ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢ ᠢᠦᠶ ᠱᠧᠩ ᠪᠦᠯᠬᠦᠮ ᠳᠠᠭᠠᠭᠤᠯᠤᠨ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2022/9/16
     9 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢ ᠢᠦᠶ ᠱᠧᠩ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠳᠠᠭᠠᠭᠤᠯᠤᠨ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠠᠶᠤᠯᠭᠦᠶ  ᠦᠢᠯᠡᠳᠪᠤᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠴᠤ᠂ ᠠᠶᠤᠯᠭᠦᠶ ᠦᠢᠯᠡᠳᠪᠤᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠪᠥᠬᠦ ᠰᠢᠶᠠᠨ ᠤ ᠠᠶᠤᠯᠭᠦᠶ ᠦᠢᠯᠡᠳᠪᠤᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
C:\Users\II\Desktop\4.jpg
     ᠯᠢ ᠢᠦᠶ ᠱᠧᠩ ᠨᠡᠷ ᠤᠷᠢᠳ ᠬᠤᠵᠢᠳ ᠲᠠᠪᠤᠨ ᠠᠭᠤᠷᠬᠠᠶ ᠨᠠᠭᠤᠷ ᠲᠡᠮᠦᠷ ︵ᠥᠪᠥᠷ ᠮᠣᠩᠭᠤᠯ︶ ᠤᠨ ᠲᠡᠮᠦᠷ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ᠂ ᠲᠠᠪᠤᠨ ᠲᠢᠪ ᠤᠨ ᠪᠣᠯᠣᠳ ᠲᠡᠮᠦᠷ ᠤᠨ  ᠦᠢᠯᠡᠰ ᠤᠨ ᠬᠢᠵᠠᠭᠠᠷᠲᠤ ᠺᠣᠮᠫᠠᠨᠢ᠂ ᠿᠢ ᠱᠧᠩ ᡁᠢ ᠪᠥᠸᠧ ᠲᠡᠮᠦᠷᠯᠢᠭ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠡᠯ᠎ᠡ ᠠᠵᠤ ᠠᠬᠤᠶᠢᠯᠠᠯ ᠤᠨ ᠲᠥᠪ ᠤᠨ ᠡᠵᠡᠮᠳᠡᠬᠦ ᠲᠠᠰᠤᠭ᠂ ᠦᠢᠯᠡᠳᠪᠤᠷᠢᠯᠡᠯ ᠤᠨ ᠲᠠᠰᠤᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠡᠯ᠎ᠡ ᠠᠵᠤ ᠠᠬᠤᠶᠢᠯᠠᠯ ᠲᠠᠢ ᠶᠠᠷᠢᠯᠴᠠᠨ ᠰᠣᠯᠢᠯᠴᠠᠵᠤ᠂ ᠡᠯ᠎ᠡ ᠠᠵᠤ ᠠᠬᠤᠶᠢᠯᠠᠯ ᠤᠨ ᠠᠶᠤᠯᠭᠦᠶ ᠦᠢᠯᠡᠳᠪᠤᠷᠢᠯᠡᠯ ᠤᠨ ᠲᠦᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠭᠰᠡᠨ ᠪᠠᠶᠢᠳᠠᠯ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠡᠯ᠎ᠡ ᠠᠵᠤ ᠠᠬᠤᠶᠢᠯᠠᠯ ᠤᠨ ᠦᠢᠯᠡᠳᠪᠤᠷᠢᠯᠡᠯ ᠤᠨ ᠤᠷ᠎ᠠ ᠮᠡᠷᠭᠡᠰᠢᠯ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠴᠡᠭ ᠵᠢᠴᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠭᠰᠠᠨ ᠪᠠᠶᠢᠳᠠᠯ᠂ ᠠᠵᠢᠯᠯᠠᠬᠤ ᠭᠤᠭᠴᠤᠭ᠎ᠠ ᠶᠢᠨ ᠬᠠᠮᠢᠶᠠᠷᠤᠯᠲᠠ ᠵᠡᠷᠭᠡ ᠠᠶᠤᠯᠭᠦᠶ ᠦᠢᠯᠡᠳᠪᠤᠷᠢᠯᠡᠯ ᠤᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠤᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠪᠤᠯᠭᠠᠬᠤ ᠶᠢ ᠱᠠᠭᠠᠷᠳᠠᠭᠰᠠᠨ ᠪᠠᠶᠢᠨ᠎ᠠ᠃     ᠯᠢ ᠢᠦᠢ ᠱᠧᠩ  ᠵᠢᠭᠠᠵᠤ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠠᠮᠤᠷ ᠲᠦᠪᠰᠢᠨ ᠤ ᠬᠠᠷᠢᠭᠤᠴᠠᠯᠭ᠎ᠠ ᠶᠠᠭᠤᠨ ᠠᠴᠠ ᠴᠤ ᠶᠡᠭᠡ ᠶᠤᠮ᠃ ᠠᠵᠤ ᠠᠬᠤᠶᠢᠯᠠᠯ ᠤᠨ ᠬᠢᠨ ᠠᠶᠤᠯᠭᠦᠶ ᠦᠢᠯᠡᠳᠪᠤᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠤᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠶ ᠦᠢᠯᠡᠳᠪᠤᠷᠢᠯᠡᠯ ᠤᠨ ᠠᠵᠢᠯ ᠢ ᠪᠣᠳᠠᠲᠠᠶ ᠠᠳᠬᠤᠨ ᠪᠠᠲᠤ ᠠᠳᠬᠤᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠢᠰᠲ᠋ᠧᠮ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠰᠢᠰᠲ᠋ᠧᠮ᠂ ᠠᠵᠢᠯᠲᠠᠨ ᠤ ᠪᠣᠯᠪᠠᠰᠤᠷᠠᠯ ᠤᠨ ᠰᠢᠰᠲ᠋ᠧᠮ ᠪᠣᠯᠤᠨ ᠡᠳᠦᠷ ᠲᠤᠲᠤᠮ ᠤᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ  ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃      ᠯᠢ ᠢᠦᠶ ᠱᠧᠩ ᠴᠢᠬᠤᠯᠠᠴᠢᠯᠠᠭᠰᠠᠨ ᠨᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠰᠢᠶᠠᠨ ᠤ ᠠᠶᠤᠯ ᠥᠬᠡᠶ ᠦᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠬᠥᠳᠡᠯᠦᠩᠭᠦᠶ ᠪᠠᠷ ᠬᠢᠨᠠᠨ ᠬᠠᠮᠢᠶᠠᠷᠴᠤ᠂ ᠠᠵᠤ ᠠᠬᠤᠶᠢᠯᠠᠯ ᠤᠨ ᠠᠶᠤᠯ ᠥᠬᠡᠶ ᠶᠢᠨ ᠬᠠᠮᠢᠶᠠᠷᠤᠯᠲᠠ ᠶᠢᠨ ᠲᠦᠷᠢᠮ ᠢ ᠦᠢᠯᠡᠳᠪᠤᠷᠢᠯᠡᠯ ᠡᠵᠡᠩᠨᠡᠯᠲᠡ ᠶᠢᠨ ᠭᠤᠭᠴᠤᠭ᠎ᠠ ᠨᠢᠭᠡᠪᠦᠷᠢ ᠳᠤ ᠦᠨᠡᠨ ᠬᠦ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠶ ᠨᠠᠷᠢᠯᠢᠭ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠢᠮᠳᠠᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠪᠠ ᠬᠡᠮ ᠰᠣᠭᠤᠭ ᠤᠨ ᠠᠰᠠᠭᠤᠳᠠᠯ ᠤᠨ ᠨᠠᠷᠢᠨ ᠲᠠᠩᠰᠠ ᠶᠢ ᠪᠠᠶᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠬᠥᠮᠦᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠮᠥᠨ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠡᠶ᠃        ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ        ᠣᠷᠴᠢᠭᠤᠯᠤᠭᠴᠢ᠄ ᠳᠤᠭᠤᠰ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2