︽ᠬᠤᠸᠠᠳᠧ ᠶᠢᠨ ᠴᠠᠭᠠᠨ ᠨᠣᠭᠤᠭ᠎ᠠ︾ ᠭᠠᠵᠠᠷ ᠣᠷᠤᠨ ᠤ ᠲᠡᠮᠳᠡᠭᠲᠦ ᠦᠢᠯᠡᠳᠬᠦᠨ ᠡᠯᠪᠡᠭ ᠬᠤᠷᠢᠶᠠᠯᠲᠠ ᠣᠯᠵᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠪᠠᠲᠤᠯᠠᠭ᠎ᠠ ᠲᠠᠢ ᠪᠣᠯᠪᠠ
ᠨᠡᠶᠢᠲᠡᠯᠡᠭᠰᠡᠨ ᠴᠠᠭ᠄
2022/8/24
   ᠡᠨᠡ ᠵᠢᠯ ᠂ ᠬᠤᠸᠠᠳᠧ ᠰᠢᠶᠠᠨ ᠤ ᠳᠠᠷᠢᠭᠰᠠᠨ 1.9 ᠲᠦᠮᠡᠨ ᠮᠦ ᠴᠠᠭᠠᠨ ᠨᠣᠭᠤᠭ᠎ᠠ ᠡᠯᠪᠡᠭ ᠬᠤᠷᠢᠶᠠᠯᠲᠠ ᠣᠯᠪᠠ ᠃ ᠡᠨᠡ ᠬᠡᠳᠦᠨ ᠡᠳᠦᠷ ᠂ ᠴᠠᠭᠠᠨ ᠨᠣᠭᠤᠭ᠎ᠠ ᠲᠥᠪᠯᠡᠷᠡᠭᠦᠯᠦᠨ ᠲᠠᠷᠢᠬᠤ ᠭᠠᠵᠠᠷ — ᠴᠣᠣᠶᠠᠩ ᠪᠠᠯᠭᠠᠰᠤ ᠶᠢᠨ ᠮᠢᠨ ᠯᠸ ᠲᠣᠰᠬᠤᠨ ᠤ ᠲᠠᠷᠢᠶᠠᠨ ᠭᠠᠵᠠᠷ ᠤᠨ ᠭᠠᠵᠠᠷ ᠪᠣᠯᠭᠠᠨ ᠳᠤ ᠲᠠᠷᠢᠶᠠᠴᠢᠳ ᠴᠠᠭᠠᠨ ᠨᠣᠭᠤᠭ᠎ᠠ ᠲᠡᠭᠦᠵᠦ ᠬᠤᠷᠢᠶᠠᠬᠤ ᠂ ᠲᠡᠷᠭᠡᠨ ᠳᠤ ᠠᠴᠢᠵᠤ  ᠵᠥᠭᠡᠭᠡᠪᠤᠷᠢᠯᠡᠨ ᠶᠠᠭᠠᠷᠠᠯᠳᠤᠵᠤ ᠂ ᠲᠠᠷᠢᠶᠠᠨ ᠭᠠᠵᠠᠷ ᠲᠤ ᠶᠠᠭᠠᠷᠠᠯᠲᠠᠢ ᠪᠠᠶᠢᠳᠠᠯ ᠢᠯᠡᠷᠡᠵᠡᠢ ᠃

1.png

   ᠴᠣᠣᠶᠠᠩ ᠪᠠᠯᠭᠠᠰᠤᠨ ᠤ ᠮᠢᠨ ᠯᠧ ᠲᠣᠰᠬᠤᠨ ᠤ ᠲᠠᠷᠢᠶᠠᠨ ᠭᠠᠵᠠᠷ ᠲᠤ ᠂ ᠬᠡᠰᠡᠭ ᠬᠡᠰᠡᠭ ᠴᠠᠭᠠᠨ ᠨᠣᠭᠤᠭ᠎ᠠ

ᠬᠥᠮᠥᠰ ᠢ ᠪᠠᠶᠠᠷᠯᠠᠭᠤᠯᠤᠮ᠎ᠠ ᠰᠠᠶᠢᠨ ᠤᠷᠭᠤᠵᠤ ᠂ ᠲᠠᠷᠢᠶᠠᠴᠢᠳ ᠴᠠᠭᠠᠨ ᠨᠣᠭᠤᠭ᠎ᠠ ᠲᠡᠭᠦᠬᠦ ᠪᠠᠷ ᠶᠠᠭᠠᠷᠠᠯᠳᠤᠵᠤ

ᠪᠠᠶᠢᠯ᠎ᠠ ᠃ ᠨᠣᠭᠤᠭ᠎ᠠ ᠬᠠᠳᠤᠬᠤ᠂ ᠨᠠᠷᠢᠯᠢᠭ ᠲᠡᠭᠦᠬᠦ᠂ ᠲᠥᠷᠥᠯ ᠬᠤᠪᠢᠶᠠᠬᠤ᠂ ᠪᠣᠭᠤᠳᠠᠯᠯᠠᠬᠤ᠂ ᠲᠡᠷᠭᠡᠨ ᠳᠤ

ᠲᠡᠭᠡᠭᠡᠬᠦ ᠮᠡᠲᠦ ᠪᠠᠷ ᠲᠠᠷᠢᠶᠠᠴᠢᠳ ᠡᠮᠬᠢ ᠵᠢᠷᠤᠮ ᠲᠠᠢ ᠪᠠᠷ ᠶᠠᠭᠠᠷᠠᠯᠳᠤᠵᠤ᠂ ᠭᠠᠵᠠᠷ ᠪᠣᠯᠭᠠᠨ ᠳᠤ ᠡᠯᠪᠡᠭ

ᠬᠤᠷᠢᠶᠠᠯᠲᠠ ᠶᠢᠨ ᠪᠠᠶᠢᠳᠠᠯ ᠬᠠᠷᠠᠭ᠎ᠠ ᠶᠢ ᠳᠦᠭᠦᠷᠭᠡᠨ᠎ᠡ ᠃

2.png

 

   ᠲᠣᠰᠬᠤᠨ ᠤ ᠠᠷᠠᠳ ᠯᠢ ᠹᠧᠢ ᠶᠦᠨ᠄ ︽ᠡᠨᠡ ᠵᠢᠯ 400 ᠭᠠᠷᠤᠢ ᠮᠦ ᠲᠠᠷᠢᠵᠦ ᠂ ᠮᠦ ᠪᠦᠷᠢ ᠶᠢᠨ ᠤᠨᠠᠯᠲᠠ

ᠲᠦᠮᠡ ᠭᠤᠷᠪᠠᠨ ᠮᠢᠩᠭᠠᠨ ᠵᠢᠩ ᠣᠷᠴᠢᠮ ᠬᠦᠷᠴᠡᠢ ᠃ 40 ᠭᠠᠷᠤᠢ ᠲᠠᠷᠢᠶᠠᠴᠢᠨ ᠡᠷᠦᠬᠡ ᠬᠥᠯᠥᠰᠦᠨ ᠠᠵᠢᠯ ᠬᠢᠵᠦ

᠂ ᠴᠠᠭᠠᠨ ᠨᠣᠭᠤᠭ᠎ᠠ ᠪᠠᠨ ᠪᠣᠭᠤᠳᠠᠯᠯᠠᠭᠰᠠᠨ ᠤ ᠳᠠᠷᠠᠭ᠎ᠠ ᠳᠠᠬᠢᠭᠠᠳ ᠬᠦᠢᠲᠡᠨ ᠰᠡᠷᠢᠭᠦᠨ ᠠᠷᠠᠯᠵᠢᠶᠠᠨ ᠤ ᠵᠠᠬ᠎ᠠ

ᠳᠡᠯᠭᠡᠭᠦᠷ ᠲᠤ ᠲᠥᠪᠯᠡᠷᠡᠭᠦᠯᠦᠨ ᠳᠠᠮᠵᠢᠭᠤᠯᠵᠤ᠂ ᠳᠠᠬᠢᠭᠠᠳ ᠬᠥᠬᠡᠮᠥ᠋ᠷᠡᠨ ᠠᠴᠠ ᠡᠮᠦᠨᠡᠰᠢᠬᠢ ᠡᠯ᠎ᠡ ᠲᠣᠮᠣ ᠵᠠᠬ᠎ᠠ

ᠳᠡᠯᠭᠡᠭᠦᠷ ᠲᠤ ᠵᠥᠭᠡᠭᠡᠪᠦᠷᠢᠯᠡᠨ ᠠᠪᠠᠴᠢᠵᠤ ᠪᠥᠭᠡᠮ ᠢᠶᠠᠷ ᠬᠤᠳᠠᠯᠳᠤᠨ᠎ᠠ᠂ ᠡᠨᠡ ᠵᠢᠯ ᠤᠨ ᠨᠣᠭᠤᠭ᠎ᠠ ᠶᠢᠨ ᠦᠨ᠎ᠡ ᠪᠣᠯ

︵ᠮᠦ ᠪᠦᠷᠢ︶ 3000 ᠲᠥᠭᠦᠷᠢᠭ ᠠᠴᠠ 3500 ᠲᠥᠭᠦᠷᠢᠭ ᠤᠨ ᠬᠤᠭᠤᠷᠣᠨᠳᠤ ᠪᠠᠶᠢᠵᠤ᠂ ᠮᠦ ᠪᠦᠷᠢ ᠶᠢᠨ

ᠴᠡᠪᠡᠷ ᠣᠷᠣᠯᠭ᠎ᠠ ᠨᠢ 2500 ᠲᠥᠭᠦᠷᠢᠭ ᠣᠷᠴᠢᠮ ᠪᠣᠯᠣᠨ᠎ᠠ︾ ᠭᠡᠵᠡᠢ᠃

3.png

    ︽ᠪᠢ ᠲᠠᠷᠢᠮᠠᠯ ᠤᠨ ᠠᠵᠢᠯ ᠡᠷᠬᠢᠯᠡᠭᠡᠳ ᠬᠤᠷᠢᠭᠠᠳ ᠵᠢᠯ ᠪᠣᠯᠵᠤ ᠪᠠᠶᠢᠨ᠎ᠠ᠂ ᠥᠨᠥᠳᠥᠷ ᠤᠨ ᠦᠨ᠎ᠡ ᠬᠠᠩᠰᠢ

ᠨᠢᠳᠤᠨᠤᠨ ᠤ ᠬᠢ ᠠᠴᠠ ᠪᠠᠭ᠋ᠠᠨ ᠳᠣᠣᠷ᠎ᠠ ᠪᠣᠯᠵᠠᠢ᠂ ᠡᠭᠦᠨ ᠤ ᠭᠤᠣᠯ ᠰᠢᠯᠲᠠᠭᠠᠨ ᠨᠢ ᠬᠢᠵᠢᠭ ᠤᠨ ᠨᠥᠯᠥᠭᠡ ᠠᠴᠠ

ᠪᠣᠯᠵᠤ ᠵᠥᠭᠡᠭᠡᠪᠦᠷᠢ ᠶᠢᠨ ᠲᠡᠷᠭᠡ ᠨᠣᠭᠤᠭ᠎ᠠ ᠶᠢᠨ ᠲᠣᠭᠤᠷᠢᠭ ᠲᠤ ᠣᠷᠣᠵᠤ ᠳᠡᠶᠢᠯᠬᠦ ᠦᠭᠡᠢ ᠪᠣᠯᠵᠠᠢ᠂ 8 ᠰᠠᠷ᠎ᠠ

 ᠶᠢᠨ ᠡᠬᠢᠨ ᠠᠴᠠ ᠠᠪᠤᠭᠠᠳ ᠦᠨ᠎ᠡ ᠬᠠᠩᠰᠢ ᠪᠠᠭ᠋ᠠᠨ ᠳᠣᠣᠷ᠎ᠠ ᠪᠣᠯᠵᠤ᠂ 8 ᠰᠠᠷ᠎ᠠ ᠶᠢᠨ 20 ᠤ ᠡᠳᠦᠷ ᠠᠴᠠ

ᠡᠬᠢᠯᠡᠨ ᠢᠳᠡᠰᠢᠨ ᠨᠣᠭᠤᠭ᠎ᠠ ᠶᠢᠨ ᠦᠨ᠎ᠡ ᠥᠰᠬᠦ ᠬᠠᠨᠳᠤᠰᠢ  ᠲᠠᠢ ᠪᠣᠯᠵᠤ᠂ ᠡᠨᠡ ᠵᠢᠯ ᠤᠨ ᠪᠥᠭᠡᠷᠡᠩᠬᠡᠢ ᠴᠠᠭᠠᠨ

ᠨᠣᠭᠤᠭ᠎ᠠ ᠶᠢᠨ ᠦᠨ᠎ᠡ ᠨᠢᠳᠤᠨᠤᠨ ᠤ ᠬᠢ ᠠᠴᠠ ᠪᠠᠭ᠋ᠠᠨ ᠥᠨᠳᠥᠷ ᠪᠣᠯᠵᠤ᠂ ᠴᠠᠭᠠᠨ ᠨᠣᠭᠤᠭ᠎ᠠ ᠶᠢᠨ ᠦᠨ᠎ᠡ ᠪᠠᠭ᠋ᠠᠨ

ᠳᠣᠣᠷ᠎ᠠ ᠪᠣᠯᠵᠠᠢ︾᠃ ᠭᠡᠵᠦ ᠮᠢᠨ ᠯᠧ ᠲᠣᠰᠬᠤᠨ ᠤ ᠢᠳᠡᠰᠢᠨ ᠨᠣᠭᠤᠭ᠎ᠠ ᠲᠠᠷᠢᠬᠤ ᠡᠷᠦᠬᠡ ᠯᠢ ᠹᠧᠢ ᠶᠦᠨ

ᠰᠤᠷᠪᠤᠯᠵᠢᠯᠠᠭᠴᠢ ᠳᠤ ᠬᠡᠯᠡᠪᠡ ᠃

   ᠣᠳᠣᠬᠠᠨ ᠳᠤ᠂ ᠳᠠᠷᠢᠵᠤ ᠪᠠᠶᠢᠭ᠎ᠠ ᠴᠠᠭᠠᠨ ᠨᠣᠭᠤᠭ᠎ᠠ ᠨᠢᠭᠡᠨᠲᠡ ᠬᠤᠷᠢᠶᠠᠬᠤ ᠬᠤᠭᠤᠴᠠᠭᠠᠨ ᠳᠠᠭᠠᠨ ᠣᠷᠣᠵᠤ᠂

ᠮᠢᠨ ᠯᠧ ᠲᠣᠰᠬᠤᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ

ᠬᠦᠷᠢᠶᠡᠨ ᠳᠤ ᠨᠢᠭᠡᠨᠲᠡ ᠮᠠᠰᠢ ᠣᠯᠠᠨ ᠪᠠᠷᠠᠭᠠᠨ ᠤ ᠭᠦᠢᠯᠭᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠲᠡᠷᠭᠡ

ᠲᠡᠭᠡᠭᠡᠪᠦᠷᠢᠯᠡᠬᠦ ᠪᠠᠷ ᠬᠦᠯᠢᠶᠡᠵᠦ ᠪᠠᠶᠢᠨ᠎ᠠ᠂ ᠠᠵᠢᠯᠴᠢᠳ ᠶᠠᠭ ᠶᠠᠭᠠᠷᠠᠯᠲᠠᠢ ᠪᠠᠷ ᠲᠡᠷᠭᠡᠨ ᠳᠡᠭᠡᠷ᠎ᠡ ᠪᠣᠭᠤᠳᠠᠯᠯᠠᠭᠰᠠᠨ

ᠴᠠᠭᠠᠨ ᠨᠣᠭᠤᠭ᠎ᠠ ᠪᠠᠨ ᠵᠥᠭᠡᠭᠡᠪᠦᠷᠢᠯᠡᠵᠦ ᠪᠠᠶᠢᠨ᠎ᠠ᠃ ᠪᠣᠭᠤᠳᠠᠯ ᠪᠠᠭᠯᠠᠭ᠎ᠠ ᠶᠢᠨ ᠲᠠᠰᠤᠭ ᠲᠤ ᠂ ᠰᠤᠷᠪᠤᠯᠵᠢᠯᠠᠭᠴᠢ

ᠯᠢᠶᠣᠤᠨᠢᠩ ᠤᠨ ᠬᠤᠳᠠᠯᠳᠤᠨ ᠠᠪᠤᠭᠰᠠᠨ ᠬᠤᠳᠠᠯᠳᠤᠭᠠᠴᠢᠨ ᠸᠧᠢ ᠵᠧᠨ ᠴᠢᠩ ᠲᠠᠢ ᠠᠭᠤᠯᠵᠠᠪᠠ ᠃

4.png

   ︽ᠮᠠᠨ ᠤ ᠡᠨᠡ ᠨᠣᠭᠤᠭ᠎ᠠ ᠶᠢ ᠭᠤᠣᠯᠳᠠᠭᠤ ᠭᠤᠸᠠᠩᠳᠦ᠋ᠩ ᠪᠣᠯᠣᠨ ᠵᠧᠵᠢᠶᠠᠩ ᠢᠶᠠᠷ ᠪᠣᠷᠤᠯᠠᠭᠤᠯᠤᠨ᠎ᠠ᠂

ᠪᠣᠷᠤᠯᠠᠭᠤᠯᠭ᠎ᠠ ᠶᠢᠨ ᠵᠠᠮ ᠪᠠᠰᠠ ᠵᠦᠭᠡᠷ ᠪᠠᠶᠢᠨ᠎ᠠ ᠂ ᠠᠳᠡᠬᠢ ᠨᠣᠭᠤᠭ᠎ᠠ ᠶᠢᠨ ᠶᠠᠰᠤ ᠴᠢᠨᠠᠷ ᠨᠡᠯᠢᠶᠡᠳ ᠰᠠᠶᠢᠨ ᠪᠠᠶᠢᠨ᠎ᠠ︾

ᠭᠡᠵᠦ ᠮᠢᠨ ᠯᠧ ᠲᠣᠰᠬᠤᠨ ᠠᠴᠠ ᠢᠳᠡᠰᠢᠨ ᠨᠣᠭᠤᠭ᠎ᠠ ᠬᠤᠳᠠᠯᠳᠤᠨ ᠠᠪᠬᠤ ᠬᠤᠳᠠᠯᠳᠤᠭᠠᠴᠢᠨ ᠸᠧᠢ ᠵᠧᠨ ᠴᠢᠩ

ᠬᠡᠯᠡᠪᠡ ᠃

   ᠣᠶᠢᠯᠠᠭᠠᠭᠰᠠᠨ ᠢᠶᠠᠷ᠂ ᠬᠤᠸᠠᠳᠧ ᠰᠢᠶᠠᠨ ᠨᠢᠭᠡᠨᠲᠡ ᠴᠣᠣᠶᠠᠩ ᠪᠠᠯᠭᠠᠰᠤᠨ ᠤ ᠮᠢᠨ ᠯᠧ ᠵᠠᠰᠠᠭ ᠵᠠᠬᠢᠷᠭᠠᠨ ᠤ

ᠲᠣᠰᠬᠤᠨ ᠢᠶᠠᠷ ᠲᠥᠪ ᠪᠣᠯᠭᠠᠵᠤ᠂ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ︾᠂ ︽ᠬᠤᠷᠰᠢᠶ᠎ᠠ +

ᠺᠣᠮᠫᠠᠨᠢ + ᠰᠠᠭᠤᠷᠢᠨ ᠭᠠᠵᠠᠷ + ᠲᠠᠷᠢᠶᠠᠴᠢᠨ︾ ᠤ ᠠᠵᠢᠯᠯᠠᠭᠠᠨ ᠤ ᠵᠠᠭᠪᠤᠷ ᠢᠶᠠᠷ ᠡᠷᠬᠢᠨ ᠲᠣᠭᠤᠷᠢᠨ ᠤ

ᠲᠣᠰᠬᠤᠨ ᠢ ᠨᠥᠯᠥᠭᠡᠯᠡᠨ ᠲᠠᠶᠢᠴᠢᠯᠠᠵᠦ ᠣᠨᠴᠠᠯᠢᠭᠲᠤ ᠢᠳᠡᠰᠢᠨ ᠨᠣᠭᠤᠭ᠎ᠠ ᠳᠠᠷᠢᠭᠤᠯᠵᠤ ᠂ ᠪᠦᠬᠦ ᠪᠠᠯᠭᠠᠰᠤ ᠶᠢᠨ

21 ᠲᠣᠰᠬᠤᠨ᠂ ᠣᠨᠴᠠᠯᠢᠭᠲᠤ ᠢᠳᠡᠰᠢᠨ ᠨᠣᠭᠤᠭ᠎ᠠ ᠳᠠᠷᠢᠬᠤ ᠲᠣᠰᠬᠤᠨ ᠨᠢᠭᠡᠨᠲᠡ 18 ᠪᠣᠯᠵᠤ ᠂ ᠪᠣᠬᠢᠷᠳᠤᠯ

ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ 9 ᠪᠣᠯᠵᠤ ᠂ ᠲᠠᠷᠢᠶᠠᠴᠢᠳ ᠤᠨ ᠬᠥᠮᠥᠨ ᠳᠤᠮᠳᠠᠴᠢ ᠶᠢᠨ

ᠴᠡᠪᠡᠷ ᠣᠷᠣᠯᠭ᠎ᠠ ᠶᠢᠨ 75% ᠨᠢ ᠢᠳᠡᠰᠢᠨ ᠨᠣᠭᠤᠭ᠎ᠠ ᠳᠠᠷᠢᠬᠤ ᠠᠴᠠ ᠢᠷᠡᠵᠤ ᠂ ᠦᠢᠯᠡᠳᠪᠦᠷᠢᠯᠡᠭᠰᠡᠨ ᠬᠦᠢᠲᠡᠨ

ᠰᠡᠷᠢᠭᠦᠨ ᠢᠳᠡᠰᠢᠨ ᠨᠣᠭᠤᠭ᠎ᠠ ᠶᠢ ᠪᠡᠭᠡᠵᠢᠩ ᠤᠨ ᠵᠠᠬ᠎ᠠ ᠳᠡᠯᠭᠡᠭᠦᠷ ᠲᠤ ᠶᠡᠭᠡ ᠬᠡᠮᠵᠢᠶ᠎ᠡ ᠪᠠᠷ ᠬᠠᠩᠭᠠᠵᠤ ᠂ ᠪᠡᠭᠡᠵᠢᠩ

ᠴᠢᠨᠠᠭᠰᠢᠯᠠᠪᠠᠯ ᠪᠦᠬᠦ ᠤᠯᠤᠰ ᠤᠨ︽ᠢᠳᠡᠰᠢᠨ ᠨᠣᠭᠤᠭ᠎ᠠ︾  ᠶᠢᠨ ᠭᠤᠣᠯ ᠬᠦᠴᠦᠨ ᠪᠣᠯᠤᠭᠰᠠᠨ ᠪᠠᠶᠢᠨ᠎ᠠ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2