨ ᠤ 6 ᠰᠠᠷ᠎ᠠ ᠶᠢᠨ 20 ᠤ ᠡᠳᠦᠷ᠂ ᠰᠢᠶᠠᠨ ᠤ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠠᠴᠠ ᠰᠠᠨᠠᠯ ᠬᠤᠷᠢᠶᠠᠭᠰᠠᠨ ᠪᠥᠭᠡᠳ ᠭᠤᠣᠯᠳᠠᠯᠭ᠎ᠠ ᠲᠠᠢ ᠠᠵᠢᠯ ᠲᠥᠷᠥᠯ ᠤᠨ ᠰᠠᠯᠠᠭ᠎ᠠ ᠮᠥᠴᠢᠷ ᠢ ᠤᠷᠢᠵᠤ ︽ᠰᠠᠨᠠᠯ ᠬᠤᠷᠢᠶᠠᠬᠤ ᠨᠣᠣᠷᠠᠭ︾ ᠲᠤ ᠵᠠᠰᠠᠪᠤᠷᠢ ᠣᠷᠣᠭᠤᠯᠬᠤ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠤᠯᠵᠤ᠂ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠪᠠ᠃   2022 ᠣᠨ ᠤ 7 ᠰᠠᠷ᠎ᠠ ᠶᠢᠨ 20 ᠤ ᠡᠳᠦᠷ᠂ ᠵᠠᠰᠠᠪᠤᠷᠢ ᠣᠷᠣᠭᠤᠯᠤᠭᠰᠠᠨ ᠠᠭᠤᠯᠭ᠎ᠠ ᠶᠢᠨ ᠲᠤᠬᠠᠢ ᠬᠤᠯᠪᠣᠭᠳᠠᠯ ᠪᠦᠬᠦᠢ ᠨᠢᠭᠡᠴᠡ ᠲᠠᠢ ᠰᠠᠨᠠᠯ ᠨᠢᠭᠡᠳᠦᠭᠰᠡᠨ ᠤ ᠳᠠᠷᠠᠭ᠎ᠠ ᠰᠢᠶᠠᠨ ᠤ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠬᠠᠷᠭᠤᠭᠤᠯᠪᠠ᠃2022 ᠣᠨ ᠤ 7 ᠰᠠᠷ᠎ᠠ ᠶᠢᠨ 27 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ︵ ᠬᠤᠸᠠᠳᠧ ᠵᠠᠰᠠᠭ ᠠᠯᠪᠠᠨ ᠲᠠᠷᠬᠠᠭᠠᠭᠰᠠᠨ ﹇2022﹈ 28 ᠳ᠋ᠤᠭᠠᠷ ᠲᠣᠭᠠᠲᠤ︶ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃   ᠳᠥᠷᠪᠡ᠂ ᠭᠤᠣᠯ ᠠᠭᠤᠯᠭ᠎ᠠ   ︽ᠪᠡᠯᠡᠳᠬᠡᠯ ᠲᠥᠰᠥᠯ︾ ᠨᠢ ᠨᠡᠶᠢᠲᠡ 8 ᠪᠦᠯᠦᠭ ᠲᠠᠢ᠂ ᠭᠤᠣᠯᠳᠠᠭᠤ ᠳᠣᠣᠷᠠᠬᠢ ᠭᠤᠷᠪᠠᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄   ︵ᠨᠢᠭᠡ︶ ᠭᠠᠮᠰᠢᠭ ᠠᠴᠠ ᠡᠮᠦᠨᠡᠬᠢ ᠪᠡᠯᠡᠳᠬᠡᠯ ᠃ ᠵᠣᠬᠢᠶᠠᠨ ᠪᠠᠶᠢᠭᠤᠯᠵᠤ ᠵᠢᠯᠤᠭᠤᠳᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠰᠢᠶᠠᠨ ᠤ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠥᠪᠯᠡᠯ ᠠᠴᠠ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠲᠡᠭᠦᠨ ᠤ ᠠᠯᠪᠠᠨ ᠭᠡᠷ ᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠭᠠᠷᠭᠠᠵᠤ ᠂ ᠰᠢᠶᠠᠨ ᠤ 26 ᠬᠤᠯᠪᠣᠭᠳᠠᠯ ᠪᠦᠬᠦᠢ ᠨᠢᠭᠡᠴᠡ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠪᠤᠷᠠᠨ ᠲᠤᠰᠠᠯᠠᠬᠤ ᠠᠵᠢᠯ ᠢ ᠦᠷᠨᠢᠭᠦᠯᠦᠨ᠎ᠡ᠃ ᠨᠡᠯᠢᠶᠡᠳ ᠶᠡᠭᠡ ᠠᠴᠠ ᠳᠡᠭᠡᠭᠰᠢᠬᠢ ᠪᠠᠶᠢᠭᠠᠯᠢ ᠶᠢᠨ ᠭᠠᠮᠰᠢᠭ ᠢ ᠠᠷᠭᠠᠴᠠᠬᠤ ᠦᠶ᠎ᠡ ᠳᠤ ᠂ ᠠᠮᠢᠳᠤᠷᠠᠯ ᠤᠨ ᠠᠪᠤᠷᠠᠨ ᠲᠤᠰᠠᠯᠠᠬᠤ ᠂ ᠭᠠᠮᠰᠢᠭ ᠢ ᠪᠠᠶᠢᠴᠠᠭᠠᠨ ᠭᠠᠮᠰᠢᠭ ᠢ ᠬᠢᠨᠠᠬᠤ᠂ ᠠᠪᠤᠷᠠᠨ ᠵᠠᠰᠠᠵᠤ ᠬᠢᠵᠢᠭ ᠢ ᠰᠡᠷᠭᠡᠶᠢᠯᠡᠬᠦ ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠂ ᠪᠡᠯᠡᠭᠯᠡᠨ ᠬᠦᠷᠭᠡᠬᠦ ᠶᠢ ᠬᠠᠮᠢᠶᠠᠷᠬᠤ ᠂ ᠰᠡᠷᠭᠦᠭᠡᠨ ᠲᠠᠬᠢᠨ ᠪᠠᠶᠢᠭᠤᠯᠬᠤ ᠂ ᠬᠢᠨᠠᠯᠲᠠ ᠲᠠᠯᠪᠢᠵᠤ ᠪᠠᠶᠢᠴᠠᠭᠠᠬᠤ ᠂ ᠤᠬᠠᠭᠤᠯᠤᠨ ᠮᠡᠳᠡᠭᠡᠯᠡᠬᠦ ᠵᠡᠷᠭᠡ 8 ᠠᠵᠢᠯᠯᠠᠬᠤ ᠳᠤᠭᠤᠶᠢᠯᠠᠩ ᠢ ᠪᠠᠶᠢᠭᠤᠯᠵᠤ ᠪᠣᠯᠣᠨ᠎ᠠ ᠃ ᠭᠠᠮᠰᠢᠭ ᠠᠴᠠ ᠠᠪᠤᠷᠠᠨ ᠲᠤᠰᠠᠯᠠᠬᠤ ᠪᠡᠯᠡᠳᠬᠡᠯ ᠢ ᠤᠯᠠᠮ ᠨᠢᠭᠡ ᠠᠯᠬᠤᠮ ᠴᠢᠬᠤᠯᠠᠴᠢᠯᠠᠵᠤ᠂ ᠪᠠᠶᠢᠳᠠᠯ ᠢ ᠵᠠᠳᠠᠯᠵᠤ ᠰᠤᠳᠤᠯᠤᠨ ᠮᠠᠭᠠᠳᠯᠠᠭᠰᠠᠨ ᠤ ᠳᠠᠷᠠᠭ᠎ᠠ ᠭᠠᠮᠰᠢᠭ   ᠠᠴᠠ ᠠᠪᠤᠷᠠᠨ ᠲᠤᠰᠠᠯᠠᠬᠤ ᠪᠡᠯᠡᠳᠬᠡᠯ ᠤᠨ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃   ︵ᠬᠤᠶᠠᠷ︶ ᠭᠠᠮᠰᠢᠭᠳᠠᠭᠰᠠᠨ ᠦᠶ᠎ᠡ ᠳᠤ ᠰᠢᠢᠳᠪᠦᠷᠢᠯᠡᠬᠦ᠃ ᠨᠢᠭᠡ ᠳᠤ ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠨᠠᠷᠢᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠡᠯᠡᠳᠬᠡᠯ ᠲᠥᠰᠥᠯ ᠤᠨ ᠦᠵᠡᠯ ᠰᠠᠨᠠᠭ᠎ᠠ ᠪᠠᠷ ᠯᠠᠪᠯᠠᠯᠲᠠ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠨᠥᠬᠦᠴᠡᠯ ᠢ ᠪᠦᠲᠦᠮᠵᠢᠲᠡᠶ ᠵᠣᠯᠭᠠᠭᠤᠯᠵᠤ᠂ ᠳᠠᠭᠠᠵᠤ ᠬᠢᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃ ᠰᠢᠶᠠᠨ ᠤ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠵᠢᠴᠢ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠠᠮᠰᠢᠭ ᠠᠴᠠ ᠠᠪᠤᠷᠠᠵᠤ ᠠᠪᠤᠷᠠᠨ ᠲᠤᠰᠠᠯᠠᠬᠤ ᠡᠭᠦᠷᠭᠡ ᠬᠠᠷᠢᠭᠤᠴᠠᠯᠭ᠎ᠠ ᠪᠠᠨ ᠨᠠᠷᠢᠯᠢᠭᠵᠢᠭᠤᠯᠵᠤ᠂ ᠢᠯᠠᠩᠭᠤᠶ᠎ᠠ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠃ ᠬᠤᠶᠠᠷ ᠲᠤ ᠂ ᠮᠡᠳᠡᠭᠡ ᠵᠠᠩᠭᠢ ᠶᠢᠨ ᠬᠠᠮᠢᠶᠠᠷᠤᠯᠲᠠ ᠶᠢ ᠲᠤᠪᠤᠶᠢᠯᠭᠠᠵᠦ ᠂ ᠪᠠᠶᠢᠭᠠᠯᠢ ᠶᠢᠨ ᠭᠠᠮᠰᠢᠭ ᠡᠭᠦᠰᠦᠭᠰᠡᠨ ᠤ ᠳᠠᠷᠠᠭᠠᠬᠢ ᠭᠠᠮᠰᠢᠭ ᠤᠨ ᠪᠠᠶᠢᠳᠠᠯ ᠢ ᠮᠡᠳᠡᠭᠦᠯᠬᠦ ᠶᠠᠪᠤᠴᠠ ᠶᠢ ᠰᠢᠯᠢᠳᠡᠭᠵᠢᠭᠦᠯᠵᠦ ᠂ ᠮᠡᠳᠡᠭᠦᠯᠦᠯᠲᠡ ᠶᠢᠨ ᠬᠠᠷᠢᠭᠤᠴᠠᠯᠭᠠᠲᠤ ᠨᠢᠭᠡᠴᠡ᠂ ᠴᠠᠭ ᠤᠨ ᠱᠠᠭᠠᠷᠳᠠᠯᠭ᠎ᠠ ᠂ ᠭᠠᠮᠰᠢᠭ ᠤᠨ ᠪᠠᠶᠢᠳᠠᠯ ᠤᠨ ᠭᠦᠢᠴᠡᠳᠬᠡᠬᠦ ᠲᠤᠭ᠎ᠠ ᠶᠢ ᠲᠣᠲᠤᠷᠬᠠᠶᠢᠯᠠᠨ᠎ᠠ᠃ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠬᠡᠯᠪᠡᠷᠢ ᠶᠢ ᠨᠡᠮᠡᠵᠦ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ᠂ ᠭᠤᠣᠯᠳᠠᠯᠭ᠎ᠠ ᠲᠠᠢ ᠰᠣᠨᠢᠨ ᠮᠡᠳᠡᠭᠡᠨ ᠤ ᠰᠦᠯᠵᠢᠶ᠎ᠡ ᠪᠤᠶᠤ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠪᠢᠴᠢᠯ ᠪᠦᠷᠭᠡ᠂ ᠵᠠᠰᠠᠭ ᠤᠨ ᠶᠠᠪᠤᠳᠠᠯ ᠤᠨ ᠸᠢᠴᠠᠲ᠂ ᠵᠠᠰᠠᠭ ᠤᠨ ᠶᠠᠪᠤᠳᠠᠯ ᠤᠨ ᠬᠡᠷᠡᠭᠯᠡᠭᠴᠢ ᠶᠢᠨ ᠬᠤᠯᠪᠣᠭᠠᠰᠤ ᠵᠡᠷᠭᠡ ᠪᠠᠷ ᠮᠡᠳᠡᠭᠡ ᠵᠠᠩᠭᠢ ᠶᠢ ᠰᠠᠨᠠᠭᠠᠴᠢᠯᠠᠭ᠎ᠠ   ᠠᠴᠠ ᠪᠠᠨ ᠨᠡᠶᠢᠲᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃   ︵ᠭᠤᠷᠪᠠ︶ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠃ ᠡᠭᠦᠨ ᠳᠤ ᠭᠤᠣᠯᠳᠠᠭᠤ ᠭᠠᠮᠰᠢᠭ ᠠᠴᠠ ᠪᠣᠯᠵᠤ ᠭᠡᠷ ᠪᠠᠶᠢᠰᠢᠩ ᠨᠤᠷᠠᠬᠤ ᠪᠠ ᠬᠦᠨᠳᠦ ᠨᠣᠴᠢᠲᠠᠢ ᠡᠪᠳᠡᠷᠡᠵᠦ ᠬᠤᠬᠢᠷᠠᠭᠰᠠᠨ ᠭᠡᠷ ᠪᠠᠶᠢᠰᠢᠩ ᠢ ᠳᠠᠬᠢᠨ ᠪᠠᠶᠢᠭᠤᠯᠬᠤ ᠠᠵᠢᠯ ᠢ ᠨᠠᠷᠢᠯᠢᠭᠵᠢᠭᠤᠯᠪᠠ᠃ ᠭᠡᠷ ᠪᠠᠶᠢᠰᠢᠩ ᠪᠠᠷᠢᠬᠤ ᠪᠡᠯᠡ ᠮᠥᠩᠭᠦ ᠵᠡᠷᠭᠡ ᠶᠢ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ ᠂ ᠨᠡᠶᠢᠭᠡᠮ ᠠᠴᠠ ᠬᠠᠪᠰᠤᠷᠤᠯᠴᠠᠬᠤ ᠂ ᠬᠥᠷᠰᠢ ᠵᠡᠷᠭᠡᠯᠡᠳᠡᠭᠡ ᠪᠠᠷ ᠢᠶᠠᠨ ᠬᠠᠪᠰᠤᠷᠤᠨ ᠠᠵᠢᠯ ᠬᠢᠵᠦ ᠮᠠᠲ᠋ᠧᠷᠢᠶᠠᠯ ᠬᠠᠪᠰᠤᠷᠬᠤ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠂ ᠥᠪᠡᠰᠦᠪᠡᠨ ᠴᠤᠭᠯᠠᠭᠤᠯᠬᠤ ᠂ ᠲᠦᠷᠦ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠵᠦ ᠂ ᠨᠤᠷᠠᠵᠤ ᠬᠤᠬᠢᠷᠠᠭᠰᠠᠨ ᠣᠷᠣᠨ ᠰᠠᠭᠤᠴᠠ ᠶᠢ ᠰᠡᠷᠭᠦᠭᠡᠨ ᠲᠠᠬᠢᠨ ᠪᠠᠶᠢᠭᠤᠯᠬᠤ ᠪᠡᠯᠡ ᠮᠥᠩᠭᠦ ᠶᠢᠨ ᠨᠥᠬᠦᠪᠦᠷᠢ ᠶᠢᠨ ᠪᠠᠷᠢᠮᠵᠢᠶ᠎ᠠ ᠶᠣᠰᠣᠭᠠᠷ ᠪᠡᠯᠡ ᠮᠥᠩᠭᠦ ᠶᠢᠨ ᠨᠥᠬᠦᠪᠦᠷᠢ ᠶᠢᠨ ᠰᠠᠨᠠᠭᠤᠯᠭ᠎ᠠ ᠶᠢ ᠳᠤᠷᠠᠳᠤᠨ ᠭᠠᠷᠭᠠᠬᠤ ᠶᠢ ᠴᠢᠬᠤᠯᠠᠴᠢᠯᠠᠪᠠ ᠃   ᠲᠠᠪᠤ ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ   ᠨᠢᠭᠡ ᠳᠤ ᠂ ᠴᠤᠤᠷᠢᠶᠠᠲᠤᠨ ᠳᠠᠭᠠᠬᠤ ᠨᠥᠬᠦᠴᠡᠯ ᠢ ᠠᠭᠤᠵᠢᠭᠤ ᠲᠠᠯᠪᠢᠪᠠ ᠃ ᠬᠥᠮᠥᠰ ᠢ ᠦᠬᠦᠭᠦᠯᠵᠦ ᠮᠡᠳᠡᠬᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠵᠤ ᠮᠡᠳᠡᠬᠦ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠶᠢᠨ ᠥᠨᠳᠥᠷ ᠵᠡᠷᠭᠡ ᠶᠢ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠶᠢ ᠡᠬᠢᠯᠡᠭᠦᠯᠬᠦ ᠨᠥᠬᠦᠴᠡᠯ ᠳᠤ ᠣᠷᠣᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠴᠦᠲᠡᠢ ᠪᠠᠲᠤᠯᠠᠬᠤ ᠶᠢᠨ ᠬᠠᠮᠲᠤ ᠨᠡᠶᠢᠭᠡᠮ ᠤᠨ ᠠᠩᠬᠠᠷᠤᠯ ᠳᠤ ᠬᠠᠷᠢᠭᠤ ᠥᠭᠭᠦᠨ᠎ᠡ᠃   ᠬᠤᠶᠠᠷ ᠲᠤ ᠂ ᠴᠤᠤᠷᠢᠶᠠᠲᠤᠨ ᠳᠠᠭᠠᠬᠤ ᠪᠠᠶᠢᠭᠤᠯᠤᠮᠵᠢ ᠶᠢ ᠲᠡᠭᠦᠯᠳᠡᠷᠵᠢᠭᠦᠯᠪᠡ ᠃ ᠮᠠᠨ ᠤ ᠰᠢᠶᠠᠨ ᠤ ᠣᠳᠣᠬᠠᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠡᠯ᠎ᠡ ᠨᠢᠭᠡᠴᠡ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠨᠠᠷᠢᠯᠢᠭᠵᠢᠭᠤᠯᠪᠠ ᠃   ᠭᠤᠷᠪᠠ ᠳᠤ ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠢᠩᠭᠠᠳᠬᠠᠪᠠ ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠥᠯᠥᠭᠡᠯᠡᠭᠳᠡᠵᠦ ᠮᠡᠳᠡᠬᠦ ᠭᠠᠵᠠᠷ ᠣᠷᠣᠨ ᠤ ᠪᠠᠶᠢᠭᠠᠯᠢ ᠶᠢᠨ ᠨᠥᠬᠦᠴᠡᠯ ᠂ ᠬᠥᠮᠥᠨ ᠠᠮᠠ ᠪᠠ ᠨᠡᠶᠢᠭᠡᠮ ᠤᠨ ᠠᠵᠤ ᠠᠬᠤᠢ ᠶᠢᠨ ᠪᠠᠶᠢᠳᠠᠯ ᠲᠠᠢ ᠤᠶᠠᠯᠳᠤᠭᠤᠯᠤᠨ ᠂ ᠭᠠᠷᠴᠤ ᠮᠡᠳᠡᠬᠦ ᠭᠠᠮᠰᠢᠭ ᠤᠨ ᠪᠠᠶᠢᠳᠠᠯ ᠢ ᠤᠷᠢᠳᠴᠢᠯᠠᠨ ᠦᠨᠡᠯᠡᠨ ᠵᠢᠱᠢᠵᠦ ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠦᠷᠳᠡᠭᠦᠯᠵᠦ ᠂ ᠦᠨᠳᠦᠰᠦᠨ ᠠᠮᠢᠳᠤᠷᠠᠯ ᠢ ᠨᠥᠯᠥᠭᠡᠯᠡᠵᠦ ᠮᠡᠳᠡᠬᠦ ᠦᠶ᠎ᠡ ᠳᠤ ᠂ ᠭᠠᠮᠰᠢᠭ ᠠᠴᠠ ᠠᠪᠤᠷᠠᠨ ᠲᠤᠰᠠᠯᠠᠬᠤ ᠪᠡᠯᠡᠳᠬᠡᠯ ᠠᠷᠭ᠎ᠠ ᠬᠡᠮᠵᠢᠶ᠎ᠡ ᠶᠢ ᠲᠡᠷᠡ ᠳᠠᠷᠤᠢ ᠳᠤᠨᠢ  ᠠᠪᠤᠨ᠎ᠠ᠃   ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ   ᠪᠠᠶᠢᠭᠠᠯᠢ ᠶᠢᠨ ᠭᠠᠢ ᠭᠠᠮᠰᠢᠭ ᠤᠨ ᠠᠮᠢᠳᠤᠷᠠᠯ ᠤᠨ ᠠᠪᠤᠷᠠᠨ ᠲᠤᠰᠠᠯᠠᠯᠲᠠ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠪᠠᠲᠤᠯᠠᠭ᠎ᠠ ᠶᠢᠨ ᠴᠢᠳᠠᠪᠤᠷᠢ ᠂ ᠭᠠᠮᠰᠢᠭᠳᠠᠭᠰᠠᠨ ᠤᠯᠠᠨ ᠲᠦᠮᠡᠨ ᠢ ᠲᠥᠪᠬᠢᠨᠡᠭᠦᠯᠬᠦ ᠴᠡᠭ ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠂ ᠭᠠᠢ ᠭᠠᠮᠰᠢᠭ ᠤᠨ ᠠᠶᠤᠯ ᠲᠦᠭᠰᠢᠭᠦᠷᠢ ᠶᠢᠨ ᠪᠠᠶᠢᠴᠠᠭᠠᠯᠲᠠ ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠭᠤᠯᠭ᠎ᠠ ᠶᠢ ᠣᠨᠴᠠᠯᠠᠨ ᠴᠢᠬᠤᠯᠠᠴᠢᠯᠠᠵᠠᠢ ᠂ ᠪᠣᠳᠠᠲᠠᠢ ᠪᠠᠷ ᠬᠡᠯᠡᠪᠡᠯ ᠄   ᠨᠢᠭᠡ ᠳᠤ ᠂ ᠪᠠᠶᠢᠭᠠᠯᠢ ᠶᠢᠨ ᠭᠠᠢ ᠭᠠᠮᠰᠢᠭ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ ᠶᠢᠨ ᠲᠥᠰᠥᠪ ᠬᠦᠷᠦᠯᠴᠡᠬᠦ ᠦᠭᠡᠢ ᠦᠶ᠎ᠡ ᠳᠤ᠂ ᠡᠯ᠎ᠡ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠪᠦᠲᠦᠴᠡ ᠪᠠᠨ ᠢᠳᠡᠪᠬᠢᠲᠡᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ︔ ᠬᠤᠶᠠᠷ ᠲᠤ ᠂ ᠪᠠᠶᠢᠭᠠᠯᠢ ᠶᠢᠨ ᠭᠠᠢ ᠭᠠᠮᠰᠢᠭ ᠤᠨ ᠣᠨᠴᠠᠯᠢᠭ ᠂ ᠰᠠᠭᠤᠭᠠᠯᠢ ᠠᠷᠠᠳ ᠤᠨ ᠬᠥᠮᠥᠨ ᠠᠮᠠ ᠶᠢᠨ ᠲᠤᠭ᠎ᠠ ᠪᠠ ᠲᠠᠷᠬᠠᠯᠲᠠ ᠵᠡᠷᠭᠡ ᠪᠠᠶᠢᠳᠠᠯ ᠢ ᠦᠨᠳᠦᠰᠦᠯᠡᠨ ᠂ ᠪᠠᠶᠢᠷᠢᠰᠢᠯ ᠨᠢ ᠵᠦᠢ ᠵᠣᠬᠢᠰᠲᠠᠢ ᠂ ᠬᠡᠪᠴᠢᠶ᠎ᠡ ᠨᠢ ᠲᠣᠬᠢᠷᠠᠮᠵᠢᠲᠠᠢ ᠪᠠᠶᠢᠬᠤ ᠵᠠᠷᠴᠢᠮ ᠶᠣᠰᠣᠭᠠᠷ ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠬᠥᠮᠥᠷᠭᠡ ︵ᠴᠡᠭ︶ ᠪᠠᠶᠢᠭᠤᠯᠵᠤ ᠂ ᠵᠢᠯ ᠪᠦᠷᠢ ᠨᠡᠯᠢᠶᠡᠳ ᠶᠡᠭᠡ ᠂ ᠬᠦᠨᠳᠦ ᠶᠡᠭᠡ ᠵᠡᠷᠭᠡ ᠪᠠᠶᠢᠭᠠᠯᠢ ᠶᠢᠨ ᠭᠠᠢ ᠭᠠᠮᠰᠢᠭ ᠢ ᠠᠷᠭᠠᠴᠠᠬᠤ ᠱᠠᠭᠠᠷᠳᠠᠯᠭ᠎ᠠ ᠶᠢ ᠦᠨᠳᠦᠰᠦᠯᠡᠨ ᠴᠢᠬᠤᠯᠠ ᠪᠦᠬᠦᠢ ᠡᠳ᠋ ᠪᠣᠳᠠᠰ ᠢ ᠨᠥᠭᠡᠴᠡᠯᠡᠨ᠎ᠡ ︔ ᠭᠤᠷᠪᠠ ᠳᠤ ᠂ ᠭᠠᠮᠰᠢᠭ ᠡᠭᠦᠰᠦᠭᠰᠡᠨ ᠤ ᠳᠠᠷᠠᠭ᠎ᠠ᠂ ᠡᠯ᠎ᠡ ᠲᠦᠷᠦᠯ ᠤᠨ ᠠᠶᠤᠯ ᠠᠴᠠ ᠵᠠᠶᠢᠯᠠᠬᠤ ᠭᠠᠵᠠᠷ ᠢ ᠴᠠᠭ ᠲᠤᠬᠠᠢ ᠳᠤᠨᠢ ᠡᠬᠢᠯᠡᠨ ᠬᠡᠷᠡᠭᠯᠡᠵᠦ ᠂ ᠭᠠᠮᠰᠢᠭᠳᠠᠭᠰᠠᠨ ᠤᠯᠠᠨ ᠲᠦᠮᠡᠨ ᠢ ᠲᠥᠪᠬᠢᠨᠡᠭᠦᠯᠬᠦ ᠴᠡᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ ︔ ᠳᠥᠷᠪᠡ ᠳᠤ ᠂ ᠡᠯ᠎ᠡ ᠵᠦᠢᠯ ᠤᠨ ᠭᠠᠮᠰᠢᠭ ᠢ ᠭᠠᠵᠠᠷ ᠳᠡᠭᠡᠷᠡᠬᠢ ᠬᠢᠨᠠᠨ ᠬᠡᠮᠵᠢᠬᠦ ᠦᠷᠳᠡᠭᠡ ᠲᠣᠣᠷ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠠᠷᠠᠳ ᠤᠨ ᠬᠡᠷᠡᠭᠯᠡᠭᠡᠨ ᠤ ᠣᠷᠣᠨ ᠵᠠᠢ ᠶᠢᠨ ᠰᠠᠭᠤᠷᠢ ᠲᠥᠬᠦᠭᠡᠷᠦᠮᠵᠢ ᠶᠢ ᠠᠰᠢᠭᠯᠠᠬᠤ ᠶᠢ ᠰᠦᠪᠡᠭᠴᠢᠯᠡᠵᠦ ᠂ ᠠᠵᠢᠯ ᠤᠨ ᠬᠤᠪᠢᠶᠠᠷᠢᠯᠠᠯ ᠨᠢ ᠵᠦᠢ ᠵᠣᠬᠢᠰᠲᠠᠢ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠢ ᠪᠠᠶᠢᠭᠠᠯᠢ ᠶᠢᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠲᠡᠭᠦᠯᠳᠡᠷᠵᠢᠭᠦᠯᠦᠨ᠎ᠡ ︔ ᠲᠠᠪᠤ ᠳᠤ ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠭᠠᠮᠰᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠮᠡᠳᠡᠭᠡ ᠵᠠᠩᠭᠢ ᠶᠢ ᠪᠦᠬᠦ ᠲᠠᠯ᠎ᠠ ᠪᠠᠷ ᠪᠣᠰᠤᠭ᠎ᠠ ᠴᠣᠭᠴᠠ ᠪᠠᠷ ᠪᠦᠷᠬᠦᠬᠦᠯᠬᠦ ᠶᠢ ᠪᠡᠶᠡᠯᠡᠭᠦᠯᠦᠨ᠎ᠡ᠃   ᠲᠣᠯᠤᠭ᠎ᠠ᠂ ᠲᠠᠶᠢᠯᠤᠮᠵᠢ ᠬᠢᠭᠰᠡᠨ ᠪᠠᠶᠢᠭᠤᠯᠭ᠎ᠠ᠄ ᠬᠤᠸᠠᠳᠧ ᠰᠢᠶᠠᠨ ᠤ ᠭᠠᠮᠰᠢᠭ ᠢ ᠪᠠᠭᠠᠰᠬᠠᠬᠤ ᠵᠥᠪᠯᠡᠯ ᠤᠨ ᠠᠯᠪᠠᠨ ᠭᠡᠷ   ᠲᠠᠶᠢᠯᠪᠤᠷᠢᠯᠠᠭᠴᠢ᠄ ᠶᠠᠨ ᠵᠢᠶᠦ᠋ᠨ   ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠤᠲᠠᠰᠤ᠄ 0474 ︱ 7918935   ᠢᠮᠧᠯ᠄ wlcbshdxajj@163.com        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2