ᠮᠠᠨ ᠤ ᠰᠢᠶᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠥᠪᠥᠷ ᠮᠣᠩᠭᠤᠯ ᠤᠨ ᠰᠲ᠋ᠣᠺ ᠤᠨ ᠰᠣᠯᠢᠯᠴᠠᠭᠠᠨ ᠤ ᠲᠥᠪ ᠵᠢᠴᠢ ᠦᠨᠡᠲᠦ ᠲᠡᠮᠳᠡᠭᠲᠦ ᠶᠢᠨ ᠪᠠᠶᠢᠭᠤᠯᠤᠮᠵᠢ ᠲᠠᠢ ᠬᠠᠮᠲᠤᠷᠠᠨ ᠮᠠᠨ ᠤ ᠰᠢᠶᠠᠨ ᠤ ᠭᠤᠣᠯᠳᠠᠯᠭ᠎ᠠ ᠲᠠᠢ ᠬᠥᠮᠥᠷᠭᠡ ᠳᠤ ᠣᠷᠣᠭᠤᠯᠬᠤ ᠪᠠᠷ ᠪᠠᠶᠢᠭ᠎ᠠ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/10/11
    10 ᠰᠠᠷ᠎ᠠ ᠶᠢᠨ 10 ᠤ ᠡᠳᠦᠷ᠂ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠵᠢᠴᠢ ᠰᠢᠶᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ᠂ ᠳ᠋ᠠ ᠬᠤᠸᠠ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ ᠥᠪᠥᠷ ᠮᠣᠩᠭᠤᠯ ᠤᠨ ᠵᠢᠶᠦ᠋ᠨ ᠬᠤᠶ ᠶᠢᠩ ᡁᠢ ᠬᠠᠮᠢᠶᠠᠷᠤᠯᠲᠠ ᠶᠢᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠬᠢᠨ ᠲᠠᠢ ᠬᠠᠮᠲᠤᠷᠠᠨ ᠮᠠᠨ ᠤ ᠰᠢᠶᠠᠨ ᠤ ᠭᠤᠣᠯᠳᠠᠯᠭ᠎ᠠ ᠲᠠᠢ ᠬᠥᠮᠥᠷᠭᠡ ᠳᠤ ᠣᠷᠣᠭᠤᠯᠬᠤ ᠪᠠᠷ ᠪᠠᠶᠢᠭ᠎ᠠ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠪᠡ᠃

1.jpg

    ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠯᠠᠨ ᠰᠢᠨ ᠯᠢᠶᠠᠨ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠰᠦᠨ ᠵᠠᠨ

ᠭᠠᠩ ᠠᠵᠤ ᠠᠬᠤᠶᠢᠯᠠᠯ ᠤᠨ ᠲᠣᠶᠢᠮᠣ ᠪᠠᠶᠢᠳᠠᠯ᠂ ᠠᠵᠢᠯ ᠲᠥᠷᠥᠯ ᠤᠨ ᠣᠳᠣᠬᠢ ᠪᠠᠶᠢᠳᠠᠯ᠂ ᠡᠵᠡᠩᠨᠡᠯᠲᠡ ᠶᠢᠨ

ᠪᠠᠶᠢᠳᠠᠯ ᠵᠢᠴᠢ ᠢᠷᠡᠭᠡᠳᠦᠢ ᠶᠢᠨ ᠲᠥᠯᠦᠪᠵᠢᠭᠦᠯᠭᠡ ᠵᠡᠷᠭᠡ ᠳᠤ ᠨᠠᠷᠢᠨ ᠲᠠᠶᠢᠯᠤᠮᠵᠢ ᠬᠢᠵᠡᠢ᠃ ᠲᠤᠰᠬᠠᠢ

ᠮᠡᠷᠭᠡᠵᠢᠯᠲᠡᠳ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠬᠡᠰᠡᠭ᠂ ᠰᠲ᠋ᠣᠺ ᠤᠨ ᠡᠷᠬᠡ ᠶᠢᠨ

ᠥᠭᠡᠷᠡᠴᠢᠯᠡᠯᠲᠡ ᠶᠢᠨ ᠵᠢᠷᠤᠮᠵᠢᠯ᠂ ᠡᠳ᠋ ᠤᠨ ᠶᠠᠪᠤᠳᠠᠯ ᠤᠨ ᠰᠢᠢᠳᠪᠦᠷᠢᠯᠡᠯᠲᠡ ᠵᠡᠷᠭᠡ ᠠᠭᠤᠯᠭ᠎ᠠ ᠶᠢᠨ ᠲᠣᠭᠤᠷᠢᠨ ᠳᠤ

ᠠᠵᠤ ᠠᠬᠤᠶᠢᠯᠠᠯ ᠳᠤ ᠲᠤᠰᠬᠠᠢ ᠮᠡᠷᠭᠡᠵᠢᠯ ᠤᠨ ᠰᠠᠨᠠᠯ ᠰᠠᠨᠠᠭᠤᠯᠭ᠎ᠠ ᠳᠤᠷᠠᠳᠴᠤ᠂ ᠠᠵᠤ ᠠᠬᠤᠶᠢᠯᠠᠯ ᠤᠨ ᠵᠠᠬ᠎ᠠ

ᠳᠡᠯᠭᠡᠭᠦᠷ ᠲᠤ ᠭᠠᠷᠬᠤ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠬᠠᠷᠢᠭᠤᠯᠵᠤ᠂

ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠢᠲᠡᠭᠡᠯ ᠢ ᠨᠡᠮᠡᠭᠳᠡᠭᠦᠯᠵᠡᠢ᠃

2.jpg

    ᠥᠪᠥᠷ ᠮᠣᠩᠭᠤᠯ ᠤᠨ ᠮᠧᠩ ᠳ᠋ᠠ ᠲᠢᠲ᠋ᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠂

ᠺᠣᠮᠫᠠᠨᠢ ᠶᠢᠨ ᠬᠠᠷᠢᠭᠤᠴᠠᠯᠭᠠᠲᠠᠨ ᠠᠴᠠ ᠺᠣᠮᠫᠠᠨᠢ ᠶᠢᠨ ᠡᠵᠡᠯᠡᠬᠦ ᠲᠠᠯᠠᠪᠠᠢ ᠂ ᠦᠢᠯᠡᠳᠪᠦᠷᠢᠯᠡᠯ ᠤᠨ ᠲᠥᠯᠦᠪᠵᠢᠭᠦᠯᠭᠡ ᠂

ᠵᠠᠬ᠎ᠠ ᠳᠡᠯᠭᠡᠭᠦᠷ ᠤᠨ ᠳᠠᠪᠠᠭᠤᠯᠢᠭ ᠂ ᠠᠵᠤ ᠠᠬᠤᠶᠢᠯᠠᠯ ᠤᠨ ᠰᠣᠶᠣᠯ ᠵᠡᠷᠭᠡ ᠠᠭᠤᠯᠭ᠎ᠠ ᠳᠤ ᠨᠠᠷᠢᠨ ᠲᠠᠶᠢᠯᠪᠤᠷᠢ ᠬᠢᠵᠡᠢ ᠃

 ᠲᠤᠰᠬᠠᠢ ᠮᠡᠷᠭᠡᠵᠢᠯᠲᠡᠨ ᠠᠴᠠ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ

ᠬᠥᠭᠵᠢᠯᠲᠡ ᠶᠢᠨ ᠪᠠᠶᠢᠳᠠᠯ᠂ ᠴᠢᠨᠠᠷ ᠰᠠᠶᠢᠲᠠᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠤᠭᠰᠠᠨ

ᠲᠤᠷᠰᠢᠯᠭ᠎ᠠ ᠶᠢ ᠲᠠᠨᠢᠯᠴᠠᠭᠤᠯᠵᠤ᠂ ᠠᠵᠤ ᠠᠬᠤᠶᠢᠯᠠᠯ ᠤᠳ ᠲᠣᠰ ᠭᠠᠵᠠᠷ ᠣᠷᠣᠨ ᠤ ᠪᠠᠨ ᠳᠠᠪᠠᠭᠤᠯᠢᠭ ᠲᠤ

ᠲᠦᠰᠢᠭᠯᠡᠨ᠂ ᠯᠠᠪᠳᠠᠭᠤᠨ ᠲᠣᠭᠲᠠᠭᠤᠨ ᠢᠶᠠᠷ ᠬᠥᠭᠵᠢᠵᠦ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠵᠢᠴᠢ

ᠵᠠᠬ᠎ᠠ ᠳᠡᠯᠭᠡᠭᠦᠷ ᠲᠤ ᠭᠠᠷᠬᠤ ᠬᠡᠰᠡᠭ ᠢ ᠣᠨᠣᠪᠴᠢᠲᠠᠶ ᠡᠷᠢᠨ ᠣᠯᠵᠤ᠂ ᠨᠠᠷᠢᠯᠢᠭ ᠣᠨᠤᠴᠢᠲᠠᠢ‌‍ᠢ ᠪᠠᠷ ᠬᠦᠴᠦᠯᠡᠬᠦ

ᠬᠡᠷᠡᠭᠲᠡᠢ ᠭᠡᠵᠦ ᠰᠠᠨᠠᠭᠤᠯᠪᠠ᠃

    ᠲᠠᠷᠠᠭᠠᠴᠢ ᠶᠢᠨ ᠠᠯᠬᠤᠮ ᠳᠤ᠂ ᠰᠢᠶᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠨᠢ ᠬᠤᠲᠠ ᠶᠢᠨ

ᠮᠥᠩᠭᠦᠨ ᠭᠦᠢᠯᠭᠡᠭᠡᠨ ᠤ ᠠᠯᠪᠠᠨ ᠭᠡᠷ ᠵᠢᠴᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ

ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ

ᠠᠷᠠᠯᠵᠢᠶᠠᠨ ᠤ ᠲᠥᠪ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠰᠣᠯᠢᠯᠴᠠᠭ᠎ᠠ ᠪᠠᠨ

ᠦᠷᠭᠦᠯᠵᠢᠯᠡᠨ ᠴᠢᠩᠭᠠᠳᠬᠠᠵᠤ ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠲᠢᠶᠠᠨ ᠵᠢᠶᠦ᠋ᠨ

ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ ᠲᠤ ᠭᠠᠷᠬᠤ ᠪᠠᠷ

ᠪᠠᠶᠢᠭ᠎ᠠ ᠠᠵᠤ ᠠᠬᠤᠶᠢᠯᠠᠯ ᠢ ᠰᠤᠷᠪᠤᠯᠵᠢᠯᠠᠨ ᠪᠠᠶᠢᠴᠠᠭᠠᠨ ᠰᠤᠳᠤᠯᠵᠤ᠂ ᠲᠣᠰ ᠭᠠᠵᠠᠷ ᠣᠷᠣᠨ ᠤ ᠠᠵᠤ

ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠨ᠎ᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2