ᠮᠠᠨ ᠤ ᠰᠢᠶᠠᠨ ᠤ ᠴᠠᠩᠱᠦ᠋ᠨ ᠪᠠᠯᠭᠠᠰᠤᠨ ᠤ ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ ᠤᠨ ᠨᠠᠮ ᠤᠨ ᠡᠭᠦᠷ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠠᠵᠢᠯᠯᠠᠭ᠎ᠠ ᠶᠢ ᠬᠠᠮᠲᠤᠪᠠᠷ ᠥᠷᠨᠢᠭᠦᠯᠪᠡ
ᠨᠡᠶᠢᠲᠡᠯᠡᠭᠰᠡᠨ ᠴᠠᠭ᠄
2022/9/16
     ᠬᠤᠸᠠᠳᠧ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠴᠠᠩᠱᠦ᠋ᠨ  ᠪᠠᠯᠭᠠᠰᠤᠨ ᠤ ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ ᠲᠤ ᠲᠣᠮᠢᠯᠠᠨ ᠰᠠᠭᠤᠯᠭᠠᠭᠰᠠᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠠᠷᠠᠳ ᠲᠤ ᠦᠢᠯᠡᠴᠢᠯᠡᠵᠤ ᠬᠦᠴᠢᠷ ᠠᠰᠠᠭᠤᠳᠠᠯ ᠢ ᠰᠢᠢᠳᠪᠤᠷᠢᠯᠡᠬᠦ ᠬᠠᠷᠠᠯᠲᠠ ᠶᠢᠨ ᠲᠣᠭᠤᠷᠢᠨ ᠳᠤ᠂ ᠴᠠᠭ ᠢᠮᠠᠭᠲᠠ ᠠᠷᠠᠳ ᠣᠯᠠᠨ ᠤ ᠠᠮᠤᠷ ᠲᠦᠪᠰᠢᠨ ᠠᠶᠤᠯ ᠲᠦᠭᠰᠢᠭᠦᠷᠢ ᠶᠢ ᠰᠡᠳᠬᠢᠯ ᠳᠡᠭᠡᠨ ᠪᠤᠳᠤᠵᠤ᠂ ᠠᠵᠢᠯᠲᠠᠨ ᠠᠵᠢᠯᠴᠢᠨ᠂ ᠣᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠠᠯᠠᠮᠵᠢᠯᠠᠵᠤ᠂ ᠠᠵᠢᠯᠲᠠᠨ ᠠᠵᠢᠯᠴᠢᠨ᠂ ᠣᠯᠠᠨ ᠲᠦᠮᠡᠨ ᠳᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ ᠥᠭᠬᠦ ᠪᠠᠷ ᠴᠢᠷᠮᠠᠶᠢᠪᠠ᠃
C:\Users\II\Desktop\01.jpg
     ᠣᠶᠢᠷ᠎ᠠ ᠳᠤ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠠᠢ ᠭᠠᠷ ᠬᠤᠯᠪᠣᠨ᠂ ᠬᠤᠸᠠᠳᠧ ᠰᠢᠶᠠᠨ ᠤ ᠡᠮᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠲᠠᠢ ᠬᠠᠷᠢᠯᠴᠠᠵᠤ ᠴᠠᠩᠱᠦ᠋ᠨ ᠪᠠᠯᠭᠠᠰᠤᠨ ᠤ ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ ᠲᠤ ᠬᠦᠷᠴᠦ ᠡᠯ᠎ᠡ ᠲᠥᠷᠥᠯ ᠤᠨ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ ᠶᠢᠨ ᠲᠠᠶᠢᠯᠤᠮᠵᠢ ᠥᠷᠨᠢᠭᠦᠯᠪᠡ᠃     ᠰᠢᠶᠠᠨ ᠤ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠲᠥᠪ ᠤᠨ ᠳᠡᠳ᠋ ᠡᠷᠬᠢᠯᠡᠭᠴᠢ ᠡᠮᠴᠢ ᠳ᠋ᠢᠩ ᠵᠦᠩ ᠶᠤᠸᠠᠢ᠂ ᠠᠮᠢᠰᠬᠤᠯ ᠤᠨ ᠰᠠᠯᠠᠭᠠᠨ ᠤ ᠡᠮᠴᠢ ᠱᠢ ᠵᠢᠶᠦ᠋ᠨ᠂ ᠮᠡᠳᠡᠷᠡᠯ ᠤᠨ ᠳᠣᠲᠣᠷ ᠰᠠᠯᠠᠭᠠᠨ ᠤ ᠡᠮᠴᠢ ᠯᠢ ᠳ᠋ᠦᠩ ᠶᠤᠸᠠᠢ ᠡᠯ᠎ᠡ ᠵᠦᠢᠯ ᠤᠨ ᠡᠪᠡᠳᠴᠢᠨ ᠡᠮᠭᠡᠭ ᠤᠨ ᠲᠤᠬᠠᠢ ᠲᠠᠶᠢᠯᠪᠤᠷᠢᠯᠠᠯᠲᠠ ᠬᠢᠬᠦ ᠪᠠᠷ ᠳᠠᠮᠵᠢᠨ᠂ ᠰᠠᠭᠤᠭᠠᠯᠢ ᠠᠷᠠᠳ ᠮᠠᠰᠢ ᠤᠯᠠᠨ ᠡᠪᠡᠳᠴᠢᠨ ᠡᠮᠭᠡᠭ ᠢ ᠰᠡᠷᠭᠡᠶᠢᠯᠡᠬᠦ ᠮᠡᠳᠡᠯᠭᠡ ᠶᠢ ᠡᠵᠡᠮᠰᠢᠵᠦ᠂ ᠡᠯ᠎ᠡ ᠵᠦᠢᠯ ᠤᠨ ᠡᠪᠡᠳᠴᠢᠨ ᠡᠮᠭᠡᠭ ᠤᠨ ᠮᠡᠳᠡᠯᠭᠡ ᠶᠢᠨ ᠬᠡᠷᠡᠭᠯᠡᠬᠦ ᠠᠷᠭ᠎ᠠ ᠶᠢ ᠣᠶᠢᠯᠠᠭᠠᠵᠤ᠂ ᠡᠯ᠎ᠡ ᠵᠦᠢᠯ ᠤᠨ ᠡᠮᠴᠢᠯᠡᠭᠡᠨ ᠳᠤ ᠬᠡᠷᠡᠭᠯᠡᠬᠦ ᠮᠡᠷᠭᠡᠵᠢᠯ ᠢ ᠬᠡᠷᠬᠢᠨ ᠬᠡᠷᠡᠭᠯᠡᠵᠦ ᠡᠯ᠎ᠡ ᠵᠦᠢᠯ ᠤᠨ ᠡᠪᠡᠳᠴᠢᠨ ᠡᠮᠭᠡᠭ ᠢ ᠰᠢᠢᠳᠪᠦᠷᠢᠯᠡᠬᠦ ᠠᠷᠭ᠎ᠠ ᠶᠢ ᠡᠵᠡᠮᠰᠢᠪᠡ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠠᠵᠢᠯᠲᠠᠨ ᠠᠵᠢᠯᠴᠢᠨ ᠵᠢᠴᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠡᠷᠭᠢᠯᠡᠭᠰᠡᠨ ᠠᠨᠠᠭᠠᠬᠤ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠳᠤ ᠰᠡᠳᠬᠢᠯ ᠬᠠᠨᠤᠮᠵᠢᠲᠠᠶ ᠪᠠᠶᠢᠬᠤ ᠪᠠᠨ ᠢᠯᠡᠳᠬᠡᠵᠦ᠂ ᠰᠠᠭᠤᠭᠠᠯᠢ ᠠᠷᠠᠳ ᠤᠨ ᠭᠡᠨᠡᠳᠲᠡ ᠡᠭᠦᠰᠦᠭᠰᠡᠨ ᠡᠪᠡᠳᠴᠢᠨ ᠤ ᠪᠠᠶᠢᠳᠠᠯ ᠢ ᠬᠡᠷᠬᠢᠨ ᠲᠡᠷᠡ ᠳᠠᠷᠤᠶ ᠳᠤᠨᠢ ᠥᠪᠡᠷ ᠢ ᠪᠠᠨ ᠠᠪᠤᠷᠬᠠᠤ ᠶᠢ ᠲᠦᠢᠯ ᠤᠨ ᠶᠡᠭᠡ ᠪᠠᠷ  ᠰᠢᠢᠳᠪᠤᠷᠢᠯᠡᠵᠤ᠂ ᠬᠠᠮᠤᠭ ᠤᠨ ᠰᠠᠶᠢᠨ ᠡᠮᠨᠡᠨ ᠵᠠᠰᠠᠬᠤ ᠴᠠᠭ ᠲᠣᠬᠢᠶᠠᠯ ᠢ ᠣᠯᠤᠭᠰᠠᠨ ᠪᠠᠶᠢᠨ᠎ᠠ᠃     ᠠᠵᠢᠯᠴᠢᠨ ᠤ ᠶᠡᠷᠦᠩᠬᠡᠶ ᠡᠪᠯᠡᠯ ᠤᠨ ᠠᠵᠢᠯᠲᠠᠳ ᠠᠵᠢᠯᠴᠢᠨ ᠤ ᠡᠪᠯᠡᠯ ᠤᠨ ᠠᠵᠢᠯ ᠤᠨ ᠵᠣᠷᠢᠯᠲᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠨᠡᠶᠢᠭᠡᠮ ᠲᠣᠭᠤᠷᠢᠭ ᠲᠤ ᠣᠴᠢᠬᠤ ᠶᠢᠨ ᠵᠣᠷᠢᠯᠭ᠎ᠠ ᠪᠣᠯ ᠳᠠᠷᠤᠶ ᠠᠵᠢᠯᠲᠠᠨ ᠠᠵᠢᠯᠴᠢᠨ ᠲᠦᠮᠡᠨ ᠳᠤ ︽ᠬᠦᠴᠢᠷ ᠠᠰᠠᠭᠤᠳᠠᠯ ᠢ ᠰᠢᠢᠳᠪᠤᠷᠢᠯᠡᠨ ᠥᠭᠴᠦ᠂ ᠪᠣᠳᠠᠲᠤ ᠶᠠᠪᠤᠳᠠᠯ ᠪᠦᠲᠦᠭᠡᠵᠦ ᠥᠭᠬᠦ ︾ ᠶᠢᠨ ᠲᠥᠯᠥᠭᠡ ᠶᠤᠮ ᠭᠡᠵᠦ ᠢᠯᠡᠷᠬᠡᠶᠢᠯᠡᠵᠡᠶ᠃ ᠠᠵᠢᠯᠳᠠᠨ ᠠᠵᠢᠯᠴᠢᠨ ᠲᠦᠮᠡᠨ ᠤ ᠶᠠᠪᠤᠳᠠᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠪᠣᠳᠠᠲᠤ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃      ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ ᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ᠂ ᠬᠤᠶᠢᠰᠢᠳᠠ ᠢᠲᠡᠭᠡᠯ ᠵᠣᠷᠢᠭ ᠢᠶᠠᠨ ᠨᠡᠩ ᠪᠠᠲᠤᠳᠬᠠᠵᠤ᠂ ᠠᠵᠢᠯᠳᠠᠨ ᠠᠵᠢᠯᠴᠢᠨ ᠤᠯᠠᠨ ᠲᠦᠮᠡᠨ ᠤ ᠵᠣᠪᠠᠭᠤᠷᠢ ᠵᠦᠳᠡᠭᠦᠷᠢ ᠲᠠᠢ ᠰᠡᠳᠬᠢᠯ ᠵᠢᠷᠦᠬᠡ ᠪᠠᠨ ᠬᠤᠯᠪᠣᠵᠤ᠂ ᠤᠬ ᠰᠠᠨᠠᠭ᠎ᠠ ᠪᠠᠨ ᠦᠯᠦ ᠮᠠᠷᠲᠠᠵᠤ᠂ ᠬᠦᠨᠳᠦ ᠨᠠᠶᠢᠳᠠᠯᠭ᠎ᠠ ᠶᠢ ᠦᠯᠦ ᠬᠥᠰᠡᠷᠳᠡᠭᠦᠯᠵᠦ᠂ ᠦᠨᠡᠨ ᠰᠡᠳᠬᠢᠯ ᠠᠴᠠ ᠪᠠᠨ ᠬᠠᠶᠢᠷ᠎ᠠ ᠰᠡᠳᠬᠢᠯᠭᠡ ᠲᠠᠢ ᠪᠠᠷ ᠠᠵᠢᠯᠳᠠᠨ ᠠᠵᠢᠯᠴᠢᠨ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠵᠢᠯᠯᠠᠬᠤ ᠠᠩᠬᠢ ᠶᠢᠨ ᠬᠢᠨ ᠰᠢᠶᠠᠨ ᠤ ᠨᠠᠮ ᠤᠨ  ᠬᠤᠷᠢᠶ᠎ᠡ᠂ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂  ᠰᠢᠨ᠎ᠡ ᠠᠵᠢᠯ ᠤᠨ ᠣᠪᠣᠷ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠢᠯᠡᠳᠬᠡᠪᠡ᠃       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ       ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ       ᠣᠷᠴᠢᠭᠤᠯᠤᠭᠴᠢ᠄ ᠳᠤᠭᠤᠰ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2