ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠧᠨ ᠼᠠᠢ ᠵᠢᠶᠦ᠋ᠨ ᠮᠠᠨ ᠤ ᠰᠢᠶᠠᠨ ᠳᠤ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/9/16
     9 ᠰᠠᠷ᠎ᠠ ᠶᠢᠨ 14 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠤᠨ ᠼᠠᠢ ᠵᠢᠶᠦ᠋ᠨ ᠮᠠᠨ ᠤ ᠰᠢᠶᠠᠨ ᠳᠤ ᠬᠦᠷᠴᠦ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ ᠲᠢᠩ ᠶᠦᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠢᠦᠢ ᠵᠢᠤᠸᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
C:\Users\II\Desktop\5.png
     ᠱᠧᠨ ᠼᠠᠢ ᠵᠢᠶᠦ᠋ᠨ ᠨᠡᠷ ᠤᠷᠢᠳ ᠬᠤᠵᠢᠳ ᠬᠤᠪᠴᠠᠰᠤ ᠬᠤᠨᠠᠷ ᠤᠨ ᠦᠢᠯᠡᠰ ᠪᠤᠰᠬᠠᠬᠤ ᠬᠦᠷᠢᠶᠡᠯᠡᠩ᠂ ᠴᠠᠩ ᠹᠧᠩ ᠨᠡᠶᠢᠭᠡᠮ ᠲᠣᠭᠤᠷᠢᠭ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠠᠭᠤᠳᠠᠮ ᠲᠠᠯᠠᠪᠠᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠵᠡᠷᠭᠡ ᠭᠠᠵᠠᠷ ᠢᠶᠠᠷ ᠬᠦᠷᠴᠦ᠂ ᠮᠠᠨ ᠤ ᠰᠢᠶᠠᠨ ᠤ ᠦᠨᠳᠦᠰᠦᠲᠡᠨ ᠤ ᠠᠵᠢᠯ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠵᠢᠴᠢ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃      ᠱᠧᠨ ᠼᠠᠢ ᠵᠢᠶᠦ᠋ᠨ ᠮᠠᠨ ᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠥᠷᠨᠢᠭᠦᠯᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠡᠷᠭᠡ ᠠᠵᠢᠯ ᠢ ᠭᠦᠢᠴᠡᠳ ᠨᠤᠲᠠᠯᠠᠪᠠ᠃       ᠱᠧᠨ ᠼᠠᠢ ᠵᠢᠶᠦ᠋ᠨ ᠵᠢᠭᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠤᠯᠠᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠬᠤ ᠶᠢ ᠠᠬᠢᠭᠤᠯᠬᠤ ᠬᠡᠷᠡᠭᠲᠡᠢ᠃ ᠰᠣᠯᠢᠯᠴᠠᠨ ᠰᠤᠷᠤᠯᠴᠠᠬᠤ᠂ ᠬᠠᠷᠢᠯᠴᠠᠨ ᠰᠤᠷᠤᠯᠴᠠᠵᠤ ᠬᠠᠮᠲᠤ ᠪᠠᠷ ᠤᠷᠤᠭᠰᠢᠯᠠᠬᠤ ᠶᠢ ᠴᠢᠩᠭᠠᠳᠬᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠬᠠᠤᠯᠢᠵᠢᠯ ᠤᠨ ᠪᠠᠲᠤᠯᠠᠭ᠎ᠠ ᠬᠠᠩᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃       ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ       ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ       ᠣᠷᠴᠢᠭᠤᠯᠤᠭᠴᠢ᠄ ᠳᠤᠭᠤᠰ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2