ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ᠂  ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠬᠤᠸᠠᠳᠧ ᠰᠢᠶᠠᠨ ᠳᠤ ᠭᠦᠨᠵᠡᠭᠡᠶᠢᠷᠡᠨ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ︽ᠬᠤᠶᠠᠷ ᠡᠷᠡᠭᠦᠯ ᠮᠡᠨᠳᠦ︾ ᠶᠢᠨ ᠶᠡᠭᠡ ᠰᠤᠷᠤᠯᠴᠠᠯᠭ᠎ᠠ ᠶᠡᠭᠡ ᠰᠤᠷᠪᠤᠯᠵᠢᠯᠠᠭ᠎ᠠ ᠶᠢᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠪᠡ
ᠨᠡᠶᠢᠲᠡᠯᠡᠭᠰᠡᠨ ᠴᠠᠭ᠄
2022/9/20
     ᠣᠶᠢᠷ᠎ᠠ ᠳᠤ᠂ ᠬᠤᠲᠠ ᠶᠢᠨ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠼᠤᠤ ᠬᠦᠶ ᠵᠥᠩ ᠨᠡᠷ ᠮᠠᠨ ᠤ ᠰᠢᠶᠠᠨ ᠳᠤ ᠭᠦᠨᠵᠡᠭᠡᠶᠢᠷᠡᠨ ︽ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ︿ᠬᠤᠶᠠᠷ ᠡᠷᠡᠭᠦᠯ ᠮᠡᠨᠳᠦ﹀ ᠳᠤ ᠠᠩᠬᠠᠷᠤᠯ ᠢᠶᠠᠨ ᠲᠥᠪᠯᠡᠷᠡᠭᠦᠯᠬᠦ︾ ᠶᠡᠭᠡ ᠰᠤᠷᠤᠯᠴᠠᠯᠭ᠎ᠠ ᠶᠡᠭᠡ ᠰᠤᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠪᠡ᠃
C:\Users\II\Desktop\01.png
     ᠶᠠᠷᠢᠯᠴᠠᠬᠤ ᠬᠤᠷᠠᠯ ᠳᠡᠭᠡᠷ᠎ᠡ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠨᠢᠭᠡᠳᠦᠮᠡᠯ ᠹᠷᠣᠨᠲ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠡᠯ᠎ᠡ ᠠᠵᠢᠯ ᠲᠦᠷᠦᠯ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠲᠠᠢ ᠰᠠᠨᠠᠯ ᠢᠶᠠᠨ ᠰᠣᠯᠢᠯᠴᠠᠵᠤ᠂ ᠡᠯ᠎ᠡ ᠠᠵᠢᠯ ᠲᠦᠷᠦᠯ ᠤᠨ ᠡᠵᠡᠩᠨᠡᠯᠲᠡ ᠶᠢᠨ ᠶᠠᠪᠤᠴᠠ ᠳᠠᠬᠢ ᠡᠪᠡᠷᠰᠢᠶᠡᠯ᠂ ᠲᠦᠭᠵᠢᠷᠡᠯ᠂ ᠬᠦᠴᠢᠷᠳᠡᠯ ᠢ ᠣᠶᠢᠯᠠᠭᠠᠵᠤ᠂ ᠠᠵᠤ ᠠᠬᠤᠶᠢᠯᠠᠯᠲᠠᠨ ᠤ ᠪᠤᠳᠤᠯ ᠰᠠᠨᠠᠭ᠎ᠠ ᠪᠣᠯᠤᠨ ᠡᠯ᠎ᠡ ᠱᠠᠲᠤᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠵᠡᠷᠭᠡ ᠪᠠᠶᠢᠳᠠᠯ ᠢ ᠣᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠦᠢᠯᠡᠳᠪᠤᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠼᠤᠤ ᠬᠦᠶ ᠵᠥᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠨᠢ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠪᠡᠷᠰᠢᠶᠡᠯ᠂ ᠬᠦᠴᠢᠷ ᠠᠰᠠᠭᠤᠳᠠᠯ ᠢ ᠣᠨᠣᠪᠴᠢᠲᠠᠶ ᠡᠷᠢᠵᠦ ᠤᠯᠬᠤ ᠶᠢ ᠵᠣᠷᠢᠭᠰᠠᠨ ᠶᠤᠮ᠂ ᠡᠯ᠎ᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠬᠦᠴᠢᠷ ᠠᠰᠠᠭᠤᠳᠠᠯ ᠢ ᠳᠤᠷᠠᠳᠴᠤ᠂ ᠰᠢᠨ᠎ᠡ ᠴᠠᠭ ᠦᠶ᠎ᠡ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠨᠢᠭᠡᠳᠦᠮᠡᠯ ᠹᠷᠣᠨᠲ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠵᠤ᠂ ᠬᠤᠸᠠᠳᠧ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠦᠢᠯᠡᠳᠦᠯ ᠦᠵᠡᠭᠦᠯᠦᠨ᠎ᠡ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠵᠢᠶᠦ᠋ᠨ ᠵᠢᠴᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠯᠪᠣᠭᠳᠠᠯ ᠪᠦᠬᠦᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ      ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ      ᠣᠷᠴᠢᠭᠤᠯᠤᠭᠴᠢ᠄ ᠳᠤᠭᠤᠰ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2