| ᠴᠠᠭᠠᠨ ᠰᠠᠷ᠎ᠠ ᠪᠣᠯᠬᠤ ᠭᠡᠵᠦ ᠪᠠᠶᠢᠭᠠᠲ᠋ᠠᠰᠢᠷᠠᠮ ᠳᠤ ᠂1 ᠰᠠᠷ᠎ᠠ ᠶᠢᠨ 18 ᠤ ᠡᠳᠦᠷ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠩ ᠲᠢᠩ ᠶᠦᠩ ᠠᠵᠢᠯ | ᠠᠴᠠ ᠪᠠᠨ ᠠᠮᠠᠷᠠᠭᠰᠠᠨ ᠺᠠᠳ᠋ᠷ᠂ ᠶᠠᠳᠠᠭᠤ ᠬᠦᠴᠢᠷᠳᠡᠯ ᠲᠠᠢ ᠴᠡᠷᠢᠭ ᠠᠴᠠ ᠬᠠᠯᠠᠭᠳᠠᠭᠰᠠᠳ᠂ ᠶᠠᠳᠠᠭᠤ ᠬᠦᠴᠢᠷᠳᠡᠯ ᠲᠠᠢ | ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ᠂ ᠶᠠᠳᠠᠭᠤ ᠬᠦᠴᠢᠷᠳᠡᠯ ᠲᠠᠢ ᠡᠷᠦᠬᠡ᠂ ᠬᠥᠳᠡᠯᠮᠦᠷᠢ ᠶᠢᠨ | ᠵᠢᠱᠢᠶᠡᠴᠢ᠂ ᠳ᠋ᠠ ᠶᠤᠸᠠᠨ ᠬᠤᠪᠴᠠᠰᠤ ᠬᠢᠬᠦ ᠬᠢᠵᠠᠭᠠᠷᠲᠤ ᠺᠣᠮᠫᠠᠨᠢ᠂ ᠱᠧᠨ ᠰᠢᠩ ᠲᠤᠯᠠᠭᠠᠯᠠᠭ᠎ᠠ ᠶᠢᠨ ᠺᠣᠮᠫᠠᠨᠢ ᠶᠢᠨ | ᠬᠢᠨ ᠳᠤ ᠲᠤᠬᠤᠨᠢᠭᠤᠯᠭ᠎ᠠ ᠬᠢᠵᠡᠢ ᠃ ᠰᠢᠶᠠᠨ ᠤ ᠤᠳᠤᠷᠢᠳᠤᠯᠭ᠎ᠠ ᠰᠦᠩ ᡁᠢ ᠹᠠᠩ᠂ ᠵᠠᠩ ᠢᠦᠢ ᠵᠢᠤᠸᠠᠨ᠂ ᠭᠦᠸᠧ | ᠬᠤᠩ ᡁᠢ᠂ ᠵᠠᠩ ᠶᠠᠨ ᠰᠢᠶᠠ᠂ ᠵᠦ ᠱᠢ ᠮᠢᠩ᠂ ᠯᠢᠦ ᠴᠢᠩ ᠾᠧ ᠬᠠᠮᠲᠤᠪᠠᠷ ᠲᠣᠬᠤᠨᠢᠭᠤᠯᠵᠠᠢ᠃ | | | | | | ᠠᠵᠢᠯ ᠠᠴᠠ ᠪᠠᠨ ᠠᠮᠠᠷᠠᠭᠰᠠᠨ ᠺᠠᠳ᠋ᠷ᠂ ᠶᠠᠳᠠᠭᠤ ᠬᠦᠴᠢᠷᠳᠡᠯᠲᠡᠢ ᠡᠷᠦᠬᠡ᠂ ᠠᠬᠠᠮᠠᠳ ᠨᠠᠮ ᠤᠨ ᠭᠡᠰᠢᠭᠦᠨ᠂ | ᠬᠥᠳᠡᠯᠮᠦᠷᠢ ᠶᠢᠨ ᠵᠢᠱᠢᠶᠡᠴᠢ ᠶᠢᠨ ᠭᠡᠷ ᠲᠤ᠂ ᠶᠢᠩ ᠲᠢᠩ ᠶᠦᠩ ᠳᠡᠳᠡᠨ ᠲᠠᠢ ᠳᠣᠲᠣᠨᠣ ᠪᠠᠷ ᠶᠠᠷᠢᠯᠴᠠᠵᠤ᠂ ᠪᠡᠶ᠎ᠡ | ᠮᠠᠬᠠᠪᠤᠳ᠂ ᠠᠮᠢᠳᠤᠷᠠᠯ ᠤᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠨᠢ ᠨᠠᠷᠢᠨ ᠨᠢᠭᠲᠠ ᠠᠰᠠᠭᠤᠨ | ᠯᠠᠪᠯᠠᠵᠤ᠂ ᠳᠡᠳᠡᠨ ᠤ ᠤᠷᠳᠤ ᠬᠤᠭᠤᠴᠠᠭᠠᠨ ᠤ ᠲᠤᠷᠰᠢ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠪᠣᠯᠣᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ | ᠵᠠᠰᠠᠭ ᠤᠨ ᠣᠷᠳᠣᠨ ᠤ ᠠᠵᠢᠯ ᠢ ᠶᠡᠬᠡᠪᠡᠷ ᠳᠡᠮᠵᠢᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠭᠰᠡᠨ | ᠪᠥᠭᠡᠳ ᠲᠣᠬᠤᠨᠢᠭᠤᠯᠬᠤ ᠮᠥᠩᠭᠦ ᠬᠦᠷᠭᠡᠪᠡ᠃ | ᠶᠢᠩ ᠲᠢᠩ ᠶᠦᠩ᠂ ᠬᠤᠸᠠᠳᠧ ᠶᠢᠨ ᠦᠢᠯᠡᠰ ᠤᠨ ᠬᠥᠭᠵᠢᠯᠲᠡ ᠲᠠᠪᠰᠢᠯᠳᠠ ᠨᠢ ᠲᠡᠳᠡᠨ ᠤ ᠰᠢᠷᠭᠠᠭᠤ | ᠬᠥᠳᠡᠯᠮᠦᠷᠢ ᠠᠴᠠ ᠰᠠᠯᠵᠤ ᠴᠢᠳᠠᠬᠤ ᠦᠭᠡᠢ ᠶᠤᠮ᠂ ᠠᠬᠠᠮᠠᠳ ᠨᠥᠬᠦᠳ ᠤᠨ ᠰᠢᠶᠠᠨ ᠤ ᠨᠠᠮ ᠤᠨ ᠬᠤᠷᠢᠶ᠎ᠠ᠂ | ᠰᠢᠶᠠᠨ ᠤ ᠵᠠᠰᠠᠭ ᠤᠨ ᠣᠷᠳᠣᠨ ᠤ ᠠᠵᠢᠯ ᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠪᠦᠬᠦ ᠰᠢᠶᠠᠨ ᠤ ᠠᠵᠤ ᠠᠬᠤᠢ | ᠨᠡᠶᠢᠭᠡᠮ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠬᠤ ᠪᠥᠭᠡᠳ ᠠᠬᠠᠮᠠᠳ ᠨᠥᠬᠦᠳ ᠵᠢᠴᠢ ᠭᠡᠷ ᠪᠦᠯᠢ ᠶᠢᠨ | ᠬᠢᠨ ᠳᠤ ᠴᠠᠭᠠᠨ ᠰᠠᠷ᠎ᠠ ᠶᠢᠨ ᠪᠠᠶᠠᠷ ᠬᠦᠷ ᠲᠠᠢ᠂ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠯᠢᠪᠠ ᠪᠦᠬᠦᠨ | ᠰᠠᠨᠠᠭᠰᠠᠨ ᠢᠶᠠᠷ ᠢᠶᠠᠨ ᠪᠦᠲᠦᠬᠦ ᠶᠢ ᠵᠥᠩᠨᠡᠵᠦ ᠪᠠᠶᠢᠨ᠎ᠠ ᠭᠡᠵᠦ ᠢᠯᠡᠳᠬᠡᠪᠡ᠃ | ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠬᠤ ᠳᠠᠭᠠᠨ᠂ ᠶᠢᠩ ᠲᠢᠩ ᠶᠦᠩ ᠳᠠᠷᠤᠭ᠎ᠠ | ᠪᠠᠶᠢᠯᠳᠤᠭᠴᠢᠳ ᠤᠨ ᠪᠡᠶ᠎ᠡ ᠮᠠᠬᠠᠪᠤᠳ᠂ ᠠᠮᠢᠳᠤᠷᠠᠯ ᠪᠣᠯᠣᠨ ᠪᠣᠯᠪᠠᠰᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ | ᠤᠯᠠᠨ ᠲᠠᠢ ᠴᠡᠷᠢᠭ ᠠᠷᠠᠳ ᠤᠨ ᠵᠢᠭᠠᠰᠤ ᠤᠰᠤᠨ ᠤ ᠪᠠᠶᠢᠳᠠᠯ ᠢ ᠠᠭᠤᠵᠢᠷᠠᠲᠠᠯ᠎ᠠ ᠶᠠᠷᠢᠯᠴᠠᠵᠤ᠂ ᠬᠤᠸᠠᠳᠧ ᠶᠢᠨ | ᠰᠢᠨ᠎ᠡ ᠬᠥᠭᠵᠢᠯᠲᠡ ᠶᠢᠨ ᠲᠤᠬᠠᠢ ᠬᠠᠮᠲᠤᠪᠠᠷ ᠶᠠᠷᠢᠯᠴᠠᠵᠠᠢ᠃ ᠲᠡᠷᠡ᠂ ᠪᠦᠬᠦ ᠳᠠᠷᠤᠭ᠎ᠠ ᠪᠠᠶᠢᠯᠳᠤᠭᠴᠢᠳ ᠵᠣᠷᠢᠭᠲᠠᠢ ᠪᠠᠷ | ᠬᠠᠲᠠᠭᠤ ᠳᠠᠶᠢᠯᠠᠯᠳᠤᠭᠠᠨ᠂ ᠢᠯᠠᠭᠤᠭᠰᠠᠨ ᠳᠠᠶᠢᠯᠠᠯᠳᠤᠭᠠᠨ ᠳᠤ ᠴᠢᠳᠠᠮᠠᠭᠠᠢ ᠪᠠᠶᠢᠬᠤ ᠰᠢᠯᠢᠳᠡᠭ ᠰᠤᠷᠲᠠᠯ ᠢᠶᠠᠨ | ᠦᠷᠭᠦᠯᠵᠢᠯᠡᠨ ᠪᠠᠳᠠᠷᠠᠭᠤᠯᠵᠤ᠂ ᠨᠡᠩ ᠥᠨᠳᠥᠷ ᠪᠠᠷᠢᠮᠵᠢᠶ᠎ᠠ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠤᠯᠠᠨ | ᠲᠦᠮᠡᠨ ᠢ ᠰᠡᠳᠬᠢᠯ ᠬᠠᠨᠤᠮᠵᠢᠲᠠᠢ ᠪᠣᠯᠭᠠᠵᠤ᠂ ᠵᠠᠰᠠᠭ ᠤᠨ ᠣᠷᠳᠣᠨ ᠢ ᠰᠠᠨᠠᠭ᠎ᠠ ᠠᠮᠤᠷ ᠪᠠᠶᠢᠯᠭᠠᠵᠤ᠂ ᠣᠷᠣᠨ | ᠨᠤᠲᠤᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠶᠢ ᠬᠦᠰᠡᠪᠡ᠃ | | | | | ᠱᠧᠨ ᠰᠢᠩ ᠢᠯᠴᠢ ᠶᠢᠨ ᠬᠦᠴᠦᠨ ᠤ ᠺᠣᠮᠫᠠᠨᠢ ᠳᠤ᠂ ᠶᠢᠩ ᠲᠢᠩ ᠶᠦᠩ ᠳᠤᠯᠠᠭᠠᠯᠭ᠎ᠠ ᠶᠢᠨ ᠠᠵᠢᠯᠯᠠᠭᠠᠨ ᠪᠣᠯᠣᠨ | ᠴᠠᠭᠠᠨ ᠰᠠᠷ᠎ᠠ ᠶᠢᠨ ᠳᠤᠯᠠᠭᠠᠯᠭ᠎ᠠ ᠶᠢᠨ ᠪᠠᠲᠤᠯᠠᠪᠤᠷᠢ ᠶᠢᠨ ᠠᠵᠢᠯ ᠢ ᠨᠠᠷᠢᠨ ᠣᠶᠢᠯᠠᠭᠠᠵᠤ᠂ ᠴᠠᠭᠠᠨ ᠰᠠᠷ᠎ᠠ ᠶᠢᠨ | ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠳᠤᠯᠠᠭᠠᠯᠭ᠎ᠠ ᠶᠢᠨ | ᠠᠵᠢᠯᠲᠠᠳ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ | ᠳᠤᠯᠠᠭᠠᠯᠭ᠎ᠠ ᠶᠢ ᠲᠥᠪᠯᠡᠷᠡᠭᠦᠯᠦᠨ ᠬᠠᠩᠭᠠᠬᠤ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠢᠯᠴᠢ | ᠬᠠᠩᠭᠠᠬᠤ ᠠᠵᠢᠯᠲᠠᠳ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠶᠠᠨ ᠤ ᠨᠠᠮ ᠤᠨ | ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠠᠷᠠᠳ ᠤᠨ ᠠᠮᠢᠳᠤᠷᠠᠯ ᠢ | ᠪᠠᠲᠤᠯᠠᠬᠤ ᠠᠵᠢᠯ ᠤᠨ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠵᠣᠷᠢᠭᠲᠠᠢ ᠪᠠᠷ ᠡᠭᠦᠷᠭᠡᠯᠡᠵᠦ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ | ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠢ ᠴᠢᠬᠤᠯᠠ ᠠᠴᠠ | ᠴᠢᠬᠤᠯᠠ ᠪᠠᠶᠢᠷᠢᠨ ᠳᠤ ᠲᠠᠯᠪᠢᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ | ᠪᠠᠲᠤ ᠪᠤᠢ ᠪᠣᠯᠭᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠯᠴᠢ ᠬᠠᠩᠭᠠᠬᠤ ᠠᠶᠤᠯᠭᠦᠢ ᠦᠢᠯᠡᠳᠪᠦᠷᠢᠯᠡᠯ | ᠪᠣᠯᠣᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ | | | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | |