| ᠡᠨᠡ ᠵᠢᠯ ᠂ ᠬᠤᠸᠠᠳᠧ ᠰᠢᠶᠠᠨ ᠤ ᠳᠠᠷᠢᠭᠰᠠᠨ 1.9 ᠲᠦᠮᠡᠨ ᠮᠦ ᠴᠠᠭᠠᠨ ᠨᠣᠭᠤᠭ᠎ᠠ ᠡᠯᠪᠡᠭ ᠬᠤᠷᠢᠶᠠᠯᠲᠠ | ᠣᠯᠪᠠ ᠃ ᠡᠨᠡ ᠬᠡᠳᠦᠨ ᠡᠳᠦᠷ ᠂ ᠴᠠᠭᠠᠨ ᠨᠣᠭᠤᠭ᠎ᠠ ᠲᠥᠪᠯᠡᠷᠡᠭᠦᠯᠦᠨ ᠲᠠᠷᠢᠬᠤ ᠭᠠᠵᠠᠷ — ᠴᠣᠣᠶᠠᠩ | ᠪᠠᠯᠭᠠᠰᠤ ᠶᠢᠨ ᠮᠢᠨ ᠯᠸ ᠲᠣᠰᠬᠤᠨ ᠤ ᠲᠠᠷᠢᠶᠠᠨ ᠭᠠᠵᠠᠷ ᠤᠨ ᠭᠠᠵᠠᠷ ᠪᠣᠯᠭᠠᠨ ᠳᠤ ᠲᠠᠷᠢᠶᠠᠴᠢᠳ ᠴᠠᠭᠠᠨ ᠨᠣᠭᠤᠭ᠎ᠠ | ᠲᠡᠭᠦᠵᠦ ᠬᠤᠷᠢᠶᠠᠬᠤ ᠂ ᠲᠡᠷᠭᠡᠨ ᠳᠤ ᠠᠴᠢᠵᠤ ᠵᠥᠭᠡᠭᠡᠪᠤᠷᠢᠯᠡᠨ ᠶᠠᠭᠠᠷᠠᠯᠳᠤᠵᠤ ᠂ ᠲᠠᠷᠢᠶᠠᠨ ᠭᠠᠵᠠᠷ ᠲᠤ ᠶᠠᠭᠠᠷᠠᠯᠲᠠᠢ | ᠪᠠᠶᠢᠳᠠᠯ ᠢᠯᠡᠷᠡᠵᠡᠢ ᠃ | | | | | | ᠴᠣᠣᠶᠠᠩ ᠪᠠᠯᠭᠠᠰᠤᠨ ᠤ ᠮᠢᠨ ᠯᠧ ᠲᠣᠰᠬᠤᠨ ᠤ ᠲᠠᠷᠢᠶᠠᠨ ᠭᠠᠵᠠᠷ ᠲᠤ ᠂ ᠬᠡᠰᠡᠭ ᠬᠡᠰᠡᠭ ᠴᠠᠭᠠᠨ ᠨᠣᠭᠤᠭ᠎ᠠ | ᠬᠥᠮᠥᠰ ᠢ ᠪᠠᠶᠠᠷᠯᠠᠭᠤᠯᠤᠮ᠎ᠠ ᠰᠠᠶᠢᠨ ᠤᠷᠭᠤᠵᠤ ᠂ ᠲᠠᠷᠢᠶᠠᠴᠢᠳ ᠴᠠᠭᠠᠨ ᠨᠣᠭᠤᠭ᠎ᠠ ᠲᠡᠭᠦᠬᠦ ᠪᠠᠷ ᠶᠠᠭᠠᠷᠠᠯᠳᠤᠵᠤ | ᠪᠠᠶᠢᠯ᠎ᠠ ᠃ ᠨᠣᠭᠤᠭ᠎ᠠ ᠬᠠᠳᠤᠬᠤ᠂ ᠨᠠᠷᠢᠯᠢᠭ ᠲᠡᠭᠦᠬᠦ᠂ ᠲᠥᠷᠥᠯ ᠬᠤᠪᠢᠶᠠᠬᠤ᠂ ᠪᠣᠭᠤᠳᠠᠯᠯᠠᠬᠤ᠂ ᠲᠡᠷᠭᠡᠨ ᠳᠤ | ᠲᠡᠭᠡᠭᠡᠬᠦ ᠮᠡᠲᠦ ᠪᠠᠷ ᠲᠠᠷᠢᠶᠠᠴᠢᠳ ᠡᠮᠬᠢ ᠵᠢᠷᠤᠮ ᠲᠠᠢ ᠪᠠᠷ ᠶᠠᠭᠠᠷᠠᠯᠳᠤᠵᠤ᠂ ᠭᠠᠵᠠᠷ ᠪᠣᠯᠭᠠᠨ ᠳᠤ ᠡᠯᠪᠡᠭ | ᠬᠤᠷᠢᠶᠠᠯᠲᠠ ᠶᠢᠨ ᠪᠠᠶᠢᠳᠠᠯ ᠬᠠᠷᠠᠭ᠎ᠠ ᠶᠢ ᠳᠦᠭᠦᠷᠭᠡᠨ᠎ᠡ ᠃ | | | | | ᠲᠣᠰᠬᠤᠨ ᠤ ᠠᠷᠠᠳ ᠯᠢ ᠹᠧᠢ ᠶᠦᠨ᠄ ︽ᠡᠨᠡ ᠵᠢᠯ 400 ᠭᠠᠷᠤᠢ ᠮᠦ ᠲᠠᠷᠢᠵᠦ ᠂ ᠮᠦ ᠪᠦᠷᠢ ᠶᠢᠨ ᠤᠨᠠᠯᠲᠠ | ᠲᠦᠮᠡ ᠭᠤᠷᠪᠠᠨ ᠮᠢᠩᠭᠠᠨ ᠵᠢᠩ ᠣᠷᠴᠢᠮ ᠬᠦᠷᠴᠡᠢ ᠃ 40 ᠭᠠᠷᠤᠢ ᠲᠠᠷᠢᠶᠠᠴᠢᠨ ᠡᠷᠦᠬᠡ ᠬᠥᠯᠥᠰᠦᠨ ᠠᠵᠢᠯ ᠬᠢᠵᠦ | ᠂ ᠴᠠᠭᠠᠨ ᠨᠣᠭᠤᠭ᠎ᠠ ᠪᠠᠨ ᠪᠣᠭᠤᠳᠠᠯᠯᠠᠭᠰᠠᠨ ᠤ ᠳᠠᠷᠠᠭ᠎ᠠ ᠳᠠᠬᠢᠭᠠᠳ ᠬᠦᠢᠲᠡᠨ ᠰᠡᠷᠢᠭᠦᠨ ᠠᠷᠠᠯᠵᠢᠶᠠᠨ ᠤ ᠵᠠᠬ᠎ᠠ | ᠳᠡᠯᠭᠡᠭᠦᠷ ᠲᠤ ᠲᠥᠪᠯᠡᠷᠡᠭᠦᠯᠦᠨ ᠳᠠᠮᠵᠢᠭᠤᠯᠵᠤ᠂ ᠳᠠᠬᠢᠭᠠᠳ ᠬᠥᠬᠡᠮᠥ᠋ᠷᠡᠨ ᠠᠴᠠ ᠡᠮᠦᠨᠡᠰᠢᠬᠢ ᠡᠯ᠎ᠡ ᠲᠣᠮᠣ ᠵᠠᠬ᠎ᠠ | ᠳᠡᠯᠭᠡᠭᠦᠷ ᠲᠤ ᠵᠥᠭᠡᠭᠡᠪᠦᠷᠢᠯᠡᠨ ᠠᠪᠠᠴᠢᠵᠤ ᠪᠥᠭᠡᠮ ᠢᠶᠠᠷ ᠬᠤᠳᠠᠯᠳᠤᠨ᠎ᠠ᠂ ᠡᠨᠡ ᠵᠢᠯ ᠤᠨ ᠨᠣᠭᠤᠭ᠎ᠠ ᠶᠢᠨ ᠦᠨ᠎ᠡ ᠪᠣᠯ | ︵ᠮᠦ ᠪᠦᠷᠢ︶ 3000 ᠲᠥᠭᠦᠷᠢᠭ ᠠᠴᠠ 3500 ᠲᠥᠭᠦᠷᠢᠭ ᠤᠨ ᠬᠤᠭᠤᠷᠣᠨᠳᠤ ᠪᠠᠶᠢᠵᠤ᠂ ᠮᠦ ᠪᠦᠷᠢ ᠶᠢᠨ | ᠴᠡᠪᠡᠷ ᠣᠷᠣᠯᠭ᠎ᠠ ᠨᠢ 2500 ᠲᠥᠭᠦᠷᠢᠭ ᠣᠷᠴᠢᠮ ᠪᠣᠯᠣᠨ᠎ᠠ︾ ᠭᠡᠵᠡᠢ᠃ | | | | | ︽ᠪᠢ ᠲᠠᠷᠢᠮᠠᠯ ᠤᠨ ᠠᠵᠢᠯ ᠡᠷᠬᠢᠯᠡᠭᠡᠳ ᠬᠤᠷᠢᠭᠠᠳ ᠵᠢᠯ ᠪᠣᠯᠵᠤ ᠪᠠᠶᠢᠨ᠎ᠠ᠂ ᠥᠨᠥᠳᠥᠷ ᠤᠨ ᠦᠨ᠎ᠡ ᠬᠠᠩᠰᠢ | ᠨᠢᠳᠤᠨᠤᠨ ᠤ ᠬᠢ ᠠᠴᠠ ᠪᠠᠭ᠋ᠠᠨ ᠳᠣᠣᠷ᠎ᠠ ᠪᠣᠯᠵᠠᠢ᠂ ᠡᠭᠦᠨ ᠤ ᠭᠤᠣᠯ ᠰᠢᠯᠲᠠᠭᠠᠨ ᠨᠢ ᠬᠢᠵᠢᠭ ᠤᠨ ᠨᠥᠯᠥᠭᠡ ᠠᠴᠠ | ᠪᠣᠯᠵᠤ ᠵᠥᠭᠡᠭᠡᠪᠦᠷᠢ ᠶᠢᠨ ᠲᠡᠷᠭᠡ ᠨᠣᠭᠤᠭ᠎ᠠ ᠶᠢᠨ ᠲᠣᠭᠤᠷᠢᠭ ᠲᠤ ᠣᠷᠣᠵᠤ ᠳᠡᠶᠢᠯᠬᠦ ᠦᠭᠡᠢ ᠪᠣᠯᠵᠠᠢ᠂ 8 ᠰᠠᠷ᠎ᠠ | ᠶᠢᠨ ᠡᠬᠢᠨ ᠠᠴᠠ ᠠᠪᠤᠭᠠᠳ ᠦᠨ᠎ᠡ ᠬᠠᠩᠰᠢ ᠪᠠᠭ᠋ᠠᠨ ᠳᠣᠣᠷ᠎ᠠ ᠪᠣᠯᠵᠤ᠂ 8 ᠰᠠᠷ᠎ᠠ ᠶᠢᠨ 20 ᠤ ᠡᠳᠦᠷ ᠠᠴᠠ | ᠡᠬᠢᠯᠡᠨ ᠢᠳᠡᠰᠢᠨ ᠨᠣᠭᠤᠭ᠎ᠠ ᠶᠢᠨ ᠦᠨ᠎ᠡ ᠥᠰᠬᠦ ᠬᠠᠨᠳᠤᠰᠢ ᠲᠠᠢ ᠪᠣᠯᠵᠤ᠂ ᠡᠨᠡ ᠵᠢᠯ ᠤᠨ ᠪᠥᠭᠡᠷᠡᠩᠬᠡᠢ ᠴᠠᠭᠠᠨ | ᠨᠣᠭᠤᠭ᠎ᠠ ᠶᠢᠨ ᠦᠨ᠎ᠡ ᠨᠢᠳᠤᠨᠤᠨ ᠤ ᠬᠢ ᠠᠴᠠ ᠪᠠᠭ᠋ᠠᠨ ᠥᠨᠳᠥᠷ ᠪᠣᠯᠵᠤ᠂ ᠴᠠᠭᠠᠨ ᠨᠣᠭᠤᠭ᠎ᠠ ᠶᠢᠨ ᠦᠨ᠎ᠡ ᠪᠠᠭ᠋ᠠᠨ | ᠳᠣᠣᠷ᠎ᠠ ᠪᠣᠯᠵᠠᠢ︾᠃ ᠭᠡᠵᠦ ᠮᠢᠨ ᠯᠧ ᠲᠣᠰᠬᠤᠨ ᠤ ᠢᠳᠡᠰᠢᠨ ᠨᠣᠭᠤᠭ᠎ᠠ ᠲᠠᠷᠢᠬᠤ ᠡᠷᠦᠬᠡ ᠯᠢ ᠹᠧᠢ ᠶᠦᠨ | ᠰᠤᠷᠪᠤᠯᠵᠢᠯᠠᠭᠴᠢ ᠳᠤ ᠬᠡᠯᠡᠪᠡ ᠃ | ᠣᠳᠣᠬᠠᠨ ᠳᠤ᠂ ᠳᠠᠷᠢᠵᠤ ᠪᠠᠶᠢᠭ᠎ᠠ ᠴᠠᠭᠠᠨ ᠨᠣᠭᠤᠭ᠎ᠠ ᠨᠢᠭᠡᠨᠲᠡ ᠬᠤᠷᠢᠶᠠᠬᠤ ᠬᠤᠭᠤᠴᠠᠭᠠᠨ ᠳᠠᠭᠠᠨ ᠣᠷᠣᠵᠤ᠂ | ᠮᠢᠨ ᠯᠧ ᠲᠣᠰᠬᠤᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ | ᠬᠦᠷᠢᠶᠡᠨ ᠳᠤ ᠨᠢᠭᠡᠨᠲᠡ ᠮᠠᠰᠢ ᠣᠯᠠᠨ ᠪᠠᠷᠠᠭᠠᠨ ᠤ ᠭᠦᠢᠯᠭᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠲᠡᠷᠭᠡ | ᠲᠡᠭᠡᠭᠡᠪᠦᠷᠢᠯᠡᠬᠦ ᠪᠠᠷ ᠬᠦᠯᠢᠶᠡᠵᠦ ᠪᠠᠶᠢᠨ᠎ᠠ᠂ ᠠᠵᠢᠯᠴᠢᠳ ᠶᠠᠭ ᠶᠠᠭᠠᠷᠠᠯᠲᠠᠢ ᠪᠠᠷ ᠲᠡᠷᠭᠡᠨ ᠳᠡᠭᠡᠷ᠎ᠡ ᠪᠣᠭᠤᠳᠠᠯᠯᠠᠭᠰᠠᠨ | ᠴᠠᠭᠠᠨ ᠨᠣᠭᠤᠭ᠎ᠠ ᠪᠠᠨ ᠵᠥᠭᠡᠭᠡᠪᠦᠷᠢᠯᠡᠵᠦ ᠪᠠᠶᠢᠨ᠎ᠠ᠃ ᠪᠣᠭᠤᠳᠠᠯ ᠪᠠᠭᠯᠠᠭ᠎ᠠ ᠶᠢᠨ ᠲᠠᠰᠤᠭ ᠲᠤ ᠂ ᠰᠤᠷᠪᠤᠯᠵᠢᠯᠠᠭᠴᠢ | ᠯᠢᠶᠣᠤᠨᠢᠩ ᠤᠨ ᠬᠤᠳᠠᠯᠳᠤᠨ ᠠᠪᠤᠭᠰᠠᠨ ᠬᠤᠳᠠᠯᠳᠤᠭᠠᠴᠢᠨ ᠸᠧᠢ ᠵᠧᠨ ᠴᠢᠩ ᠲᠠᠢ ᠠᠭᠤᠯᠵᠠᠪᠠ ᠃ | | | | | | ︽ᠮᠠᠨ ᠤ ᠡᠨᠡ ᠨᠣᠭᠤᠭ᠎ᠠ ᠶᠢ ᠭᠤᠣᠯᠳᠠᠭᠤ ᠭᠤᠸᠠᠩᠳᠦ᠋ᠩ ᠪᠣᠯᠣᠨ ᠵᠧᠵᠢᠶᠠᠩ ᠢᠶᠠᠷ ᠪᠣᠷᠤᠯᠠᠭᠤᠯᠤᠨ᠎ᠠ᠂ | ᠪᠣᠷᠤᠯᠠᠭᠤᠯᠭ᠎ᠠ ᠶᠢᠨ ᠵᠠᠮ ᠪᠠᠰᠠ ᠵᠦᠭᠡᠷ ᠪᠠᠶᠢᠨ᠎ᠠ ᠂ ᠠᠳᠡᠬᠢ ᠨᠣᠭᠤᠭ᠎ᠠ ᠶᠢᠨ ᠶᠠᠰᠤ ᠴᠢᠨᠠᠷ ᠨᠡᠯᠢᠶᠡᠳ ᠰᠠᠶᠢᠨ ᠪᠠᠶᠢᠨ᠎ᠠ︾ | ᠭᠡᠵᠦ ᠮᠢᠨ ᠯᠧ ᠲᠣᠰᠬᠤᠨ ᠠᠴᠠ ᠢᠳᠡᠰᠢᠨ ᠨᠣᠭᠤᠭ᠎ᠠ ᠬᠤᠳᠠᠯᠳᠤᠨ ᠠᠪᠬᠤ ᠬᠤᠳᠠᠯᠳᠤᠭᠠᠴᠢᠨ ᠸᠧᠢ ᠵᠧᠨ ᠴᠢᠩ | ᠬᠡᠯᠡᠪᠡ ᠃ | ᠣᠶᠢᠯᠠᠭᠠᠭᠰᠠᠨ ᠢᠶᠠᠷ᠂ ᠬᠤᠸᠠᠳᠧ ᠰᠢᠶᠠᠨ ᠨᠢᠭᠡᠨᠲᠡ ᠴᠣᠣᠶᠠᠩ ᠪᠠᠯᠭᠠᠰᠤᠨ ᠤ ᠮᠢᠨ ᠯᠧ ᠵᠠᠰᠠᠭ ᠵᠠᠬᠢᠷᠭᠠᠨ ᠤ | ᠲᠣᠰᠬᠤᠨ ᠢᠶᠠᠷ ᠲᠥᠪ ᠪᠣᠯᠭᠠᠵᠤ᠂ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ︾᠂ ︽ᠬᠤᠷᠰᠢᠶ᠎ᠠ + | ᠺᠣᠮᠫᠠᠨᠢ + ᠰᠠᠭᠤᠷᠢᠨ ᠭᠠᠵᠠᠷ + ᠲᠠᠷᠢᠶᠠᠴᠢᠨ︾ ᠤ ᠠᠵᠢᠯᠯᠠᠭᠠᠨ ᠤ ᠵᠠᠭᠪᠤᠷ ᠢᠶᠠᠷ ᠡᠷᠬᠢᠨ ᠲᠣᠭᠤᠷᠢᠨ ᠤ | ᠲᠣᠰᠬᠤᠨ ᠢ ᠨᠥᠯᠥᠭᠡᠯᠡᠨ ᠲᠠᠶᠢᠴᠢᠯᠠᠵᠦ ᠣᠨᠴᠠᠯᠢᠭᠲᠤ ᠢᠳᠡᠰᠢᠨ ᠨᠣᠭᠤᠭ᠎ᠠ ᠳᠠᠷᠢᠭᠤᠯᠵᠤ ᠂ ᠪᠦᠬᠦ ᠪᠠᠯᠭᠠᠰᠤ ᠶᠢᠨ | 21 ᠲᠣᠰᠬᠤᠨ᠂ ᠣᠨᠴᠠᠯᠢᠭᠲᠤ ᠢᠳᠡᠰᠢᠨ ᠨᠣᠭᠤᠭ᠎ᠠ ᠳᠠᠷᠢᠬᠤ ᠲᠣᠰᠬᠤᠨ ᠨᠢᠭᠡᠨᠲᠡ 18 ᠪᠣᠯᠵᠤ ᠂ ᠪᠣᠬᠢᠷᠳᠤᠯ | ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ 9 ᠪᠣᠯᠵᠤ ᠂ ᠲᠠᠷᠢᠶᠠᠴᠢᠳ ᠤᠨ ᠬᠥᠮᠥᠨ ᠳᠤᠮᠳᠠᠴᠢ ᠶᠢᠨ | ᠴᠡᠪᠡᠷ ᠣᠷᠣᠯᠭ᠎ᠠ ᠶᠢᠨ 75% ᠨᠢ ᠢᠳᠡᠰᠢᠨ ᠨᠣᠭᠤᠭ᠎ᠠ ᠳᠠᠷᠢᠬᠤ ᠠᠴᠠ ᠢᠷᠡᠵᠤ ᠂ ᠦᠢᠯᠡᠳᠪᠦᠷᠢᠯᠡᠭᠰᠡᠨ ᠬᠦᠢᠲᠡᠨ | ᠰᠡᠷᠢᠭᠦᠨ ᠢᠳᠡᠰᠢᠨ ᠨᠣᠭᠤᠭ᠎ᠠ ᠶᠢ ᠪᠡᠭᠡᠵᠢᠩ ᠤᠨ ᠵᠠᠬ᠎ᠠ ᠳᠡᠯᠭᠡᠭᠦᠷ ᠲᠤ ᠶᠡᠭᠡ ᠬᠡᠮᠵᠢᠶ᠎ᠡ ᠪᠠᠷ ᠬᠠᠩᠭᠠᠵᠤ ᠂ ᠪᠡᠭᠡᠵᠢᠩ | ᠴᠢᠨᠠᠭᠰᠢᠯᠠᠪᠠᠯ ᠪᠦᠬᠦ ᠤᠯᠤᠰ ᠤᠨ︽ᠢᠳᠡᠰᠢᠨ ᠨᠣᠭᠤᠭ᠎ᠠ︾ ᠶᠢᠨ ᠭᠤᠣᠯ ᠬᠦᠴᠦᠨ ᠪᠣᠯᠤᠭᠰᠠᠨ ᠪᠠᠶᠢᠨ᠎ᠠ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |