ᠮᠠᠨ ᠤ ᠰᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠡ
ᠨᠡᠶᠢᠲᠡᠯᠡᠭᠰᠡᠨ ᠴᠠᠭ᠄
2023/1/21
   1 ᠰᠠᠷ᠎ᠠ ᠶᠢᠨ 19  ᠤ ᠡᠳᠦᠷ ᠂ ᠬᠤᠸᠠᠳᠧ ᠰᠢᠶᠠᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠂ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠯᠢ ᠢᠦᠢ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃   ᠬᠤᠷᠠᠯ ᠠᠴᠠ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ ᠢ ᠮᠡᠳᠡᠭᠳᠡᠵᠦ ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃

2.png

   ᠬᠤᠷᠠᠯ ᠠᠴᠠ ᠂ ᠡᠯ᠎ᠡ ᠰᠢᠶᠠᠩ ᠪᠠᠯᠭᠠᠰᠤ  ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠣᠳᠣᠬᠠᠨ ᠤ ᠠᠶᠤᠯᠭᠦᠢ

ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ ᠂ ᠤᠯᠤᠰ ᠲᠦᠷᠦ ᠶᠢᠨ

ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂ ᠮᠢᠨᠴᠦᠭᠦᠷᠡᠨ ᠭᠤᠷᠢᠳᠠᠬᠤ ᠪᠤᠳᠤᠯ ᠢ ᠡᠷᠡᠰ ᠲᠡᠪᠴᠢᠵᠦ ᠂ ᠠᠮᠤᠷ ᠲᠦᠪᠰᠢᠨ

ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠣᠯᠣᠨ ᠪᠦᠬᠦ ᠶᠠᠪᠤᠴᠠ ᠳᠤ 

ᠲᠤᠭᠤᠰᠢᠯᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ

ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

   ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ

ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠂ ᠠᠶᠤᠯᠭᠦᠢ ᠦᠢᠯᠡᠳᠪᠦᠷᠢᠯᠡᠯ ᠤᠨ

ᠶᠡᠭᠡ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ ᠂ ᠣᠳᠣᠬᠠᠨ ᠤ ᠠᠶᠤᠯᠭᠦᠢ

ᠦᠢᠯᠡᠳᠪᠦᠷᠢᠯᠡᠯ ᠤᠨ ᠪᠠᠶᠢᠳᠠᠯ ᠲᠠᠢ ᠤᠶᠠᠯᠳᠤᠭᠤᠯᠵᠤ ᠂ ᠦᠨᠡᠨᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠂

ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ

ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ ᠲᠡᠮᠦᠷᠯᠢᠭ ᠤᠨ ᠠᠵᠤ ᠦᠢᠯᠡᠳᠪᠦᠷᠢ ᠠᠷᠠᠯᠵᠢᠶ᠎ᠠ᠂

ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠰᠢᠲᠠᠮᠠᠬᠠᠢ ᠬᠡᠢ᠂ ᠬᠤᠸᠠᠷ

ᠫᠤᠤᠵᠢᠩ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠵᠡᠷᠭᠡ ᠠᠳᠡᠯ ᠠᠮᠠᠷᠬᠠᠨ ᠡᠭᠦᠰᠴᠦ ᠣᠯᠠᠨ ᠡᠭᠦᠰᠳᠡᠭ

ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ ᠤᠨ ᠲᠣᠭᠤᠷᠢᠨ ᠳᠤ᠂ ᠬᠡᠪ ᠤᠨ ᠪᠠᠶᠢᠴᠠᠭᠠᠯᠲᠠ ᠬᠢᠭᠡᠳ

ᠭᠡᠨᠡᠳᠲᠡ ᠶᠢᠨ ᠪᠠᠶᠢᠴᠠᠭᠠᠯᠲᠠ ᠬᠢᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠳᠠᠯᠳᠠ

ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠬᠢᠨᠠᠯᠲᠠ ᠬᠠᠮᠢᠶᠠᠷᠤᠯᠲᠠ ᠳᠤ ᠥᠨᠴᠥᠭ ᠪᠤᠯᠤᠩ

ᠦᠭᠡᠢ᠂ ᠠᠰᠠᠭᠤᠳᠠᠯ ᠢ ᠡᠷᠲᠡ ᠢᠯᠡᠷᠡᠭᠦᠯᠬᠦ ᠶᠢ ᠦᠨᠡᠨᠬᠦ ᠪᠠᠲᠤᠯᠠᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ 

ᠡᠵᠡᠮᠳᠡᠬᠦ ᠬᠡᠷᠡᠭᠲᠡᠢ᠃

   ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠵᠠᠰᠠᠭ ᠤᠨ ᠤᠳᠤᠷᠢᠳᠤᠯᠭ᠎ᠠ ᠂ ᠰᠠᠯᠠᠭ᠎ᠠ ᠮᠥᠴᠢᠷ ᠤᠨ ᠬᠠᠮᠢᠶᠠᠷᠤᠯᠲᠠ᠂

ᠠᠵᠢᠯ ᠲᠦᠷᠦᠯ ᠤᠨ ᠬᠢᠨᠠᠯᠲᠠ᠂ ᠦᠢᠯᠡ ᠠᠵᠢᠯᠯᠠᠭᠠᠳᠠᠨ ᠤ ᠭᠤᠣᠯ ᠴᠣᠭᠴᠠ ᠶᠢᠨ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾

 ᠶᠢ ᠴᠢᠩᠭ᠎ᠠ ᠪᠣᠳᠠᠲᠠᠢ ᠠᠳᠬᠤᠵᠤ ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠦᠨᠡᠨᠬᠦ

ᠲᠤᠤᠱᠲᠠᠢ ᠲᠤᠤᠱᠯᠠᠭᠤᠯᠵᠤ ᠂ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ ᠰᠢᠶᠠᠩ ᠪᠠᠯᠭᠠᠰᠤ ᠂ ᠡᠯ᠎ᠡ ᠰᠠᠯᠠᠭ᠎ᠠ

ᠮᠥᠴᠢᠷ ᠤᠨ ᠭᠤᠣᠯ ᠬᠠᠷᠢᠭᠤᠴᠠᠯᠭᠠᠲᠠᠳ ᠠᠶᠦᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ 

ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ ᠂ ᠪᠡᠶ᠎ᠡ ᠪᠠᠷ ᠢᠶᠠᠨ ᠣᠷᠣᠯᠴᠠᠵᠤ ᠂ ᠡᠮᠦᠨᠡᠰᠢ ᠪᠠᠨ ᠵᠣᠬᠢᠴᠠᠭᠤᠯᠬᠤ ᠬᠡᠷᠡᠭᠲᠡᠢ ᠃ 

ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠡᠭᠦᠷᠭᠡ

ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ

ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃

   ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ

ᠬᠤᠷᠠᠯ ᠳᠤ ᠣᠷᠣᠯᠴᠠᠪᠠ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2