ᠮᠠᠨ ᠤ ᠰᠢᠶᠠᠨ ᠤ ᠲᠡᠮᠡᠭᠡᠨ ᠨᠣᠯᠤᠤᠷ ᠤᠨ ᠨᠠᠷᠠᠲᠤ ᠲᠡᠮᠳᠡᠭᠲᠦ ︽ᠲᠡᠮᠡᠭᠡᠴᠢᠨ︾ ᠪᠣᠯᠣᠨ ᠺᠢᠨᠣ᠋ ᠲᠧᠯᠸᠢᠰ ᠤᠨ ᠨᠠᠷᠠᠲᠤ ᠲᠣᠭᠯᠠᠭᠴᠢ ᠸᠠᠩ ᠯᠢ ᠶᠦᠨ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢᠨ ᠡᠯᠴᠢ ᠶᠢᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/8/22
   8 ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ︽ᠲᠡᠮᠡᠭᠡᠴᠢᠨ ︾ ᠬᠤᠪᠴᠠᠰᠤᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠤᠸ ᠢᠦᠢ ᠪᠣᠯᠣᠨ ᠺᠢᠨᠣ᠋ ᠲᠧᠯᠸᠢᠰ ᠤᠨ ᠨᠠᠷᠠᠲᠤ ᠲᠣᠭᠯᠠᠭᠴᠢ ᠸᠠᠩ ᠯᠢ ᠶᠦᠨ ᠠᠪᠠᠭ᠋ᠠᠢ ᠲᠠᠢ ᠪᠡᠭᠡᠵᠢᠩ ᠳᠤ ︽ᠲᠡᠮᠡᠭᠡᠴᠢᠨ︾ ᠤ ᠨᠠᠷᠠᠲᠤ ᠲᠡᠮᠳᠡᠭᠲᠦ ᠶᠢᠨ ᠳᠦᠷᠢ ᠲᠥᠷᠬᠦ ᠶᠢᠨ ᠡᠯᠴᠢ ᠶᠢᠨ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠡᠨᠡ ᠪᠣᠯ ᠬᠤᠸᠠᠳᠧ ᠰᠢᠶᠠᠨ ᠤ ᠠᠩᠬᠠᠳᠠᠭᠴᠢ ᠺᠢᠨᠣ᠋ ᠲᠧᠯᠸᠢᠰ ᠤᠨ ᠣᠳᠤᠨ ᠲᠠᠢ ᠭᠡᠷ᠎ᠡ ᠲᠣᠭᠲᠠᠭᠰᠠᠨ ᠨᠠᠷᠠᠲᠤ ᠲᠡᠮᠳᠡᠭ ᠤᠨ ᠳᠦᠷᠢ ᠲᠥᠷᠬᠦ ᠶᠢᠨ ᠡᠯᠴᠢ ᠲᠠᠢ ᠬᠤᠪᠴᠠᠰᠤᠨ ᠤ ᠨᠠᠷᠠᠲᠤ ᠲᠡᠮᠳᠡᠭ ᠪᠣᠯᠣᠨ᠎ᠠ᠃

1.png

   ᠥᠪᠥᠷ ᠮᠣᠩᠭᠤᠯ ᠤᠨ ︽ᠲᠡᠮᠡᠭᠡᠴᠢᠨ ︾ ᠬᠤᠪᠴᠠᠰᠤ ᠬᠤᠨᠠᠷ ᠤᠨ ᠬᠢᠵᠠᠭᠠᠷᠲᠤ ᠺᠣᠮᠫᠠᠨᠢ 2009 ᠣᠨ ᠠᠴᠠ

ᠡᠬᠢᠯᠡᠨ ᠡᠵᠡᠩᠨᠡᠯᠲᠡ ᠪᠠᠨ ᠡᠬᠢᠯᠡᠭᠦᠯᠵᠦ ᠂ ᠥᠪᠥᠷ ᠮᠣᠩᠭᠤᠯ ᠤᠨ ᠤᠯᠠᠭᠠᠨᠴᠠᠪ ᠬᠤᠳᠠ ᠶᠢᠨ ᠬᠤᠸᠠᠳᠧ ᠰᠢᠶᠠᠨ ᠳᠤ

ᠪᠠᠶᠢᠷᠢᠯᠠᠵᠤ ᠂ ᠭᠤᠣᠯᠳᠠᠭᠤ ᠬᠤᠨᠢ ᠲᠡᠮᠡᠭᠡᠨ ᠨᠣᠯᠤᠤᠷ ᠤᠨ ᠤᠩᠭᠠᠷᠢᠯ ᠢᠯᠲᠠᠰᠤ ᠶᠢᠨ ᠬᠦᠢᠲᠡᠨ ᠠᠴᠠ ᠰᠡᠷᠭᠡᠶᠢᠯᠡᠬᠦ

ᠬᠤᠪᠴᠠᠰᠤ ᠶᠢ ᠦᠢᠯᠡᠳᠪᠦᠷᠢᠯᠡᠵᠦ ᠡᠳ᠋ᠰᠢᠭᠦᠯᠬᠦ ᠪᠠ ᠪᠣᠷᠣᠯᠠᠭᠤᠯᠬᠤ ᠶᠢ ᠡᠵᠡᠩᠨᠡᠵᠦ ᠂ ᠪᠥᠭᠡᠮ ᠢᠶᠠᠷ ᠬᠤᠳᠠᠯᠳᠤᠬᠤ +

ᠵᠢᠵᠢᠭᠯᠡᠨ ᠬᠤᠳᠠᠯᠳᠤᠬᠤ ᠤᠯᠠᠮᠵᠢᠯᠠᠯᠲᠤ ᠵᠠᠭᠪᠤᠷ ᠢᠶᠠᠷ ᠰᠦᠯᠵᠢᠶᠡᠨ ᠭᠠᠳᠠᠨ᠎ᠠ ᠪᠣᠷᠣᠯᠠᠭᠤᠯᠵᠤ ᠂ ᠦᠢᠯᠡᠳᠬᠦᠨ ᠨᠢ

ᠪᠦᠬᠦ ᠤᠯᠤᠰ ᠤᠨ 60% ᠠᠴᠠ ᠳᠡᠭᠡᠭᠰᠢᠬᠢ ᠭᠠᠵᠠᠷ ᠣᠷᠣᠨ ᠢ ᠪᠦᠷᠬᠦᠵᠦ ᠂ ᠥᠷᠭᠡᠨ ᠤᠯᠠᠨ ᠬᠡᠷᠡᠭᠯᠡᠭᠴᠢᠳ ᠤᠨ

ᠪᠠᠭ᠋ᠠᠷᠬᠠᠯ ᠢ ᠲᠠᠲᠠᠪᠠ ᠃ 2011 ᠣᠨ ᠠᠴᠠ ᠡᠬᠢᠯᠡᠨ ᠺᠣᠮᠫᠠᠨᠢ ᠠᠴᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ

ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢ ᠬᠠᠶᠢᠨ ᠰᠦᠪᠡᠭᠴᠢᠯᠡᠬᠦ ᠶᠢᠨ ᠬᠠᠮᠲᠤ 2014 ᠣᠨ ᠳᠤ ᠱᠧᠨᠵᠧᠨ ᠳᠤ

ᠬᠤᠪᠢᠶᠠᠷᠢ ᠺᠣᠮᠫᠠᠨᠢ ᠪᠠᠨ ᠳᠠᠩᠰᠠᠯᠠᠭᠤᠯᠵᠤ ᠂ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠣᠷᠣᠭᠤᠯᠤᠨ

ᠠᠪᠴᠢᠷᠠᠬᠤ ᠵᠢᠴᠢ ᠡᠮᠦᠨ᠎ᠡ ᠵᠠᠬ᠎ᠠ ᠶᠢᠨ ᠡᠯᠧᠺᠲᠷᠣᠨ ᠬᠤᠳᠠᠯᠳᠤᠭᠠᠨ ᠤ ᠠᠵᠢᠯᠯᠠᠭᠠᠨ ᠤ ᠵᠠᠭᠪᠤᠷ ᠢ ᠣᠷᠣᠭᠤᠯᠤᠨ

ᠠᠪᠴᠢᠷᠠᠬᠤ ᠪᠠᠷ ᠳᠠᠮᠵᠢᠭᠤᠯᠤᠨ ᠂ ᠦᠨᠡᠨ ᠬᠦ ᠢᠨᠲ᠋ᠧᠷ ᠰᠦᠯᠵᠢᠶᠡᠨ ᠤ ᠮᠡᠷᠭᠡᠵᠢᠯ ᠢᠶᠠᠷ ᠭᠤᠣᠯ ᠪᠣᠯᠭᠠᠭᠰᠠᠨ

ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ ᠶᠢᠨ ᠳᠡᠯᠭᠡᠭᠦᠷ ᠪᠣᠯᠵᠤ ᠬᠥᠭᠵᠢᠪᠡ ᠃ ᠣᠳᠣᠬᠠᠨ ᠳᠤ

ᠣᠳᠣᠬᠢᠴᠢᠯᠠᠭᠰᠠᠨ ᠢᠵᠢ ᠪᠦᠷᠢᠳᠦᠭᠦᠯᠬᠦ ᠦᠢᠯᠡᠳᠪᠦᠷᠢ  ᠨᠢ 5300 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ

᠂ 82 ᠲᠤᠰᠬᠠᠢ ᠮᠡᠷᠭᠡᠵᠢᠯ ᠤᠨ ᠣᠶᠤᠨᠴᠢ ᠦᠢᠯᠡᠳᠪᠦᠷᠢᠯᠡᠯ ᠤᠨ ᠲᠥᠬᠦᠭᠡᠷᠦᠮᠵᠢ ᠲᠠᠢ᠂ ᠲᠡᠮᠡᠭᠡᠴᠢᠨ᠂ ᠲᠡᠮᠡᠭᠡᠨ

ᠡᠷᠳᠡᠨᠢ᠂ ᠰᠠᠢ ᠮᠠᠩ ᠂ ᠮᠧᠩ ᠳ᠋ᠧ ᠶᠢᠩ ᠵᠡᠷᠭᠡ ᠳᠥᠷᠪᠡᠨ ᠶᠡᠭᠡ ᠭᠤᠣᠯ ᠱᠤᠭᠤᠮ ᠤᠨ ᠨᠠᠷᠠᠲᠤ ᠲᠡᠮᠳᠡᠭ ᠤᠨ

ᠲᠠᠸᠠᠷ ᠤᠨ ᠲᠡᠮᠳᠡᠭ ᠪᠠ ᠣᠯᠠᠨ ᠵᠦᠢᠯ ᠤᠨ ᠲᠤᠰᠬᠠᠢ ᠠᠰᠢᠭ ᠤᠨ ᠮᠡᠷᠭᠡᠵᠢᠯ ᠤᠨ ᠭᠡᠷᠡᠴᠢᠯᠡᠭᠡ ᠲᠠᠢ᠃

2.png

   ᠥᠪᠥᠷ ᠮᠣᠩᠭᠤᠯ ᠤᠨ ︽ᠲᠡᠮᠡᠭᠡᠴᠢᠨ ︾ ᠬᠤᠪᠴᠠᠰᠤᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠤᠸ

ᠢᠦᠢ ᠸᠠᠩ ᠯᠢ ᠶᠦᠨ ᠠᠪᠠᠭ᠋ᠠᠢ ᠳᠤ ᠬᠤᠪᠴᠠᠰᠤᠨ ᠤ ᠪᠦᠲᠦᠭᠡᠭᠳᠡᠬᠦᠨ ᠢᠶᠠᠨ ᠲᠠᠨᠢᠯᠴᠠᠭᠤᠯᠪᠠ᠃ ᠦᠢᠯᠡᠳᠬᠦᠨ ᠢ

ᠥᠪᠥᠷ ᠮᠣᠩᠭᠤᠯ ᠤᠨ ᠠᠯᠠᠱᠠ ᠪᠣᠯᠣᠨ ᠪᠠᠶᠠᠨᠨᠠᠭᠤᠷ ᠤᠨ ᠰᠢᠵᠢᠷ ᠠᠯᠲᠠᠨ ᠲᠡᠮᠡᠭᠡᠨ ᠨᠣᠯᠤᠤᠷ ᠢᠶᠠᠷ ᠲᠦᠭᠦᠬᠡᠢ

ᠮᠠᠲ᠋ᠧᠷᠢᠶᠠᠯ ᠪᠣᠯᠭᠠᠵᠤ᠂ ᠢᠳᠡᠷ ᠥᠲᠡᠯᠦᠭᠡ ᠨᠠᠰᠤᠨ ᠤ ᠬᠥᠮᠥᠰ ᠤᠨ ᠳᠤᠯᠠᠭᠠᠯᠠᠬᠤ ᠰᠢᠷᠢᠰ ᠢᠶᠠᠷ ᠰᠠᠭᠤᠷᠢ

ᠪᠣᠯᠭᠠᠬᠤ ᠶᠢᠨ ᠬᠠᠮᠲᠤ ᠵᠠᠯᠠᠭᠤᠴᠤᠳ ᠤᠨ ᠪᠡᠶ᠎ᠡ ᠭᠠᠯᠪᠢᠷ ᠲᠤ ᠲᠣᠬᠢᠷᠠᠭᠰᠠᠨ ᠳᠤᠯᠠᠭᠠᠯᠠᠬᠤ ᠰᠢᠷᠢᠰ ᠂ ᠬᠡᠦᠬᠡᠳ ᠤᠨ

ᠡᠷᠡᠭᠦᠯ ᠮᠡᠨᠳᠤ ᠳᠤᠯᠠᠭᠠᠯᠠᠬᠤ ᠰᠢᠷᠢᠰ ᠂ ᠬᠤᠳᠠᠯᠳᠤᠭᠠᠨ ᠤ ᠶᠠᠪᠤᠳᠠᠯ ᠤᠨ ᠰᠡᠯᠡᠭᠦᠴᠡᠯ ᠳᠤᠯᠠᠭᠠᠯᠠᠬᠤ ᠰᠢᠷᠢᠰ ᠢ

ᠥᠷᠭᠡᠳᠬᠡᠵᠦ ᠂ ᠦᠢᠯᠡᠳᠬᠦᠨ ᠨᠢ ᠤᠯᠤᠰ ᠤᠨ ᠳᠣᠲᠣᠭᠠᠳᠤ ᠶᠢᠨ ᠤᠯᠠᠨ ᠬᠤᠳᠠ ᠪᠠ ᠭᠠᠵᠠᠷ ᠣᠷᠣᠨ ᠢ ᠪᠦᠷᠬᠦᠵᠦ ᠂

ᠭᠠᠳᠠᠭᠠᠳᠤ ᠳᠤ ᠪᠠᠶᠢᠭ᠎ᠠ ᠳᠤᠮᠳᠠᠳᠤ ᠶᠢᠨ ᠬᠥᠮᠥᠨ ᠴᠦ ᠥᠷᠭᠡᠨ ᠢᠶᠠᠷ ᠬᠤᠳᠠᠯᠳᠤᠨ ᠠᠪᠴᠤ ᠂ ᠠᠮᠧᠷᠢᠺᠠ ᠂ ᠺᠠᠨᠠᠳᠠ ᠂

ᠰᠢᠨ᠎ᠡ ᠽᠢᠯᠠᠨᠳ᠋ ᠂ ᠠᠦ᠋ᠰᠲᠷᠠᠯᠢᠶ᠎ᠠ ᠵᠡᠷᠭᠡ ᠤᠯᠤᠰ ᠲᠤ ᠲᠦᠭᠡᠭᠰᠡᠨ ᠪᠠᠶᠢᠨ᠎ᠠ ᠃

   ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠰᠦᠩ

ᠴᠦᠨ ᠢᠦᠢ ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠰᠦᠨ ᠯᠢ ᠵᠢᠶᠦ᠋ᠨ ᠭᠠᠷ ᠤᠨ

ᠦᠰᠦᠭ ᠵᠢᠷᠤᠬᠤ ᠶᠣᠰᠣᠯᠠᠯ ᠳᠤ ᠣᠷᠣᠯᠴᠠᠪᠠ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2