ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢ ᠹᠦ᠋ ᠵᠦ ᠨᠠᠷ ᠮᠠᠨ ᠤ ᠰᠢᠶᠠᠨ ᠳᠤ ᠭᠦᠨᠵᠡᠭᠡᠶᠢᠷᠡᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/29
     ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠮᠠᠨ ᠤ ᠰᠢᠶᠠᠨ ᠤ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠰᠢᠨ᠎ᠡ ᠳᠡᠭᠲᠡᠷ ᠲᠤ ᠭᠠᠷᠬᠤ ᠶᠢ ᠬᠦᠴᠦ ᠪᠠᠨ ᠬᠠᠮᠲᠤᠳᠬᠠᠨ ᠲᠦᠯᠬᠢᠨ ᠠᠬᠢᠭᠤᠯᠬᠤ ᠶᠢᠨ ᠲᠦᠯᠦᠭᠡ ᠂ 9 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠯᠢ ᠹᠦ᠋ ᠵᠦ ᠨᠠᠷ ᠬᠤᠸᠠᠳᠧ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠩ ᡁᠢ ᠹᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃

   ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠢᠶᠠᠨ ᠤ ᠠᠵᠢᠯ ᠮᠡᠷᠭᠡᠵᠢᠯ ᠤᠨ ᠳᠤᠮᠳᠠᠳᠤ

ᠰᠤᠷᠭᠠᠭᠤᠯᠢ᠂ ᠰᠢᠶᠠᠨ ᠤ ᠡᠮᠨᠡᠯᠭᠡ ᠶᠢᠨ ᠬᠤᠷᠢᠶ᠎ᠠ᠂ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠭᠠᠵᠠᠷ ᠢᠶᠠᠷ

ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠂ ᠯᠢ ᠹᠦ᠋ ᠵᠦ ᠨᠠᠷ

ᠡᠯ᠎ᠡ ᠬᠦᠷᠢᠶ᠎ᠡ ᠴᠠᠷ᠎ᠠ ᠶᠢᠨ ᠬᠠᠪᠰᠤᠷᠤᠨ ᠲᠡᠳᠬᠦᠬᠦ ︽ ᠰᠠᠭᠤᠷᠢᠨ ᠭᠠᠵᠠᠷ︾ ᠬᠦᠷᠴᠦ ᠬᠠᠪᠰᠤᠷᠤᠨ ᠲᠡᠳᠬᠦᠬᠦ 

ᠪᠦᠯᠬᠦᠮ ᠤᠨ ᠪᠦᠷᠢᠯᠳᠦᠭᠦᠨ ᠢ ᠪᠣᠯᠭᠤᠭᠠᠨ ᠦᠵᠡᠭᠰᠡᠨ ᠪᠥᠭᠡᠳ ᠪᠦᠯᠬᠦᠮ ᠳᠠᠭᠠᠭᠤᠯᠤᠭᠰᠠᠨ ᠤᠳᠤᠷᠢᠳᠤᠯᠭ᠎ᠠ᠂

ᠲᠤᠰᠬᠠᠢ ᠮᠡᠷᠭᠡᠵᠢᠯᠲᠡᠨ ᠤ ᠭᠡᠰᠢᠭᠦᠳ ᠲᠠᠢ ᠶᠠᠷᠢᠯᠴᠠᠪᠠ ᠃

   ᠶᠠᠷᠢᠯᠴᠠᠬᠤ ᠬᠤᠷᠠᠯ ᠳᠡᠭᠡᠷ᠎ᠡ ᠂ ᠰᠢᠶᠠᠨ ᠤ ᠡᠮᠨᠡᠯᠭᠡ ᠶᠢᠨ ᠬᠤᠷᠢᠶᠠᠨ ᠤ ᠳᠠᠷᠤᠭ᠎ᠠ ᠯᠢ ᠶᠢᠦ ᠪᠠᠶᠢᠴᠠᠭᠠᠨ ᠰᠤᠳᠤᠯᠬᠤ

ᠳᠤᠭᠤᠶᠢᠯᠠᠩ ᠳᠤ ᠨᠢᠭᠡ ᠵᠢᠯ ᠤᠨ ᠲᠤᠷᠰᠢᠬᠢ ᠭᠤᠣᠯ ᠪᠣᠯᠬᠤ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠮᠵᠢ ᠂

ᠳᠤᠲᠠᠭᠤᠳᠠᠯ ᠪᠠᠭᠤᠷᠠᠢ ᠵᠦᠢᠯ ᠣᠷᠣᠰᠢᠵᠤ ᠪᠠᠶᠢᠬᠤ ᠪᠠ ᠰᠢᠶᠠᠨ ᠤ ᠡᠮᠨᠡᠯᠭᠡ ᠶᠢᠨ ᠬᠤᠷᠢᠶᠠᠨ ᠤ ᠳᠠᠷᠠᠭᠠᠴᠢ ᠶᠢᠨ

ᠱᠠᠲᠤᠨ ᠳᠤ ︽ᠪᠦᠯᠬᠦᠮ ᠬᠡᠯᠪᠡᠷᠢ︾  ᠪᠠᠷ ᠬᠠᠪᠰᠤᠷᠤᠨ ᠲᠡᠳᠬᠦᠬᠦ ᠬᠥᠭᠵᠢᠯᠲᠡ ᠶᠢᠨ ᠰᠡᠳᠬᠢᠴᠡ ᠪᠠᠨ ᠬᠠᠷᠢᠭᠤ

ᠮᠡᠳᠡᠭᠦᠯᠵᠡᠢ ᠃

    ᠰᠣᠯᠢᠯᠴᠠᠭᠠᠨ ᠤ ᠳᠤᠮᠳᠠ᠂ ᠯᠢ ᠹᠦ᠋ ᠵᠦ ᠬᠠᠪᠰᠤᠷᠤᠨ ᠲᠡᠳᠬᠦᠬᠦ ᠠᠵᠢᠯ ᠢ ᠭᠦᠢᠴᠡᠳ ᠨᠤᠲᠠᠯᠠᠪᠠ ᠃ ᠲᠡᠷᠡ 

ᠢᠯᠡᠳᠬᠡᠬᠦ ᠳᠡᠭᠡᠨ᠂ ᠪᠦᠬᠦ ᠭᠡᠰᠢᠭᠦᠳ ᠢᠮᠠᠭᠲᠠ ᠰᠠᠶᠢᠨ ᠰᠠᠶᠢᠬᠠᠨ ᠴᠤᠭ ᠰᠦᠯᠳᠡ ᠪᠣᠯᠣᠨ ᠣᠷᠭᠢᠯᠤᠮ᠎ᠠ ᠬᠠᠯᠠᠭᠤᠨ

ᠠᠵᠢᠯ ᠤᠨ ᠰᠡᠳᠬᠢᠯᠭᠡ ᠲᠠᠢ ᠪᠠᠶᠢᠵᠤ ᠂ ᠬᠤᠸᠠᠳᠧ ᠰᠢᠶᠠᠨ ᠲᠠᠢ ᠰᠡᠳᠬᠢᠯ ᠰᠠᠨᠠᠭ᠎ᠠ ᠪᠠᠨ ᠨᠢᠭᠡᠳᠬᠡᠵᠦ ᠂ ᠠᠯᠬᠤᠮ

ᠳᠠᠷᠠᠭ᠎ᠠ ᠪᠠᠨ ᠬᠠᠮᠲᠤᠳᠬᠠᠵᠤ ᠂ ᠠᠵᠢᠯ ᠳᠠᠭᠠᠨ ᠬᠠᠶᠢᠷ᠎ᠠ ᠰᠡᠳᠬᠢᠯᠭᠡ ᠲᠠᠢ ᠂ ᠬᠠᠷᠢᠭᠤᠴᠠᠯᠭ᠎ᠠ ᠲᠠᠢ ᠂ ᠰᠣᠶᠣᠯ

ᠢᠷᠭᠡᠨᠰᠢᠯ ᠤᠨ ᠰᠤᠷᠭᠠᠨ ᠬᠥᠮᠦᠵᠢᠯ ᠂ ᠡᠷᠡᠭᠦᠯ ᠮᠡᠨᠳᠤ ᠡᠮ ᠡᠮᠨᠡᠯᠭᠡ ᠂ ᠠᠵᠤ ᠦᠢᠯᠡᠰ ᠤᠨ ᠬᠥᠭᠵᠢᠯᠲᠡ᠂ ᠠᠷᠠᠳ ᠤᠨ

ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠯᠠᠪᠳᠠᠭᠤᠨ ᠪᠠᠲᠤᠲᠠᠢ ᠠᠵᠢᠯ ᠬᠢᠭᠰᠡᠨ

ᠪᠥᠭᠡᠳ ᠢᠯᠡᠳᠲᠡ ᠠᠵᠢᠯ ᠤᠨ ᠦᠷ᠎ᠡ ᠪᠦᠲᠦᠮᠵᠢ ᠣᠯᠵᠤ ᠂ ᠪᠦᠬᠦ ᠰᠢᠶᠠᠨ ᠴᠢᠨᠠᠭᠰᠢᠯᠠᠪᠠᠯ ᠪᠦᠬᠦ ᠬᠤᠳᠠ ᠶᠢᠨ ᠺᠠᠳ᠋ᠷ

ᠵᠢᠴᠢ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ ᠭᠡᠪᠡ᠃

   ᠯᠢ ᠹᠦ᠋ ᠵᠦ ᠰᠢᠶᠠᠨ ᠳᠤ ᠰᠠᠭᠤᠭ᠎ᠠ ᠡᠯ᠎ᠡ ᠬᠦᠷᠢᠶᠡᠨ ᠤ ᠬᠠᠪᠰᠤᠷᠤᠨ ᠲᠡᠳᠬᠦᠬᠦ ᠪᠦᠷᠢᠯᠳᠦᠭᠦᠨ ᠢ ᠡᠭᠦᠷᠭᠡ

ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ ᠂ ︽ᠭᠤᠷᠪᠠᠨ ᠦᠬᠡᠷ︾ ᠤᠨ

ᠵᠣᠷᠢᠭ ᠰᠠᠨᠠᠭ᠎ᠠ ᠶᠢ ᠪᠠᠳᠠᠷᠠᠭᠤᠯᠵᠤ ᠂ ᠳᠤᠷᠠᠲᠠᠶ᠎ᠠ ︽ ᠨᠣᠮᠤᠬᠠᠨ ᠱᠠᠷ︾ ᠂ ︽ᠠᠲᠠᠷ ᠬᠠᠭᠠᠯᠪᠤᠷᠢᠯᠠᠬᠤ ᠦᠬᠡᠷ︾ ᠂ 

︽ᠠᠷᠠᠯ ᠤᠨ ᠱᠠᠷ︾ ᠪᠣᠯᠵᠤ ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠳᠠᠰᠤᠷᠠᠯᠳᠠ

ᠦᠭᠡᠢ ᠰᠢᠢᠳᠪᠦᠷᠢᠯᠡᠵᠦ ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ

ᠬᠡᠷᠡᠭᠲᠡᠢ ᠭᠡᠵᠦ ᠵᠣᠷᠢᠭᠵᠢᠭᠤᠯᠪᠠ ᠃

        ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

        ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2