| ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ | ᠰᠢᠨᠬᠤᠸᠠ ᠬᠤᠷᠢᠶ᠎ᠠ ᠶᠢᠨ ᠨᠠᠨᠴᠠᠩ ᠤᠨ 10 ᠰᠠᠷ᠎ᠠ ᠶᠢᠨ 12 ᠤᠨ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 12 ᠤᠨ ᠦᠳᠡ ᠶᠢᠨ ᠬᠤᠶᠢᠨ᠎ᠠ ᠵᠢᠶᠠᠩᠰᠢ ᠮᠤᠵᠢ ᠶᠢᠨ ᠨᠠᠨᠴᠠᠩ ᠬᠤᠳᠠ ᠳᠤ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ | ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠤᠳᠤᠷᠢᠳᠤᠮᠵᠢ ᠪᠤᠯᠭᠠᠵᠥ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠪᠠ ᠠᠵᠢᠯ ᠤᠨ | ᠬᠠᠮᠵᠢᠯᠴᠠᠭ᠎ᠠ ᠶᠢ ᠴᠢᠩᠭᠠᠳᠬᠠᠵᠤ᠂ ᠠᠯᠤᠰ ᠭᠡᠲᠦ ᠶᠢᠨ ᠬᠠᠨᠳᠤᠰᠢ ᠶᠢ ᠰᠦᠪᠡᠭᠴᠢᠯᠡᠵᠦ᠂ ᠣᠷᠳᠣ ᠬᠤᠭᠤᠴᠠᠭᠠᠨ ᠤ ᠠᠷᠭ᠎ᠠ | ᠪᠣᠳᠣᠯᠭ᠎ᠠ ᠶᠢ ᠬᠡᠷᠡᠭᠵᠢᠭᠦᠯᠵᠦ᠂ ᠥᠨᠢᠳᠡ ᠶᠢᠨ ᠠᠮᠤᠷ ᠲᠦᠪᠰᠢᠨ ᠤ ᠰᠠᠭᠤᠷᠢ ᠶᠢ ᠪᠠᠶᠢᠭᠤᠯᠵᠤ᠂ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠨᠠᠩ ᠰᠠᠶᠢᠲᠤᠷ ᠲᠤᠯᠭᠠᠭᠤᠷᠢᠯᠠᠨ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | 10 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠢᠶᠠᠩᠰᠢ ᠮᠤᠵᠢ ᠶᠢᠨ | ᠨᠠᠨᠴᠠᠩ ᠬᠤᠳᠠ ᠳᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ | ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠠᠢ᠃ | ᠰᠢ ᠶᠢᠨ ᠫᠢᠩ ᠵᠢᠶᠠᠩᠰᠢ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠭᠠᠨ ᠲᠤᠰᠬᠠᠶᠢᠯᠠᠨ ᠡᠨᠡ | ᠤᠳᠠᠭ᠎ᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠴᠦᠩᠴᠢᠩ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠶᠤᠸᠠᠨ ᠵᠢᠶᠠ ᠵᠢᠶᠦ᠋ᠨ᠂ ᠵᠢᠶᠠᠩᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ ᠬᠤᠩ᠂ ᠱᠠᠩᠬᠠᠢ ᠬᠤᠲᠠ ᠶᠢᠨ | ᠨᠠᠮ ᠤᠨ ᠬᠤᠷᠢᠶ᠎ᠠ ᠶᠢᠨ ᠱᠦᠵᠢ ᠴᠧᠨ ᠵᠢᠢ ᠨᠢᠩ ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠮᠡᠳᠡᠭᠦᠯᠵᠦ ᠂ ᠰᠠᠨᠠᠯ | ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ ᠣᠷᠣᠯᠴᠠᠬᠰᠠᠨ ᠪᠤᠰᠤᠳ ᠮᠤᠵᠢ ᠶᠢᠨ ᠭᠤᠣᠯ ᠬᠠᠷᠢᠭᠤᠴᠠᠯᠭᠠᠲᠠᠨ | ᠨᠥᠬᠦᠳ ᠪᠢᠴᠢᠭ ᠢᠶᠠᠷ ᠶᠠᠷᠢᠶ᠎ᠠ ᠲᠠᠯᠪᠢᠵᠠᠢ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ ᠤ | ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 8 ᠵᠢᠯ ᠤᠨ ᠲᠤᠷᠰᠢ᠂ | ᠮᠥᠷᠡᠨ ᠳᠠᠭᠠᠤ ᠮᠤᠵᠢ ᠬᠤᠲᠠ ᠪᠣᠯᠣᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠪᠠᠷᠢᠮᠲᠠᠯᠠᠵᠤ᠂ ᠠᠮᠢ | ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠥᠬᠡᠮᠥ᠋ᠷᠡᠨ ᠤ ᠠᠮᠢ ᠠᠬᠤᠢ | ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠢ ᠠᠬᠢᠭᠤᠯᠵᠤ᠂ | ᠡᠷᠴᠢ ᠵᠣᠷᠢᠭ ᠤᠨ ᠶᠡᠭᠡ᠂ ᠡᠷᠴᠢᠮ ᠤᠨ ᠶᠡᠭᠡ ᠪᠠᠷ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠬᠥᠭᠵᠢᠯᠲᠡ ᠳᠤ ᠴᠢᠬᠤᠯᠠ ᠶᠡᠭᠡ ᠬᠤᠪᠢᠷᠠᠯᠲᠠ ᠭᠠᠷᠴᠠᠢ᠃ ᠦᠵᠡᠯ ᠰᠠᠨᠠᠭ᠎ᠠ ᠲᠠᠨᠢᠯᠲᠠ ᠳᠤ | ᠴᠢᠬᠤᠯᠠ ᠶᠡᠭᠡ ᠬᠤᠪᠢᠷᠠᠯᠲᠠ ᠭᠠᠷᠴᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠵᠤ᠂ ᠶᠡᠭᠡ ᠨᠡᠭᠡᠭᠡᠨ ᠬᠥᠭᠵᠢᠭᠦᠯᠦᠯᠲᠡ | ᠦᠯᠦ ᠬᠢᠬᠦ ᠨᠢ ᠬᠠᠮᠲᠤ ᠶᠢᠨ ᠲᠠᠨᠢᠯᠲᠠ ᠪᠣᠯᠪᠠ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠰᠡᠷᠭᠦᠭᠡᠯᠲᠡ | ᠴᠢᠬᠤᠯᠠ ᠶᠡᠭᠡ ᠠᠮᠵᠢᠯᠲᠠ ᠣᠯᠵᠤ᠂ ︽ᠨᠣᠮᠢᠨ ᠤᠷᠤᠰᠬᠠᠯ ᠵᠡᠭᠦᠨᠰᠢᠯᠡᠬᠦ︾ ᠭᠤᠶᠤ ᠦᠵᠡᠮᠵᠢ ᠳᠠᠬᠢᠨᠲᠠ ᠢᠯᠡᠷᠡᠪᠡ︔ | ᠬᠥᠭᠵᠢᠯᠲᠡ ᠶᠢᠨ ᠠᠷᠭ᠎ᠠ ᠭᠡᠯᠪᠡᠷᠢ ᠳᠤ ᠴᠢᠬᠤᠯᠠ ᠶᠡᠭᠡ ᠬᠤᠪᠢᠰᠤᠯᠲᠠ ᠭᠠᠷᠴᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠤᠯᠭᠠᠬᠤ ᠠᠵᠢᠯ ᠪᠦᠭᠦ ᠲᠠᠯ᠎ᠠ ᠪᠠᠷ ᠡᠷᠴᠢᠮᠵᠢᠪᠡ︔ ᠣᠷᠣᠨ ᠪᠦᠰᠡ ᠶᠢᠨ ᠠᠭᠤᠰᠤᠯᠴᠠᠯ ᠴᠢᠬᠤᠯᠠ ᠶᠡᠭᠡ | ᠳᠡᠭᠡᠭᠰᠢᠯᠡᠯᠲᠡ ᠶᠢ ᠪᠡᠶᠡᠯᠡᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠳᠡᠯᠦᠯᠴᠡᠬᠦ ᠶᠢ ᠲᠠᠰᠤᠷᠠᠯᠲᠠ ᠦᠭᠡᠢ ᠴᠢᠩᠭᠠᠳᠬᠠᠪᠠ︔ | ᠥᠭᠡᠷᠡᠴᠢᠯᠡᠯᠲᠡ ᠨᠡᠭᠡᠭᠡᠯᠲᠡ ᠴᠢᠬᠤᠯᠠ ᠶᠡᠭᠡ ᠠᠬᠢᠯᠲᠠ ᠲᠠᠢ ᠪᠣᠯᠵᠤ᠂ ᠪᠦᠭᠦ ᠲᠠᠯ᠎ᠠ ᠪᠠᠷ ᠳᠣᠲᠣᠭᠠᠳᠤ ᠭᠠᠳᠠᠭᠠᠳᠤ ᠳᠤ | ᠨᠡᠭᠡᠭᠡᠯᠲᠡ ᠬᠢᠬᠦ ᠬᠠᠨᠳᠤᠰᠢ ᠲᠦᠷᠭᠡᠨ ᠪᠦᠷᠢᠯᠳᠦᠪᠡ᠃ ᠶᠡᠷᠦᠩᠬᠡᠢ ᠳᠤᠨᠢ ᠠᠪᠴᠤ ᠦᠵᠡᠪᠡᠯ᠂ ᠬᠥᠬᠡᠮᠥ᠋ᠷᠡᠨ ᠤ ᠠᠵᠤ | ᠠᠬᠤᠢ ᠶᠢᠨ ᠪᠦᠰᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠤᠯᠠᠨ ᠤ ᠨᠢᠳᠦᠨ ᠳᠤ ᠢᠯᠡᠭᠡᠨ ᠪᠠᠶᠢᠵᠤ᠂ | ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠬᠥᠭᠵᠢᠯᠲᠡ ᠶᠢᠨ ᠪᠠᠶᠢᠳᠠᠯ ᠡᠳᠦᠷ ᠢᠷᠡᠬᠦᠶ᠎ᠡ ᠰᠠᠶᠢᠵᠢᠷᠠᠵᠤ | ᠪᠠᠶᠢᠨ᠎ᠠ᠃ ᠡᠭᠦᠨ ᠤ ᠵᠡᠷᠭᠡ ᠪᠠᠷ᠂ ᠬᠥᠬᠡᠮᠥ᠋ᠷᠡᠨ ᠤ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠪᠣᠯᠣᠨ ᠴᠢᠨᠠᠷ ᠰᠠᠶᠢᠲᠠᠢ ᠬᠥᠭᠵᠢᠯᠲᠡ ᠶᠠᠭ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠣᠯᠣᠭᠰᠠᠨ ᠦᠷ᠎ᠡ ᠪᠦᠲᠦᠮᠵᠢ ᠪᠠᠰᠠ ᠲᠣᠭᠲᠠᠭᠤᠨ ᠪᠤᠰᠤ᠂ ᠪᠤᠰᠤᠳᠴᠢ | ᠲᠠᠯ᠎ᠠ ᠪᠠᠷ ᠪᠠᠰᠠ ᠴᠥᠭᠡᠨ ᠪᠤᠰᠤ ᠬᠦᠴᠢᠷᠳᠡᠯ ᠪᠣᠯᠣᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ | ᠦᠷᠭᠦᠯᠵᠢᠯᠡᠨ ᠴᠢᠷᠮᠠᠶᠢᠨ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠯᠤᠰ ᠭᠡᠳᠦ ᠠᠴᠠ ᠠᠪᠴᠤ ᠦᠵᠡᠪᠡᠯ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠠᠴᠠ ᠨᠢ ᠠᠪᠴᠤ ᠬᠡᠯᠡᠬᠦ ᠳᠤ ᠬᠥᠬᠡᠮᠥ᠋ᠷᠡᠨ ᠤ ᠰᠠᠪᠠ ᠭᠠᠵᠠᠷ ᠤᠨ | ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠳᠤ ᠲᠦᠰᠢᠭᠯᠡᠬᠦ ᠬᠡᠷᠡᠭᠲᠡᠢ᠃ ᠶᠡᠭᠡ ᠬᠠᠮᠠᠭᠠᠯᠠᠯᠲᠠ ᠶᠢ ᠬᠠᠮᠲᠤ ᠪᠠᠷ | ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠥᠨᠳᠥᠷ ᠲᠦᠪᠰᠢᠨ | ᠪᠦᠬᠦᠢ ᠬᠠᠮᠠᠭᠠᠯᠠᠯᠲᠠ ᠳᠡᠭᠡᠷ᠎ᠡ ᠨᠡᠩ ᠶᠡᠭᠡ ᠬᠦᠴᠦ ᠣᠷᠣᠭᠤᠯᠬᠤ ᠬᠡᠷᠡᠭᠲᠡᠢ᠃ ᠮᠥᠷᠡᠨ ᠳᠠᠭᠠᠤ ᠡᠯ᠎ᠡ ᠭᠠᠵᠠᠷ ᠤᠨ ᠠᠮᠢ | ᠠᠬᠤᠢ ᠶᠢᠨ ᠤᠯᠠᠭᠠᠨ ᠱᠤᠭᠤᠮ ᠢ ᠨᠢᠭᠡᠨᠲᠡ ᠵᠠᠭᠠᠭᠯᠠᠨ ᠲᠣᠭᠲᠠᠭᠠᠭᠰᠠᠨ ᠪᠣᠯᠬᠤᠷ ᠡᠷᠬᠡᠪᠰᠢ ᠪᠠᠲᠤ ᠰᠠᠬᠢᠵᠤ ᠬᠠᠮᠢᠶᠠᠷᠤᠨ᠂ | ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠷᠣᠬᠤ ᠶᠢ | ᠵᠥᠪᠰᠢᠶᠡᠷᠡᠬᠦ ᠨᠠᠷᠢᠨ ᠳᠠᠩᠰᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠵᠠᠭᠠᠭᠯᠠᠨ ᠲᠣᠭᠲᠠᠭᠠᠭᠰᠠᠨ ᠲᠣᠰ ᠭᠠᠵᠠᠷ ᠤᠨ ᠢᠶᠠᠨ ᠴᠢᠬᠤᠯᠠ ᠠᠮᠢ ᠠᠬᠤᠢ ᠶᠢᠨ ᠣᠷᠣᠨ ᠵᠠᠢ ᠶᠢᠨ ᠲᠤᠬᠠᠢ | ᠳᠣᠲᠣᠷ᠎ᠠ ᠪᠠᠨ ᠲᠤᠭ᠎ᠠ ᠲᠠᠢ ᠪᠠᠶᠢᠵᠤ᠂ ᠤᠷᠢᠳ ᠢᠶᠠᠷ ᠬᠠᠮᠠᠭᠠᠯᠠᠵᠤ᠂ ᠴᠢᠩᠭ᠎ᠠ ᠬᠠᠮᠠᠭᠠᠯᠠᠬᠤ ᠬᠡᠷᠡᠭᠲᠡᠢ᠃ ᠠᠮᠢ ᠠᠬᠤᠢ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ | ᠪᠣᠬᠢᠷᠳᠤᠯ ᠤᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ | ᠤᠰᠤᠨ ᠤ ᠠᠮᠢ ᠠᠬᠤᠢ ᠶᠢ ᠨᠢᠭᠡᠳᠦᠯᠲᠡᠢ ᠲᠥᠯᠥᠪᠵᠢᠭᠦᠯᠵᠦ᠂ ᠠᠭᠠᠷ ᠮᠠᠨᠳᠠᠯ ᠪᠣᠯᠣᠨ ᠬᠥᠷᠥᠰᠥ ᠰᠢᠷᠣᠢ ᠶᠢᠨ ᠪᠣᠬᠢᠷᠳᠤᠯ ᠢ | ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠮᠦᠨ᠎ᠡ ᠬᠡᠰᠡᠭ ᠤᠨ ᠪᠣᠬᠢᠷᠳᠤᠯ ᠢ ᠡᠵᠡᠮᠳᠡᠬᠦ ᠶᠢ ᠨᠡᠩ | ᠴᠢᠬᠤᠯᠠᠴᠢᠯᠠᠵᠤ᠂ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠡᠬᠢ ᠡᠭᠦᠰᠦᠯ ᠠᠴᠠ ᠨᠢ ᠪᠠᠭᠤᠷᠠᠭᠤᠯᠬᠤ | ᠬᠡᠷᠡᠭᠲᠡᠢ᠃ ᠬᠥᠬᠡᠮᠥ᠋ᠷᠡᠨ ᠤ ︽ᠠᠷᠪᠠᠨ ᠵᠢᠯ ᠳᠤ ᠵᠢᠭᠠᠰᠤ ᠠᠩᠨᠠᠬᠤ ᠶᠢ ᠴᠠᠭᠠᠵᠠᠯᠠᠬᠤ︾ ᠠᠵᠢᠯ ᠢ ᠡᠷᠡᠰ ᠠᠬᠢᠭᠤᠯᠵᠤ᠂ ᠨᠢᠭᠡᠨᠲᠡ | ᠣᠯᠣᠭᠰᠠᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠬᠦ ᠶᠢ ᠬᠠᠮᠵᠢᠯᠴᠠᠨ ᠠᠬᠢᠭᠤᠯᠵᠤ᠂ | ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠤᠯᠭᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠲᠦᠷᠭᠡᠳᠬᠡᠨ | ᠪᠣᠶᠢᠵᠢᠭᠤᠯᠵᠤ᠂ ᠪᠣᠬᠢᠷᠳᠤᠯ ᠦᠭᠡᠢ ᠮᠡᠷᠭᠡᠵᠢᠯ᠂ ᠪᠣᠬᠢᠷᠳᠤᠯ ᠦᠭᠡᠢ ᠪᠦᠲᠦᠭᠡᠭᠳᠡᠬᠦᠨ ᠢ ᠢᠳᠡᠪᠬᠢᠲᠡᠢ ᠬᠥᠭᠵᠢᠭᠦᠯᠵᠦ᠂ ᠠᠵᠤ | ᠠᠬᠤᠢ ᠶᠢᠨ ᠪᠣᠬᠢᠷᠳᠤᠯ ᠦᠭᠡᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠪᠠ ᠨᠥᠭᠡᠴᠡ | ᠬᠦᠴᠦᠨ ᠢ ᠴᠢᠩᠭᠠᠷᠠᠭᠤᠯᠬᠤ ᠬᠡᠷᠡᠭᠲᠡᠢ᠃ ᠠᠮᠢ ᠠᠬᠤᠢ ᠶᠢᠨ ᠳᠠᠪᠠᠭᠤᠯᠢᠭᠲᠤ ᠭᠠᠵᠠᠷ ᠣᠷᠣᠨ ᠢ ᠳᠡᠮᠵᠢᠵᠦ ᠪᠠᠶᠢᠭᠠᠳ ᠠᠮᠢ | ᠠᠬᠤᠢ ᠶᠢ ᠠᠰᠢᠭᠯᠠᠬᠤ ᠠᠵᠢᠯ ᠢ ᠰᠠᠶᠢᠲᠤᠷ ᠬᠢᠵᠦ᠂ ᠠᠮᠢ ᠠᠬᠤᠢ ᠶᠢᠨ ᠡᠳ᠋ ᠪᠠᠶᠠᠯᠢᠭ ᠢ ᠠᠵᠤ ᠠᠬᠤᠢ ᠶᠢᠨ ᠡᠳ᠋ ᠪᠠᠶᠠᠯᠢᠭ | ᠪᠣᠯᠭᠠᠨ ᠬᠤᠪᠢᠷᠠᠭᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠤ ᠲᠣᠭᠲᠠᠴᠠ ᠶᠢ | ᠲᠡᠭᠦᠯᠳᠡᠷᠵᠢᠭᠦᠯᠵᠦ᠂ ᠪᠦᠭᠦ ᠰᠠᠪᠠ ᠭᠠᠵᠠᠷ ᠢᠶᠠᠷ ᠢᠶᠠᠨ ᠠᠮᠢ ᠠᠬᠤᠢ ᠶᠢᠨ ᠬᠠᠮᠠᠭᠠᠯᠠᠯᠲᠠ ᠳᠤ ᠣᠷᠤᠯᠴᠠᠬᠤ ᠢᠳᠡᠪᠬᠢᠵᠢᠯ ᠢ | ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠥᠬᠡᠮᠥ᠋ᠷᠡᠨ ᠤ | ᠠᠵᠤ ᠠᠬᠤᠢ ᠶᠢᠨ ᠪᠦᠰᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ ᠢ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ | ᠵᠠᠮ ᠢ ᠢᠳᠡᠪᠬᠢᠲᠡᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ | ᠬᠡᠷᠡᠭᠲᠡᠢ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠬᠦ ᠪᠠ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ | ᠦᠢᠯᠡᠰ ᠤᠨ ᠰᠠᠭᠤᠷᠢ ᠶᠢ ᠳᠡᠭᠡᠳᠦ ᠳᠡᠰᠵᠢᠭᠦᠯᠭᠦ ᠪᠠ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠶᠢᠨ ᠲᠣᠭᠤᠷᠢᠨ ᠳᠤ᠂ | ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠤᠨ ᠬᠥᠲᠥᠯᠥᠨ ᠳᠠᠭᠠᠭᠤᠯᠬᠤ ᠴᠢᠨᠠᠷᠲᠠᠢ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠢᠳᠡᠪᠬᠢᠲᠡᠢ ᠪᠠᠶᠢᠷᠢᠰᠢᠭᠤᠯᠵᠤ᠂ ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠠᠳᠠᠨ ᠴᠤᠭᠯᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠤᠰᠢᠭᠤᠷᠠᠯ ᠬᠦᠷᠢᠶᠡᠨ ᠤ ᠤᠤᠭᠠᠯ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ᠂ ᠦᠢᠯᠡᠳᠬᠦ ᠦᠢᠯᠡᠰ ᠤᠨ ᠭᠤᠣᠯᠯᠠᠬᠤ ᠥᠷᠢᠰᠦᠯᠳᠦᠬᠦ | ᠬᠦᠴᠦᠨ ᠢ ᠴᠢᠩᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠡᠷᠢᠭᠦᠨ ᠤ ᠦᠢᠯᠡᠳᠬᠦ ᠦᠢᠯᠡᠰ ᠢ | ᠪᠣᠶᠢᠵᠢᠭᠤᠯᠤᠨ ᠪᠤᠵᠠᠭᠠᠶᠢᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ | ᠢᠷᠡᠭᠡᠳᠦᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ | ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ | ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠬᠦ᠂ ᠡᠮᠦᠨ᠎ᠡ | ᠤᠮᠠᠷ᠎ᠠ ᠶᠢ ᠵᠠᠯᠭᠠᠬᠤ᠂ ᠮᠥᠷᠡᠨ ᠲᠠᠢ ᠵᠠᠯᠭᠠᠵᠤ ᠲᠠᠯᠠᠢ ᠳᠤ ᠨᠡᠪᠲᠡᠷᠡᠬᠦ ᠥᠪᠡᠷᠮᠢᠴᠡ ᠳᠠᠪᠠᠭᠤᠯᠢᠭ ᠢ ᠨᠡᠩ ᠰᠠᠶᠢᠲᠤᠷ | ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠢ ᠨᠡᠩ ᠰᠠᠶᠢᠲᠤᠷ ᠬᠤᠯᠪᠣᠯᠳᠤᠭᠤᠯᠵᠤ᠂ | ᠬᠤᠶᠠᠷ ᠵᠦᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ | ᠳᠣᠲᠣᠭᠠᠳᠤ ᠬᠥᠳᠡᠯᠭᠡᠬᠦ ᠬᠦᠴᠦᠨ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ᠂ ᠤᠯᠠᠨ ᠤᠯᠤᠰ ᠤᠨ ᠣᠷᠴᠢᠯ ᠳᠠᠬᠢ | ᠲᠠᠲᠠᠬᠤ ᠬᠦᠴᠦᠨ᠂ ᠬᠥᠳᠡᠯᠭᠡᠬᠦ ᠬᠦᠴᠦᠨ ᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ | ᠮᠥᠷᠡᠨ ᠳᠠᠭᠠᠤ ᠶᠢᠨ ᠮᠤᠵᠢ ᠬᠤᠳᠠ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠪᠥᠭᠡᠳ ᠪᠠᠰᠠ | ᠬᠠᠮᠵᠢᠯᠴᠠᠨ ᠬᠥᠭᠵᠢᠵᠦ᠂ ᠰᠤᠯᠪᠢᠴᠡᠨ ᠬᠥᠭᠵᠢᠵᠦ᠂ ᠬᠤᠯᠪᠤᠭᠠᠯᠠᠨ ᠬᠥᠭᠵᠢᠬᠦ ᠬᠡᠷᠡᠭᠲᠡᠢ᠃ ᠮᠥᠷᠡᠨ ᠳᠠᠭᠠᠤ ᠶᠢᠨ ᠠᠵᠤ | ᠦᠢᠯᠡᠰ ᠤᠨ ᠪᠠᠶᠢᠷᠢᠰᠢᠭᠤᠯᠤᠯᠲᠠ ᠪᠠ ᠰᠢᠯᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠬᠤᠯᠠ | ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠡᠯᠡ ᠮᠥᠩᠭᠦ᠂ ᠮᠡᠷᠭᠡᠵᠢᠯ᠂ ᠭᠦᠳᠡᠯᠮᠦᠷᠢ | ᠬᠦᠴᠦ ᠲᠥᠪᠯᠡᠷᠡᠭᠰᠡᠨ ᠭᠡᠯᠪᠡᠷᠢ ᠶᠢᠨ ᠠᠵᠤ ᠦᠢᠯᠡᠰ ᠢ ᠬᠥᠲᠥᠯᠥᠨ ᠵᠢᠯᠤᠭᠤᠳᠴᠤ ᠪᠠᠶᠢᠭᠠᠳ ᠵᠡᠭᠦᠨ ᠬᠡᠰᠡᠭ ᠠᠴᠠ ᠳᠤᠮᠳᠠ | ᠬᠡᠰᠡᠭ ᠪᠠᠷᠠᠭᠤᠨ ᠬᠡᠰᠡᠭ ᠲᠡᠶᠢᠰᠢ ᠰᠢᠯᠵᠢᠭᠦᠯᠵᠦ᠂ ᠭᠤᠣᠯ ᠬᠤᠳᠠ ᠠᠴᠠ ᠥᠷᠥᠴᠡ ᠭᠠᠵᠠᠷ ᠲᠡᠶᠢᠰᠢ ᠡᠮᠬᠢ ᠵᠢᠷᠤᠮ ᠲᠠᠢ ᠪᠠᠷ | ᠰᠢᠯᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠢᠳᠡᠪᠬᠢᠲᠡᠢ ᠪᠠᠷ ᠠᠬᠢᠭᠤᠯᠵᠤ᠂ ᠤᠯᠠᠨ | ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠬᠦᠷᠢᠶ᠎ᠡ᠂ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠬᠦ | ᠬᠡᠷᠡᠭᠲᠡᠢ᠃ ᠮᠥᠷᠡᠨ ᠳᠠᠭᠠᠤ ᠶᠢᠨ ᠮᠤᠵᠢ ᠬᠤᠳᠠ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠦᠢᠯᠡᠳᠦᠯ ᠢ | ᠨᠡᠩ ᠰᠠᠶᠢᠲᠤᠷ ᠪᠠᠳᠠᠷᠠᠭᠤᠯᠵᠤ᠂ ᠳᠦᠷᠢᠮ ᠤᠨ ᠰᠢᠨ᠎ᠡ ᠶᠢ ᠡᠭᠦᠳᠬᠦ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ | ᠲᠤᠷᠰᠢᠵᠤ᠂ ᠮᠥᠷᠡᠨ ᠳᠠᠭᠠᠤ ᠶᠢᠨ ᠮᠤᠵᠢ ᠬᠤᠳᠠ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠬᠤᠯᠪᠤᠭᠠᠯᠠᠨ ᠬᠥᠭᠵᠢᠬᠦ ᠶᠢ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ | ᠰᠢᠨ᠎ᠡ ᠪᠠᠶᠢᠭᠤᠯᠤᠮᠵᠢ ᠶᠢ ᠪᠠᠶᠢᠭᠤᠯᠬᠤ ᠳᠤ ᠰᠢᠨ᠎ᠡ ᠲᠤᠷᠰᠢᠯᠭ᠎ᠠ ᠬᠤᠷᠠᠮᠳᠤᠭᠤᠯᠵᠤ᠂ ᠰᠢᠨ᠎ᠡ ᠠᠷᠭ᠎ᠠ ᠵᠠᠮ ᠢ ᠬᠠᠶᠢᠨ | ᠰᠦᠪᠡᠭᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠷᠣᠨ ᠪᠦᠰᠡ ᠶᠢᠨ ᠬᠠᠮᠵᠢᠯᠴᠠᠨ ᠠᠭᠤᠰᠤᠯᠴᠠᠬᠤ ᠶᠢ ᠴᠢᠩᠭᠠᠳᠬᠠᠬᠤ ᠪᠠᠷ ᠬᠦᠴᠦᠯᠡᠬᠦ ᠴᠡᠭ | ᠪᠤᠯᠭᠠᠬᠤ ᠶᠢ ᠪᠠᠷᠢᠮᠲᠠᠯᠠᠵᠤ᠂ ᠮᠥᠷᠡᠨ ᠳᠠᠭᠠᠤ ᠶᠢᠨ ᠮᠤᠵᠢ ᠬᠤᠳᠠ ᠶᠢᠨ ᠬᠢᠨ ᠮᠤᠵᠢ ᠶᠢᠨ ᠬᠤᠭᠤᠷᠣᠨᠳᠤ ᠪᠠᠨ ᠬᠠᠮᠲᠤ ᠪᠠᠷ | ᠵᠥᠪᠳᠡᠯᠴᠡᠬᠦ᠂ ᠠᠮᠢ ᠠᠬᠤᠢ ᠶᠢ ᠬᠠᠮᠲᠤ ᠪᠠᠷ ᠵᠠᠰᠠᠬᠤ᠂ ᠪᠦᠭᠦ ᠣᠷᠣᠨ ᠪᠦᠰᠡ ᠪᠠᠷ ᠢᠶᠠᠨ ᠬᠠᠮᠲᠤ ᠪᠠᠷ ᠪᠠᠶᠢᠭᠤᠯᠬᠤ᠂ | ᠬᠥᠭᠵᠢᠯᠲᠡ ᠶᠢ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠬᠤᠯᠪᠣᠯᠳᠤᠬᠤ ᠴᠢᠨᠠᠷ᠂ | ᠲᠦᠷᠦ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ᠂ ᠳᠦᠷᠢᠮ ᠤᠨ ᠨᠢᠭᠡᠳᠦᠯᠲᠦ ᠴᠢᠨᠠᠷ᠂ ᠬᠡᠷᠡᠭᠵᠢᠭᠦᠯᠦᠯᠲᠡ ᠶᠢᠨ ᠬᠠᠮᠵᠢᠯᠴᠠᠬᠤ | ᠴᠢᠨᠠᠷ ᠢ ᠴᠢᠩᠭᠠᠳᠬᠠᠵᠤ᠂ ᠠᠮᠢ ᠠᠬᠤᠢ ᠶᠢᠨ ᠬᠠᠮᠲᠤ ᠶᠢᠨ ᠴᠣᠭᠴᠠ ᠪᠣᠯᠣᠨ ᠠᠰᠢᠭ ᠲᠤᠰᠠ ᠶᠢᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠣᠷᠣᠨ ᠪᠦᠰᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠬᠦᠯᠢ ᠴᠣᠭᠴᠠ ᠶᠢᠨ ᠲᠠᠯ᠎ᠠ ᠠᠴᠠ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠤᠩᠭᠢᠯ ᠢ | ᠲᠦᠷᠭᠡᠳᠬᠡᠨ ᠪᠦᠲᠦᠭᠡᠨ ᠪᠠᠶᠢᠭᠤᠯᠵᠤ᠂ ᠵᠠᠮ ᠬᠠᠷᠢᠯᠴᠠᠭᠠᠨ ᠤ ᠲᠣᠣᠷ ᠤᠨ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠪᠠ | ︽ᠵᠠᠰᠠᠮᠠᠯ ᠵᠠᠮ ᠤᠰᠤᠨ ᠵᠠᠮ ᠲᠡᠮᠦᠷ ᠵᠠᠮ︾ ᠵᠡᠷᠭᠡ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠬᠠᠷᠢᠯᠴᠠᠨ ᠵᠣᠯᠭᠠᠯᠳᠤᠬᠤ ᠶᠢ | ᠴᠢᠩᠭᠠᠳᠬᠠᠵᠤ᠂ ᠣᠷᠣᠨ ᠪᠦᠰᠡ ᠶᠢᠨ ᠵᠠᠮ ᠬᠠᠷᠢᠯᠴᠠᠭᠠᠨ ᠤ ᠨᠢᠭᠡ ᠴᠣᠭᠴᠠᠵᠢᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠢᠲᠡᠭᠡᠮᠵᠢ ᠵᠡᠷᠭᠡ ᠰᠠᠭᠤᠷᠢ | ᠳᠦᠷᠢᠮ ᠢ ᠲᠡᠭᠦᠯᠳᠡᠷᠵᠢᠭᠦᠯᠵᠦ᠂ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠱᠠᠲᠤ ᠳᠠᠪᠬᠤᠷᠭ᠎ᠠ | ᠠᠯᠤᠰᠯᠠᠭᠰᠠᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠶᠠᠪᠤᠴᠠ ᠶᠢᠨ ᠬᠤᠯᠪᠣᠯᠳᠤᠨ | ᠨᠡᠪᠲᠡᠷᠡᠯᠴᠡᠬᠦ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠬᠥᠬᠡᠮᠥ᠋ᠷᠡᠨ ᠤ ᠰᠣᠶᠣᠯ ᠤᠨ ᠴᠠᠭ ᠦᠶ᠎ᠡ ᠶᠢᠨ | ᠦᠷᠳᠡᠭ ᠢ ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ ᠬᠥᠬᠡᠮᠥ᠋ᠷᠡᠨ ᠤ ᠰᠣᠶᠣᠯ ᠢ ᠬᠠᠷᠠᠭᠤᠯᠤᠭᠰᠠᠨ ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠨᠡᠩ ᠤᠯᠠᠨ ᠭᠠᠷᠭᠠᠬᠤ ᠬᠡᠷᠡᠭᠲᠡᠢ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ | ᠠᠭᠤᠰᠤᠯᠴᠠᠨ ᠬᠥᠭᠵᠢᠬᠦ ᠶᠢ ᠢᠳᠡᠪᠬᠢᠲᠡᠢ ᠪᠠᠷ ᠠᠬᠢᠭᠤᠯᠵᠤ᠂ ᠨᠢᠭᠡ ᠪᠦᠯᠦᠭ ᠪᠠᠶᠢᠭᠠᠯᠢ ᠶᠢᠨ ᠠᠭᠤᠯᠠ ᠤᠰᠤᠨ ᠤ ᠣᠨᠴᠠᠯᠢᠭ | ᠪᠠ ᠲᠡᠦᠬᠡ ᠰᠣᠶᠣᠯ ᠢᠷᠭᠡᠨᠰᠢᠯ ᠤᠨ ᠠᠭᠤᠯᠤᠭᠳᠠᠬᠤᠨ ᠲᠠᠢ ᠮᠥᠷᠡᠨ ᠳᠠᠭᠠᠤ ᠬᠤᠳᠠ᠂ ᠵᠢᠵᠢᠭ ᠬᠤᠲᠠ ᠪᠠᠯᠭᠠᠰᠤ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠤᠯᠠᠨ ᠤᠯᠤᠰ ᠤᠨ ᠰᠢᠵᠢᠷ | ᠠᠯᠳᠠᠨ ᠵᠢᠭᠤᠯᠴᠢᠯᠠᠯ ᠤᠨ ᠪᠦᠰᠡ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠨᠢ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠲᠠᠢ | ᠬᠤᠯᠪᠣᠭᠳᠠᠨ᠎ᠠ᠃ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠴᠢᠬᠤᠯᠠ ᠠᠵᠤ ᠦᠢᠯᠡᠰ ᠤᠨ ᠬᠡᠯᠬᠢᠶ᠎ᠡ ᠶᠢᠨ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠤᠰᠤᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠨᠡᠩ | ᠶᠡᠭᠡ ᠦᠢᠯᠡᠳᠦᠯ ᠦᠵᠡᠭᠦᠯᠵᠦ᠂ ᠨᠢᠭᠡ ᠣᠷᠣᠨ ᠪᠦᠰᠡ ᠶᠢᠨ ᠲᠣᠭᠲᠠᠭᠤᠨ ᠢᠶᠠᠷ ᠪᠦᠭᠦ ᠲᠠᠯ᠎ᠠ ᠶᠢᠨ ᠠᠮᠤᠷ ᠲᠦᠪᠰᠢᠨ ᠳᠤ | ᠬᠤᠪᠢ ᠨᠡᠮᠡᠷᠢ ᠦᠵᠡᠭᠦᠯᠭᠦ ᠬᠡᠷᠡᠭᠲᠡᠢ᠃ ᠮᠥᠷᠡᠨ ᠳᠠᠭᠠᠤ ᠶᠢᠨ ᠮᠤᠵᠢ ᠬᠤᠳᠠ ᠶᠢᠨ ᠠᠮᠤ ᠪᠤᠳᠠᠭᠠᠨ ᠤ ᠭᠤᠣᠯ ᠭᠠᠷᠤᠯᠲᠠ ᠶᠢᠨ | ᠣᠷᠣᠨ ᠴᠦ ᠲᠡᠷᠡ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠲᠡᠩᠴᠡᠭᠦᠷᠢ ᠶᠢᠨ ᠣᠷᠣᠨ | ᠴᠦ ᠲᠡᠷᠡ᠂ ᠴᠥᠮ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ᠃ ᠲᠠᠷᠢᠶᠠᠨ | ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ | ᠴᠢᠩᠭᠠᠳᠬᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ | ᠴᠢᠩᠭᠠᠳᠬᠠᠵᠤ᠂ ᠠᠮᠢᠳᠤ ᠪᠣᠳᠠᠰ ᠤᠨ ᠦᠷ᠎ᠡ ᠪᠣᠶᠢᠵᠢᠭᠤᠯᠬᠤ ᠴᠢᠬᠤᠯᠠ ᠶᠡᠭᠡ ᠲᠦᠷᠤᠯ ᠵᠦᠢᠯ ᠢ ᠬᠡᠷᠡᠭᠵᠢᠭᠦᠯᠵᠦ᠂ ᠦᠷ᠎ᠡ ᠶᠢᠨ | ᠦᠢᠯᠡᠰ ᠤᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ | ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠭᠤᠣᠯᠳᠠᠯᠭ᠎ᠠ ᠪᠠᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ | ᠳᠡᠭᠡᠭᠰᠢᠯᠡᠭᠦᠯᠭᠦ ᠳᠡᠭᠡᠷ᠎ᠡ ᠲᠠᠯᠪᠢᠵᠤ᠂ ᠰᠠᠶᠢᠨ ᠲᠠᠷᠢᠶᠠᠨ ᠤ ᠰᠠᠶᠢᠨ ᠡᠭᠦᠯᠳᠡᠷ᠂ ᠰᠠᠶᠢᠨ ᠮᠠᠰᠢᠨ ᠰᠠᠶᠢᠨ ᠠᠷᠭ᠎ᠠ ᠶᠢ | ᠲᠥᠪᠯᠡᠷᠡᠭᠦᠯᠦᠨ ᠳᠡᠯᠭᠡᠷᠡᠭᠦᠯᠬᠦ ᠪᠠᠨ ᠴᠢᠩᠭᠠᠳᠬᠠᠵᠤ᠂ ᠣᠯᠠᠨ ᠵᠦᠢᠯ ᠤᠨ ᠭᠡᠯᠪᠡᠷᠢ ᠮᠠᠶ᠋ᠢᠭ ᠪᠦᠬᠦᠢ ᠵᠣᠬᠢᠬᠤ ᠬᠡᠪᠴᠢᠶᠡᠲᠦ | ᠡᠵᠡᠩᠨᠡᠯᠲᠡ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠬᠦ ᠬᠡᠷᠡᠭᠲᠡᠢ᠃ ᠪᠦᠭᠦ ᠤᠯᠤᠰ ᠢᠶᠠᠷ ᠢᠶᠠᠨ ︽ᠨᠢᠭᠡ ᠬᠥᠯᠭᠡ | ᠰᠢᠲᠠᠷ᠎ᠠ︾ ᠪᠤᠯᠬᠤ ᠶᠢ ᠪᠠᠷᠢᠮᠲᠠᠯᠠᠵᠤ᠂ ᠳᠡᠭᠡᠳᠦ ᠤᠷᠤᠰᠬᠠᠯ ᠤᠨ ᠭᠠᠵᠠᠷ ᠣᠷᠣᠨ ᠪᠣᠯᠣᠨ ᠳᠤᠮᠳᠠ ᠳᠣᠣᠷᠠᠳᠤ ᠤᠷᠤᠰᠬᠠᠯ ᠤᠨ | ᠭᠠᠵᠠᠷ ᠣᠷᠣᠨ ᠤ ᠡᠨᠧᠷᠭᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠨᠡᠭᠦᠷᠡᠰᠦ ᠵᠡᠷᠭᠡ | ᠴᠢᠯᠠᠭᠤᠵᠢᠮᠠᠯ ᠡᠨᠧᠷᠭᠢ ᠶᠢᠨ ᠦᠨᠳᠦᠰᠦᠨ ᠬᠦᠴᠦᠨ ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠨᠡᠭᠦᠷᠡᠰᠦ ᠶᠢ | ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ᠂ ᠤᠰᠤᠨ ᠴᠠᠭᠢᠯᠭᠠᠨ ᠵᠡᠷᠭᠡ | ᠳᠠᠪᠠᠭᠤᠯᠢᠭ ᠤᠯᠠᠮᠵᠢᠯᠠᠯᠲᠤ ᠡᠨᠧᠷᠭᠢ ᠪᠣᠯᠣᠨ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ | ᠵᠡᠷᠭᠡ ᠰᠢᠨ᠎ᠡ ᠡᠨᠧᠷᠭᠢ ᠶᠢᠨ ᠤᠯᠠᠨ ᠡᠨᠧᠷᠭᠢ ᠶᠢ ᠬᠠᠷᠢᠯᠴᠠᠨ ᠨᠥᠬᠦᠪᠦᠷᠢᠯᠡᠬᠦ᠂ ᠭᠦᠨᠵᠡᠭᠡᠢ ᠠᠭᠤᠰᠤᠯᠴᠠᠬᠤ ᠶᠢ | ᠴᠢᠬᠤᠯᠠᠴᠢᠯᠠᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠡᠨᠧᠷᠭᠢ ᠶᠢᠨ ᠰᠤᠷᠪᠤᠯᠵᠢ ᠲᠣᠣᠷ | ᠳᠠᠭᠠᠭᠠᠴᠠ ᠨᠥᠭᠡᠴᠡ ᠶᠢᠨ ᠨᠢᠭᠡ ᠴᠣᠭᠴᠠᠵᠢᠯᠲᠠ ᠶᠢ ᠠᠬᠢᠭᠤᠯᠬᠤ ᠬᠡᠷᠡᠭᠲᠡᠢ᠃ ᠠᠮᠤᠷ ᠳᠥᠯᠭᠡᠨ ᠬᠥᠬᠡᠮᠥ᠋ᠷᠡᠨ ᠢ ᠴᠢᠷᠮᠠᠶᠢᠨ | ᠪᠦᠲᠦᠭᠡᠨ ᠪᠠᠶᠢᠭᠤᠯᠵᠤ᠂ ᠬᠥᠬᠡᠮᠥ᠋ᠷᠡᠨ ᠤ ᠤᠰᠤᠨ ᠤ ᠪᠠᠶᠢᠳᠠᠯ ᠤᠨ ᠬᠤᠪᠢᠷᠠᠯᠲᠠ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ | ᠭᠠᠩ ᠬᠠᠭᠰᠠᠷᠠᠭᠠᠨ ᠤᠰᠤᠲᠤᠯ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠤᠰᠤᠨ ᠤ ᠰᠢᠰᠲ᠋ᠧᠮ ᠢ | ᠨᠡᠪᠲᠡᠷᠡᠭᠦᠯᠬᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠨ ᠠᠷᠠᠴᠢᠯᠠᠬᠤ᠂ ᠬᠥᠷᠥᠰᠥ ᠰᠢᠷᠣᠢ ᠶᠢ ᠬᠠᠮᠠᠭᠠᠯᠠᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠪᠠ ᠭᠠᠵᠠᠷ ᠤᠨ ᠤᠰᠤᠨ ᠤ ᠢᠨᠵᠧᠨᠧᠷᠢᠩ ᠢ ᠨᠢᠭᠡᠳᠦᠯᠲᠡᠢ ᠬᠤᠯᠪᠤᠭᠠᠯᠠᠨ | ᠲᠣᠬᠢᠷᠠᠭᠤᠯᠬᠤ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠤᠰᠤᠨ ᠤ ᠡᠬᠢ ᠪᠠᠶᠠᠯᠢᠭ ᠤᠨ ᠡᠯᠪᠡᠭᠵᠢᠯ ᠬᠤᠮᠰᠠᠳᠠᠯ ᠢ | ᠲᠣᠬᠢᠷᠠᠭᠤᠯᠬᠤ ᠶᠢ ᠴᠢᠩᠭᠠᠳᠬᠠᠵᠤ᠂ ᠰᠠᠪᠠ ᠭᠠᠵᠠᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ | ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ | ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠲᠥᠪ ᠤᠨ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠢᠨ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ | ᠤᠳᠤᠷᠢᠳᠤᠮᠵᠢ ᠳᠤ ᠨᠡᠶᠢᠴᠡᠬᠦ ᠲᠦᠷᠦᠯ ᠵᠦᠢᠯ ᠳᠤ ᠳᠡᠮᠵᠢᠯᠭᠡ ᠦᠵᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠤ ᠨᠢᠭᠡ | ᠪᠦᠯᠦᠭ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠮᠥᠷᠡᠨ ᠳᠠᠭᠠᠤ ᠮᠤᠵᠢ ᠬᠤᠳᠠ ᠶᠢᠨ ᠡᠯ᠎ᠡ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ | ᠪᠤᠯᠭᠠᠵᠤ᠂ ᠥᠷᠭᠡᠨ ᠤᠯᠠᠨ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ | ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠨᠢ | ᠳᠡᠭᠡᠭᠰᠢᠯᠡᠭᠦᠯᠭᠦ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ | ᠵᠢᠯᠤᠭᠤᠳᠴᠤ ᠪᠠᠶᠢᠭᠠᠳ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠳᠤ ᠢᠳᠡᠪᠬᠢᠲᠡᠢ ᠣᠷᠣᠯᠴᠠᠭᠤᠯᠵᠤ᠂ | ᠬᠥᠮᠥᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠵᠡᠷᠭᠡ ᠲᠠᠯ᠎ᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ | ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠰᠠᠶᠢᠲᠤᠷ ᠪᠠᠳᠠᠷᠠᠭᠤᠯᠬᠤ ᠬᠡᠷᠡᠭᠲᠡᠢ᠃ | ︽ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠥᠲᠥᠯᠪᠦᠷᠢ︾ ᠶᠢ | ᠬᠡᠷᠡᠭᠵᠢᠭᠦᠯᠦᠭᠰᠡᠨ ᠲᠤᠬᠠᠢ ᠪᠠᠶᠢᠴᠠᠭᠠᠯᠲᠠ ᠦᠨᠡᠯᠡᠯᠲᠡ ᠪᠠ ᠬᠢᠨᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠡᠯ᠎ᠡ ᠭᠠᠵᠠᠷ ᠤᠨ ᠬᠢᠨ ᠢ ᠱᠠᠯᠠᠪᠳᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ | ᠵᠠᠯᠠᠷᠠᠭᠤᠯᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠠᠮᠠᠭᠠᠯᠠᠯᠲᠠ ᠶᠢ | ᠬᠠᠮᠲᠤ ᠪᠠᠷ ᠠᠳᠬᠤᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠦᠷᠭᠦᠯᠵᠢᠯᠡᠨ ᠬᠦᠴᠦᠯᠡᠵᠦ᠂ | ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ | ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ | ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠠᠷᠭ᠎ᠠ ᠵᠠᠮ ᠢ ᠭᠦᠨᠵᠡᠭᠡᠢ ᠰᠦᠪᠡᠭᠴᠢᠯᠡᠬᠦ ᠬᠡᠷᠡᠭᠲᠡᠢ᠃ ᠭᠤᠣᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠᠷ ᠠᠵᠤ ᠠᠬᠤᠢ ᠶᠢᠨ ᠵᠦᠢ ᠵᠣᠬᠢᠰᠲᠠᠢ | ᠪᠠᠶᠢᠷᠢᠰᠢᠭᠤᠯᠤᠯᠲᠠ ᠶᠢ ᠬᠥᠲᠥᠯᠥᠨ ᠵᠢᠯᠤᠭᠤᠳᠴᠤ᠂ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠵᠤ᠂ ᠴᠢᠳᠠᠮᠵᠢ ᠶᠢᠨ | ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠳᠠᠭᠠᠭᠤᠯᠤᠭᠴᠢ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠ ᠳᠡᠭᠡᠳᠦ ᠤᠷᠤᠰᠬᠠᠯ ᠤᠨ ᠭᠠᠵᠠᠷ ᠣᠷᠣᠨ ᠤ ᠬᠠᠮᠲᠤ ᠶᠢᠨ ᠬᠥᠭᠵᠢᠯᠲᠡ ᠶᠢ | ᠳᠠᠶᠢᠴᠢᠯᠠᠬᠤ ᠬᠡᠷᠡᠭᠲᠡᠢ᠃ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ | ᠣᠷᠣᠨ ᠪᠦᠰᠡ ᠶᠢᠨ ᠳᠣᠲᠣᠷᠠᠬᠢ ︽ᠵᠥᠭᠡᠯᠡᠨ︾᠂ ︽ᠬᠠᠲᠠᠭᠤ︾ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ | ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ | ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠨ ᠬᠥᠭᠵᠢᠭᠦᠯᠦᠯᠲᠡ ᠦᠯᠦ ᠬᠢᠬᠦ ᠶᠢ | ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠲᠤᠪᠤᠶᠢᠯᠭᠠᠵᠤ᠂ ᠥᠨᠳᠥᠷ | ᠲᠦᠪᠰᠢᠨ ᠲᠠᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠬᠤ ᠬᠡᠷᠡᠭᠲᠡᠢ︔ | ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠬᠢᠶ᠎ᠡ | ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ | ᠡᠨᠧᠷᠭᠢ ᠶᠢ ᠪᠣᠶᠢᠵᠢᠭᠤᠯᠬᠤ ᠬᠡᠷᠡᠭᠲᠡᠢ︔ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠶ ᠪᠤᠯᠭᠠᠵᠤ᠂ | ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠢ ᠵᠦᠢ ᠵᠣᠬᠢᠰᠲᠠᠢ ᠲᠣᠭᠲᠠᠭᠠᠵᠤ᠂ ᠲᠡᠯᠡᠶ ᠳᠠᠭᠠᠤ | ᠮᠥᠷᠡᠨ ᠳᠠᠭᠠᠤ ᠬᠢᠯᠢ ᠳᠠᠭᠠᠤ ᠪᠠ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠵᠦ᠂ ᠥᠨᠳᠥᠷ | ᠲᠦᠪᠰᠢᠨ ᠪᠦᠬᠦᠢ ᠬᠠᠮᠵᠢᠯᠴᠠᠨ ᠬᠠᠮᠲᠤᠷᠠᠯᠴᠠᠬᠤ ᠪᠠᠷ ᠴᠢᠨᠠᠷ ᠰᠠᠶᠢᠲᠠᠢ ᠬᠥᠭᠵᠢᠯᠲᠡ ᠶᠢᠨ ᠪᠦᠬᠦᠯᠢ ᠴᠣᠭᠴᠠ ᠶᠢᠨ ᠬᠠᠮᠲᠤᠷᠠᠯ | ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ | ᠣᠷᠣᠯᠴᠠᠵᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ | ᠣᠷᠣᠯᠴᠠᠵᠠᠢ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | |