ᠮᠠᠨ ᠤ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠪᠡᠯᠡᠳᠬᠡᠯ ᠬᠤᠷᠠᠯ ᠬᠢᠪᠡ
ᠨᠡᠶᠢᠲᠡᠯᠡᠭᠰᠡᠨ ᠴᠠᠭ᠄
2023/1/10
   1 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠪᠡᠯᠡᠳᠬᠡᠯ ᠬᠤᠷᠠᠯ ᠬᠢᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ ᠲᠢᠩ ᠶᠦᠩ ᠬᠤᠷᠠᠯ ᠡᠷᠭᠢᠯᠡᠪᠡ᠃

20.png

   ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠩ

ᠵᠧᠦ ᠴᠢ᠂ᠵᠦ ᠱᠢ ᠮᠢᠨ᠂ ᠵᠠᠩ ᠶᠠᠨ ᠰᠢᠶᠠ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠳᠡᠳ᠋ ᠡᠷᠬᠢᠯᠡᠭᠴᠢ ᠯᠢᠦ ᠱᠦ ᠮᠧᠶ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ

ᠰᠠᠭᠠᠲᠠᠪᠠ᠃

   ᠪᠡᠯᠡᠳᠬᠡᠯ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 170 ᠬᠥᠮᠥᠨ᠂ ᠪᠣᠳᠠᠲᠠᠢ ᠣᠷᠣᠯᠴᠠᠭᠰᠠᠨ

ᠲᠥᠯᠥᠭᠡᠯᠡᠭᠴᠢ 144 ᠬᠥᠮᠥᠨ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢ ᠪᠦᠬᠦ ᠲᠥᠯᠥᠭᠡᠯᠡᠭᠴᠢ ᠶᠢᠨ ᠬᠠᠭᠠᠰ

ᠲᠤᠭ᠎ᠠ ᠠᠴᠠ ᠳᠠᠪᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃

   ᠬᠤᠷᠠᠯᠳᠤᠭᠠᠨ ᠠᠴᠠ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ

ᠨᠡᠷᠡᠰ᠂ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ

ᠬᠤᠶᠠᠳᠤᠭᠠᠷ ᠬᠤᠷᠠᠯᠳᠤᠭᠠᠨ ᠤ ᠵᠥᠪᠯᠡᠬᠦ ᠵᠦᠢᠯ᠂ ᠲᠥᠯᠥᠪᠯᠡᠭᠡ ᠪᠠ ᠲᠥᠰᠥᠪ ᠢ ᠬᠢᠨᠠᠨ ᠪᠠᠶᠢᠴᠠᠭᠠᠬᠤ ᠺᠣᠮᠢᠰ ᠤᠨ ᠨᠡᠷᠡᠰ᠂

ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠨᠡᠷᠡᠰ ᠢ ᠪᠠᠲᠤᠯᠠᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠤᠨ

ᠳᠠᠷᠤᠭ᠎ᠠ᠂ ᠳᠡᠳ᠋ ᠳᠠᠷᠤᠭ᠎ᠠ ᠶᠢᠨ ᠨᠡᠷᠡᠰ ᠢ ᠤᠩᠰᠢᠨ ᠨᠡᠶᠢᠲᠡᠯᠡᠪᠡ᠃

   ᠬᠤᠷᠠᠯ ᠠᠴᠠ ᠱᠠᠭᠠᠷᠳᠠᠭᠰᠠᠨ ᠨᠢ᠂ ᠲᠥᠯᠥᠭᠡᠯᠡᠭᠴᠢᠳ ᠡᠨᠡ ᠤᠳᠠᠭ᠎ᠠ ᠶᠢᠨ ᠬᠤᠷᠠᠯ ᠢ ᠰᠠᠶᠢᠲᠤᠷ ᠬᠤᠷᠠᠯᠳᠤᠭᠤᠯᠬᠤ ᠶᠢᠨ

ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠶᠡᠭᠡ ᠬᠤᠷᠠᠯ ᠤᠨ ᠵᠢᠯᠤᠭᠤᠳᠬᠤ ᠦᠵᠡᠯ ᠰᠠᠨᠠᠭ᠎ᠠ ᠶᠣᠰᠣᠭᠠᠷ᠂

ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠨᠠᠮ ᠪᠠ

ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠵᠥᠪᠯᠡᠬᠦ ᠰᠡᠳᠦᠪ ᠢ

ᠨᠠᠷᠢᠨ ᠬᠢᠨᠠᠮᠠᠭᠠᠢ ᠬᠢᠨᠠᠨ ᠶᠠᠷᠢᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ

ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ

ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠶᠡᠭᠡ ᠬᠤᠷᠠᠯ ᠢ ᠲᠤᠭ ᠢᠶᠠᠨ ᠥᠨᠳᠥᠷ ᠮᠠᠨᠳᠤᠭᠤᠯᠤᠭᠰᠠᠨ᠂ ᠰᠡᠳᠬᠢᠯ ᠢᠶᠠᠨ

ᠨᠢᠭᠡᠳᠬᠡᠨ ᠬᠦᠴᠦᠨ ᠢᠶᠠᠨ ᠨᠢᠭᠲᠠᠷᠠᠭᠤᠯᠤᠭᠰᠠᠨ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠭᠠᠨ ᠬᠤᠷᠠᠯᠳᠤᠭᠤᠯᠤᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2