ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠨᠢ 39 ᠳ᠋ᠦᠩᠰᠢᠭᠤᠷ ᠲᠥᠭᠦᠷᠢᠭ ᠲᠤ ᠬᠦᠷᠴᠡᠢ︕ ᠮᠠᠨ ᠤ ᠰᠢᠶᠠᠨ ᠭᠤᠷᠪᠠᠨ ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2022/9/2
   8 ᠰᠠᠷ᠎ᠠ ᠶᠢᠨ 29 ᠤ ᠡᠳᠦᠷ ᠂ ᠬᠤᠸᠠᠳᠧ ᠰᠢᠶᠠᠨ ᠪᠡᠭᠡᠵᠢᠩ ᠳᠤ ᠶᠠᠪᠤᠭᠳᠠᠭᠰᠠᠨ ᠤᠯᠠᠭᠠᠨᠴᠠᠪ ᠬᠤᠳᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠡᠭᠡᠵᠢᠩ ᠲᠢᠶᠠᠨᠵᠢᠨ ᠾᠧᠪᠧᠢ ᠶᠢᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ ᠃ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢ ᠢᠦᠢ ᠱᠧᠩ ᠂ ᠰᠢᠶᠠᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ ᠰᠦᠨ ᠯᠢ ᠵᠢᠶᠦ᠋ᠨ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ ᠃

001.png

   ᠲᠠᠨᠢᠯᠴᠠᠭᠤᠯᠬᠤ ᠬᠤᠷᠠᠯ ᠳᠡᠭᠡᠷ᠎ᠡ᠂ ᠴᠠᠩ ᠳ᠋ᠠ ᠸᠧᠢ ᠬᠤᠸᠠᠳᠧ ᠰᠢᠶᠠᠨ ᠤ ᠦᠨᠳᠦᠰᠦᠨ ᠪᠠᠶᠢᠳᠠᠯ ᠢ

ᠲᠠᠨᠢᠯᠴᠠᠭᠤᠯᠵᠤ᠂ ᠡᠭᠦᠨ ᠤ ᠬᠠᠮᠲᠤ 8 ᠶᠡᠭᠡ ᠬᠦᠷᠢᠶᠡᠨ ᠤ ᠲᠣᠭᠤᠷᠢᠨ ᠳᠤ᠂ ᠬᠦᠢᠲᠡᠨ ᠰᠡᠷᠢᠭᠦᠨ ᠢᠳᠡᠰᠢᠨ

ᠨᠣᠭᠤᠭ᠎ᠠ ᠶᠢᠨ ︽ᠰᠠᠭᠤᠷᠢᠨ ᠭᠠᠵᠠᠷ︾ ᠠᠴᠠ ︽ᠬᠤᠭᠤᠯᠠᠨ ᠰᠢᠷᠡᠭᠡ︾ ᠬᠦᠷᠲᠡᠯᠡᠬᠢ ᠬᠠᠩᠭᠠᠯᠭ᠎ᠠ ᠶᠢᠨ

ᠬᠡᠯᠬᠢᠶ᠎ᠡ ᠶᠢᠨ ᠲᠥᠷᠥᠯ ᠵᠦᠢᠯ ᠢ ᠨᠠᠷᠢᠨ ᠨᠢᠮᠪᠠᠢ ᠰᠣᠩᠭᠤᠵᠤ᠂ ᠪᠣᠷᠳᠣᠵᠤ ᠲᠠᠷᠭᠤᠯᠠᠭᠤᠯᠬᠤ ᠠᠴᠠ ᠨᠢᠲᠤᠯᠵᠤ

ᠡᠳ᠋ᠰᠢᠭᠦᠯᠬᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ᠂ ᠪᠣᠭᠤᠳᠠᠯᠯᠠᠵᠤ ᠪᠣᠷᠣᠯᠠᠭᠤᠯᠬᠤ ᠪᠥᠬᠦ ᠠᠵᠤ

ᠦᠢᠯᠡᠰ ᠤᠨ ᠬᠡᠯᠬᠢᠶᠡᠨ ᠤ ᠲᠥᠷᠥᠯ ᠵᠦᠢᠯ᠂ ᠲᠡᠮᠦᠷ ᠤᠨ ᠬᠠᠶᠢᠯᠤᠰᠢ ᠶᠢᠨ ᠬᠠᠶᠠᠭᠳᠠᠮᠠᠯ ᠰᠢᠭᠠᠷᠤ ︵ᠥᠨᠳᠥᠷ

ᠨᠡᠭᠦᠷᠡᠰᠦᠲᠥ᠋ᠷᠥᠭᠴᠢᠲᠦ ᠾᠷᠣᠮ ᠲᠡᠮᠦᠷ ᠤᠨ ᠰᠢᠭᠠᠷᠤ᠂ ᠴᠠᠬᠢᠭᠤᠷ ᠮᠠᠩᠭᠠᠨ ᠤ ᠰᠢᠭᠠᠷᠤ︶ ᠶᠢ ᠡᠷᠭᠢᠯᠳᠦᠭᠦᠯᠦᠨ

ᠠᠰᠢᠭᠯᠠᠬᠤ ᠲᠥᠷᠥᠯ ᠵᠦᠢᠯ᠂ ᠯᠢᠲ᠋ᠢ ᠴᠠᠬᠢᠯᠭᠠᠨ ᠴᠡᠨᠡᠭ ᠤᠨ ᠠᠷᠭ᠎ᠠ᠂ ᠪᠢᠯᠢᠭ ᠲᠤᠶᠢᠯ ᠤᠨ ᠮᠠᠲ᠋ᠧᠷᠢᠶᠠᠯ ᠤᠨ

ᠲᠥᠷᠥᠯ ᠵᠦᠢᠯ᠂ ᠸᠠᠭᠠᠷ ᠱᠠᠭᠠᠵᠠᠩ ᠪᠠ ᠮᠢᠺᠷᠣᠪ ᠤᠨ ᠡᠷᠦᠳᠡᠰᠦ ᠶᠢᠨ ᠪᠣᠷᠳᠣᠭᠤᠷ ᠦᠢᠯᠡᠳᠪᠦᠷᠢᠯᠡᠵᠦ ᠡᠳ᠋ᠰᠢᠭᠦᠯᠬᠦ

ᠲᠥᠷᠥᠯ ᠵᠦᠢᠯ᠂ ᠡᠬᠡ ᠬᠠᠭᠤᠷᠠᠢ ᠶᠢᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠥᠷᠥᠯ ᠵᠦᠢᠯ ᠢ

ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠬᠠᠷ᠎ᠠ ᠠᠷᠢᠬᠢ ᠦᠢᠯᠡᠳᠪᠦᠷᠢᠯᠡᠨ ᠪᠣᠷᠣᠯᠠᠭᠤᠯᠬᠤ ᠲᠦᠷᠦᠯ ᠵᠦᠢᠯ ᠂

ᠬᠤᠪᠴᠠᠰᠤ ᠦᠢᠯᠡᠳᠪᠦᠷᠢᠯᠡᠨ ᠪᠣᠷᠣᠯᠠᠭᠤᠯᠬᠤ ᠲᠦᠷᠦᠯ ᠵᠦᠢᠯ ᠂ ᠠᠭᠤᠷᠬᠠᠢ ᠶᠢᠨ ᠭᠠᠷᠤᠯᠲᠠ ᠶᠢ ᠬᠠᠶᠢᠨ ᠰᠢᠨᠵᠢᠯᠡᠬᠦ

ᠲᠦᠷᠦᠯ ᠵᠦᠢᠯ ᠂ ᠰᠣᠶᠣᠯ ᠵᠤᠭᠠᠴᠠᠯ ᠂ ᠡᠷᠡᠭᠦᠯ ᠮᠡᠨᠳᠦ ᠶᠢ ᠬᠠᠮᠠᠭᠠᠯᠠᠬᠤ ᠲᠦᠷᠦᠯ ᠵᠦᠢᠯ ᠵᠡᠷᠭᠡ 14 ᠲᠦᠷᠦᠯ

ᠵᠦᠢᠯ ᠢ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠪᠣᠯᠣᠨ ᠰᠦᠯᠵᠢᠶᠡᠨ ᠤ ᠦᠵᠡᠭᠴᠢᠳ ᠲᠤ ᠲᠠᠨᠢᠯᠴᠠᠭᠤᠯᠵᠠᠢ ᠃

 ᠲᠡᠷᠡ᠂ ᠡᠯ᠎ᠡ ᠡᠲᠡᠭᠡᠳ ᠤᠨ ᠬᠥᠮᠥᠰ ᠤᠨ ᠬᠤᠸᠠᠳᠧ  ᠳᠤ ᠬᠦᠷᠴᠦ ᠲᠣᠭᠤᠷᠢᠨ ᠦᠵᠡᠵᠦ ᠂ ᠰᠢᠨᠵᠢᠯᠡᠨ ᠪᠠᠶᠢᠴᠠᠭᠠᠵᠤ ᠂

ᠪᠡᠯᠡ ᠣᠷᠣᠭᠤᠯᠤᠨ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠂ ᠬᠤᠸᠠᠳᠧ 

ᠰᠢᠶᠠᠨ ᠯᠠᠪᠲᠠᠢ ᠪᠦᠬᠦ ᠬᠦᠴᠦ ᠪᠠᠷ ᠢᠶᠠᠨ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠨ᠎ᠠ ᠭᠡᠵᠦ ᠢᠯᠡᠳᠬᠡᠪᠡ ᠃

002.png

   ᠲᠠᠨᠢᠯᠴᠠᠭᠤᠯᠬᠤ ᠬᠤᠷᠠᠯ ᠤᠨ ᠬᠤᠭᠤᠴᠠᠭᠠᠨ ᠳᠤ ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂

ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢ ᠢᠦᠢ ᠱᠧᠩ ᠭᠦᠸᠧ ᠶᠠᠨ ᡁᠢ ᠺᠧ

︵ᠪᠡᠭᠡᠵᠢᠩ︶  ᠶᠢᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ ᠂ ᠶᠤᠸᠠᠨ ᠱᠠᠨ ᠾᠧᠪᠧᠢ ᠶᠢᠨ ᠡᠨᠧᠷᠭᠢ ᠶᠢᠨ ᠨᠡᠭᠡᠭᠡᠨ

ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠬᠤᠸᠠ ᠵᠦ ᠪᠣᠬᠢᠷᠳᠤᠯ ᠦᠭᠡᠢ ᠪᠦᠲᠦᠭᠡᠨ

ᠪᠠᠶᠢᠭᠤᠯᠤᠯᠲᠠ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ

ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠤ ᠂

ᠵᠥᠪᠯᠡᠯᠴᠡᠭᠡᠷ ᠤᠨ ᠶᠡᠷᠦᠩᠬᠡᠢ ᠵᠣᠭᠤᠰᠤᠨ ᠲᠤᠭ᠎ᠠ ᠨᠢ 39 ᠳ᠋ᠦᠩᠰᠢᠭᠤᠷ ᠲᠥᠭᠦᠷᠢᠭ ᠲᠤ ᠬᠦᠷᠴᠡᠢ ᠃

003.png

   ᠬᠤᠷᠠᠯ ᠤᠨ ᠲᠠᠷᠠᠭ᠎ᠠ ᠂ ᠬᠤᠸᠠᠳᠧ ᠰᠢᠶᠠᠨ ᠤ ᠬᠢᠨ ᠨᠡᠷᠡᠳᠦ ᠰᠢᠯᠢᠳᠡᠭ ᠣᠨᠴᠠ ᠭᠠᠷᠤᠯᠲᠠ ᠶᠢᠨ ᠶᠠᠰᠤ ᠴᠢᠨᠠᠷ ᠢ

ᠰᠢᠯᠭᠠᠨ ᠦᠵᠡᠬᠦ ᠠᠵᠢᠯᠯᠠᠭ᠎ᠠ ᠥᠷᠨᠢᠭᠦᠯᠵᠦ ᠂ ᠮᠠᠰᠢ ᠤᠯᠠᠨ ᠬᠦᠨᠳᠦᠲᠦ ᠵᠣᠴᠢᠳ ᠤᠨ ᠠᠩᠬᠠᠷᠤᠯ ᠢ ᠲᠠᠲᠠᠵᠤ

ᠲᠣᠭᠤᠷᠢᠨ ᠦᠵᠡᠬᠦ ᠪᠠ ᠶᠠᠰᠤ ᠴᠢᠨᠠᠷ ᠢ ᠰᠢᠯᠭᠠᠨ ᠦᠵᠡᠬᠦ ᠠᠵᠢᠯᠯᠠᠭ᠎ᠠ ᠶᠢ ᠥᠷᠨᠢᠭᠦᠯᠵᠡᠢ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2