ᠮᠠᠨ ᠤ ᠰᠢᠶᠠᠨ ᠤ ᠴᠣᠣᠶᠠᠩ ᠪᠠᠯᠭᠠᠰᠤ ᠴᠡᠷᠢᠭ ᠲᠤ ᠡᠯᠰᠡᠭᠳᠡᠬᠦ ᠵᠠᠯᠠᠭᠤᠴᠤᠳ ᠤᠨ ᠠᠩᠬᠠᠨ ᠤ ᠬᠢᠨᠠᠯᠲᠠ ᠪᠠ ᠠᠩᠬᠠᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/8/2
   7 ᠰᠠᠷ᠎ᠠ ᠶᠢᠨ 28 ᠤ ᠡᠳᠦᠷ᠂ ᠴᠣᠣᠶᠠᠩ ᠪᠠᠯᠭᠠᠰᠤᠨ ᠤ 2022 ᠣᠨ ᠤ ᠵᠣᠨ ᠤ ᠤᠯᠠᠷᠢᠯ ᠤᠨ ᠴᠡᠷᠢᠭ ᠡᠯᠰᠡᠬᠦ ᠠᠵᠢᠯ ᠠᠩᠬᠠᠨ ᠤ ᠬᠢᠨᠠᠯᠲᠠ ᠪᠠ ᠠᠩᠬᠠᠨ ᠤ ᠪᠠᠶᠢᠴᠠᠭᠠᠯᠲᠠ ᠶᠢᠨ ᠱᠠᠲᠤᠨ ᠳᠤ ᠣᠷᠣᠪᠠ᠃ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 3 ᠡᠮᠴᠢᠯᠡᠭᠡᠨ ᠤ ᠭᠤᠣᠯᠯᠠᠭᠴᠢ ᠬᠦᠴᠦᠨ ᠢ ᠠᠪᠴᠢᠷᠠᠵᠤ᠂ ᠪᠡᠶ᠎ᠡ ᠶᠢᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠨᠡᠷ᠎ᠡ ᠮᠡᠳᠡᠭᠦᠯᠦᠭᠰᠡᠨ 14 ᠵᠠᠯᠠᠭᠤᠴᠤᠳ ᠲᠤ ᠠᠩᠬᠠᠨ ᠤ ᠬᠢᠨᠠᠯᠲᠠ ᠪᠠ ᠠᠩᠬᠠᠨ ᠤ ᠪᠠᠶᠢᠴᠠᠭᠠᠯᠲᠠ ᠬᠢᠵᠡᠢ᠃

10.png

   ᠠᠩᠬᠠᠨ ᠤ ᠬᠢᠨᠠᠯᠲᠠ ᠠᠩᠬᠠᠨ ᠤ ᠪᠠᠶᠢᠴᠠᠭᠠᠯᠲᠠ ᠬᠢᠬᠦ ᠶᠠᠪᠤᠴᠠ ᠳᠤ᠂ ᠡᠯᠰᠡᠭᠳᠡᠭᠰᠡᠨ ᠵᠠᠯᠠᠭᠤᠴᠤᠳ ᠤᠨ ᠨᠡᠷ᠎ᠡ

ᠮᠡᠳᠡᠭᠦᠯᠦᠭᠰᠡᠨ ᠮᠡᠳᠡᠭᠡ ᠵᠠᠩᠭᠢ᠂ ᠡᠷᠦᠬᠡ ᠠᠮᠠ ᠶᠢᠨ ᠲᠠᠩᠰᠠ ᠶᠢᠨ ᠮᠡᠳᠡᠭᠡ ᠵᠠᠩᠭᠢ᠂ ᠰᠤᠷᠤᠯᠭ᠎ᠠ ᠶᠢᠨ ᠨᠠᠮᠲᠠᠷ

ᠦᠨᠡᠮᠯᠡᠯ᠂ ᠦᠵᠡᠯ ᠰᠠᠨᠠᠭᠠᠨ ᠤ ᠬᠡᠪ ᠴᠢᠨᠠᠷ ᠢ ᠳᠠᠬᠢᠨᠲᠠ ᠬᠢᠨᠠᠨ ᠬᠠᠷᠭᠤᠭᠤᠯᠵᠤ᠂ ᠡᠯᠰᠡᠭᠳᠡᠭᠰᠡᠨ ᠵᠠᠯᠠᠭᠤᠴᠤᠳ ᠤᠨ

ᠪᠡᠶ᠎ᠡ ᠶᠢᠨ ᠪᠠᠶᠢᠳᠠᠯ᠂ ᠬᠤᠪᠢ ᠬᠥᠮᠥᠨ ᠤ ᠮᠡᠳᠡᠭᠡ ᠵᠠᠩᠭᠢ᠂ ᠨᠡᠶᠢᠭᠡᠮ ᠤᠨ ᠬᠠᠷᠢᠴᠠᠭ᠎ᠠ᠂ ᠭᠡᠷ ᠪᠦᠯᠢ ᠶᠢᠨ

ᠡᠪᠡᠳᠴᠢᠨ ᠢ ᠤᠯᠠᠮ ᠨᠢᠭᠡ ᠠᠯᠬᠤᠮ ᠣᠶᠢᠯᠠᠭᠠᠪᠠ ᠃

11.png

   ᠠᠩᠬᠠᠨ ᠤ ᠬᠢᠨᠠᠯᠲᠠ ᠠᠩᠬᠠᠨ ᠤ ᠪᠠᠶᠢᠴᠠᠭᠠᠯᠲᠠ ᠶᠢᠨ ᠠᠵᠢᠯ ᠢ ᠤᠷᠤᠭᠰᠢᠲᠠᠢ ᠥᠷᠨᠢᠭᠦᠯᠦᠭᠰᠡᠨ ᠨᠢ ᠴᠡᠷᠢᠭ

ᠡᠯᠰᠡᠬᠦ ᠠᠵᠢᠯ ᠢ ᠤᠷᠢᠳᠴᠢᠯᠠᠨ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠴᠣᠣᠶᠠᠩ ᠪᠠᠯᠭᠠᠰᠤᠨ ᠤ

2022 ᠣᠨ ᠤ ᠳᠣᠣᠷ᠎ᠠ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠴᠠᠭ ᠲᠤᠬᠠᠢ ᠳᠤᠨᠢ᠂ ᠴᠢᠨᠠᠷ ᠴᠢᠨᠰᠠᠭ᠎ᠠ᠂

ᠲᠤᠭ᠎ᠠ ᠶᠣᠰᠣᠭᠠᠷ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ  ᠡᠮᠡᠭᠲᠡᠢ ᠶᠢᠨ ᠡᠮᠨᠡᠯᠭᠡ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2