1 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ | ᠳᠠᠷᠤᠭ᠎ᠠ ᠳ᠋ᠢᠶᠣᠣ ᠴᠦᠨ ᠬᠠᠢ 2023 ᠣᠨ ᠤ ᠠᠩᠬᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠦᠨ ᠱᠤᠤ ᠹᠠᠩ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠠᠷᠪᠠᠨ ᠨᠢᠭᠡᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ | ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠵᠢᠯ ᠤᠨ ᠡᠴᠦᠰ ᠵᠢᠯ ᠤᠨ ᠡᠬᠢᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠪᠠᠶᠢᠳᠠᠯ ︔ 2022 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠭᠰᠡᠨ | ᠪᠡᠶᠡᠯᠡᠭᠦᠯᠦᠭᠰᠡᠨ ᠪᠠᠶᠢᠳᠠᠯ ᠪᠠ 2023 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠭᠰᠡᠨ ᠬᠠᠷᠠᠯᠲᠠ᠂ | 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠳ ᠢ ᠰᠤᠳᠤᠯᠪᠠ᠃ ︽2022 ᠣᠨ ᠤ ᠵᠠᠰᠠᠭ ᠤᠨ | ᠣᠷᠳᠣᠨ ᠤ ᠠᠵᠢᠯ ᠤᠨ ᠢᠯᠡᠳᠬᠡᠯ︾᠂︽2022 ᠣᠨ ᠤ ᠬᠤᠸᠠᠳᠧ ᠰᠢᠶᠠᠨ ᠤ ᠲᠥᠰᠥᠪ ᠤᠨ ᠲᠣᠬᠢᠷᠠᠭᠤᠯᠤᠯᠲᠠ ᠶᠢᠨ | ᠶᠠᠪᠤᠳᠠᠯ ᠤᠨ ᠮᠡᠳᠡᠭᠦᠯᠦᠯᠲᠡ︾ᠵᠢᠴᠢ 2023 ᠣᠨ ᠤ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢᠨ | ᠬᠤᠯᠪᠣᠭᠳᠠᠯ ᠪᠦᠬᠦᠢ ᠶᠠᠪᠤᠳᠠᠯ ᠤᠳ ᠢ ᠬᠢᠨᠠᠨ ᠵᠥᠪᠯᠡᠪᠡ᠃ ᠤᠳᠤ ᠬᠤᠷᠠᠯᠳᠤᠭᠠᠨ ᠤ ᠲᠣᠪᠴᠢ ᠲᠡᠮᠳᠡᠭᠯᠡᠯ ᠢ ᠳᠣᠣᠷᠠᠬᠢ | ᠮᠡᠲᠦ ᠪᠠᠷ ᠲᠡᠮᠳᠡᠭᠯᠡᠶ᠎ᠡ ᠄ | ᠨᠢᠭᠡ᠂ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠰᠣᠨᠣᠰᠪᠠ | ᠬᠤᠷᠠᠯ ᠠᠴᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠯᠢ ᠰᠢᠨ ᠨᠥᠬᠦᠷ ᠤᠨ ᠵᠢᠯ ᠤᠨ | ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠪᠠ᠃ ᠬᠤᠷᠠᠯ ᠠᠴᠠ ᠵᠢᠯ ᠪᠦᠷᠢ 15 ᠲᠦᠮᠡᠨ ᠲᠥᠭᠦᠷᠢᠭ ᠰᠠᠯᠭᠠᠨ ᠥᠭᠴᠦ᠂ ᠥᠪᠡᠷᠲᠡᠭᠡᠨ ᠵᠠᠰᠠᠬᠤ ᠣᠷᠣᠨ ᠤ | ᠱᠠᠲᠤᠨ ᠤ ᠲᠤᠰᠬᠠᠢ ᠮᠡᠷᠭᠡᠵᠢᠯᠲᠡᠨ ᠤ ᠪᠦᠯᠬᠦᠮ ᠢ ᠤᠷᠢᠵᠤ ᠬᠡᠮ ᠰᠣᠭᠤᠭ ᠢ ᠪᠠᠶᠢᠴᠠᠭᠠᠬᠤ ᠪᠠ ᠮᠡᠷᠭᠡᠵᠢᠯ ᠤᠨ | ᠵᠢᠯᠣᠭᠤᠳᠤᠯᠭ᠎ᠠ ᠬᠢᠬᠦ ᠳᠤ ᠬᠡᠷᠡᠭᠯᠡᠬᠦ ᠪᠠᠷ ᠵᠠᠷᠴᠢᠮ ᠳᠡᠭᠡᠷ᠎ᠡ ᠪᠠᠨ ᠵᠥᠪᠰᠢᠶᠡᠷᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠢᠯ ᠤᠨ ᠡᠴᠦᠰ ᠵᠢᠯ ᠤᠨ ᠡᠬᠢ ᠪᠣᠯ ᠠᠶᠤᠯᠭᠦᠢ ᠦᠢᠯᠡᠳᠪᠦᠷᠢᠯᠡᠯ ᠤᠨ | ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠳᠤ | ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠳᠠᠯᠳᠠ ᠪᠠᠶᠢᠭ᠎ᠠ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ | ᠭᠡᠮ ᠰᠣᠭᠤᠭ ᠢ ᠭᠦᠨᠵᠡᠭᠡᠢ ᠵᠠᠳᠠᠯᠤᠨ ᠰᠤᠳᠤᠯᠤᠨ ᠮᠠᠭᠠᠳᠯᠠᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠣᠷᠣᠨ | ᠪᠠᠶᠢᠷᠢ ᠪᠣᠯᠣᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ | ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠵᠦ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ | ᠳᠤᠨᠢ ᠵᠠᠰᠠᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ | ᠬᠡᠷᠡᠭᠲᠡᠢ᠃ ᠣᠨᠴᠠᠭᠠᠶᠢᠯᠠᠨ ᠭᠤᠣᠯᠳᠠᠯᠭ᠎ᠠ ᠲᠠᠢ ᠲᠡᠷᠭᠡ ᠬᠥᠰᠬᠡ᠂ ᠭᠤᠣᠯᠳᠠᠯᠭ᠎ᠠ ᠲᠠᠢ ᠵᠠᠮ ᠤᠨ ᠬᠡᠰᠡᠭ ᠤᠨ ᠠᠮᠤᠷ | ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠬᠤᠳᠠ ᠪᠠᠯᠭᠠᠰᠤᠨ ᠤ ᠴᠠᠬᠢᠯᠭᠠᠨ ᠬᠠᠩᠭᠠᠬᠤ᠂ ᠤᠰᠤ ᠬᠠᠩᠭᠠᠬᠤ᠂ ᠢᠯᠴᠢ | ᠬᠠᠩᠭᠠᠬᠤ᠂ ᠬᠡᠢ ᠬᠠᠩᠭᠠᠬᠤ ᠵᠡᠷᠭᠡ ᠲᠥᠬᠦᠭᠡᠷᠦᠮᠵᠢ ᠶᠢᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠪᠠ | ᠬᠠᠮᠠᠭᠠᠯᠠᠯᠲᠠ ᠶᠢ ᠰᠠᠶᠢᠲᠤᠷ ᠬᠢᠵᠦ᠂ ᠠᠷᠠᠳ ᠤᠯᠠᠨ ᠢ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ᠂ ᠥᠯᠵᠡᠢ ᠪᠡᠯᠭᠡ ᠲᠠᠢ | ᠰᠢᠨᠡᠯᠡᠭᠦᠯᠬᠦ ᠬᠡᠷᠡᠭᠲᠡᠢ᠃ | ᠬᠤᠶᠠᠷ᠂ 2022 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠪᠠᠷ ᠵᠢᠱᠢᠭᠰᠡᠨ ᠪᠠᠶᠢᠳᠠᠯ ᠪᠣᠯᠣᠨ | 2023 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠭᠰᠡᠨ ᠬᠠᠷᠠᠯᠲᠠ ᠶᠢᠨ ᠬᠤᠯᠪᠣᠭᠳᠠᠯ ᠪᠦᠬᠦᠢ ᠶᠠᠪᠤᠳᠠᠯ ᠢ | ᠰᠣᠳᠤᠯᠪᠡ | ᠬᠤᠷᠠᠯ ᠠᠴᠠ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠾᠧ ᠵᠠᠨ ᠭᠤᠤ ᠨᠥᠬᠦᠷ ᠤᠨ 2022 ᠣᠨ ᠤ ᠠᠵᠤ | ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠪᠠᠷ ᠵᠢᠱᠢᠭᠰᠡᠨ ᠪᠠᠶᠢᠳᠠᠯ ᠪᠣᠯᠣᠨ 2023 ᠣᠨ ᠤ ᠠᠵᠤ ᠠᠬᠤᠢ ᠶᠢᠨ | ᠭᠦᠢᠴᠡᠳᠬᠡᠯ ᠲᠤᠭ᠎ᠠ ᠶᠢᠨ ᠵᠢᠱᠢᠭᠰᠡᠨ ᠬᠠᠷᠠᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ | 2023 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠣᠨ ᠵᠢᠱᠢᠭᠰᠡᠨ ᠬᠠᠷᠠᠯᠲᠠ ᠳᠤ ᠲᠣᠬᠢᠷᠠᠭᠤᠯᠤᠯᠲᠠ ᠬᠢᠬᠦ ᠶᠢ | ᠵᠠᠷᠴᠢᠮ ᠳᠡᠭᠡᠷ᠎ᠡ ᠪᠠᠨ ᠵᠥᠪᠰᠢᠶᠡᠷᠡᠭᠰᠡᠨ ᠤ ᠲᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ | ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠣᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ | ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠵᠠᠳᠠᠯᠬᠤ ᠪᠠ | ᠮᠥᠷᠳᠡᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠣᠳᠠᠲᠠᠢ ᠲᠦᠷᠦᠯ ᠵᠦᠢᠯ᠂ ᠪᠣᠳᠠᠲᠠᠢ ᠠᠷᠭ᠎ᠠ ᠬᠡᠮᠵᠢᠶ᠎ᠡ ᠳᠡᠭᠡᠷ᠎ᠡ | ᠨᠠᠶᠢᠳᠠᠪᠤᠷᠢᠵᠢᠭᠤᠯᠬᠤ ᠬᠡᠷᠡᠭᠲᠡᠢ᠃ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠪᠡᠯᠡ ᠮᠥᠩᠭᠦ ᠣᠯᠬᠤ᠂ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠵᠡᠷᠭᠡ | ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠪᠦᠬᠦ ᠰᠢᠶᠠᠨ ᠤ ᠠᠵᠤ ᠠᠬᠤᠢ ᠶᠢᠨ ᠲᠣᠭᠲᠠᠭᠤᠨ ᠡᠷᠡᠭᠦᠯ | ᠠᠵᠢᠯᠯᠠᠭ᠎ᠠ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | | ᠭᠤᠷᠪᠠ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠤᠳᠤᠯᠤᠨ᠎ᠠ | ᠬᠤᠷᠠᠯ ᠠᠴᠠ ᠵᠠᠰᠠᠭ ᠤᠨ ᠣᠷᠳᠣᠨ ᠤ ᠠᠯᠪᠠᠨ ᠭᠡᠷ ᠤᠨ ᠯᠢ ᠬᠤᠩ ᠮᠢᠨ ᠨᠥᠬᠦᠷ ᠤᠨ 2023 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠠᠢ᠃ ᠬᠤᠷᠠᠯ ᠠᠴᠠ 2023 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠲᠣᠬᠢᠷᠠᠭᠤᠯᠤᠯᠲᠠ ᠬᠢᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠭᠰᠡᠨ ᠤ | ᠲᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠣᠯᠪᠠ ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠮᠥᠨ᠂ | ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠪᠦᠬᠦᠯᠢ ᠴᠣᠭᠴᠠ ᠶᠢᠨ | ᠲᠠᠯ᠎ᠠ ᠠᠴᠠ ᠵᠣᠬᠢᠶᠠᠨ ᠪᠠᠶᠢᠭᠤᠯᠵᠤ ᠳᠠᠶᠢᠴᠢᠯᠠᠬᠤ ᠶᠢ ᠰᠠᠶᠢᠲᠤᠷ ᠠᠳᠬᠤᠵᠤ᠂ ᠬᠢᠨᠠᠯᠲᠠ ᠲᠠᠯᠪᠢᠬᠤ᠂ ᠬᠡᠷᠡᠭᠯᠡᠬᠦ᠂ ᠨᠡᠶᠢᠳᠡᠮ | ᠬᠠᠷᠠᠭᠠᠯᠵᠠᠬᠤ᠂ ᠴᠢᠨᠠᠷ ᠴᠢᠨᠰᠠᠭ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ ᠡᠯ᠎ᠡ ᠰᠠᠯᠠᠭ᠎ᠠ ᠮᠥᠴᠢᠷ ᠤᠨ ᠭᠤᠣᠯ | ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠠᠯᠠᠭ᠎ᠠ | ᠮᠥᠴᠢᠷ ᠬᠠᠮᠵᠢᠯᠴᠠᠬᠤ᠂ ᠰᠢᠶᠠᠨ ᠤ ᠱᠠᠲᠤᠨ ᠠᠴᠠ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ ᠶᠢ ᠴᠢᠬᠤᠯᠠᠴᠢᠯᠠᠵᠤ᠂ | ︽ᠳᠡᠭᠡᠷ᠎ᠡ ᠠᠴᠠ ᠳᠣᠷᠣᠭᠰᠢ︾ ᠨᠢᠭᠲᠠ ᠴᠢᠩᠭ᠎ᠠ᠂ ᠪᠦᠲᠦᠮᠵᠢᠲᠡᠢ ᠠᠵᠢᠯ ᠤᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ | ᠬᠠᠷᠠᠯᠲᠠ ᠡᠭᠦᠷᠭᠡ ᠶᠢ ᠳᠠᠬᠢᠨ ᠲᠥᠪᠯᠡᠷᠡᠭᠦᠯᠬᠦ᠂ ᠡᠯ᠎ᠡ ᠲᠠᠯ᠎ᠠ ᠶᠢᠨ ᠬᠦᠴᠦᠨ ᠢ ᠳᠠᠬᠢᠨ ᠨᠢᠭᠲᠠᠷᠠᠭᠤᠯᠬᠤ ᠶᠢ ᠪᠡᠶᠡᠯᠡᠭᠦᠯᠵᠦ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠲᠤᠬᠠᠢ ᠶᠢᠨ ᠵᠢᠯ ᠳᠤ ᠦᠷ᠎ᠡ ᠠᠰᠢᠭ ᠢᠶᠠᠨ ᠪᠠᠳᠠᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠳᠥᠷᠪᠡ᠂ ︽2022 ᠣᠨ ᠤ ᠬᠤᠸᠠᠳᠧ ᠰᠢᠶᠠᠨ ᠤ ᠲᠥᠰᠥᠪ ᠤᠨ ᠲᠣᠬᠢᠷᠠᠭᠤᠯᠤᠯᠲᠠ ᠶᠢᠨ ᠵᠦᠢᠯᠡᠰ ᠤᠨ | ᠮᠡᠳᠡᠭᠦᠯᠦᠯᠲᠡ︾ ᠪᠠ 2023 ᠣᠨ ᠤ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢ ᠬᠢᠨᠠᠨ ᠵᠥᠪᠯᠡᠨ᠎ᠡ | ᠬᠤᠷᠠᠯ ᠠᠴᠠ ᠡᠳ᠋ ᠤᠨ ᠵᠠᠰᠠᠭ ᠤᠨ ᠲᠣᠪᠴᠢᠶ᠎ᠠ ᠶᠢᠨ ᠶᠤᠸᠠᠨ ᠶᠢᠨ ᠾᠧ ᠨᠥᠬᠦᠷ ᠤᠨ︽2022 ᠣᠨ ᠤ ᠬᠤᠸᠠᠳᠧ | ᠰᠢᠶᠠᠨ ᠤ ᠲᠥᠰᠥᠪ ᠤᠨ ᠲᠣᠬᠢᠷᠠᠭᠤᠯᠤᠯᠲᠠ ᠶᠢᠨ ᠶᠠᠪᠤᠳᠠᠯ ᠤᠨ ᠮᠡᠳᠡᠭᠦᠯᠦᠯᠲᠡ︾ᠪᠣᠯᠣᠨ 2023 ᠣᠨ ᠤ ᠡᠳ᠋ ᠤᠨ | ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ︽2022 ᠣᠨ ᠤ ᠬᠤᠸᠠᠳᠧ ᠰᠢᠶᠠᠨ ᠤ ᠲᠥᠰᠥᠪ ᠤᠨ ᠲᠣᠬᠢᠷᠠᠭᠤᠯᠤᠯᠲᠠ ᠶᠢᠨ ᠶᠠᠪᠤᠳᠠᠯ ᠤᠨ ᠮᠡᠳᠡᠭᠦᠯᠦᠯᠲᠡ︾ | ᠪᠣᠯᠣᠨ 2023 ᠣᠨ ᠤ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢ ᠵᠠᠷᠴᠢᠮ ᠳᠡᠭᠡᠷ᠎ᠡ ᠪᠠᠨ ᠵᠥᠪᠰᠢᠶᠡᠷᠡᠵᠦ᠂ | ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ | ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠣᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ | ᠡᠨᠡ ᠵᠢᠯ ᠤᠨ ᠡᠳ᠋ ᠤᠨ ᠵᠠᠰᠠᠭ ᠤᠨ ᠠᠵᠢᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠰᠡᠷᠭᠡᠭ ᠢᠶᠠᠷ | ᠲᠠᠨᠢᠵᠤ᠂ ᠡᠳ᠋ ᠤᠨ ᠵᠠᠰᠠᠭ ᠤᠨ ᠲᠥᠰᠥᠪ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠩ ᠤᠨ ᠴᠢᠨᠠᠷᠲᠠᠢ | ᠵᠠᠷᠤᠯᠭ᠎ᠠ ᠶᠢᠨ ᠬᠡᠪᠴᠢᠶ᠎ᠡ ᠶᠢ ᠶᠡᠬᠡᠪᠡᠷ ᠪᠠᠭᠠᠰᠬᠠᠵᠤ᠂ ᠵᠠᠷᠤᠯᠭ᠎ᠠ ᠶᠢᠨ ᠲᠥᠰᠥᠪ ᠤᠨ ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠱᠠᠲᠤᠨ ᠤ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠢᠳᠡᠪᠬᠢᠲᠡᠢ ᠪᠠᠷ ᠳᠡᠭᠡᠭᠰᠢ ᠵᠠᠷᠤᠳᠠᠯ ᠣᠯᠵᠤ᠂ | ᠰᠢᠶᠠᠨ ᠤ ᠱᠠᠲᠤᠨ ᠤ ᠲᠥᠰᠥᠪ ᠤᠨ ᠬᠠᠮᠢᠶᠠᠷᠤᠯᠲᠠ ᠶᠢᠨ ᠠᠵᠢᠯ ᠤᠨ ᠲᠣᠭᠲᠠᠭᠤᠨ ᠪᠥᠭᠡᠳ ᠡᠷᠡᠭᠦᠯ ᠪᠥᠭᠡᠳ ᠡᠮᠬᠢ | ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠠᠪᠤ᠂ ᠬᠤᠷᠠᠯ ᠠᠴᠠ︽2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠶᠠᠷᠢᠯᠴᠠᠨ ᠪᠠᠲᠤᠯᠠᠵᠤ᠂ | ᠬᠤᠷᠠᠯ ᠳᠤ ᠣᠷᠣᠯᠴᠠᠭᠰᠠᠨ ᠨᠥᠬᠦᠳ ᠤᠨ ᠳᠤᠷᠠᠳᠤᠭᠰᠠᠨ ᠰᠠᠨᠠᠭᠤᠯᠭ᠎ᠠ ᠶᠣᠰᠣᠭᠠᠷ ᠲᠡᠭᠦᠯᠳᠡᠷᠵᠢᠭᠦᠯᠦᠭᠰᠡᠨ ᠤ ᠳᠠᠷᠠᠭ᠎ᠠ᠂ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠪᠡ᠃ | | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | |