ᠮᠠᠨ ᠤ ᠰᠢᠶᠠᠨ ᠤ ᠴᠣᠣᠶᠠᠩ ᠪᠠᠯᠭᠠᠰᠤ ᠶᠢᠨ ᠰᠢᠶᠣᠣ ᠳ᠋ᠦᠩ ᠲᠠᠨ ᠲᠣᠰᠬᠤᠨ ᠤ ᠵᠢᠶᠠ ᠳ᠋ᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ᠄ ︽ᠵᠠᠬᠢᠶᠠᠯᠠᠭ᠎ᠠ ᠶᠢᠨ ᠲᠠᠷᠢᠶᠠᠯᠠᠩ︾ ᠨᠢ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠶᠢᠨ ᠬᠠᠮᠲᠤ ᠲᠡᠳᠡᠨ ᠳᠤ ᠮᠠᠰᠢ ᠳᠦᠭᠦᠮ ᠪᠣᠯᠪᠠ
ᠨᠡᠶᠢᠲᠡᠯᠡᠭᠰᠡᠨ ᠴᠠᠭ᠄
2022/8/26
   ᠣᠶᠢᠷ᠎ᠠ ᠶᠢᠨ ᠡᠳᠦᠷ ᠤᠳ ᠲᠤ ᠂ ᠬᠤᠸᠠᠳᠧ ᠰᠢᠶᠠᠨ ᠤ ᠴᠣᠣᠶᠠᠩ ᠪᠠᠯᠭᠠᠰᠤᠨ ᠤ ᠰᠢᠶᠣᠣ ᠳ᠋ᠦᠩ ᠲᠠᠨ ᠲᠣᠰᠬᠤᠨ ᠳᠤ ᠪᠠᠶᠢᠭ᠎ᠠ ᠵᠢᠶᠠ ᠳ᠋ᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ ᠶᠠᠭ ᠪᠦᠬᠦ ᠬᠦᠴᠦᠨ ᠢᠶᠠᠷ ᠢᠶᠠᠨ ᠤᠰᠤ ᠠᠯᠳᠠᠭᠰᠠᠨ ᠢᠳᠡᠰᠢᠨ ᠨᠣᠭᠤᠭ᠎ᠠ ᠶᠢ ᠡᠳ᠋ᠰᠢᠭᠦᠯᠦᠨ ᠦᠢᠯᠡᠳᠪᠦᠷᠢᠯᠡᠵᠦ ᠂ 4000 ᠲᠦᠮᠡᠨ ᠲᠥᠭᠦᠷᠢᠭ ᠤᠨ ᠦᠢᠯᠡᠳᠬᠦᠨ ᠤ ᠦᠷᠳᠡᠭ ᠢ ᠣᠯᠬᠤ ᠪᠠᠷ ᠴᠢᠷᠮᠠᠶᠢᠵᠤ ᠪᠤᠢ ᠃ ᠺᠣᠮᠫᠠᠨᠢ ︽ᠵᠠᠬᠢᠶᠠᠯᠠᠭ᠎ᠠ ᠶᠢᠨ ᠲᠠᠷᠢᠶᠠᠯᠠᠩ︾ ᠢ ᠬᠥᠭᠵᠢᠭᠦᠯᠦᠭᠰᠡᠨ ᠢᠶᠠᠷ ᠲᠤᠬᠠᠢ ᠶᠢᠨ ᠭᠠᠵᠠᠷ ᠤᠨ ᠢᠳᠡᠰᠢᠨ ᠨᠣᠭᠤᠭ᠎ᠠ ᠶᠢᠨ ᠪᠣᠯᠪᠠᠰᠤᠷᠠᠭᠰᠠᠨ ᠰᠣᠷᠭᠤᠭ ᠪᠠᠶᠢᠯᠭᠠᠬᠤ ᠳᠠᠷᠤᠭᠳᠠᠯ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ ᠃

10.png

   ᠠᠯᠲᠠᠨ ᠨᠠᠮᠤᠷ ᠤᠨ 8 ᠰᠠᠷ᠎ᠠ ᠳᠤ᠂ ᠬᠤᠸᠠᠳᠧ ᠰᠢᠶᠠᠨ ᠪᠠᠰᠠ ᠪᠥᠭᠡᠷᠡᠩᠬᠡᠢ ᠴᠠᠭᠠᠨ ᠨᠣᠭᠤᠭ᠎ᠠ ᠶᠢᠨ ᠡᠯᠪᠡᠭ

ᠬᠤᠷᠢᠶᠠᠯᠲᠠ ᠶᠢᠨ ᠤᠯᠠᠷᠢᠯ ᠢᠶᠠᠨ ᠤᠭᠲᠤᠨ ᠠᠪᠴᠢᠷᠠᠯ᠎ᠠ᠃ ᠰᠤᠷᠪᠤᠯᠵᠢᠯᠠᠭᠴᠢ ᠶᠠᠩ ᠵᠢᠶᠠ ᠳ᠋ᠢ ᠲᠣᠰᠬᠤᠨ ᠤ ᠠᠷᠠᠳ

ᠰᠢᠦᠢ ᠶᠠᠨ ᠳ᠋ᠦᠩ ᠤᠨ ᠪᠥᠭᠡᠷᠡᠩᠬᠡᠢ ᠴᠠᠭᠠᠨ ᠨᠣᠭᠤᠭ᠎ᠠ ᠶᠢᠨ ᠲᠠᠷᠢᠶ᠎ᠡ ᠪᠣᠯᠣᠨ ᠬᠤᠯᠤᠤᠪᠠᠩ ᠲᠠᠷᠢᠬᠤ ᠰᠠᠭᠤᠷᠢᠨ ᠳᠤ ᠂

ᠨᠣᠪ ᠨᠣᠭᠤᠭᠠᠨ᠂ ᠤᠰᠤᠯᠢᠭ ᠰᠣᠷᠭᠤᠭ ᠪᠥᠭᠡᠷᠡᠩᠬᠡᠢ ᠴᠠᠭᠠᠨ ᠨᠣᠭᠤᠭ᠎ᠠ ᠪᠣᠯᠣᠨ ᠲᠣᠮᠣ ᠪᠥᠭᠡᠳ ᠤᠯᠠᠭᠠᠨ

ᠬᠤᠯᠤᠤᠪᠠᠩ ᠂ ᠤᠷᠭᠤᠯᠲᠠ ᠶᠢᠨ ᠪᠠᠶᠢᠳᠠᠯ ᠨᠢ ᠮᠠᠰᠢ ᠰᠠᠶᠢᠨ ᠪᠠᠶᠢᠵᠤ ᠂ ᠲᠡᠷᠭᠡ ᠲᠡᠷᠭᠡ ᠪᠠᠷ ᠲᠡᠭᠡᠭᠡᠵᠦ᠂ ᠤᠰᠤ

ᠦᠭᠡᠶᠢᠳᠡᠭᠦᠯᠦᠭᠰᠡᠨ ᠢᠳᠡᠰᠢᠨ ᠨᠣᠭᠤᠭ᠎ᠠ ᠪᠣᠯᠪᠠᠰᠤᠷᠠᠭᠤᠯᠬᠤ ᠦᠢᠯᠡᠳᠪᠦᠷᠢ ᠳᠤ ᠬᠦᠷᠭᠡᠵᠦ ᠦᠢᠯᠡᠳᠪᠤᠷᠢᠯᠡᠭᠦᠯᠬᠦ ᠶᠢ

ᠣᠯᠵᠤ ᠬᠠᠷᠠᠪᠡ᠃

11.png

 

︽ᠡᠨᠡ ᠵᠢᠯ 200 ᠭᠠᠷᠤᠢ ᠮᠦ ᠨᠣᠭᠤᠭ᠎ᠠ ᠳᠠᠷᠢᠭᠰᠠᠨ᠂ᠤᠷᠭᠤᠯᠲᠠ  ᠨᠢ ᠴᠤ ᠨᠡᠯᠢᠶᠡᠳ ᠰᠠᠶᠢᠨ᠂ ᠬᠢᠵᠢᠭ ᠤᠨ

ᠪᠠᠶᠢᠳᠠᠯ ᠤᠨ ᠰᠢᠯᠲᠠᠭᠠᠨ ᠠᠴᠠ ᠪᠣᠯᠵᠤ ᠡᠨᠡ ᠵᠢᠯ ᠤᠨ ᠵᠠᠬ᠎ᠠ ᠳᠡᠯᠭᠡᠭᠦᠷ ᠤᠨ ᠨᠣᠭᠤᠭ᠎ᠠ ᠶᠢᠨ ᠦᠨ᠎ᠡ ᠲᠡᠶᠢᠮᠦ ᠰᠠᠶᠢᠨ

ᠪᠢᠰᠢ᠂ ᠦᠨᠳᠦᠰᠦᠨ ᠳᠡᠭᠡᠨ ᠴᠡᠪᠡᠷ ᠠᠰᠢᠭ ᠣᠷᠣᠯᠭ᠎ᠠ ᠨᠢ ᠮᠦ ᠪᠦᠷᠢ ᠳᠡᠭᠡᠨ 800 ᠠᠴᠠ 1000 ᠲᠥᠭᠦᠷᠢᠭ ᠲᠤ

ᠬᠦᠷᠴᠦ ᠪᠠᠶᠢᠨ᠎ᠠ︾ ᠭᠡᠵᠦ ᠲᠠᠷᠢᠮᠠᠯ ᠤᠨ ᠡᠷᠦᠬᠡ ᠰᠢᠦᠢ ᠶᠠᠨ ᠳ᠋ᠦᠩ ᠬᠡᠯᠡᠨ᠎ᠡ ᠂ ᠦᠢᠯᠡᠳᠪᠦᠷᠢ ᠲᠠᠢ ᠳᠣᠯᠤᠭ᠎ᠠ

ᠨᠠᠢᠮᠠᠨ ᠵᠢᠯ ᠤᠨ ᠭᠡᠷ᠎ᠡ ᠲᠣᠭᠲᠠᠵᠤ᠂ ᠦᠨᠳᠦᠰᠦᠨ ᠳᠡᠭᠡᠨ ᠵᠢᠯ ᠪᠦᠷᠢ ᠪᠦᠬᠦᠨ ᠢ ᠬᠤᠳᠠᠯᠳᠤᠬᠤ ᠶᠢ ᠪᠠᠲᠤᠯᠠᠵᠤ᠂

ᠲᠠᠷᠢᠶᠠᠨ ᠭᠠᠵᠠᠷ ᠲᠠᠭᠠᠨ ᠦᠯᠡᠳᠡᠭᠡᠬᠦ ᠨᠣᠭᠤᠭ᠎ᠠ ᠦᠭᠡᠢ ᠪᠣᠯᠬᠤᠷ ᠲᠠᠷᠢᠶᠠᠴᠢᠳ ᠲᠤ ᠪᠠᠲᠤᠯᠠᠭ᠎ᠠ ᠶᠢᠨ ᠠᠰᠢᠭ

ᠣᠷᠣᠯᠭ᠎ᠠ ᠲᠠᠢ ᠪᠣᠯᠤᠭᠰᠠᠨ ᠂ ᠲᠠᠷᠢᠶᠠᠴᠢᠳ ᠮᠠᠰᠢ ᠪᠠᠶᠠᠷᠯᠠᠵᠤ᠂ ᠲᠤᠩ ᠢᠳᠡᠪᠬᠢᠲᠡᠢ ᠠᠵᠢᠯᠯᠠᠵᠤ᠂ ᠮᠠᠰᠢ ᠪᠠᠶᠠᠷ

ᠬᠥᠷ ᠲᠠᠢ ᠬᠠᠮᠲᠤᠷᠠᠨ ᠠᠵᠢᠯᠯᠠᠵᠤ ᠪᠠᠶᠢᠨ᠎ᠠ ᠭᠡᠵᠡᠢ᠃

   ︽ᠤᠬᠢᠶᠠᠵᠤ ᠴᠡᠪᠡᠷᠯᠡᠬᠦ᠂ ᠬᠡᠷᠴᠢᠬᠦ ᠂ ᠤᠰᠤ ᠦᠭᠡᠶᠢᠳᠡᠭᠦᠯᠬᠦ᠂ ᠬᠠᠲᠠᠭᠠᠬᠤ᠂ ᠰᠢᠯᠢᠬᠦ ᠁︾ ᠤᠰᠤ

ᠦᠭᠡᠶᠢᠳᠡᠭᠦᠯᠬᠦ ᠦᠢᠯᠡᠳᠪᠦᠷᠢ ᠶᠢᠨ ᠲᠠᠰᠤᠭ ᠲᠤ ᠪᠥᠭᠡᠷᠡᠩᠬᠡᠢ ᠴᠠᠭᠠᠨ ᠨᠣᠭᠤᠭ᠎ᠠ᠂ ᠬᠤᠯᠤᠤᠪᠠᠩ ᠢ

ᠦᠢᠯᠡᠳᠪᠦᠷᠢᠯᠡᠯ ᠤᠨ ᠱᠤᠭᠤᠮ ᠳᠤ ᠬᠦᠷᠭᠡᠭᠰᠡᠨ ᠤ ᠳᠠᠷᠠᠭ᠎ᠠ ᠴᠠᠭᠠᠨ ᠨᠣᠭᠤᠭ᠎ᠠ ᠶᠢᠨ ᠬᠠᠲᠠᠭᠠᠮᠠᠯ ᠪᠠ

ᠬᠤᠯᠤᠤᠪᠠᠩ ᠤᠨ ᠬᠠᠲᠠᠭᠠᠮᠠᠯ ᠪᠣᠯᠭᠠᠳᠠᠭ᠃ ᠦᠢᠯᠡᠳᠪᠦᠷᠢ ᠶᠢᠨ ᠲᠠᠰᠤᠭ ᠤᠨ ᠮᠠᠰᠢᠨ ᠬᠦᠩᠭᠢᠨᠡᠵᠦ ᠂ 50 ᠭᠠᠷᠤᠢ

ᠠᠵᠢᠯᠴᠢᠨ ᠲᠤᠰ ᠲᠤᠰ ᠤᠨ ᠠᠵᠢᠯ ᠢᠶᠠᠨ ᠭᠦᠢᠴᠡᠳᠬᠡᠵᠦ ᠂ ᠡᠳ᠋ᠰᠢᠭᠦᠯᠦᠨ ᠦᠢᠯᠡᠳᠬᠦ ᠠᠵᠢᠯ ᠡᠮᠬᠢ ᠳᠢᠭᠯᠢᠮ ᠲᠠᠢ 

ᠶᠠᠪᠤᠭᠳᠠᠨ᠎ᠠ᠃

12.png

   ︽ᠡᠨᠡ ᠵᠢᠯ ᠤᠨ ᠬᠦᠭᠵᠢᠭᠦᠯᠦᠭᠰᠡᠨ ᠰᠠᠭᠤᠷᠢᠨ ᠭᠠᠵᠠᠷ ᠲᠦᠮᠡ ᠭᠠᠷᠤᠢ ᠮᠦ ᠪᠠᠶᠢᠵᠤ᠂ ᠲᠤᠬᠠᠢ ᠶᠢᠨ ᠭᠠᠵᠠᠷ ᠤᠨ

ᠲᠠᠷᠢᠮᠠᠯ ᠤᠨ ᠡᠷᠦᠬᠡ 270 ᠭᠠᠷᠤᠢ ᠪᠣᠯᠵᠤ᠂ ᠦᠢᠯᠡᠳᠬᠦᠨ ᠤ ᠥᠷᠲᠡᠭ ᠨᠢ 4000 ᠲᠦᠮᠡ ᠰᠢᠬᠠᠮ ᠪᠣᠯᠵᠤ᠂

ᠭᠤᠣᠯᠳᠠᠭᠤ ᠬᠤᠯᠤᠤᠪᠠᠩ᠂ ᠪᠥᠭᠡᠷᠡᠩᠬᠡᠢ ᠴᠠᠭᠠᠨ ᠨᠣᠭᠤᠭ᠎ᠠ ᠪᠠᠷ ᠭᠤᠣᠯᠯᠠᠵᠤ᠂ ᠵᠢᠯ ᠤᠨ ᠭᠠᠷᠤᠯᠲᠠ ᠨᠢ 20000

ᠭᠠᠷᠤᠢ ᠲᠣᠨ ᠪᠣᠯᠵᠠᠢ ᠃ ︾  ᠵᠢᠶᠠ ᠳ᠋ᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ

ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠠᠩ ᠬᠠᠢ ᠮᠢᠩ ᠬᠡᠯᠡᠨ᠎ᠡ᠂ ᠳᠠᠷᠠᠭ᠎ᠠ ᠵᠢᠯ ᠦᠢᠯᠡᠳᠪᠦᠷᠢ ᠶᠢᠨ

ᠲᠠᠰᠤᠭ ᠤᠨ ᠠᠦ᠋ᠲ᠋ᠣ᠋ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ ᠂ 20000 ᠮᠦ ᠲᠠᠷᠢᠮᠠᠯ ᠤᠨ ᠰᠠᠭᠤᠷᠢᠨ ᠢ

ᠰᠢᠪᠲᠤᠯᠬᠤ ᠪᠠᠷ ᠲᠥᠯᠥᠪᠯᠡᠵᠦ ᠪᠠᠶᠢᠨ᠎ᠠ ᠃

   ᠲᠣᠰ ᠺᠣᠮᠫᠠᠨᠢ ᠶᠢᠨ ᠬᠠᠷᠢᠭᠤᠴᠠᠯᠭᠠᠲᠠᠨ ᠵᠠᠩ ᠬᠠᠢ ᠮᠢᠩ ᠤᠨ ᠲᠠᠨᠢᠯᠴᠠᠭᠤᠯᠤᠭᠰᠠᠨ ᠢᠶᠠᠷ᠂ ᠲᠣᠰ ᠺᠣᠮᠫᠠᠨᠢ ᠪᠣᠯ

ᠺᠠᠩ ᠱᠢ ᠹᠦ᠋ ᠶᠢᠨ ᠳᠣᠣᠷᠠᠬᠢ ᠠᠵᠤ ᠦᠢᠯᠡᠰ ᠲᠤ ᠬᠠᠷᠢᠶᠠᠯᠠᠭᠳᠠᠵᠤ᠂ ᠤᠰᠤ ᠦᠭᠡᠶᠢᠳᠡᠭᠦᠯᠦᠭᠰᠡᠨ ᠢᠳᠡᠰᠢᠨ

ᠨᠣᠭᠤᠭ᠎ᠠ ᠡᠳ᠋ᠰᠢᠭᠦᠯᠦᠨ ᠪᠣᠷᠣᠯᠠᠭᠤᠯᠬᠤ ᠠᠵᠤ ᠠᠬᠤᠶᠢᠯᠠᠯ ᠮᠥᠨ᠂ 2017 ᠣᠨ ᠤ 8 ᠰᠠᠷ᠎ᠠ ᠳᠤ ᠵᠢᠩᠬᠢᠨᠢ ᠪᠠᠷ

ᠠᠰᠢᠭᠯᠠᠯᠲᠠ ᠳᠤ ᠣᠷᠣᠵᠤ᠂ ᠣᠳᠣᠬᠠᠨ ᠳᠤ 4 ᠦᠢᠯᠡᠳᠪᠦᠷᠢᠯᠡᠯ ᠤᠨ ᠱᠤᠭᠤᠮ ᠲᠠᠢ ᠪᠠᠶᠢᠵᠤ᠂ ᠳᠤᠮᠳᠠᠴᠢ ᠪᠠᠷ

ᠡᠳᠦᠷ ᠪᠦᠷᠢ 600 ᠲᠣᠨ ᠰᠢᠨ᠎ᠡ ᠰᠣᠷᠭᠤᠭ ᠢᠳᠡᠰᠢᠨ ᠨᠣᠭᠤᠭ᠎ᠠ ᠪᠣᠯᠪᠠᠰᠤᠷᠠᠭᠤᠯᠵᠤ᠂ 100 ᠮᠦ ᠭᠠᠵᠠᠷ ᠤᠨ

ᠢᠳᠡᠰᠢᠨ ᠨᠣᠭᠤᠭ᠎ᠠ ᠶᠢᠨ ᠭᠠᠷᠤᠯᠲᠠ ᠶᠢ ᠰᠢᠩᠭᠡᠭᠡᠵᠦ᠂ ᠵᠢᠯ ᠤᠨ ᠦᠢᠯᠡᠳᠪᠦᠷᠢᠯᠡᠯ ᠤᠨ ᠬᠡᠮᠵᠢᠶ᠎ᠡ ᠨᠢ ᠲᠦᠮᠡᠨ ᠮᠦ ᠳᠤ

ᠬᠦᠷᠴᠦ᠂ ᠡᠨᠡ ᠵᠢᠯ 4000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠣᠯᠬᠤ ᠪᠠᠷ ᠴᠢᠷᠮᠠᠶᠢᠵᠦ ᠪᠠᠶᠢᠨ᠎ᠠ ᠃

 ᠡᠭᠦᠨ ᠤ ᠬᠠᠮᠲᠤ ᠪᠠᠰᠠ ᠲᠤᠬᠠᠢ ᠶᠢᠨ ᠭᠠᠵᠠᠷ ᠵᠢᠴᠢ ᠡᠷᠭᠢᠨ ᠲᠣᠭᠤᠷᠢᠨ ᠤ 300 ᠭᠠᠷᠤᠢ ᠲᠠᠷᠢᠶᠠᠴᠢᠨ ᠤ ᠠᠵᠢᠯ

ᠣᠯᠬᠤ ᠠᠰᠠᠭᠤᠳᠠᠯ ᠢ ᠰᠢᠢᠳᠪᠦᠷᠢᠯᠡᠵᠦ᠂ ᠲᠤᠬᠠᠢ ᠶᠢᠨ ᠭᠠᠵᠠᠷ ᠤᠨ 30 ᠭᠠᠷᠤᠢ ᠲᠡᠷᠭᠡ ᠬᠥᠰᠬᠡ ᠨᠢ ᠪᠦᠬᠦ

ᠰᠢᠶᠠᠨ ᠤ ᠠᠵᠢᠯ ᠣᠯᠬᠤ ᠳᠠᠷᠤᠯᠲᠠ ᠶᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠦᠭᠰᠡᠨ ᠪᠠᠶᠢᠨ᠎ᠠ᠃

13.png

   ᠣᠶᠢᠷ᠎ᠠ ᠶᠢᠨ ᠵᠢᠯ ᠤᠳ ᠲᠤ᠂ ᠲᠣᠰ ᠺᠣᠮᠫᠠᠨᠢ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠯᠠᠩ︾

 ᠤᠨ ᠠᠵᠤ ᠦᠶᠢᠯᠡᠰᠵᠢᠭᠰᠡᠨ ᠡᠵᠡᠩᠨᠡᠯᠲᠡ ᠶᠢᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠠᠭᠤᠷᠢ

ᠦᠨ᠎ᠡ ᠶᠢ ᠪᠠᠲᠤᠯᠠᠬᠤ ᠶᠣᠰᠣᠭᠠᠷ ᠲᠠᠷᠢᠶᠠᠴᠢᠨ ᠡᠷᠦᠬᠡ ᠲᠠᠢ ᠳᠠᠷᠢᠵᠤ ᠬᠤᠳᠠᠯᠳᠤᠨ ᠠᠪᠬᠤ ᠭᠡᠷ᠎ᠡ ᠲᠣᠭᠲᠠᠵᠤ᠂

ᠳᠠᠷᠢᠵᠤ ᠤᠷᠭᠤᠭᠤᠯᠤᠭᠰᠠᠨ ᠡᠷᠦᠬᠡ ᠶᠢᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠭᠰᠠᠨ ᠪᠠᠶᠢᠨ᠎ᠠ

︽ᠡᠨᠡ ᠵᠢᠯ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠢᠳᠡᠰᠢᠨ ᠨᠣᠭᠤᠭ᠎ᠠ ᠶᠢᠨ ᠦᠨ᠎ᠡ ᠥᠨᠳᠥᠷ

ᠪᠢᠰᠢ᠂ ᠮᠦ ᠪᠦᠷᠢ ᠶᠢ 400— 500 ᠲᠥᠭᠦᠷᠢᠭ ᠢᠶᠠᠷ ᠬᠤᠳᠠᠯᠳᠤᠨ᠎ᠠ᠂ ᠮᠠᠨ ᠤ ᠺᠣᠮᠫᠠᠨᠢ ᠲᠠᠢ ᠬᠠᠮᠲᠤᠷᠠᠨ

ᠠᠵᠢᠯᠯᠠᠭᠰᠠᠨ ᠤ ᠳᠠᠷᠠᠭ᠎ᠠ ᠮᠦ ᠪᠦᠷᠢ ᠶᠢ 2500 ᠣᠷᠴᠢᠮ ᠢᠶᠠᠷ ᠬᠤᠳᠠᠯᠳᠤᠨ᠎ᠠ᠂ ᠣᠳᠣᠬᠠᠨ ᠳᠤ ᠠᠷᠠᠳ ᠢᠷᠭᠡᠳ

ᠺᠣᠮᠫᠠᠨᠢ ᠲᠠᠢ ᠬᠠᠮᠲᠤᠷᠠᠨ ᠠᠵᠢᠯᠯᠠᠭᠰᠠᠨ ᠤ ᠳᠠᠷᠠᠭᠠᠬᠢ ᠰᠠᠶᠢᠨ ᠲᠠᠯ᠎ᠠ ᠶᠢ ᠮᠡᠳᠡᠭᠰᠡᠨ ︾᠃ ᠭᠡᠵᠦ ᠵᠢᠶᠠ ᠳ᠋ᠧ 

ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠠᠩ

ᠬᠠᠢ ᠮᠢᠩ ᠬᠡᠯᠡᠪᠡ ᠃

14.png

   ︽ᠵᠠᠬᠢᠶᠠᠯᠠᠭ᠎ᠠ ᠶᠢᠨ ᠲᠠᠷᠢᠶᠠᠯᠠᠩ︾ ᠤᠨ ᠭᠡᠷ᠎ᠡ ᠶᠢᠨ ᠬᠡᠯᠡᠯᠴᠡᠭᠡᠷ ᠢᠶᠠᠷ ᠳᠠᠮᠵᠢᠭᠤᠯᠤᠨ ᠂ ᠲᠠᠷᠢᠶᠠᠴᠢᠨ ᠡᠷᠦᠭᠡ ᠶᠢᠨ

ᠢᠳᠡᠰᠢᠨ ᠨᠣᠭᠤᠭ᠎ᠠ ᠲᠠᠷᠢᠬᠤ ᠦᠷ᠎ᠡ ᠠᠰᠢᠭ ᠢ ᠲᠥᠰᠥᠭᠡᠯᠡᠵᠦ ᠪᠣᠯᠬᠤᠶᠢᠴᠠ ᠴᠢᠨᠠᠷ ᠲᠠᠢ ᠪᠣᠯᠭᠠᠵᠤ ᠂ ᠣᠷᠣᠯᠭ᠎ᠠ ᠶᠢ

ᠲᠣᠭᠲᠠᠭᠤᠨ ᠪᠣᠯᠭᠠᠵᠤ ᠂ ᠥᠷᠭᠡᠨ ᠤᠯᠠᠨ ᠲᠠᠷᠢᠶᠠᠴᠢᠨ ᠡᠷᠦᠭᠡ ᠶᠢᠨ ᠲᠠᠷᠢᠶᠠᠯᠠᠩ ᠤᠨ ᠦᠢᠯᠡᠳᠪᠦᠷᠢᠯᠡᠯ ᠢ

ᠬᠥᠭᠵᠢᠭᠦᠯᠬᠦ ᠢᠳᠡᠪᠬᠢᠵᠢᠯ ᠢ ᠪᠦᠲᠦᠮᠵᠢᠲᠡᠶ ᠪᠠᠷ ᠳᠠᠶᠢᠴᠢᠯᠠᠭᠰᠠᠨ ᠪᠠᠶᠢᠨ᠎ᠠ ᠃ ᠠᠵᠤ ᠠᠬᠤᠶᠢᠯᠠᠯ ᠤᠳ

ᠲᠥᠯᠥᠪᠯᠡᠭᠡ ᠲᠠᠢ ᠂ ᠬᠡᠪᠴᠢᠶ᠎ᠡ ᠲᠠᠢ ᠪᠠᠷ ᠢᠳᠡᠰᠢᠨ ᠨᠣᠭᠤᠭ᠎ᠠ ᠶᠢ ᠬᠤᠳᠠᠯᠳᠤᠨ ᠠᠪᠴᠤ ᠂ ᠪᠣᠯᠪᠠᠰᠤᠷᠠᠭᠤᠯᠬᠤ

ᠲᠦᠭᠦᠬᠡᠢ ᠡᠳ᠋ ᠤᠨ ᠬᠠᠩᠭᠠᠯᠭ᠎ᠠ ᠶᠢᠨ ᠬᠡᠮᠵᠢᠶ᠎ᠡ ᠶᠢ ᠪᠠᠲᠤᠯᠠᠭ᠎ᠠ ᠲᠠᠢ ᠪᠣᠯᠭᠠᠵᠤ ᠂ ᠲᠠᠷᠢᠶᠠᠴᠢᠳ ᠤᠨ ᠣᠷᠣᠯᠭ᠎ᠠ ᠶᠢ

ᠪᠠᠲᠤᠯᠠᠭ᠎ᠠ ᠲᠠᠢ ᠪᠣᠯᠭᠠᠪᠡ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2