ᠪᠡᠭᠡᠵᠢᠩ ᠬᠤᠲᠠ ᠶᠢᠨ ᠲᠤᠰᠠᠯᠠᠨ ᠲᠣᠮᠢᠯᠠᠭᠰᠠᠨ ᠮᠠᠨ ᠤ ᠰᠢᠶᠠᠨ ᠤ ᠲᠤᠰᠢᠶᠠᠯ ᠡᠭᠦᠷᠭᠡᠯᠡᠭᠰᠡᠨ ᠪᠦᠯᠬᠦᠮ ᠳ᠋ᠦᠩ ᠴᠧᠩ ᠲᠣᠭᠤᠷᠢᠭ ᠤᠨ ᠵᠡᠭᠦᠨ ᠳᠥᠷᠪᠡᠳᠦᠭᠡᠷ᠂ ᠾᠧ ᠫᠢᠩ ᠯᠢ᠂ ᠳ᠋ᠦᠩ ᠬᠤᠸᠠ ᠬᠤᠲᠠ ᠶᠢᠨ ᠵᠡᠭᠡᠯᠢ ᠭᠤᠳᠤᠮᠵᠢ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2022/9/16
     ᠣᠶᠢᠷ᠎ᠠ ᠳᠤ᠂ ᠪᠡᠭᠡᠵᠢᠩ ᠬᠤᠲᠠ ᠶᠢᠨ ᠬᠢᠨ ᠬᠤᠸᠠᠳᠧ ᠰᠢᠶᠠᠨ ᠢ ᠲᠤᠰᠠᠯᠠᠨ ᠲᠣᠮᠢᠯᠠᠵᠤ ᠲᠤᠰᠢᠶᠠᠯ ᠡᠭᠦᠷᠭᠡᠯᠡᠭᠰᠡᠨ ᠪᠦᠯᠬᠦᠮ ᠨᠢ ᠲᠣᠰ ᠲᠣᠰ ᠳ᠋ᠦᠩ ᠴᠧᠩ ᠲᠣᠭᠤᠷᠢᠭ ᠤᠨ ᠵᠡᠭᠦᠨ ᠳᠥᠷᠪᠡᠳᠦᠭᠡᠷ᠂ ᠾᠧ ᠫᠢᠩ ᠯᠢ᠂ ᠳ᠋ᠦᠩ ᠬᠤᠸᠠ ᠬᠤᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠵᠣᠯᠭᠠᠭᠤᠯᠬᠤ ᠶᠠᠷᠢᠯᠴᠠᠬᠤ ᠬᠤᠷᠠᠯ ᠥᠷᠨᠢᠭᠦᠯᠦᠭᠰᠡᠨ ᠪᠥᠭᠡᠳ ᠬᠤᠸᠠᠳᠧ ᠰᠢᠶᠠᠨ ᠢ ᠲᠥᠯᠥᠭᠡᠯᠡᠨ ᠬᠡᠮᠡᠷᠯᠢᠭ ᠲᠤᠭ ᠪᠡᠯᠡᠭᠯᠡᠵᠦ ᠂ ᠡᠯ᠎ᠡ ᠵᠡᠭᠡᠯᠢ ᠭᠤᠳᠤᠮᠵᠢ ᠨᠢ ᠬᠤᠸᠠᠳᠧ ᠰᠢᠶᠠᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠪᠠ᠃
C:\Users\II\Desktop\2.jpg
     ᠶᠠᠷᠢᠯᠴᠠᠬᠤ ᠬᠤᠷᠠᠯ ᠤᠨ ᠬᠤᠭᠤᠴᠠᠭᠠᠨ ᠳᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠴᠢ ᠳ᠋ᠦᠩ ᠴᠧᠩ ᠲᠣᠭᠤᠷᠢᠭ ᠤᠨ ᠡᠯ᠎ᠡ ᠵᠡᠭᠡᠯᠢ ᠭᠤᠳᠤᠮᠵᠢ ᠠᠴᠠ ᠤᠯᠠᠨ ᠵᠢᠯ ᠤᠨ ᠲᠤᠷᠰᠢ ᠬᠤᠸᠠᠳᠧ ᠰᠢᠶᠠᠨ ᠳᠤ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠤᠢᠢᠷ᠎ᠠ ᠶᠢᠨ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠪᠣᠯᠤᠨ ᠵᠡᠭᠡᠯᠢ ᠭᠤᠳᠤᠮᠵᠢ ᠶᠢᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠶᠠᠷ ᠲᠠᠯ᠎ᠠ ᠪᠠᠷ ᠢᠶᠠᠨ ᠢᠷᠡᠬᠦ ᠵᠢᠯ ᠤᠨ ᠭᠤᠣᠯᠳᠠᠯᠭ᠎ᠠ ᠲᠠᠢ ᠬᠠᠮᠵᠢᠯᠴᠠᠭᠠᠨ ᠤ ᠠᠵᠢᠯ ᠤᠨ ᠲᠤᠬᠠᠢ ᠵᠥᠪᠳᠡᠯᠴᠡᠪᠡ᠃
C:\Users\II\Desktop\3.jpg
     ᠳ᠋ᠦᠩ ᠴᠧᠩ ᠲᠣᠭᠤᠷᠢᠭ ᠤᠨ ᠳ᠋ᠦᠩ ᠰᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠾᠧ ᠫᠢᠩ ᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳ᠋ᠦᠩ ᠬᠤᠸᠠ ᠬᠤᠲᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ᠂ ᠵᠡᠭᠡᠯᠢ ᠭᠤᠳᠤᠮᠵᠢ ᠶᠢᠨ ᠬᠢᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠡᠭᠦᠨ ᠪᠠᠷᠠᠭᠤᠨ ᠬᠡᠰᠡᠭ ᠤᠨ ᠬᠠᠮᠵᠢᠯᠴᠠᠬᠤ ᠠᠵᠢᠯ ᠢ ᠭᠦᠨᠵᠡᠭᠡᠶ ᠥᠷᠨᠢᠭᠦᠯᠪᠡ᠃ ᠵᠡᠭᠡᠯᠢ ᠭᠤᠳᠤᠮᠵᠢ ᠦᠷᠭᠦᠯᠵᠢᠯᠡᠨ ᠬᠤᠸᠠᠳᠧ ᠰᠢᠶᠠᠨ ᠲᠠᠢ ᠬᠠᠪᠰᠤᠷᠤᠯᠴᠠᠨ ᠬᠠᠮᠵᠢᠯᠴᠠᠬᠤ ᠶᠢ ᠬᠢᠪᠡᠰᠦ ᠵᠣᠬᠢᠬᠤ ᠶᠠᠪᠤᠳᠠᠯ᠂ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ︽ᠰᠣᠶᠣᠯ ᠢ ᠳᠡᠭᠡᠳᠦᠯᠡᠨ ᠲᠡᠷᠢᠭᠦᠨ ᠤ ᠬᠢ ᠪᠣᠯᠬᠤ ᠪᠠᠷ ᠴᠢᠷᠮᠠᠶᠢᠬᠤ︾ ᠣᠶᠢᠯᠠᠭᠠᠭᠳᠠᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠣᠨᠴᠠᠯᠢᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠠᠮᠵᠢᠯᠴᠠᠭ᠎ᠠ ᠶᠢ ᠰᠠᠶᠢᠲᠤᠷ ᠠᠳᠬᠤᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢ ᠴᠢᠩᠭᠠᠳᠬᠠᠵᠤ᠂ ᠴᠢᠳᠠᠪᠤᠷᠢᠲᠠᠨ ᠤ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠨᠡᠶᠢᠭᠡᠮ ᠤᠨ ᠬᠦᠴᠦᠨ ᠤ ᠣᠷᠣᠯᠴᠠᠬᠤ ᠶᠢ ᠥᠷᠭᠡᠨ ᠢᠶᠠᠷ ᠲᠠᠶᠢᠴᠢᠯᠠᠵᠥ᠂ ᠬᠠᠷᠢᠶ᠎ᠠ ᠣᠷᠣᠨ ᠤ ᠠᠵᠤ ᠠᠬᠤᠶᠢᠯᠠᠯ᠂ ᠬᠤᠪᠢ ᠬᠥᠮᠦᠨ ᠪᠣᠯᠤᠨ ᠨᠡᠶᠢᠭᠡᠮ ᠤᠨ ᠬᠦᠷᠦᠩᠬᠡ ᠶᠢ ᠢᠳᠡᠪᠬᠢᠲᠡᠢ ᠬᠦᠳᠦᠯᠥᠨ ᠳᠠᠭᠠᠭᠤᠯᠵᠤ ᠬᠤᠸᠠᠳᠧ ᠰᠢᠶᠠᠨ ᠳᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠴᠢᠰᠤ ᠪᠦᠲᠦᠭᠡᠬᠦ ᠴᠢᠳᠠᠪᠤᠷᠢ ᠪᠠᠨ ᠲᠠᠰᠤᠷᠠᠯᠳᠠ ᠦᠬᠡᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠨᠡᠩ ᠰᠠᠶᠢᠨ ᠨᠡᠩ ᠲᠦᠷᠭᠡᠨ ᠬᠥᠭᠵᠢᠯᠲᠡ ᠶᠢ ᠪᠡᠶᠡᠯᠡᠭᠦᠯᠦᠨ᠎ᠡ᠃        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠳᠤᠭᠤᠰ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2