| | ᠬᠤᠸᠠᠳᠧ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠮᠠ ᠶᠠ ᠱᠧᠩ | ᠬᠤᠸᠠᠳᠧ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠮᠠ ᠶᠠ ᠱᠧᠩ ᠤᠨ ᠠᠵᠢᠯ ᠢᠶᠠᠨ | ᠥᠷᠨᠢᠭᠦᠯᠦᠭᠰᠡᠨ ᠪᠠᠶᠢᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ ᠃ | ᠰᠣᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠰᠤᠷᠪᠤᠯᠵᠢᠯᠠᠭᠴᠢ᠄ ᠮᠠ ᠲᠣᠪᠴᠢᠶᠠᠨ ᠳᠠᠷᠤᠭ᠎ᠠ ᠲᠠ ᠰᠠᠶᠢᠨ ᠦᠦ ᠂ ᠡᠩ ᠲᠡᠷᠢᠭᠦᠨ ᠳᠤ ᠲᠠ ᠮᠠᠨ ᠤ ᠰᠢᠶᠠᠨ ᠤ | ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠠᠵᠢᠯᠯᠠᠭᠠᠨ ᠤ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠮᠠ ᠲᠣᠪᠴᠢᠶᠠᠨ ᠳᠠᠷᠤᠭ᠎ᠠ᠄ ᠣᠲᠣ ᠪᠣᠯᠲᠠᠯ᠎ᠠ᠂ ᠮᠠᠨ ᠤ ᠰᠢᠶᠠᠨ ᠤ ᠲᠡᠮᠦᠷ ᠤᠨ ᠬᠠᠶᠢᠯᠤᠰᠢ ᠶᠢᠨ ᠭᠠᠷᠤᠯᠲᠠ | 77.11 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 55.68% ᠪᠠᠷ ᠳᠡᠭᠡᠭᠰᠢᠯᠡᠵᠦ᠂ | ᠴᠠᠬᠢᠯᠭᠠᠨ ᠬᠡᠷᠡᠭᠯᠡᠭᠰᠡᠨ ᠬᠡᠮᠵᠢᠶ᠎ᠡ 30.24 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 53.20% ᠪᠠᠷ ᠳᠡᠭᠡᠭᠰᠢᠯᠡᠵᠡᠢ᠃ ᠦᠢᠯᠡᠳᠬᠦᠨ ᠤ ᠦᠷᠳᠡᠭ 53.19 ᠳ᠋ᠦᠩᠰᠢᠭᠤᠷ ᠲᠥᠭᠦᠷᠢᠭ ᠲᠤ | ᠬᠦᠷᠴᠦ ᠂ ᠠᠳᠠᠯᠢ ᠬᠤᠭᠤᠴᠠᠭᠠᠨ ᠤ ᠬᠢ ᠠᠴᠠ 31.33% ᠢᠶᠠᠷ ᠳᠡᠭᠡᠭᠰᠢᠯᠡᠵᠡᠢ ᠃ ᠣᠳᠣᠬᠠᠨ ᠳᠤ ᠬᠦᠷᠢᠶᠡᠯᠡᠩ | ᠲᠣᠭᠤᠷᠢᠭ ᠲᠤ 15 ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠲᠠᠢ ᠪᠠᠶᠢᠵᠤ᠂ 48 ᠠᠭᠤᠷᠬᠠᠢ ᠶᠢᠨ | ᠢᠯᠴᠢ ᠶᠢᠨ ᠵᠤᠤᠬ᠎ᠠ ᠶᠢ ᠪᠠᠶᠢᠭᠤᠯᠵᠤ᠂ ᠡᠭᠦᠨ ᠳᠤ 3ᠠᠭᠤᠷᠬᠠᠢ ᠶᠢᠨ ᠢᠯᠴᠢ ᠶᠢᠨ ᠵᠤᠤᠬ᠎ᠠ ᠶᠢ ᠦᠢᠯᠡᠳᠪᠦᠷᠢᠯᠡᠯ ᠢ | ᠨᠢ ᠵᠣᠭᠰᠣᠭᠠᠵᠤ᠂ 6 ᠢᠯᠴᠢ ᠶᠢᠨ ᠵᠤᠤᠬ᠎ᠠ ᠳᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ ᠂1ᠠᠵᠤ | ᠠᠬᠤᠶᠢᠯᠠᠯ 2ᠠᠭᠤᠷᠬᠠᠢ ᠶᠢᠨ ᠢᠯᠴᠢ ᠶᠢᠨ ᠵᠤᠤᠬ᠎ᠠ ᠶᠢ ᠪᠠᠶᠢᠭᠤᠯᠵᠤ᠂ ᠣᠳᠣᠬᠠᠨ ᠳᠤ 36 ᠠᠭᠤᠷᠬᠠᠢ ᠶᠢᠨ | ᠢᠯᠴᠢ ᠶᠢᠨ ᠵᠤᠤᠬ᠎ᠠ ᠦᠢᠯᠡᠳᠪᠦᠷᠢᠯᠡᠯ ᠬᠢᠵᠦ ᠪᠣᠶ᠃ | ᠰᠤᠷᠪᠤᠯᠵᠢᠯᠠᠭᠴᠢ᠄ ᠣᠳᠣᠬᠠᠨ ᠳᠤ ᠮᠠᠨ ᠤ ᠰᠢᠶᠠᠨ ᠤ ᠬᠤᠳᠠᠯᠳᠤᠭᠠᠨ ᠤ ᠶᠠᠪᠤᠳᠠᠯ ᠤᠨ ᠬᠡᠷᠡᠭᠯᠡᠭᠡ ᠪᠠᠷ ᠶᠠᠳᠠᠭᠤ ᠶᠢ | ᠲᠡᠳᠬᠦᠬᠦ ᠠᠵᠢᠯ ᠢ ᠪᠡᠶᠡᠯᠡᠭᠦᠯᠦᠭᠰᠡᠨ ᠪᠠᠶᠢᠳᠠᠯ ᠬᠢᠷᠢ ᠵᠡᠷᠭᠡ ᠪᠠᠶᠢᠨ᠎ᠠ ᠪᠤᠢ ︖ | ᠮᠠ ᠲᠣᠪᠴᠢᠶᠠᠨ ᠳᠠᠷᠤᠭ᠎ᠠ᠄ 2023 ᠣᠨ ᠠᠴᠠ ᠣᠲᠣ ᠪᠣᠯᠲᠠᠯ᠎ᠠ᠂ ᠮᠠᠨ ᠤ ᠰᠢᠶᠠᠨ ᠤ ᠬᠤᠳᠠᠯᠳᠤᠭᠠᠨ ᠤ | ᠶᠠᠪᠤᠳᠠᠯ ᠤᠨ ᠬᠦᠷᠢᠶᠡᠨ ᠳᠠᠬᠢ ᠬᠡᠷᠡᠭᠯᠡᠭᠡᠨ ᠤ ᠬᠠᠪᠰᠤᠷᠤᠨ ᠲᠡᠳᠬᠦᠬᠦ ᠪᠣᠷᠤᠯᠠᠭᠤᠯᠭ᠎ᠠ ᠶᠢᠨ ᠵᠣᠭᠤᠰ ᠤᠨ ᠲᠤᠭ᠎ᠠ | 4404.85 ᠲᠦᠮᠡᠨ ᠲᠥᠭᠦᠷᠢᠭ ᠲᠤ ᠬᠦᠷᠴᠡᠢ᠂ ᠡᠭᠦᠨ ᠳᠤ ᠪᠡᠭᠡᠵᠢᠩ ᠳᠤ ᠣᠷᠣᠵᠤ ᠪᠣᠷᠣᠯᠠᠭᠤᠯᠤᠭᠰᠠᠨ | ᠵᠣᠭᠤᠰ ᠤᠨ ᠲᠤᠭ᠎ᠠ 2904.58 ᠲᠦᠮᠡᠨ ᠲᠥᠭᠦᠷᠢᠭ ᠲᠤ ᠬᠦᠷᠴᠡᠢ︔ ᠤᠯᠠᠭᠠᠨᠴᠠᠪ ᠬᠤᠲᠠ ᠶᠢᠨ ᠬᠢᠯᠢ | ᠳᠣᠲᠣᠷ᠎ᠠ 974 ᠲᠦᠮᠡᠨ ᠲᠥᠭᠦᠷᠢᠭ ᠪᠣᠷᠤᠯᠠᠭᠤᠯᠪᠡ︔ ᠪᠡᠭᠡᠵᠢᠩ ᠪᠣᠯᠣᠨ ᠤᠯᠠᠭᠠᠨᠴᠠᠪ ᠬᠤᠲᠠ ᠠᠴᠠ ᠪᠤᠰᠤᠳ | ᠭᠠᠵᠠᠷ ᠣᠷᠣᠨ ᠳᠤ 526.27 ᠲᠦᠮᠡᠨ ᠲᠥᠭᠦᠷᠢᠭ ᠤᠨ ᠪᠣᠷᠤᠯᠠᠭᠤᠯᠭ᠎ᠠ ᠬᠢᠪᠡ᠃ | ᠰᠤᠷᠪᠤᠯᠵᠢᠯᠠᠭᠴᠢ᠄ ᠮᠠ ᠲᠣᠪᠴᠢᠶᠠᠨ ᠳᠠᠷᠤᠭ᠎ᠠ ᠡ᠂ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ 2023 ᠣᠨ ᠳᠤ ᠮᠠᠨ ᠤ ᠰᠢᠶᠠᠨ ᠤ | ᠬᠤᠳᠠᠯᠳᠤᠭᠠᠴᠢᠨ ᠤᠷᠢᠭᠰᠠᠨ ᠪᠠᠶᠢᠳᠠᠯ ᠶᠠᠮᠠᠷ ᠪᠣᠶ︖ | ᠮᠠ ᠲᠣᠪᠴᠢᠶᠠᠨ ᠳᠠᠷᠤᠭ᠎ᠠ᠄ 2023 ᠣᠨ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠡᠷ᠎ᠡ ᠲᠣᠭᠲᠠᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠨᠡᠶᠢᠲᠡ 10 ᠪᠠᠶᠢᠵᠤ᠂ ᠪᠦᠬᠦᠨ ᠢᠶᠠᠷ ᠢᠶᠠᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠣᠯᠣᠨ᠎ᠠ᠂ | ᠶᠡᠷᠦᠩᠬᠡᠢ ᠪᠡᠯᠡ ᠣᠷᠣᠭᠤᠯᠤᠯᠲᠠ ᠨᠢ 31.37 ᠳ᠋ᠦᠩᠰᠢᠭᠤᠷ ᠲᠥᠭᠦᠷᠢᠭ ᠪᠣᠯᠣᠨ᠎ᠠ᠃ 9 ᠲᠥᠷᠥᠯ ᠵᠦᠢᠯ ᠢ | ᠨᠢᠭᠡᠨᠲᠡ ᠠᠵᠢᠯ ᠡᠬᠢᠯᠡᠭᠦᠯᠵᠦ᠂ 1 ᠲᠥᠷᠥᠯ ᠵᠦᠢᠯ ᠢ ᠠᠵᠢᠯ ᠡᠬᠢᠯᠡᠭᠦᠯᠦᠭᠡᠳᠦᠢ ᠪᠠᠶᠢᠵᠤ᠂ ᠣᠲᠣ ᠪᠣᠯᠲᠠᠯ᠎ᠠ 3. | 9178 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠨᠲᠡ ᠪᠡᠶᠡᠯᠡᠭᠦᠯᠪᠡ᠃ | ᠰᠤᠷᠪᠤᠯᠵᠢᠯᠠᠭᠴᠢ᠄ ᠮᠠ ᠲᠣᠪᠴᠢᠶᠠᠨ ᠳᠠᠷᠤᠭ᠎ᠠ ᠡ ᠂ ᠬᠤᠸᠠᠳᠧ ᠰᠢᠶᠠᠨ ᠤ ᠪᠦᠲᠦᠭᠡᠨ ᠪᠠᠶᠢᠭᠤᠯᠤᠯᠲᠠ ᠶᠢᠨ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠲᠤᠰᠬᠠᠢ ᠠᠩᠭᠢ ᠶᠢᠨ ᠠᠯᠪᠠᠨ ᠭᠡᠷ ᠢ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠪᠠᠶᠢᠭᠤᠯᠤᠭᠰᠠᠨ ᠢ ᠪᠢᠳᠡ ᠮᠡᠳᠡᠨ᠎ᠡ᠂ ᠲᠡᠭᠡᠪᠡᠯ | ᠮᠠᠨ ᠤ 2023 ᠣᠨ ᠤ ᠠᠵᠢᠯ ᠤᠨ ᠡᠭᠦᠷᠭᠡ ᠪᠠ ᠪᠡᠶᠡᠯᠡᠭᠦᠯᠦᠭᠰᠡᠨ ᠠᠬᠢᠴᠠ ᠶᠠᠮᠠᠷ ᠵᠡᠷᠭᠡ ᠪᠣᠯᠤᠭᠰᠠᠨ ᠪᠣᠶ︖ | ᠮᠠ ᠲᠣᠪᠴᠢᠶᠠᠨ ᠳᠠᠷᠤᠭ᠎ᠠ᠄ 2023 ᠣᠨ ᠤ ᠭᠤᠣᠯᠳᠠᠯᠭ᠎ᠠ ᠲᠠᠢ ᠡᠭᠦᠷᠭᠡ ᠨᠡᠶᠢᠲᠡ 14 ᠵᠦᠢᠯ ᠪᠠᠶᠢᠨ᠎ᠠ᠃ | ᠣᠲᠣ ᠪᠣᠯᠲᠠᠯ᠎ᠠ᠂ 11 ᠵᠦᠢᠯ ᠤᠨ ᠡᠭᠦᠷᠭᠡ ︵2᠂ 3᠂ 4᠂ 5᠂ 6᠂ 8᠂ 10᠂ 11᠂ 12᠂ 13᠂ 14 | ᠳ᠋ᠦ᠋ᠭᠡᠷ ᠵᠦᠢᠯ︶ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 79% ᠪᠠᠶᠢᠵᠤ᠂ 9 ᠳ᠋ᠦ᠋ᠭᠡᠷ ᠰᠠᠷ᠎ᠠ ᠳᠤ 2 | ᠵᠦᠢᠯ ᠤᠨ ᠡᠭᠦᠷᠭᠡ ︵1᠂ 9 ᠳ᠋ᠦ᠋ᠭᠡᠷ ᠵᠦᠢᠯ︶ ᠶᠢ ᠪᠡᠶᠡᠯᠡᠭᠦᠯᠦᠭᠰᠡᠨ ᠨᠣᠷᠮ᠎ᠠ ᠨᠢ 93% ᠪᠠᠶᠢᠵᠤ᠂ 1 ᠵᠦᠢᠯ ᠤᠨ | ᠡᠭᠦᠷᠭᠡ ᠶᠢ ᠪᠡᠶᠡᠯᠡᠭᠦᠯᠦᠭᠰᠡᠨ ᠦᠭᠡᠢ ︵7 ᠳ᠋ᠤᠭᠠᠷ ᠵᠦᠢᠯ︶᠃ | ᠰᠤᠷᠪᠤᠯᠵᠢᠯᠠᠭᠴᠢ᠄ ᠮᠠ ᠲᠣᠪᠴᠢᠶᠠᠨ ᠳᠠᠷᠤᠭ᠎ᠠ ᠪᠢᠳᠡᠨ ᠲᠠᠢ ᠰᠠᠨᠠᠯ ᠢᠶᠠᠨ ᠰᠣᠯᠢᠯᠴᠠᠨ ᠬᠤᠪᠢᠶᠠᠯᠴᠠᠭᠰᠠᠨ ᠳᠤ | ᠲᠠᠯᠠᠷᠬᠠᠵᠤ ᠪᠠᠶᠢᠨ᠎ᠠ᠂ ᠮᠠ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠪᠠᠷ ᠪᠢᠳᠡ ᠬᠤᠸᠠᠳᠧ ᠰᠢᠶᠠᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠤᠬᠠᠢ ᠨᠠᠩ | ᠭᠦᠨᠵᠡᠭᠡᠢ ᠣᠶᠢᠯᠠᠭᠠᠯᠲᠠ ᠲᠠᠢ ᠪᠣᠯᠤᠭᠰᠠᠨ ᠤ ᠬᠠᠮᠲᠤ ᠬᠤᠸᠠᠳᠧ ᠰᠢᠶᠠᠨ ᠤ ᠢᠷᠡᠭᠡᠳᠦᠢ ᠶᠢᠨ ᠠᠵᠤ ᠠᠬᠤᠢ ᠶᠢᠨ | ᠬᠥᠭᠵᠢᠯᠲᠡ ᠳᠤ ᠢᠲᠡᠭᠡᠯ ᠳᠦᠭᠦᠷᠡᠩ ᠪᠠᠶᠢᠨ᠎ᠠ᠃ | ᠥᠨᠥᠳᠥᠷ ᠤᠨ ᠰᠣᠷᠪᠤᠯᠵᠢᠯᠠᠭ᠎ᠠ ᠪᠠᠨ ᠠᠳᠡ ᠬᠥᠷᠥᠶ᠎ᠡ᠃ ᠲᠣᠪᠴᠢᠶᠠᠨ ᠳᠠᠷᠤᠭ᠎ᠠ ᠮᠠ ᠶᠠ ᠱᠧᠩ ᠮᠠᠨ ᠤ | ᠰᠣᠷᠪᠤᠯᠵᠢᠯᠠᠭ᠎ᠠ ᠳᠤ ᠢᠷᠡᠭᠰᠡᠨ ᠳᠤ ᠲᠠᠯᠠᠷᠬᠠᠵᠤ ᠪᠠᠶᠢᠬᠤ ᠶᠢᠨ ᠬᠠᠮᠲᠤ ᠪᠠᠰᠠ ᠥᠷᠭᠡᠨ ᠤᠯᠠᠨ ᠰᠦᠯᠵᠢᠶᠡᠨ ᠠᠨᠳᠠ | ᠨᠠᠷ ᠤᠨ ᠢᠳᠡᠪᠬᠢᠲᠡᠢ ᠣᠷᠣᠯᠴᠠᠭᠰᠠᠨ ᠳᠤ ᠲᠠᠯᠠᠷᠬᠠᠵᠤ ᠪᠠᠶᠢᠨ᠎ᠠ ︕ | ᠮᠠ ᠲᠣᠪᠴᠢᠶᠠᠨ ᠳᠠᠷᠤᠭ᠎ᠠ᠄ ᠵᠠᠰᠠᠭ ᠤᠨ ᠣᠷᠳᠣᠨ ᠤ ᠰᠦᠯᠵᠢᠶᠡᠨ ᠤ ᠲᠠᠪᠴᠠᠩ ᠳᠤ ᠲᠠᠯᠠᠷᠬᠠᠵᠤ ᠪᠠᠶᠢᠨ᠎ᠠ᠂ | ᠰᠦᠯᠵᠢᠶᠡᠨ ᠤ ᠨᠠᠶᠢᠵᠠ ᠨᠠᠷ ᠲᠤ ᠲᠠᠯᠠᠷᠬᠠᠵᠤ ᠪᠠᠶᠢᠨ᠎ᠠ᠂ ᠲᠠ ᠪᠦᠬᠦᠨ ᠤ ᠮᠠᠨ ᠤ ᠠᠵᠢᠯ ᠳᠤ ᠡᠷᠬᠢᠮ ᠨᠠᠨᠳᠢᠨ ᠰᠠᠨᠠᠯ | ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | | | |