ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠶᠤᠸᠠᠨ ᠵᠢᠩ ᠪᠧᠢ ᠹᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠦᠷᠦᠯ ᠵᠦᠢᠯ ᠤᠨ ᠲᠤᠬᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/1/21
   1 ᠰᠠᠷ᠎ᠠ ᠶᠢᠨ 17  ᠤ ᠡᠳᠦᠷ ᠂ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠶᠤᠸᠠᠨ ᠵᠢᠩ ᠪᠧᠢ ᠹᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠦᠢᠯ ᠤᠨ ᠲᠤᠬᠠᠢ ᠶᠠᠷᠢᠯᠴᠠᠬᠤ ᠬᠤᠷᠠᠯ ᠬᠢᠪᠡ ᠃

1.png

   ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ︽ ᠶᠤᠸᠠᠨ ᠵᠢᠩ ᠬᠤᠸᠠᠳᠧ ᠰᠢᠶᠠᠨ ᠤ ᠰᠢᠨ᠎ᠡ ᠬᠡᠯᠪᠡᠷᠢ ᠶᠢᠨ ᠡᠨᠧᠷᠭᠢ

ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ︾ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃

   ᠳ᠋ᠢᠶᠣᠣ ᠴᠦᠨ ᠬᠠᠢ ᠰᠣᠯᠢᠯᠴᠠᠭᠠᠨ ᠤ ᠳᠤᠮᠳᠠ ᠵᠢᠭᠠᠵᠤ ᠭᠠᠷᠭᠠᠭᠰᠠᠨ ᠨᠢ᠂ ᠰᠢᠨ᠎ᠡ ᠡᠨᠧᠷᠭᠢ ᠶᠢᠨ ᠠᠵᠤ ᠦᠢᠯᠡᠰ ᠢ

ᠬᠥᠭᠵᠢᠭᠦᠯᠬᠦ ᠪᠣᠯ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠲᠥᠷᠥ ᠶᠢᠨ ᠪᠣᠳᠣᠯᠭ᠎ᠠ ᠶᠢ

ᠨᠠᠶᠢᠳᠠᠪᠤᠷᠢᠵᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠂ ᠮᠠᠨ ᠤ ᠰᠢᠶᠠᠨ ᠤ ᠪᠣᠬᠢᠷᠳᠤᠯ ᠦᠭᠡᠢ ᠪᠠᠷ ᠬᠡᠯᠪᠡᠷᠢ ᠪᠠᠨ

ᠬᠤᠪᠢᠷᠠᠭᠤᠯᠤᠨ ᠬᠥᠭᠵᠢᠭᠦᠯᠬᠦ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ

ᠴᠠᠬᠢᠯᠭᠠᠨ ᠥᠷᠲᠡᠭᠡᠨ ᠤ ᠲᠥᠷᠥᠯ ᠵᠦᠢᠯ ᠨᠢ ᠬᠤᠸᠠᠳᠧ ᠰᠢᠶᠠᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠴᠠᠬᠢᠯᠭᠠᠨ

ᠡᠭᠦᠰᠬᠡᠭᠴᠢ ᠶᠢᠨ ᠬᠠᠵᠠᠭᠤ ᠠᠴᠠ ᠡᠬᠢ ᠰᠤᠷᠪᠤᠯᠵᠢ ᠶᠢᠨ ᠲᠣᠣᠷ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠬᠤ

ᠴᠢᠭᠯᠡᠯ ᠢᠶᠠᠷ ᠠᠬᠢᠭᠤᠯᠬᠤ ᠳᠤ ᠬᠦᠴᠦᠨ ᠨᠡᠮᠡᠷᠢᠯᠡᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠢ ᠪᠦᠲᠦᠭᠡᠨ

ᠪᠠᠶᠢᠭᠤᠯᠬᠤ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ 

ᠶᠤᠸᠠᠨ ᠵᠢᠩ ᠪᠧᠢ ᠹᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠣᠯᠣᠯᠴᠠᠨ ᠵᠣᠯᠭᠠᠭᠤᠯᠵᠤ ᠂

ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠃

   ᠬᠤᠷᠠᠯ ᠤᠨ ᠲᠠᠷᠠᠭ᠎ᠠ ᠂ ᠬᠤᠶᠠᠷ ᠲᠠᠯ᠎ᠠ ᠪᠠᠷ ᠢᠶᠠᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ

ᠲᠦᠷᠦᠯ ᠵᠦᠢᠯ ᠤᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ ᠃

   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠡᠦ · 

ᠴᠢᠯᠠᠭᠤ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂

ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠭᠤᠣᠯ ᠬᠠᠷᠢᠭᠤᠴᠠᠯᠭᠠᠲᠠᠨ ᠪᠠ ᠶᠤᠸᠠᠨ ᠵᠢᠩ ᠪᠧᠢ ᠹᠠᠩ ᠰᠢᠨᠵᠢᠯᠡᠬᠦ

ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠡᠯᠡ ᠣᠷᠣᠭᠤᠯᠤᠯᠲᠠ ᠶᠢᠨ ᠬᠡᠯᠲᠡᠰ ᠤᠨ ᠳᠠᠷᠤᠭ᠎ᠠ ᠾᠧᠦ ᠵᠣᠣ ᠶᠦᠨ᠂

ᠲᠤᠬᠠᠶᠢᠯᠠᠭᠰᠠᠨ ᠠᠵᠢᠯ ᠤᠨ ᠨᠡᠭᠡᠭᠡᠨ ᠬᠥᠭᠵᠢᠭᠦᠯᠦᠯᠲᠡ ᠶᠢᠨ ᠳᠠᠭᠠᠭᠠᠮᠠᠯ ᠬᠤᠸ ᠶᠦᠨ ᠹᠧᠢ ᠶᠠᠷᠢᠯᠴᠠᠬᠤ ᠬᠤᠷᠠᠯ ᠳᠤ

ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2