ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢ ᠢᠦᠢ ᠱᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠳᠤ ᠬᠦᠷᠴᠦ ᠠᠵᠢᠯ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/9/19
   9 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠢᠦᠢ ᠱᠧᠩ ᠶᠤᠸᠠᠨ ᠳ᠋ᠠ᠂ ᠲᠧᠦ ᠳ᠋ᠣᠣ ᠭᠧᠦ᠂ ᠴᠣᠣᠶᠠᠩ᠂ ᠰᠢᠩ ᠦ᠋᠂ ᠬᠤᠸᠠᠳᠧ ᠶᠢᠨ ᠵᠡᠭᠦᠨᠳᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠭᠦᠢᠴᠡᠳᠬᠡᠬᠦ ᠪᠣᠭᠤᠮᠲᠠ ᠳᠤ ᠭᠦᠨᠵᠡᠭᠡᠶᠢᠷᠡᠨ ᠠᠵᠢᠯ ᠢ ᠬᠢᠨᠠᠵᠦ ᠪᠠᠶᠢᠴᠠᠭᠠᠨ ᠵᠢᠯᠤᠭᠤᠳᠴᠤ᠂ ᠨᠢᠭᠡᠳᠦᠭᠡᠷ ᠹᠷᠣᠨᠲ ᠤᠨ ᠳᠣᠲᠣᠭᠠᠳᠤ  ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠣᠨ ᠬᠢᠵᠢᠭ ᠢ ᠰᠡᠷᠭᠡᠶᠢᠯᠡᠬᠦ ᠠᠵᠢᠯᠲᠠᠳ ᠢ ᠪᠣᠯᠭᠤᠭᠠᠨ ᠲᠣᠬᠤᠨᠢᠭᠤᠯᠪᠠ᠃ ᠰᠢᠶᠠᠨ ᠤ ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ ᠸᠧᠢ ᠶᠦᠩ ᠹᠦ᠋᠂ ᠵᠠᠮ ᠬᠠᠷᠢᠯᠴᠠᠭᠠᠨ ᠤ ᠴᠠᠭᠳᠠᠭ᠎ᠠ  ᠶᠢᠨ ᠶᠡᠭᠡ ᠠᠩᠭᠢ ᠶᠢᠨ ᠵᠢᠭᠠᠨ ᠵᠢᠯᠣᠭᠤᠳᠤᠭᠴᠢ ᠮᠠ ᠹᠧᠢ ᠬᠠᠮᠲᠤ ᠪᠠᠶᠢᠴᠠᠭᠠᠵᠠᠢ᠃

01.jpg

   ᠪᠠᠶᠢᠴᠠᠭᠠᠯᠲᠠ ᠶᠢᠨ ᠳᠤᠮᠳᠠ᠂ ᠯᠢ ᠢᠦᠢ ᠱᠧᠩ ᠡᠯ᠎ᠡ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ 

ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠨᠠᠰᠢ ᠴᠠᠰᠢ ᠥᠩᠭᠡᠷᠡᠬᠦ ᠲᠡᠷᠭᠡ

ᠵᠢᠴᠢ ᠵᠢᠯᠣᠭᠤᠴᠢ ᠶᠢᠨ ᠮᠡᠳᠡᠭᠡ ᠵᠠᠩᠭᠢ ᠶᠢᠨ ᠳᠠᠩᠰᠠᠯᠠᠯᠲᠠ ᠵᠡᠷᠭᠡ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠪᠡ᠃

 ᠯᠢ ᠢᠦᠢ ᠱᠧᠩ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠳᠠᠯ ᠦᠭᠡᠢ ᠬᠤᠷᠠᠯᠳᠤᠬᠤ

ᠭᠡᠵᠦ ᠪᠠᠶᠢᠭ᠎ᠠ ᠪᠣᠯᠬᠤᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠥᠴᠥᠬᠡᠨ ᠴᠦ ᠬᠤᠶᠢᠷᠭᠤᠰᠢᠨ

ᠰᠤᠯᠠᠷᠠᠵᠤ ᠪᠣᠯᠬᠤ ᠦᠭᠡᠢ᠂ ᠡᠷᠬᠡᠪᠰᠢ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠬᠦ ᠬᠡᠷᠡᠭᠲᠡᠢ᠃ 

ᠡᠯ᠎ᠡ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠬᠢᠵᠢᠭ ᠢ ᠰᠡᠷᠭᠡᠶᠢᠯᠡᠬᠦ ᠠᠵᠢᠯᠲᠠᠳ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠵᠤ᠂

ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ 

ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠨ᠂ ᠡᠯ᠎ᠡ ᠵᠦᠢᠯ ᠤᠨ ᠪᠠᠶᠢᠴᠠᠭᠠᠯᠲᠠ ᠶᠢᠨ ᠠᠵᠢᠯ ᠳᠤ ᠣᠷᠬᠢᠭᠳᠠᠯ ᠦᠭᠡᠢ

᠂ ᠴᠠᠯᠠᠭᠠᠶᠢᠷᠠᠯ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠣᠷᠣᠭᠤᠯᠤᠯᠲᠠ ᠶᠢᠨ

ᠬᠡᠯᠬᠢᠶ᠎ᠡ ᠶᠢ ᠦᠨᠡᠨᠬᠦ ᠲᠠᠰᠤᠯᠬᠤ ᠬᠡᠷᠡᠭᠲᠡᠢ᠃ ᠡᠭᠦᠨ ᠤ ᠬᠠᠮᠲᠤ᠂ ︽ᠰᠢᠨᠵᠢᠯᠡᠬᠦ ᠤᠬᠠᠭᠠᠨᠴᠢ ᠪᠥᠭᠡᠳ ᠡᠮᠬᠢ

ᠵᠢᠷᠤᠮ ᠲᠠᠢ᠂ ᠬᠠᠤᠯᠢ ᠲᠣᠭᠲᠠᠭᠠᠯ ᠢ ᠵᠢᠷᠤᠮᠯᠠᠬᠤ︾ ᠵᠠᠷᠴᠢᠮ ᠶᠣᠰᠣᠭᠠᠷ᠂ ᠪᠣᠭᠤᠮᠲᠠ ᠶᠢᠨ ᠪᠠᠶᠢᠷᠢᠯᠠᠭᠤᠯᠤᠯᠲᠠ ᠶᠢ

ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠡᠷᠭᠡ ᠬᠥᠰᠬᠡ ᠶᠢᠨ ᠪᠠᠶᠢᠴᠠᠭᠠᠬᠤ ᠶᠢ ᠬᠦᠯᠢᠶᠡᠬᠦ ᠵᠠᠮ ᠱᠤᠭᠤᠮ ᠢ ᠵᠦᠢ

ᠵᠣᠬᠢᠰᠲᠠᠢ ᠲᠥᠯᠥᠪᠵᠢᠭᠦᠯᠵᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠬᠢᠵᠢᠭ ᠤᠨ ᠪᠠᠶᠢᠳᠠᠯ ᠢ

ᠰᠡᠷᠭᠡᠶᠢᠯᠡᠨ ᠡᠵᠡᠮᠳᠡᠬᠦ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃

02.jpg

   ᠯᠢ ᠢᠦᠢ ᠱᠧᠩ ᠲᠤᠬᠠᠢ ᠶᠢᠨ ᠲᠠᠯᠠᠪᠤᠷ ᠲᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠪᠣᠯᠣᠨ ᠬᠢᠵᠢᠭ ᠢ

ᠰᠡᠷᠭᠡᠶᠢᠯᠡᠬᠦ ᠠᠵᠢᠯᠲᠠᠳ ᠲᠤ ᠂ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ ᠂ ᠰᠥᠨᠢ ᠵᠢᠵᠢᠭᠦᠷᠯᠡᠬᠦ ᠳᠡᠭᠡᠨ ᠬᠤᠪᠢ

ᠬᠥᠮᠥᠨ ᠤ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠪᠠ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ

ᠦᠨᠡᠨᠬᠦ ᠰᠠᠶᠢᠲᠤᠷ ᠬᠢᠵᠦ ᠂ ᠲᠡᠳᠡᠨ ᠢ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠂ ᠬᠢᠵᠢᠭ ᠢ

ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢ ᠵᠦ᠋ᠷᠢᠭᠵᠢᠭᠤᠯᠪᠡ᠃

   ᠡᠯ᠎ᠡ ᠪᠣᠭᠤᠮᠲᠠ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ

ᠵᠠᠰᠠᠭ ᠤᠨ ᠣᠷᠳᠣᠨ ᠤ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 

ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠰᠢᠶᠠᠨ ᠤ ︽ᠨᠢᠭᠡᠳᠦᠭᠡᠷ

ᠬᠠᠯᠬᠠᠪᠴᠢ︾ ᠶᠢ ᠪᠠᠲᠤ ᠪᠠᠬᠢ ᠪᠠᠶᠢᠭᠤᠯᠤᠨ᠂ ᠪᠥᠬᠦ ᠰᠢᠶᠠᠨ ᠤ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ

ᠠᠮᠤᠷ ᠲᠦᠪᠰᠢᠨ ᠢ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ

ᠡᠩᠬᠡ ᠲᠠᠶᠢᠪᠤᠩ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ ᠭᠡᠵᠡᠢ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2