| ᠵᠣᠷᠢᠭᠲᠠᠢ ᠪᠠᠷ ᠡᠷᠡᠯᠬᠡᠭᠯᠡᠨ ᠲᠡᠮᠡᠴᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠂ ᠰᠢᠨᠲᠠᠷᠠᠰᠢ ᠦᠭᠡᠢ | ᠴᠢᠷᠮᠠᠶᠢᠨ ᠠᠵᠢᠯᠯᠠᠵᠤ ᠂ ᠰᠢᠨ᠎ᠡ ᠶᠢ ᠨᠡᠭᠡᠭᠡᠬᠦ ᠶᠢ ᠬᠤᠶᠢᠷᠭᠤᠰᠢᠬᠤ ᠦᠭᠡᠢ ᠪᠠᠶᠢᠬᠤ ᠬᠡᠷᠡᠭᠲᠡᠢ ᠃1 ᠰᠠᠷ᠎ᠠ ᠶᠢᠨ 10 ᠤ | ᠦᠳᠡ ᠶᠢᠨ ᠡᠮᠦᠨ᠎ᠡ ᠂ ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠠᠩᠬᠠᠳᠤᠭᠠᠷ ᠤᠳᠠᠭ᠎ᠠ ᠶᠢᠨ ᠪᠦᠬᠦ | ᠲᠥᠯᠥᠭᠡᠯᠡᠭᠴᠢᠳ ᠤᠨ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃ ᠪᠦᠬᠦ ᠰᠢᠶᠠᠨ ᠤ ᠠᠷᠠᠳ ᠲᠦᠮᠡᠨ ᠤ | ᠬᠦᠨᠳᠦ ᠨᠠᠶᠢᠳᠠᠯᠭ᠎ᠠ ᠶᠢ ᠡᠭᠦᠷᠭᠡᠯᠡᠵᠦ ᠂ ᠪᠦᠬᠦ ᠰᠢᠶᠠᠨ ᠤ ᠡᠯ᠎ᠡ ᠹᠷᠣᠨᠲ ᠠᠴᠠ ᠢᠷᠡᠭᠰᠡᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠣᠷᠢᠭ ᠰᠠᠨᠠᠭ᠎ᠠ ᠪᠢᠯᠬᠠᠮ᠎ᠠ ᠪᠠᠶᠢᠵᠤ ᠂ ᠨᠢᠭᠡ | ᠲᠠᠩᠬᠢᠮ ᠳᠤ ᠴᠤᠭᠯᠠᠷᠠᠵᠤ ᠂ ᠦᠨᠳᠦᠰᠦᠨ ᠬᠠᠤᠯᠢ ᠪᠣᠯᠣᠨ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠬᠤᠸᠠᠳᠧ ᠶᠢᠨ ᠬᠥᠭᠵᠢᠯᠲᠡ ᠶᠢᠨ ᠶᠡᠭᠡ ᠪᠣᠳᠣᠯᠭ᠎ᠠ ᠶᠢ | ᠬᠠᠮᠲᠤᠪᠠᠷ ᠵᠥᠪᠯᠡᠵᠦ ᠂ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠵᠤ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠸᠠᠳᠧ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠶᠡᠭᠡ ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠭᠡᠭᠴᠢ ᠲᠡᠷᠢᠭᠦᠯᠡᠭᠴᠢ ᠶᠢᠩ ᠲᠢᠩ ᠶᠦᠩ | ᠡᠷᠬᠢᠯᠡᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠭᠡᠭᠴᠢ ᠲᠡᠷᠢᠭᠦᠯᠡᠭᠴᠢ ᠴᠧᠨ ᠼᠠᠢ | ᠰᠢᠶᠠ᠂ ᠡᠦ · ᠴᠢᠯᠠᠭᠤ ᠵᠤᠤ ᠵᠢᠶᠠᠨ ᠭᠦᠸᠧ ᠂ ᠵᠦ ᠱᠢ ᠮᠢᠩ ᠂ ᠭᠦᠸᠧ ᠫᠧᠩ ᠶᠢᠩ ᠂ ᠰᠦᠩ ᠵᠢᠶᠠᠩ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ ᠃ | ᠴᠠᠩ ᠳ᠋ᠠ ᠸᠧᠢ ᠂ ᠳ᠋ᠢᠶᠣᠣ ᠴᠦᠨ ᠬᠠᠢ ᠂ ᠵᠧᠦ ᠵᠢᠢ ᠱᠧᠩ ᠵᠡᠷᠭᠡ ᠤᠳᠤᠷᠢᠳᠤᠯᠭ᠎ᠠ ᠵᠢᠴᠢ ᠲᠡᠷᠢᠭᠦᠯᠡᠭᠴᠢᠳ ᠤᠨ | ᠪᠦᠯᠬᠦᠮ ᠤᠨ ᠪᠤᠰᠤᠳ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ ᠃ | ᠬᠤᠸᠠᠳᠧ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠤᠳᠤ 170 ᠲᠥᠯᠥᠭᠡᠯᠡᠭᠴᠢ ᠲᠠᠢ ᠪᠠᠶᠢᠵᠤ ᠂ ᠲᠤᠰ ᠤᠳᠠᠭᠠᠨ ᠤ ᠪᠥᠬᠦᠳᠡ ᠬᠤᠷᠠᠯ ᠳᠤ 140 ᠲᠥᠯᠥᠭᠡᠯᠡᠭᠴᠢ | ᠣᠷᠣᠯᠴᠠᠵᠤ ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠦ ᠪᠠᠶᠢᠨ᠎ᠠ᠃ | ᠦᠳᠡ ᠶᠢᠨ ᠡᠮᠦᠨᠡᠬᠢ 9 ᠴᠠᠭ ᠲᠤ ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ | ᠳᠤᠮᠳᠠ ᠡᠬᠢᠯᠡᠪᠡ᠃ | | | | | | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ | ᠬᠠᠢ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠬᠢᠪᠡ ᠃ ᠢᠯᠡᠳᠬᠡᠯ ᠳᠤ 2022 ᠣᠨ ᠤ ᠠᠵᠢᠯ ᠤᠨ ᠡᠷᠭᠢᠴᠡᠭᠦᠯᠦᠯ ᠂ 2023 | ᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠠ ᠬᠠᠷᠠᠯᠲᠠ ᠡᠭᠦᠷᠭᠡ ᠂ 2023 ᠣᠨ ᠤ ᠵᠠᠰᠠᠭ ᠤᠨ ᠣᠷᠳᠣᠨ ᠤ | ᠠᠵᠢᠯ ᠤᠨ ᠭᠤᠣᠯᠳᠠᠯᠭ᠎ᠠ ᠲᠠᠢ ᠡᠭᠦᠷᠭᠡ ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ | ᠴᠢᠩᠭᠠᠳᠬᠠᠬᠤ ᠲᠦᠷᠪᠡᠨ ᠬᠡᠰᠡᠭ ᠬᠤᠪᠢᠶᠠᠨ᠎ᠠ ᠃ | ᠳ᠋ᠢᠶᠣᠣ ᠴᠦᠨ ᠬᠠᠢ ᠬᠡᠯᠡᠭᠰᠡᠨ ᠨᠢ᠂ 2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ | ᠵᠢᠯ ᠮᠥᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ ᠮᠥᠨ᠃ | ᠨᠢᠭᠡ ᠵᠢᠯ ᠤᠨ ᠲᠤᠷᠰᠢ᠂ ᠰᠢᠶᠠᠨ ᠤ ᠵᠠᠰᠠᠭ ᠤᠨ ᠣᠷᠳᠣᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠣᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠲᠣᠭᠲᠠᠯ | ᠬᠦᠴᠦᠨ ᠢᠶᠠᠨ ᠪᠠᠲᠤᠯᠠᠵᠤ ᠂ ᠢᠲᠡᠭᠡᠯ ᠵᠣᠷᠢᠭ ᠢᠶᠠᠨ ᠬᠥᠪᠴᠢᠯᠡᠵᠦ ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠦᠷᠭᠦᠯᠵᠢᠯᠡᠨ ᠰᠠᠶᠢᠵᠢᠷᠠᠭᠤᠯᠵᠤ ᠂ | ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠦ ᠂ ᠪᠦᠬᠦ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠰᠠᠭᠤᠷᠢ ᠲᠠᠯᠪᠢᠵᠤ ᠥᠭᠴᠡᠢ ᠃ | ᠳ᠋ᠢᠶᠣᠣ ᠴᠦᠨ ᠬᠠᠢ ᠵᠢᠷᠭᠤᠭᠠᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳ᠋ᠦᠩᠨᠡᠪᠡ ᠄ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ︔ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠳᠡᠯᠭᠡᠭᠦ ᠬᠦᠴᠦᠨ ᠢ ᠪᠠᠳᠠᠷᠠᠭᠤᠯᠵᠤ᠂ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠰᠢᠨ᠎ᠡ ᠠᠮᠢᠵᠢᠷᠠᠯ ᠤᠨ ᠬᠦᠴᠦᠨ ᠢ ᠬᠦᠴᠦᠯᠡᠨ ᠬᠦᠭᠵᠢᠭᠡᠪᠡ︔ ᠣᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠪᠡ︔ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠬᠦᠴᠦᠯᠡᠨ ᠪᠠᠶᠢᠭᠤᠯᠬᠤᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠦᠴᠦᠯᠡᠨ ᠬᠠᠩᠭᠠᠬᠤ | ᠬᠡᠷᠡᠭᠲᠡᠢ︔ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠲᠡᠷᠡ ᠬᠡᠯᠡᠬᠦ ᠳᠡᠭᠡᠨ᠂ | 2022 ᠣᠨ ᠢ ᠡᠷᠭᠢᠴᠡᠭᠦᠯᠵᠦ ᠦᠵᠡᠪᠡᠯ᠂ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠵᠢᠱᠢᠭᠰᠡᠨ ᠠᠴᠠ ᠨᠡᠩ | ᠪᠤᠳᠤᠯᠢᠶᠠᠨᠲᠠᠢ᠂ ᠲᠤᠯᠭᠠᠷᠠᠭᠰᠠᠨ ᠬᠦᠴᠢᠷ ᠪᠡᠷᠬᠡᠰᠢᠶᠡᠯ ᠨᠢ ᠨᠡᠩ ᠬᠦᠨᠳᠦ ᠬᠡᠴᠡᠭᠦᠦ ᠪᠣᠯᠵᠤ᠂ ᠣᠯᠣᠭᠰᠠᠨ ᠠᠮᠵᠢᠯᠲᠠ | ᠪᠦᠲᠦᠮᠵᠢ ᠨᠢ ᠥᠩᠭᠡᠷᠡᠭᠰᠡᠨ ᠤ ᠬᠢ ᠠᠴᠠ ᠨᠡᠩ ᠬᠢᠯᠪᠠᠷ ᠪᠤᠰᠤ ᠶᠤᠮ᠂ ᠡᠳᠡᠭᠡᠷ ᠠᠮᠵᠢᠯᠲᠠ ᠶᠢ ᠣᠯᠣᠭᠰᠠᠨ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠂ | ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠵᠥᠪ | ᠣᠨᠣᠪᠴᠢᠲᠠᠢ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ | ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ | ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠯᠡᠨ ᠳᠡᠮᠵᠢᠵᠦ᠂ ᠪᠦᠲᠦᠮᠵᠢᠲᠡᠢ ᠬᠢᠨᠠᠯᠲᠠ ᠲᠠᠯᠪᠢᠭᠰᠠᠨ ᠤ | ᠦᠷ᠎ᠡ ᠳ᠋ᠦᠩ ᠮᠥᠨ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ | ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ | ᠳ᠋ᠢᠶᠣᠣ ᠴᠦᠨ ᠬᠠᠢ ᠬᠡᠯᠡᠭᠰᠡᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ | ᠮᠥᠨ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ | ᠤᠯᠤᠰ ᠤᠨ ᠡᠪ ᠬᠠᠮᠲᠤᠴᠤᠳ ᠤᠨ ᠡᠭᠦᠷᠭᠡ ᠬᠠᠷᠢᠭᠤᠴᠠᠯᠭ᠎ᠠ ᠶᠢ ᠳᠤᠷᠠᠳᠴᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠠᠶᠢᠴᠢᠯᠠᠯᠲᠠ ᠶᠢᠨ ᠵᠠᠷᠯᠢᠭ ᠢ ᠭᠠᠷᠭᠠᠪᠠ᠃ | ᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ ᠡᠷᠡᠯᠬᠡᠭᠯᠡᠨ ᠤᠷᠤᠭᠰᠢᠯᠠᠬᠤ ᠴᠠᠭ ᠪᠣᠯᠪᠠ᠃ ᠪᠢᠳᠡ ᠡᠷᠬᠡᠪᠰᠢ ᠳᠡᠭᠡᠳᠦ | ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠲᠡᠦᠬᠡ ᠶᠢᠨ ᠡᠭᠦᠷᠭᠡᠲᠦ ᠰᠡᠳᠬᠢᠯᠭᠡ ᠪᠠᠷ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ ᠂ | ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠤᠶᠤᠨ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠬᠤ | ᠬᠡᠷᠡᠭᠲᠡᠢ ︔ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ︽ᠲᠠᠪᠤᠨ ᠶᠡᠭᠡ ᠡᠭᠦᠷᠭᠡ︾ ᠶᠢ ᠯᠠᠪᠳᠠᠭᠤᠨ | ᠪᠠᠲᠤᠲᠠᠢ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠬᠤᠸᠠᠳᠧ ᠵᠢᠨᠬᠤᠪᠢ ᠨᠡᠮᠡᠷᠢ ᠶᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠷᠬᠡᠪᠰᠢ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠪᠣᠬᠢᠷᠳᠤᠯ ᠦᠭᠡᠢ | ᠬᠥᠭᠵᠢᠯᠲᠡ ᠶᠢᠨ ᠰᠠᠭᠤᠷᠢ ᠥᠩᠭᠡ ᠶᠢ ᠵᠤᠵᠠᠭᠠᠳᠬᠠᠵᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ | ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠬᠦᠴᠦᠯᠡᠨ ᠪᠠᠶᠢᠭᠤᠯᠵᠤ᠂ ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠦᠢ | ᠵᠣᠬᠢᠰᠲᠠᠢ ᠪᠠᠷ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ | ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠤ | ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠠᠷᠠᠳ ᠲᠤ ᠠᠰᠢᠭ ᠣᠯᠭᠤᠵᠤ ᠠᠷᠠᠳ ᠲᠤ ᠠᠰᠢᠭ | ᠬᠦᠷᠲᠡᠭᠡᠬᠦ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠪᠠᠷ ᠰᠠᠶᠢᠲᠤᠷ ᠬᠢᠵᠦ᠂ ᠥᠨᠢ ᠤᠳᠠᠭᠠᠨ ᠤ ᠴᠢᠷᠮᠠᠶᠢᠯᠭ᠎ᠠ ᠪᠠᠷ | ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ | ᠤᠯᠠᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ᠃ | ᠳ᠋ᠢᠶᠣᠣ ᠴᠦᠨ ᠬᠠᠢ ᠬᠡᠯᠡᠬᠦ ᠳᠡᠭᠡᠨ᠄ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠵᠢᠷᠭᠤᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠶᠡᠷᠦᠩᠬᠡᠢ | ᠲᠣᠬᠢᠷᠠᠭᠤᠯᠤᠯᠲᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠣᠨ ᠬᠤᠲᠠ ᠶᠢᠨ | ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠤᠷᠤᠭᠰᠢᠯᠠᠭᠤᠯᠬᠤ ᠶᠢᠨ ᠵᠡᠷᠭᠡ ᠳᠤ ᠰᠢᠯᠢᠳᠡᠭ ᠲᠤ | ᠲᠣᠬᠢᠷᠠᠭᠤᠯᠤᠯᠲᠠ ᠬᠢᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ | ᠪᠠ ᠠᠭᠤᠰᠤᠯᠴᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ | ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠬᠥᠪᠴᠢᠯᠡᠵᠦ ᠂ ︽ᠲᠠᠪᠤᠨ ᠶᠡᠭᠡ ᠡᠭᠦᠷᠭᠡ︾ ᠪᠠᠷ ᠨᠢᠭᠡᠳᠦᠯᠲᠡᠢ | ᠵᠢᠯᠣᠭᠤᠳᠤᠭᠤᠯᠵᠤ᠂︽ᠲᠠᠪᠤᠨ ᠶᠡᠭᠡ ᠠᠵᠤ ᠠᠬᠤᠢ︾ ᠪᠠᠷ ᠭᠠᠷᠳᠠᠴᠠ ᠪᠣᠯᠭᠠᠨ᠂︽ᠭᠤᠷᠪᠠᠨ ᠭᠤᠷᠪᠠ︾ ᠶᠢᠨ | ᠬᠥᠭᠵᠢᠯᠲᠡ ᠶᠢᠨ ᠠᠷᠭ᠎ᠠ ᠵᠠᠮ ᠢ ᠪᠠᠷᠢᠮᠲᠠᠯᠠᠵᠤ᠂︽ᠲᠦᠷᠪᠡᠨ ᠶᠠᠪᠤᠳᠠᠯ︾ ᠢ ᠰᠠᠶᠢᠲᠤᠷ ᠬᠢᠵᠦ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠬᠤᠸᠠᠳᠧ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠳ᠋ᠢᠶᠣᠣ ᠴᠦᠨ ᠬᠠᠢ ᠢᠯᠡᠳᠬᠡᠯ ᠳᠡᠭᠡᠨ 2023 ᠣᠨ ᠤ ᠪᠥᠬᠦ ᠰᠢᠶᠠᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠤᠨ ᠭᠠᠷᠭᠠᠪᠠ᠄ ᠦᠢᠯᠡᠳᠪᠦᠷᠢᠯᠡᠯ ᠤᠨ ᠪᠥᠬᠦ ᠥᠷᠲᠡᠭ ︵ | GDP︶ ᠤᠨ ᠨᠡᠮᠡᠭᠳᠡᠯ ᠤᠨ ᠬᠤᠷᠳᠤᠴᠠ ᠶᠢ 6.05%︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7.20%︔ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢᠨ ᠨᠡᠮᠡᠭᠳᠡᠯ ᠤᠨ ᠬᠤᠷᠳᠤᠴᠠ 5.04%︔ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠᠬᠥ᠋ᠳᠡᠭᠡ ᠲᠣᠰᠬᠤᠨ ᠤ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ 10.50% ︔ | ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠨᠧᠷᠭᠢ | ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ | ᠪᠡᠶᠡᠯᠡᠭᠦᠯᠦᠨ᠎ᠡ᠃ | ᠳ᠋ᠢᠶᠣᠣ ᠴᠦᠨ ᠬᠠᠢ ᠬᠡᠯᠡᠬᠦ ᠳᠡᠭᠡᠨ᠂ ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠂ 2023 | ᠣᠨ ᠳᠤ︽ᠨᠠᠢᠮᠠᠨ ᠬᠦᠴᠦᠨ ᠢ ᠲᠥᠪᠯᠡᠷᠡᠭᠦᠯᠬᠦ︾ ᠶᠢ ᠭᠤᠣᠯᠳᠠᠯᠭ᠎ᠠ ᠲᠠᠢ ᠪᠡᠶᠡᠯᠡᠭᠦᠯᠦᠨ᠎ᠡ᠄ ᠬᠦᠴᠦᠨ ᠢᠶᠠᠨ | ᠲᠥᠪᠯᠡᠷᠡᠭᠦᠯᠦᠨ ᠬᠤᠷᠢᠭ᠎ᠠ ᠱᠤᠭᠤᠮ ᠢ ᠰᠠᠬᠢᠵᠤ᠂ ᠬᠥᠭᠵᠢᠯ ᠮᠠᠨᠳᠤᠯ ᠢ ᠠᠬᠢᠭᠤᠯᠵᠤ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠤᠨ᠎ᠠ︔ ᠬᠦᠴᠦᠨ ᠢᠶᠠᠨ ᠲᠥᠪᠯᠡᠷᠡᠭᠦᠯᠦᠨ ᠲᠦᠷᠦᠯ ᠵᠦᠢᠯ ᠢ | ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦᠷ ᠢ | ᠴᠣᠭᠴᠠᠯᠠᠬᠤ ᠬᠡᠷᠡᠭᠲᠡᠢ︔ᠬᠦᠴᠦᠨ ᠢᠶᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠬᠤ ᠶᠢ ᠠᠳᠬᠤᠵᠤ᠂ | ᠬᠥᠭᠵᠢᠯᠲᠡ ᠶᠢ ᠠᠬᠢᠭᠤᠯᠵᠤ᠂ ᠳᠠᠪᠠᠭᠤᠯᠢᠭ ᠠᠵᠤ ᠦᠢᠯᠡᠰ ᠤᠨ ᠨᠡᠶᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ︔ᠬᠦᠴᠦ ᠪᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ︔ ᠬᠦᠴᠦᠨ ᠢᠶᠠᠨ | ᠲᠥᠪᠯᠡᠷᠡᠭᠦᠯᠦᠨ ᠳᠤᠲᠠᠭᠤᠳᠠᠯ ᠢ ᠨᠥᠬᠦᠪᠦᠷᠢᠯᠡᠵᠦ ᠂ ᠶᠠᠰᠤ ᠴᠢᠨᠠᠷ ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ | ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠦᠲᠦᠭᠡᠨ ᠪᠠᠶᠢᠭᠤᠯᠤᠨ᠎ᠠ︔ ᠬᠦᠴᠦ ᠪᠠᠨ ᠲᠥᠪᠯᠡᠷᠡᠭᠦᠯᠦᠨ | ᠬᠠᠮᠠᠭᠠᠯᠠᠬᠤ ᠶᠢ ᠠᠳᠬᠤᠵᠤ ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠳᠤᠯ ᠦᠭᠡᠢ ᠬᠥᠭᠵᠢᠯᠲᠡ ᠶᠢᠨ | ᠰᠠᠭᠤᠷᠢ ᠥᠩᠭᠡ ᠶᠢ ᠰᠠᠬᠢᠨ ᠬᠠᠮᠠᠭᠠᠯᠠᠨ᠎ᠠ︔ ᠬᠦᠴᠦ ᠪᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠵᠦ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠢ | ᠨᠡᠮᠡᠭᠳᠡᠭᠦᠯᠦᠨ᠎ᠡ︔ ᠬᠦᠴᠦᠨ ᠢᠶᠠᠨ ᠲᠥᠪᠯᠡᠷᠡᠭᠦᠯᠦᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠤᠷᠢᠭ᠎ᠠ ᠱᠤᠭᠤᠮ ᠢ | ᠰᠠᠬᠢᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ | ᠳ᠋ᠢᠶᠣᠣ ᠴᠦᠨ ᠬᠠᠢ ᠬᠡᠯᠡᠬᠦ ᠳᠡᠭᠡᠨ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠥᠭᠵᠢᠯᠲᠡ ᠶᠢᠨ ᠰᠢᠨ᠎ᠡ ᠪᠠᠶᠢᠳᠠᠯ ᠪᠣᠯᠣᠨ ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠡᠷᠡᠮᠡᠬᠡᠶᠢᠯᠡᠨ | ᠤᠷᠤᠭᠰᠢᠯᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ | ᠴᠢᠷᠮᠠᠶᠢᠨ ᠪᠠᠶᠢᠭᠤᠯᠤᠨ᠎ᠠ᠃ ᠤᠯᠤᠰ ᠲᠦᠷᠦ ᠪᠠᠷ ᠬᠥᠲᠥᠯᠥᠨ ᠳᠠᠭᠠᠭᠤᠯᠬᠤ ᠪᠠᠨ ᠪᠠᠲᠤᠳᠬᠠᠵᠤ᠂ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ᠡᠷᠡᠰ ᠭᠤᠶᠢᠪᠢᠰᠢ ᠦᠭᠡᠢ ᠪᠠᠷ︽ᠬᠤᠶᠠᠷ ᠢ ᠲᠣᠭᠲᠠᠭᠠᠬᠤ︾ᠦᠨᠡᠨᠴᠢ | ᠰᠢᠳᠤᠷᠭᠤ ᠬᠦᠷᠢᠶᠡᠯᠡᠭᠴᠢ᠂︽ᠬᠤᠶᠠᠷ ᠢ ᠬᠠᠮᠠᠭᠠᠯᠠᠬᠤ︾ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠤᠭᠴᠢ ᠪᠣᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ ᠬᠠᠤᠯᠢ ᠪᠠᠷ ᠵᠠᠰᠠᠬᠤ ᠶᠢ ᠡᠷᠬᠢᠮᠯᠡᠬᠦ᠂ ᠬᠠᠤᠯᠢ | ᠴᠠᠭᠠᠵᠠ ᠠᠴᠠ ᠵᠢᠷᠦᠬᠡᠰᠢᠶᠡᠬᠦ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ | ᠬᠡᠯᠪᠡᠷᠢ ᠪᠠᠷ ᠠᠵᠢᠯ ᠢᠶᠠᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ︔ | ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ ᠦᠷ᠎ᠡ ᠪᠦᠲᠦᠮᠵᠢ ᠶᠢ ᠡᠷᠬᠢᠮᠯᠡᠬᠦ ᠶᠢ | ᠲᠤᠪᠤᠶᠢᠯᠭᠠᠵᠦ᠂ ᠨᠠᠶᠢᠳᠠᠪᠤᠷᠢᠵᠢᠭᠤᠯᠤᠯᠲᠠ ᠶᠢᠨ ᠤᠳᠤᠷᠢᠳᠤᠮᠵᠢ ᠶᠢ ᠠᠳᠬᠤᠵᠤ᠂ ᠪᠦᠬᠦ ᠬᠦᠴᠦᠨ ᠢᠶᠠᠷ ᠢᠶᠠᠨ | ᠲᠦᠷᠦ ᠶᠢᠨ ᠪᠣᠳᠣᠯᠭ᠎ᠠ᠂ ᠲᠦᠷᠦᠯ ᠵᠦᠢᠯ᠂ ᠪᠡᠯᠡ ᠮᠥᠩᠭᠦ ᠪᠤᠯᠢᠶᠠᠯᠳᠤᠵᠤ᠂ ᠤᠴᠢᠷ ᠶᠠᠪᠤᠳᠠᠯ ᠳᠤ ᠠᠶᠤᠯ ᠦᠭᠡᠢ | ᠪᠠᠶᠢᠵᠤ᠂ ᠡᠯ᠎ᠡ ᠵᠦᠢᠯ ᠤᠨ ᠠᠵᠢᠯ ᠤᠨ ᠳᠤᠮᠳᠠ ᠡᠮᠦᠨ᠎ᠡ ᠡᠩᠨᠡᠭᠡᠨ ᠳᠤ ᠶᠠᠪᠤᠵᠤ᠂ ᠪᠣᠳᠠᠲᠠᠢ ᠠᠵᠢᠯᠯᠠᠵᠤ᠂ ᠵᠠᠰᠠᠭ ᠤᠨ | ᠣᠷᠳᠣᠨ ᠤ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ︔ᠠᠷᠢᠭᠤᠨ ᠴᠢᠬᠡᠴᠢ ᠶᠢᠨ | ᠬᠤᠷᠢᠭ᠎ᠠ ᠱᠤᠭᠤᠮ ᠢ ᠪᠠᠲᠤ ᠰᠠᠬᠢᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ | ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠢ᠃ | ᠳ᠋ᠢᠶᠣᠣ ᠴᠦᠨ ᠬᠠᠢ ᠬᠡᠯᠡᠬᠦ ᠳᠡᠭᠡᠨ᠂ ᠰᠢᠨ᠎ᠡ ᠠᠶᠠᠨ ᠵᠠᠮ ᠨᠢ ᠬᠥᠮᠥᠰ ᠢ ᠡᠷᠡᠯᠬᠡᠭᠯᠡᠨ ᠤᠷᠤᠭᠰᠢᠯᠠᠭᠤᠯᠬᠤ ᠳᠤ | ᠰᠢᠨ᠎ᠡ ᠡᠭᠦᠷᠭᠡ ᠬᠠᠷᠢᠭᠤᠴᠠᠯᠭ᠎ᠠ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ︕ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ | ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠥᠬᠦ ᠰᠢᠶᠠᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠢ ᠴᠢᠩᠭ᠎ᠠ ᠲᠦᠰᠢᠭᠯᠡᠨ ᠪᠦᠯᠬᠦᠮᠳᠡᠵᠦ᠂ ᠥᠷᠯᠥᠭᠡ ᠦᠳᠡᠰᠢ ᠶᠢ ᠲᠡᠮᠡᠴᠡᠨ᠂ ᠦᠨᠡᠨ ᠪᠣᠳᠠᠲᠠᠢ | ᠠᠵᠢᠯᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠶᠣᠰᠣ ᠰᠤᠷᠲᠠᠬᠤᠨ ᠢ ᠪᠦᠲᠦᠭᠡᠨ | ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | | ᠬᠤᠷᠠᠯ ᠤᠨ ᠵᠥᠪᠯᠡᠬᠦ ᠵᠦᠢᠯ ᠢ ᠦᠨᠳᠦᠰᠦᠯᠡᠪᠡᠯ᠂ ᠬᠤᠷᠠᠯ ᠠᠴᠠ︽ᠬᠤᠸᠠᠳᠧ ᠰᠢᠶᠠᠨ ᠤ 2022 ᠣᠨ ᠤ ᠤᠯᠤᠰ | ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ | ᠪᠣᠯᠣᠨ 2023 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ︵ᠲᠥᠰᠥᠯ︶ ᠶᠢᠨ ᠮᠡᠳᠡᠭᠦᠯᠦᠯᠲᠡ︾᠂︽ᠬᠤᠸᠠᠳᠧ ᠤ ᠰᠢᠶᠠᠨ ᠤ 2022 ᠣᠨ ᠤ ᠲᠥᠰᠥᠪ ᠢ | ᠭᠦᠢᠴᠡᠳᠬᠡᠭᠰᠡᠨ ᠪᠠᠶᠢᠳᠠᠯ ᠪᠣᠯᠣᠨ 2023 ᠣᠨ ᠤ ᠲᠥᠰᠥᠪ ︵ᠲᠥᠰᠥᠯ︶︶ ᠤᠨ ᠮᠡᠳᠡᠭᠦᠯᠦᠯᠲᠡ︾᠂︽ᠬᠤᠸᠠᠳᠧ | ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠪᠡᠶᠡᠯᠡᠭᠦᠯᠦᠭᠰᠡᠨ ᠪᠠᠶᠢᠳᠠᠯ ᠪᠣᠯᠣᠨ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠢᠯᠧᠲ ᠢᠶᠠᠷ | ᠲᠣᠭᠲᠠᠭᠠᠬᠤ ᠵᠢᠱᠢᠭᠳᠡᠭᠴᠢ ᠶᠢᠨ ᠲᠦᠷᠦᠯ ᠵᠦᠢᠯ ᠤᠨ ᠮᠡᠳᠡᠭᠦᠯᠦᠯᠲᠡ︾ ᠶᠢ ᠬᠢᠨᠠᠨ ᠵᠥᠪᠯᠡᠪᠡ᠃ ᠶᠡᠭᠡ ᠬᠤᠷᠠᠯ ᠤᠨ | ᠰᠣᠩᠭᠤᠭᠤᠯᠢ ᠶᠢᠨ ᠠᠷᠭ᠎ᠠ︵ᠲᠥᠰᠥᠯ︶ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ | ᠪᠢᠯᠧᠲ ᠥᠭᠴᠦ ᠲᠣᠭᠲᠠᠭᠠᠬᠤ ᠠᠷᠭ᠎ᠠ︵ᠲᠥᠰᠥᠯ︶︶ ᠶᠢ ᠤᠩᠰᠢᠨ ᠨᠡᠶᠢᠲᠡᠯᠡᠪᠡ᠃ | ᠤᠯᠤᠰ ᠲᠦᠷᠦ ᠶᠢᠨ ᠵᠥᠪᠯᠡᠯᠭᠡᠨ ᠤ ᠬᠤᠸᠠᠳᠧ ᠰᠢᠶᠠᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ | ᠬᠤᠷᠠᠯ ᠳᠤ ᠣᠷᠣᠯᠴᠠᠭᠰᠠᠨ ᠪᠦᠬᠦ ᠭᠡᠰᠢᠭᠦᠳ ᠪᠣᠯ ᠲᠥᠯᠥᠭᠡᠯᠡᠭᠴᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠰᠢᠶᠠᠨ | ᠭᠠᠵᠠᠷ ᠤᠨ ᠲᠡᠰ ᠤᠨ ᠤᠳᠤᠷᠢᠳᠤᠯᠭ᠎ᠠ ᠪᠣᠰᠤ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ | ᠵᠠᠰᠠᠭ ᠤᠨ ᠣᠷᠳᠣᠨ ᠤ ᠡᠯ᠎ᠡ ᠨᠢᠭᠡᠴᠡ᠂ ᠪᠦᠯᠬᠦᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠪᠣᠯᠣᠨ ᠰᠢᠶᠠᠨ ᠳᠤ ᠰᠠᠭᠤᠭ᠎ᠠ ᠬᠠᠮᠢᠶᠠᠷᠤᠯᠲᠠ ᠶᠢᠨ ᠨᠢᠭᠡᠴᠡ ᠶᠢᠨ ᠬᠠᠷᠢᠭᠤᠴᠠᠯᠭᠠᠲᠠᠨ ᠪᠣᠰᠤ᠂ | ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠳᠤ ᠰᠠᠭᠤᠭ᠎ᠠ ᠬᠡᠰᠡᠭ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | | | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | |