| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 17 ᠤ ᠴᠠᠭᠢᠯᠭᠠᠨ ᠮᠡᠳᠡᠭᠡ 10 ᠰᠠᠷ᠎ᠠ ᠶᠢᠨ 17 ᠤ ᠣᠷᠣᠢ | ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠠᠶᠢᠯᠠᠯᠭ᠎ᠠ ᠬᠢᠵᠦ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ | ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ ᠤᠯᠤᠰ ᠲᠤ ᠢᠷᠡᠭᠰᠡᠨ | ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ | ᠰᠢᠤᠸᠠᠢ ᠰᠢᠶᠠᠩ᠂ ᠯᠢ ᠰᠢ᠂ ᠬᠠᠨ ᠵᠧᠩ ᠣᠷᠣᠯᠴᠠᠪᠠ᠃ | | | | | 10 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ | ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ | ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ ᠵᠢᠷᠤᠭ ᠪᠣᠯ ᠰᠢ ᠶᠢᠨ ᠫᠢᠩ ᠪᠣᠯᠣᠨ ᠫᠧᠩ | ᠯᠢ ᠶᠤᠸᠠᠨ ᠤᠯᠠᠨ ᠤᠯᠤᠰ ᠤᠨ ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠵᠦ ᠪᠠᠶᠢᠭ᠎ᠠ ᠨᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠠᠯᠳᠠᠨ ᠨᠠᠮᠤᠷ ᠪᠡᠭᠡᠵᠢᠩ ᠬᠤᠳᠠ ᠶᠢᠨ ᠦᠳᠡᠰᠢ ᠶᠢᠨ ᠨᠡᠷᠡᠨ ᠵᠢᠷᠤᠭ ᠮᠡᠲᠦ᠂ ᠲᠢᠶᠠᠨ ᠠᠨ ᠮᠧᠨ ᠲᠠᠯᠠᠪᠠᠢ ᠳᠤ | ᠥᠩᠭᠡᠲᠦ ᠳ᠋ᠧᠩ ᠢ ᠭᠡᠷᠡᠯᠳᠦᠭᠦᠯᠵᠤ᠂ ᠠᠷᠠᠳ ᠤᠨ ᠶᠡᠭᠡ ᠬᠤᠷᠠᠯ ᠤᠨ ᠲᠠᠩᠬᠢᠮ ᠲᠥᠪ ᠬᠢᠴᠢᠶᠡᠩᠭᠦᠢ ᠪᠥᠭᠡᠳ ᠭᠡᠷᠡᠯ | ᠳᠤᠸᠠᠯᠠᠵᠤ ᠪᠠᠶᠢᠯ᠎ᠠ᠃ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠭᠠᠳᠠᠭᠠᠳᠤ ᠶᠢᠨ ᠤᠯᠤᠰ ᠤᠨ | ᠲᠡᠷᠢᠭᠦᠨ᠂ ᠵᠠᠰᠠᠭ ᠤᠨ ᠣᠷᠳᠣᠨ ᠤ ᠲᠦᠷᠦᠭᠦᠴᠦᠳ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ | ᠵᠡᠷᠭᠡ ᠣᠯᠠᠨ ᠤᠯᠤᠰ ᠤᠨ ᠬᠦᠨᠳᠦᠲᠦ ᠵᠣᠴᠢᠳ ᠵᠢᠴᠢ ᠲᠡᠳᠡᠨ ᠤ ᠬᠠᠨᠢ ᠨᠥᠬᠦᠷ ᠬᠤᠶᠢᠨ᠎ᠠ ᠬᠤᠶᠢᠨ᠎ᠠ ᠠᠴᠠ ᠪᠠᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠬᠦᠷᠴᠦ ᠢᠷᠡᠪᠡ᠃ ᠶᠣᠰᠣᠯᠠᠯ ᠤᠨ ᠴᠡᠷᠢᠭ ᠵᠢᠭᠰᠠᠵᠤ ᠶᠣᠰᠣᠯᠠᠪᠠ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠭ᠎ᠠ 150 ᠭᠠᠷᠤᠢ ᠤᠯᠤᠰ ᠤᠨ ᠤᠯᠤᠰ ᠤᠨ ᠲᠤᠭ | ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠭ ᠢ ᠤᠯᠠᠭᠠᠨ ᠬᠡᠪᠢᠰ ᠤᠨ ᠬᠤᠶᠠᠷ ᠲᠠᠯ᠎ᠠ ᠪᠠᠷ ᠲᠡᠷᠢ | ᠲᠡᠭᠰᠢ ᠮᠥᠷᠯᠡᠭᠦᠯᠦᠨ ᠪᠠᠶᠢᠷᠢᠯᠠᠭᠤᠯᠤᠭᠰᠠᠨ ᠨᠢ ᠰᠦᠷᠯᠢᠭ ᠦᠵᠡᠮᠵᠢᠲᠡᠢ ᠬᠠᠷᠠᠭᠳᠠᠨ᠎ᠠ᠃ | ᠰᠢ ᠶᠢᠨ ᠫᠢᠩ ᠪᠣᠯᠣᠨ ᠫᠧᠩ ᠯᠢ ᠶᠤᠸᠠᠨ ᠭᠠᠳᠠᠭᠠᠳᠤ ᠶᠢᠨ ᠤᠳᠤᠷᠢᠳᠬᠤ ᠬᠥᠮᠥᠰ ᠪᠠ ᠲᠡᠳᠡᠨ ᠤ ᠬᠠᠨᠢ ᠨᠥᠬᠦᠷ ᠢ | ᠬᠠᠯᠠᠭᠤᠨ ᠢᠶᠠᠷ ᠤᠭᠲᠤᠵᠤ᠂ ᠲᠡᠳᠡᠨ ᠲᠠᠢ ᠨᠢᠭᠡᠳ ᠨᠢᠭᠡ ᠪᠠᠷ ᠭᠠᠷ ᠠᠳᠬᠤᠭᠰᠠᠨ ᠪᠥᠭᠡᠳ ᠬᠠᠮᠲᠤ ᠭᠡᠷᠡᠯ ᠵᠢᠷᠤᠭ | ᠲᠠᠲᠠᠭᠤᠯᠵᠤ ᠳᠤᠷᠠᠰᠬᠠᠯ ᠦᠯᠡᠳᠡᠭᠡᠪᠡ᠃ ᠵᠣᠴᠢᠨ ᠤᠭᠲᠤᠬᠤ ᠬᠥᠭᠵᠢᠮ ᠤᠨ ᠠᠶᠠᠰ ᠳᠤᠮᠳᠠ᠂ ᠰᠢ ᠶᠢᠨ ᠫᠢᠩ ᠪᠣᠯᠣᠨ ᠫᠧᠩ | ᠯᠢ ᠶᠤᠸᠠᠨ ᠬᠦᠨᠳᠦᠲᠦ ᠵᠣᠴᠢᠳ ᠲᠠᠢ ᠬᠠᠮᠲᠤ ᠠᠯᠳᠠᠨ ᠰᠢᠷᠭᠠᠯ ᠶᠡᠭᠡ ᠲᠢᠩᠬᠢᠮ ᠳᠤ ᠠᠯᠬᠤᠨ ᠣᠷᠣᠪᠠ᠃ | ᠰᠢ ᠶᠢᠨ ᠫᠢᠩ ᠪᠠᠶᠠᠷ ᠤᠨ ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ | ᠤᠯᠤᠰ ᠤᠨ ᠠᠷᠠᠳ ᠲᠦᠮᠡᠨ ᠤ ᠡᠮᠦᠨ᠎ᠡ ᠠᠴᠠ ᠬᠦᠨᠳᠦᠲᠦ ᠵᠣᠴᠢᠳ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ | ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ | ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ | | | | | 10 ᠰᠠᠷ᠎ᠠ ᠶᠢᠨ 17 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠠᠶᠢᠯᠠᠯᠭ᠎ᠠ ᠬᠢᠵᠦ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ | ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠮᠠᠨ ᠤ | ᠤᠯᠤᠰ ᠲᠤ ᠢᠷᠡᠭᠰᠡᠨ ᠤᠯᠠᠨ ᠤᠯᠤᠰ ᠤᠨ ᠬᠦᠨᠳᠦᠲᠦ ᠵᠣᠴᠢᠳ ᠢ ᠤᠭᠲᠤᠪᠠ᠃ ᠵᠢᠷᠤᠭ ᠪᠣᠯ᠂ ᠰᠢ ᠶᠢᠨ ᠫᠢᠩ ᠪᠠᠶᠠᠷ ᠤᠨ | ᠦᠭᠡ ᠬᠡᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ | ᠡᠮᠦᠨ᠎ᠡ ᠠᠴᠠ ᠬᠦᠨᠳᠦᠲᠦ ᠵᠣᠴᠢᠳ ᠤᠨ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠪᠠᠷ ᠢᠷᠡᠭᠰᠡᠨ ᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠰᠢ ᠶᠢᠨ ᠫᠢᠩ᠂ ︽ᠬᠠᠪᠤᠷ ᠴᠡᠴᠡᠭᠯᠡᠵᠦ ᠨᠠᠮᠤᠷ ᠵᠢᠮᠢᠰᠯᠡᠨ᠎ᠡ︾᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠲᠤᠷᠰᠢ ᠳᠤᠮᠳᠠᠳᠤ ᠤᠯᠤᠰ ᠡᠯ᠎ᠡ ᠲᠠᠯ᠎ᠠ ᠶᠢᠨ | ᠬᠠᠮᠲᠤᠷᠠᠯᠴᠠᠭᠠᠨ ᠤ ᠬᠠᠨᠢᠲᠠᠨ ᠲᠠᠢ ᠬᠠᠮᠲᠤ ᠪᠠᠷ ᠡᠶ᠎ᠡ ᠨᠠᠶᠢᠷᠲᠠᠢ ᠬᠠᠮᠲᠤᠷᠠᠯᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ᠂ | ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠲᠣᠷᠭᠠᠨ ᠵᠠᠮ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠮᠲᠤ ᠪᠠᠷ ᠪᠦᠭᠦ ᠪᠥᠮᠪᠥᠷᠴᠡᠭ ᠤᠨ ᠬᠤᠯᠪᠣᠯᠳᠤᠨ ᠨᠡᠪᠲᠡᠷᠡᠯᠴᠡᠬᠦ ᠳᠤ ᠬᠦᠴᠦᠨ | ᠴᠢᠳᠠᠯ ᠢᠶᠠᠨ ᠡᠷᠭᠦᠵᠦ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠳᠤ ᠲᠠᠪᠴᠠᠩ ᠪᠠᠶᠢᠭᠤᠯᠵᠤ᠂ ᠳᠡᠯᠡᠬᠡᠢ ᠶᠢᠨ | ᠠᠵᠤ ᠠᠬᠤᠢ ᠶᠢᠨ ᠨᠡᠮᠡᠭᠳᠡᠯ ᠳᠤ ᠬᠥᠳᠡᠯᠭᠡᠬᠦ ᠬᠦᠴᠦᠨ ᠨᠡᠮᠡᠷᠢᠯᠡᠪᠡ᠃ ᠪᠢᠳᠡ ᠬᠡᠳᠦᠨ ᠮᠢᠩᠭᠠᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭᠠᠨ ᠤ ᠲᠦᠷᠦᠯ ᠵᠦᠢᠯ ᠢ ᠥᠷᠨᠢᠭᠦᠯᠵᠦ᠂ ᠦᠨᠡᠨ ᠪᠣᠳᠠᠲᠠᠢ᠂ ᠦᠯᠡᠮᠵᠢ ᠶᠡᠭᠡ ᠦᠷ᠎ᠡ ᠪᠦᠲᠦᠭᠡᠯ ᠣᠯᠵᠤ᠂ ᠳᠡᠯᠡᠬᠡᠢ | ᠳ᠋ᠠᠬᠢᠨ ᠢ ᠬᠤᠯᠪᠣᠭᠰᠠᠨ᠂ ᠰᠠᠶᠢᠨ ᠰᠠᠶᠢᠬᠠᠨ ᠢᠶᠠᠨ ᠬᠠᠮᠲᠤᠳᠬᠠᠭᠰᠠᠨ ᠰᠦᠷᠯᠢᠭ ᠦᠵᠡᠮᠵᠢᠲᠦ ᠬᠠᠭᠤᠳᠠᠰᠤ ᠶᠢ ᠬᠠᠮᠲᠤ ᠪᠠᠷ | ᠵᠢᠷᠤᠭᠯᠠᠪᠠ᠃ ᠡᠳᠡᠭᠡᠷ ᠠᠮᠵᠢᠯᠲᠠ ᠶᠢ ᠡᠯ᠎ᠡ ᠤᠯᠤᠰ ᠤᠨ ᠵᠠᠰᠠᠭ ᠤᠨ ᠣᠷᠳᠣᠨ᠂ ᠠᠵᠤ ᠠᠬᠤᠶᠢᠯᠠᠯ ᠪᠣᠯᠣᠨ ᠠᠷᠠᠳ ᠲᠦᠮᠡᠨ | ᠠᠵᠢᠯᠴᠢ ᠭᠦᠳᠡᠯᠮᠦᠷᠢᠴᠢ ᠵᠠᠩ ᠴᠢᠨᠠᠷ᠂ ᠤᠶᠤᠨ ᠤᠬᠠᠭᠠᠨ᠂ ᠰᠥᠰᠥ ᠵᠣᠷᠢᠭ ᠢᠶᠠᠷ ᠢᠶᠠᠨ ᠬᠢᠵᠦ ᠪᠦᠲᠦᠭᠡᠭᠰᠡᠨ ᠶᠤᠮ︕ ᠪᠢᠳᠠ | ︽ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠣᠷᠣᠯᠴᠠᠭᠴᠢ᠂ ᠪᠦᠲᠦᠭᠡᠨ | ᠪᠠᠶᠢᠭᠤᠯᠤᠭᠴᠢ ᠳᠤ ᠬᠦᠨᠳᠦᠳᠬᠡᠯ ᠳᠡᠪᠰᠢᠭᠦᠯᠦᠶ᠎ᠡ︕ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ︽ᠨᠢᠭᠡ ᠪᠦᠰᠡ ᠨᠢᠭᠡ ᠵᠠᠮ︾ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠨᠢ ᠬᠥᠭᠵᠢᠯᠲᠡ ᠶᠢ | ᠬᠥᠭᠡᠭᠡᠴᠡᠯᠳᠦᠵᠦ᠂ ᠬᠠᠮᠲᠤ ᠪᠠᠷ ᠠᠰᠢᠭ ᠭᠦᠷᠳᠡᠭᠦ ᠶᠢ ᠡᠷᠬᠢᠮᠯᠡᠵᠦ᠂ ᠬᠦᠰᠡᠯ ᠡᠷᠡᠮᠡᠯᠵᠡᠯ ᠢ ᠳᠠᠮᠵᠢᠭᠤᠯᠪᠠ᠃ ᠭᠠᠭᠴᠠ ᠬᠦ | ᠬᠦᠴᠦᠷᠬᠡᠭᠵᠢᠬᠦ ᠪᠠᠷ ᠰᠢᠨᠲᠠᠷᠠᠰᠢ ᠦᠭᠡᠢ ᠴᠢᠷᠮᠠᠶᠢᠵᠤ᠂ ᠴᠥᠬᠦᠷᠡᠰᠢ ᠦᠭᠡᠢ ᠲᠡᠮᠡᠴᠡᠪᠡᠯ ᠰᠠᠶ᠋ᠢ ᠶᠡᠭᠡ ᠠᠮᠵᠢᠯᠲᠠ ᠪᠦᠲᠦᠮᠵᠢ | ᠣᠯᠵᠤ᠂ ᠰᠠᠶ᠋ᠢ ᠮᠢᠩᠭᠠᠨ ᠭᠠᠯᠪᠠ ᠳᠤ ᠠᠰᠢᠭ ᠬᠦᠷᠲᠡᠭᠡᠬᠦ᠂ ᠠᠷᠠᠳ ᠲᠦᠮᠡᠨ ᠳᠤ ᠪᠤᠶᠠᠨ ᠦᠢᠯᠡᠳᠬᠦ ᠥᠨᠢᠳᠡ ᠶᠢᠨ | ᠭᠠᠪᠢᠶ᠎ᠠ ᠶᠢ ᠪᠠᠶᠢᠭᠤᠯᠵᠤ ᠴᠢᠳᠠᠨ᠎ᠠ᠃ ᠡᠨᠡ ᠪᠣᠯ ᠮᠠᠨ ᠤ ᠡᠨᠡ ᠦᠶ᠎ᠡ ᠶᠢᠨ ᠤᠯᠤᠰ ᠲᠥᠷᠥᠴᠢᠳ ᠤᠨ ᠣᠳᠣ ᠦᠶ᠎ᠡ ᠶᠢᠨ | ᠬᠥᠮᠥᠰ ᠪᠠ ᠬᠤᠶᠢᠴᠢ ᠦᠶ᠎ᠡ ᠶᠢᠨ ᠬᠥᠮᠥᠰ ᠲᠤ ᠬᠠᠷᠢᠭᠤᠴᠠᠬᠤ ᠬᠠᠷᠢᠭᠤᠴᠠᠯᠭ᠎ᠠ ᠮᠥᠨ᠃ ︽ᠨᠢᠭᠡ ᠪᠦᠰᠡ ᠨᠢᠭᠡ ᠵᠠᠮ︾ ᠤᠨ | ᠬᠠᠮᠲᠤ ᠶᠢᠨ ᠪᠦᠲᠦᠭᠡᠨ ᠪᠠᠶᠢᠭᠤᠯᠤᠯᠲᠠ ᠨᠢ ᠠᠩᠬᠠᠨ ᠤ ᠬᠤᠭᠤᠴᠠᠭᠠᠨ ᠤ ᠥᠷᠨᠢᠩᠭᠦᠢ ᠬᠥᠭᠵᠢᠭᠰᠡᠨ ᠠᠷᠪᠠᠨ ᠵᠢᠯ ᠢ | ᠳᠤᠭᠤᠯᠵᠤ᠂ ᠶᠠᠭ ᠰᠠᠶᠢᠬᠠᠨ ᠬᠥᠭᠵᠢᠯ ᠪᠠᠳᠠᠷᠠᠯ ᠤᠨ ᠦᠶ᠎ᠡ ᠳᠡᠭᠡᠨ ᠪᠠᠶᠢᠨ᠎ᠠ᠂ ᠣᠮᠤᠭ ᠪᠠᠳᠠᠷᠠᠩᠭᠤᠢ ᠡᠷᠡᠮᠡᠬᠡᠶᠢᠯᠡᠨ | ᠤᠷᠤᠭᠰᠢᠯᠠᠵᠤ᠂ ᠲᠠᠷᠠᠭᠠᠴᠢ ᠶᠢᠨ ᠰᠢᠵᠢᠷ ᠠᠯᠲᠠᠨ ᠠᠷᠪᠠᠨ ᠵᠢᠯ ᠢ ᠵᠣᠷᠢᠵᠠᠭᠠᠶᠠ︕ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠡᠩᠬᠡ ᠲᠠᠶᠢᠪᠤᠩ ᠪᠢᠰᠢ᠂ ᠳᠡᠯᠡᠬᠡᠢ ᠶᠢᠨ ᠠᠵᠤ ᠠᠬᠤᠢ ᠶᠢᠨ | ᠤᠷᠤᠭᠤᠳᠠᠬᠤ ᠳᠠᠷᠤᠯᠲᠠ ᠨᠡᠮᠡᠭᠳᠡᠵᠦ᠂ ᠪᠦᠭᠦ ᠪᠥᠮᠪᠥᠷᠴᠡᠭ ᠤᠨ ᠬᠥᠭᠵᠢᠯᠲᠡ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ | ᠪᠠᠶᠢᠨ᠎ᠠ᠂ ᠭᠡᠪᠡᠴᠦ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠳᠡᠭᠦ ᠲᠡᠦᠬᠡ ᠶᠢᠨ ᠤᠷᠤᠰᠬᠠᠯ | ᠬᠤᠷᠢᠭᠯᠠᠭᠳᠠᠰᠢ ᠦᠭᠡᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠬᠤᠷᠢᠭᠯᠠᠭᠳᠠᠰᠢ | ᠦᠭᠡᠢ᠂ ᠡᠯ᠎ᠡ ᠤᠯᠤᠰ ᠤᠨ ᠬᠠᠮᠲᠤ ᠪᠠᠷ ᠬᠥᠭᠵᠢᠨ ᠴᠡᠴᠡᠭᠯᠡᠬᠦ ᠶᠢ ᠪᠡᠶᠡᠯᠡᠭᠦᠯᠬᠦ ᠬᠦᠰᠡᠯ ᠡᠷᠡᠮᠡᠯᠵᠡᠯ ᠬᠤᠷᠢᠭᠯᠠᠭᠳᠠᠰᠢ ᠦᠭᠡᠢ | ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ ᠭᠠᠭᠴᠠ ᠬᠦ ᠪᠢᠳᠡ ᠬᠠᠮᠲᠤᠷᠠᠯᠴᠠᠭᠠᠨ ᠤ ᠤᠭ ᠰᠠᠨᠠᠭ᠎ᠠ ᠪᠠᠨ ᠪᠠᠲᠤ ᠰᠠᠬᠢᠵᠤ᠂ | ᠬᠥᠭᠵᠢᠯᠲᠡ ᠶᠢᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠷᠪᠡᠯ ᠯᠠᠪᠲᠠᠢ ᠴᠠᠭ ᠦᠶ᠎ᠡ ᠶᠢᠨ ᠭᠡᠷᠡᠯ ᠭᠢᠯᠪᠠᠭ᠎ᠠ ᠶᠢ ᠰᠠᠴᠤᠷᠠᠭᠤᠯᠵᠤ᠂ | ᠪᠢᠳᠡᠨ ᠤ ᠬᠠᠮᠲᠤ ᠶᠢᠨ ᠴᠢᠷᠮᠠᠶᠢᠯᠭ᠎ᠠ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠴᠦ ᠴᠢᠳᠠᠨ᠎ᠠ︕ | ᠭᠡᠵᠦ ᠵᠢᠭᠠᠵᠤ ᠭᠠᠷᠭᠠᠪᠠ᠃ | ᠳᠠᠶᠢᠯᠠᠯᠭ᠎ᠠ ᠶᠢᠨ ᠲᠠᠷᠠᠭ᠎ᠠ᠂ ᠰᠢ ᠶᠢᠨ ᠫᠢᠩ ᠪᠣᠯᠣᠨ ᠫᠧᠩ ᠯᠢ ᠶᠤᠸᠠᠨ ᠬᠦᠨᠳᠦᠲᠦ ᠵᠣᠴᠢᠳ ᠲᠠᠢ ᠬᠠᠮᠲᠤ ︽ᠲᠣᠷᠭᠠᠨ | ᠵᠠᠮ ᠢᠶᠠᠷ ᠬᠠᠮᠲᠤ ᠤᠷᠤᠭᠰᠢᠯᠠᠶ᠎ᠠ︾ ᠭᠡᠬᠦ ᠤᠷᠠᠨ ᠰᠠᠶᠢᠬᠠᠨ ᠤ ᠲᠣᠬᠯᠠᠯᠲᠠ ᠶᠢ ᠰᠣᠨᠢᠷᠬᠠᠵᠤ᠂ ︽ᠨᠢᠭᠡ ᠪᠦᠰᠡ ᠨᠢᠭᠡ ᠵᠠᠮ︾ | ᠤᠨ ᠤᠯᠤᠰ ᠤᠳ ᠤᠨ ᠲᠠᠩᠰᠤᠭ ᠰᠠᠶᠢᠬᠠᠨ ᠪᠣᠯᠪᠠᠰᠤᠨ ᠪᠣᠯᠣᠨ ᠭᠡᠷᠡᠯ ᠰᠠᠴᠤᠷᠠᠩᠭᠤᠢ ᠰᠣᠶᠣᠯ ᠤᠨ ᠰᠣᠯᠢᠯᠴᠠᠭ᠎ᠠ ᠲᠣᠯᠢᠯᠠᠯ | ᠂ ᠰᠠᠶᠢᠨ ᠰᠠᠶᠢᠬᠠᠨ ᠢᠶᠠᠨ ᠬᠠᠮᠲᠤᠳᠬᠠᠭᠰᠠᠨ ᠲᠡᠦᠬᠡ ᠶᠢ ᠣᠶᠢᠯᠠᠭᠠᠨ ᠮᠡᠳᠡᠷᠡᠪᠡ᠃ | ᠸᠠᠩ ᠢ᠂ ᠶᠢᠨ ᠯᠢ᠂ ᠯᠢ ᠱᠣ᠋ ᠯᠧᠢ᠂ ᠾᠧ ᠯᠢ ᠹᠧᠩ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ | ᠣᠷᠣᠯᠴᠠᠪᠠ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | | |