ᠮᠠᠨ ᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠳᠤ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ᠤᠨ ᠬᠠᠨᠳᠢᠪᠯᠡᠬᠤ ᠬᠥᠳᠡᠯᠭᠡᠭᠡᠨ‌ᠦᠷᠨᠢᠭᠦᠯᠪᠡ
ᠨᠡᠶᠢᠲᠡᠯᠡᠭᠰᠡᠨ ᠴᠠᠭ᠄
2023/10/11
    10 ᠰᠠᠷ᠎ᠠ ᠶᠢᠨ 10 ᠤ ᠡᠳᠦᠷ᠂ ᠮᠠᠨ ᠤ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠬᠤᠶᠠᠳᠤᠭᠠᠷ ᠳᠤᠮᠳᠠᠳᠤ ᠰᠤᠷᠭᠠᠭᠤᠯᠢ ᠳᠤ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ · ᠦᠬᠢᠳ ᠤᠳ ᠬᠢᠯᠪᠠᠷ ᠪᠤᠰᠤ︾ ᠵᠠᠯᠠᠭᠤ ᠨᠠᠰᠤᠨ ᠤ  ᠬᠢᠨ ᠢ ᠬᠠᠯᠠᠮᠵᠢᠯᠠᠨ ᠬᠠᠶᠢᠷᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃ ᠲᠣᠰ ᠠᠵᠢᠯᠯᠠᠭ᠎ᠠ ᠨᠢ ᠳᠤᠮᠳᠠᠳᠤ ᠤᠯᠤᠰ ᠤᠨ ᠬᠥᠮᠥᠨ ᠠᠮᠠ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠪᠡᠭᠡᠵᠢᠩ ᠤᠨ ᠵᠣᠯ ᠵᠢᠷᠭᠠᠯᠲᠤ ᠭᠡᠷ ᠪᠦᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢ ᠠᠬᠢᠭᠤᠯᠬᠤ ᠲᠥᠪ᠂ ᠪᠡᠭᠡᠵᠢᠩ ᠬᠤᠲᠠ ᠶᠢᠨ ᠳ᠋ᠦᠩᠴᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠳᠡᠮᠵᠢᠯᠭᠡ ᠶᠢ ᠬᠦᠷᠲᠡᠪᠡ᠃

01.jpg

    ᠠᠵᠢᠯᠯᠠᠭ᠎ᠠ ᠶᠢᠨ ᠳᠤᠮᠳᠠ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠠᠮᠢᠶ᠎ᠠ ᠪᠦᠬᠦᠢ

ᠬᠠᠷᠢᠭᠤᠴᠠᠯᠭᠠᠲᠠᠨ ᠲᠤᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠠᠵᠢᠯᠯᠠᠭ᠎ᠠ ᠶᠢᠨ

ᠠᠭᠤᠯᠭ᠎ᠠ 29 ᠮᠤᠵᠢ ︵ᠣᠷᠣᠨ᠂ ᠬᠤᠲᠠ︶ ᠳᠤ ︽ ᠦᠬᠢᠳ ᠤᠳ ᠬᠢᠯᠪᠠᠷ ᠪᠤᠰᠤ︾ ᠬᠠᠶᠢᠷ᠎ᠠ ᠬᠠᠯᠠᠮᠵᠢ ᠶᠢᠨ

ᠪᠣᠭᠴᠣ ᠶᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ ᠪᠤᠶᠢᠳᠠ ᠪᠥᠭᠯᠡᠭᠦᠦ ᠭᠠᠵᠠᠷ ᠣᠷᠣᠨ᠂

ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠬᠥᠳᠡᠭᠡ ᠲᠣᠰᠬᠤᠨ ᠤ ᠰᠢᠶᠠᠩ ᠪᠠᠯᠭᠠᠰᠤ᠂ ᠴᠥᠭᠡᠨ ᠲᠣᠭᠠᠲᠤ

ᠦᠨᠳᠦᠰᠦᠲᠡᠨ ᠤ ᠭᠠᠵᠠᠷ ᠣᠷᠣᠨ ᠳᠤ ᠭᠦᠨᠵᠡᠭᠡᠶᠢᠷᠡᠨ ᠥᠰᠬᠦ ᠨᠠᠰᠤᠨ ᠤ ᠦᠶ᠎ᠡ ᠶᠢᠨ ᠦᠬᠢᠳ ᠤᠳ ᠢ ᠬᠠᠯᠠᠮᠵᠢᠯᠠᠨ

ᠬᠠᠶᠢᠷᠠᠯᠠᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢᠨ ᠦᠬᠢᠳ ᠢ ᠬᠠᠯᠠᠮᠵᠢᠯᠠᠨ

ᠬᠠᠶᠢᠷᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠣᠯᠠᠨ ᠵᠦᠢᠯ ᠤᠨ

ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠳᠡᠮᠵᠢᠯᠭᠡ ᠪᠠᠷ ᠳᠠᠮᠵᠢᠭᠤᠯᠤᠨ ᠥᠰᠬᠦ ᠨᠠᠰᠤᠨ ᠤ ᠦᠶ᠎ᠡ ᠶᠢᠨ ᠨᠠᠩ

ᠣᠯᠠᠨ ᠦᠬᠢᠳ ᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠪᠡ᠃

02.jpg

    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 1200 ᠬᠠᠯᠠᠮᠵᠢ ᠶᠢᠨ ᠪᠣᠭᠴᠣ ᠲᠠᠷᠬᠠᠭᠠᠵᠤ᠂ 1200 

ᠦᠬᠢᠳ ᠤᠳ ᠠᠰᠢᠭ ᠭᠥᠷᠳᠡᠪᠡ᠃  ᠦᠬᠢᠳ ᠤᠳ ᠲᠤ ᠥᠰᠪᠦᠷᠢ ᠦᠶ᠎ᠡ ᠶᠢᠨ ᠤᠬᠠᠭᠳᠠᠬᠤᠨ ᠢ ᠭᠦᠨᠵᠡᠭᠡᠢ

ᠣᠶᠢᠯᠠᠭᠠᠭᠤᠯᠬᠤ   ᠶᠢᠨ ᠲᠥᠯᠥᠭᠡ ᠺᠠᠷᠲ᠋ᠣᠨ ᠵᠢᠷᠤᠭ ᠤᠨ ᠬᠡᠯᠪᠡᠷᠢ ᠪᠠᠷ ᠨᠡᠪᠲᠡᠷᠡᠭᠦᠯᠦᠭᠰᠡᠨ ᠪᠡᠶ᠎ᠡ ᠮᠠᠬᠠᠪᠤᠳ ᠤᠨ

ᠡᠷᠡᠭᠦᠯ ᠮᠡᠨᠳᠦ ᠶᠢᠨ ᠬᠢᠴᠢᠶᠡᠯ ᠢ ᠰᠣᠨᠢᠷᠬᠠᠭᠤᠯᠵᠤ᠂ ᠦᠬᠢᠳ ᠤᠳ ᠲᠤ ᠥᠰᠪᠦᠷᠢ ᠦᠶ᠎ᠡ ᠶᠢᠨ ᠮᠡᠳᠡᠯᠭᠡ ᠶᠢ

ᠣᠶᠢᠯᠠᠭᠠᠭᠤᠯᠵᠤ᠂ ᠢᠳᠡᠪᠬᠢᠲᠡᠢ ᠰᠠᠷ᠎ᠠ ᠶᠢᠨ ᠭᠬᠢᠷ ᠤᠨ ᠬᠤᠭᠤᠴᠠᠭᠠᠨ ᠤ ᠦᠵᠡᠯᠲᠡ ᠶᠢ ᠪᠤᠶ ᠪᠣᠯᠭᠠᠨ᠂ ᠥᠰᠪᠦᠷᠢ

ᠦᠶ᠎ᠡ ᠶᠢᠨ ᠲᠥᠭᠡᠷᠢᠭᠳᠡᠯ ᠢ ᠠᠷᠢᠯᠭᠠᠪᠡ᠃

    ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠮᠠᠨ ᠤ ᠰᠢᠶᠠᠨ ᠤ ᠥᠰᠬᠦ ᠨᠠᠰᠤᠨ ᠤ ᠦᠶ᠎ᠡ ᠶᠢᠨ 

ᠦᠬᠢᠳ ᠤᠳ ᠲᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ

ᠬᠠᠯᠠᠮᠵᠢ ᠶᠢ ᠳᠠᠮᠵᠢᠭᠤᠯᠵᠤ᠂ ᠦᠬᠢᠳ ᠤᠳ ᠤᠨ ᠡᠷᠡᠭᠦᠯ ᠮᠡᠨᠳᠦ ᠡᠷᠡᠭᠦᠯ ᠬᠠᠮᠠᠭᠠᠯᠠᠯ ᠤᠨ ᠤᠬᠠᠮᠰᠠᠷ ᠢ

ᠳᠡᠭᠡᠭᠰᠢᠯᠡᠭᠦᠯᠦᠨ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠲᠤᠬᠠᠢ ᠣᠯᠠᠨ ᠨᠡᠶᠢᠲᠡ ᠶᠢᠨ ᠦᠵᠡᠯ ᠤᠬᠠᠮᠰᠠᠷ ᠢ 

ᠳᠡᠭᠡᠭᠰᠢᠯᠡᠭᠦᠯᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2