| ᠰᠢᠨᠬᠤᠸᠠ ᠬᠤᠷᠢᠶ᠎ᠠ ᠵᠢᠨᠪᠡᠭᠡᠵᠢᠩ ᠤᠨ 10 ᠰᠠᠷ᠎ᠠ ᠶᠢᠨ 18 ᠤᠴᠠᠭᠢᠯᠭᠠᠨ ᠮᠡᠳᠡᠭᠡ 10 ᠰᠠᠷ᠎ᠠ ᠶᠢᠨ 18 ᠤᠦᠳᠡ ᠶᠢᠨ | ᠡᠮᠦᠨ᠎ᠡ᠂ᠤᠯᠤᠰ ᠤᠨ ᠲᠡᠷᠢᠭᠦᠯᠡᠭᠴᠢ ᠰᠢ ᠵᠢᠨᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ | ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ | ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ︽ᠨᠡᠭᠡᠭᠡᠯᠲᠡᠲᠡᠢ ᠪᠠᠭᠲᠠᠭᠠᠮᠵᠢᠲᠠᠢ᠂ ᠬᠤᠯᠪᠣᠯᠳᠤᠨ | ᠨᠡᠪᠲᠡᠷᠡᠯᠴᠡᠵᠦ᠂ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ | ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | | | | 10 ᠰᠠᠷ᠎ᠠ ᠶᠢᠨ 18 ᠤᠦᠳᠡ ᠶᠢᠨ ᠡᠮᠦᠨ᠎ᠡ᠂ᠤᠯᠤᠰ ᠤᠨ ᠲᠡᠷᠢᠭᠦᠯᠡᠭᠴᠢ ᠰᠢ ᠵᠢᠨᠫᠢᠩ ᠪᠡᠭᠡᠵᠢᠩ ᠳᠠᠬᠢ ᠠᠷᠠᠳ ᠤᠨ ᠶᠡᠭᠡ | ᠬᠤᠷᠠᠯ ᠤᠨ ᠲᠠᠩᠬᠢᠮ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨᠤᠯᠠᠨ ᠤᠯᠤᠰ ᠤᠨ | ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ | ᠪᠥᠭᠡᠳ ︽ᠨᠨ᠊ᠡᠭᠡᠭᠡᠯᠲᠡᠲᠡᠢ ᠪᠠᠭᠲᠠᠭᠠᠮᠵᠢᠲᠠᠢ ᠬᠤᠯᠪᠣᠯᠳᠤᠨ ᠨᠡᠪᠲᠡᠷᠡᠯᠴᠡᠵᠦ ᠬᠠᠮᠲᠤ ᠪᠠᠷ ᠬᠥᠭᠵᠢᠭᠰᠡᠨ ᠳᠡᠯᠡᠬᠡᠢ | ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | ᠰᠢᠨᠬᠤᠸᠠ ᠬᠤᠷᠢᠶ᠎ᠠ ᠵᠢᠨᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠰᠢ ᠵᠢᠨᠫᠢᠩ ︽ᠨᠢᠭᠡ ᠪᠦᠰᠡ ᠨᠢᠭᠡ ᠵᠠᠮ︾ ᠢᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠵᠢᠲ᠋ᠡᠮᠵᠢᠬᠦ | ᠳᠤᠮᠳᠠᠳᠤ ᠤᠯᠤᠰ ᠤᠨ ᠨᠠᠢᠮᠠᠨ ᠵᠦᠢᠯ ᠤᠨ ᠠᠵᠢᠯᠯᠠᠭ᠎ᠠ ᠶᠢ ᠨᠡᠶᠢᠲᠡᠯᠡᠵᠦ᠂ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ | ᠬᠢᠨ ᠲᠠᠢ ᠬᠠᠮᠲᠤ ᠪᠠᠷ ︽ᠨᠢᠭᠡ ᠪᠦᠰᠡ ᠨᠢᠭᠡ ᠵᠠᠮ︾ ᠤᠨᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ | ᠭᠦᠨᠵᠡᠭᠡᠶᠢᠷᠡᠭᠦᠯᠵᠦ᠂︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠱᠠᠲᠤᠨ ᠳᠤ ᠣᠷᠣᠭᠤᠯᠬᠤ ᠶᠢ ᠠᠬᠢᠭᠤᠯᠵᠤ᠂ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ | ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠴᠢᠬᠤᠯᠠᠴᠢᠯᠠᠪᠠ᠃ | ᠠᠯᠲᠠᠨ ᠨᠠᠮᠤᠷ ᠰᠢᠷᠭᠠᠯᠲᠤᠨ᠂ᠲᠡᠭᠷᠢ ᠨᠢ ᠴᠡᠯᠮᠡᠭ ᠠᠭᠠᠷ ᠨᠢ ᠲᠤᠩᠭᠠᠯᠠᠭ᠃ᠲᠢᠶᠠᠨ ᠠᠨ ᠮᠧᠨ ᠠᠭᠤᠳᠠᠮ ᠲᠠᠯᠠᠪᠠᠢ ᠳᠤ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠪᠠᠶᠢᠭ᠎ᠠ ᠤᠯᠤᠰ ᠤᠳ ᠤᠨ ᠤᠯᠤᠰ ᠤᠨ ᠲᠤᠭ | ᠰᠠᠯᠬᠢᠨ ᠤ ᠠᠶ᠎ᠠ ᠪᠠᠷ ᠨᠠᠮᠢᠷᠠᠵᠤ᠂ᠭᠡᠷᠡᠯ ᠭᠢᠯᠪᠠᠭ᠎ᠠ ᠰᠠᠴᠤᠷᠠᠭᠤᠯᠤᠨ᠎ᠠ᠃ | ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ᠂ᠵᠠᠰᠠᠭ ᠤᠨ | ᠣᠷᠳᠣᠨ ᠤ ᠲᠦᠷᠦᠭᠦᠴᠦᠳ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠤᠯᠠᠨ | ᠤᠯᠤᠰ ᠤᠨ ᠬᠦᠨᠳᠦᠲᠦ ᠵᠣᠴᠢᠳ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠪᠡ᠃ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠡᠭᠦᠳᠡᠨ ᠤ ᠶᠡᠭᠡ ᠲᠢᠩᠬᠢᠮ ᠤᠨ ᠬᠤᠶᠠᠷ ᠬᠠᠵᠠᠭᠤ ᠶᠢᠨ ᠲᠣᠮᠣ ᠳᠡᠯᠭᠡᠴᠡ ᠳᠡᠭᠡᠷ᠎ᠡ ︽ᠨᠢᠭᠡ ᠪᠦᠰᠡ | ᠨᠢᠭᠡ ᠵᠠᠮ︾ ᠢᠬᠠᠮᠲᠤ ᠪᠠᠷ ᠪᠦᠲᠦᠭᠡᠨ ᠪᠠᠶᠢᠭᠤᠯᠬᠤ ᠲᠦᠷᠦᠯ ᠵᠦᠢᠯ ᠤᠨ ᠭᠡᠷᠠᠯ ᠰᠠᠴᠤᠷᠠᠩᠭᠤᠢ ᠠᠷᠪᠠᠨ ᠵᠢᠯ ᠤᠨ ᠲᠤᠷᠰᠢᠬᠢ | ᠠᠰᠤᠷᠤ ᠶᠡᠭᠡ ᠠᠮᠵᠢᠯᠲᠠ ᠪᠦᠳᠦᠮᠵᠢ ᠳᠡᠯᠭᠡᠭᠳᠡᠨ᠎ᠡ᠃ | ᠰᠢ ᠵᠢᠨᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠭᠡᠷᠡᠯ | ᠵᠢᠷᠤᠭ ᠲᠠᠲᠠᠭᠤᠯᠪᠠ᠃ | ︽ᠡᠩᠬᠡ ᠲᠠᠶᠢᠪᠤᠩ -ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ ᠬᠥᠭᠵᠢᠮ ᠤᠨ ᠠᠶᠠᠰ ᠳᠤᠮᠳᠠ᠂ᠰᠢ ᠵᠢᠨᠫᠢᠩ | ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠬᠤᠷᠠᠯ ᠤᠨ ᠲᠠᠯᠠᠪᠠᠶ ᠳᠤ ᠠᠯᠬᠤᠨ ᠣᠷᠣᠪᠠ᠃ᠲᠠᠯᠠᠪᠠᠢ ᠳᠠᠶᠠᠭᠠᠷ ᠢᠶᠠᠨ | ᠪᠣᠰᠴᠤ ᠵᠣᠭᠰᠣᠨ ᠬᠠᠯᠠᠭᠤᠨ ᠢᠶᠠᠷ ᠤᠭᠲᠤᠪᠠ᠃ | ᠲᠡᠷᠢᠭᠦᠯᠡᠭᠴᠢ ᠰᠢ ᠵᠢᠨᠫᠢᠩ ︽ᠨᠡᠭᠡᠭᠡᠯᠲᠡᠲᠡᠢ ᠪᠠᠭᠲᠠᠭᠠᠮᠵᠢᠲᠠᠢ᠂ᠬᠤᠯᠪᠣᠯᠳᠤᠨ ᠨᠡᠪᠲᠡᠷᠡᠯᠴᠡᠵᠦ᠂ᠬᠠᠮᠲᠤ ᠪᠠᠷ ᠬᠥᠭᠵᠢᠭᠰᠡᠨ | ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ | ᠰᠢ ᠵᠢᠨᠫᠢᠩ᠂ᠡᠨᠡ ᠵᠢᠯ ᠪᠣᠯ ᠮᠢᠨᠤ ︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ ᠪᠠᠶᠢᠭᠤᠯᠬᠤ | ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠤᠢ ᠪᠣᠯᠣᠨ᠎ᠠ᠃ᠡᠨᠡ ᠬᠦ ᠰᠠᠨᠠᠭᠠᠴᠢᠯᠠᠭ᠎ᠠ ᠶᠢ ᠳᠤᠷᠠᠳᠤᠭᠰᠠᠨ ᠤᠭ ᠰᠠᠨᠠᠭ᠎ᠠ | ᠪᠣᠯ ᠡᠷᠲᠡᠨ ᠤ ᠲᠣᠷᠭᠠᠨ ᠵᠠᠮ ᠢᠶᠠᠷ ᠲᠣᠯᠢ ᠪᠤᠯᠭᠠᠵᠤ᠂ᠬᠤᠯᠪᠣᠯᠳᠤᠨ ᠨᠡᠪᠲᠡᠷᠡᠯᠴᠡᠬᠦ ᠪᠠᠷ ᠭᠤᠣᠯ ᠰᠢᠵᠢᠮ ᠪᠤᠯᠭᠠᠵᠤ᠂ᠡᠯ᠎ᠡ | ᠤᠯᠤᠰ ᠯᠤᠭ᠎ᠠ ᠲᠦᠷᠦ ᠶᠢᠨ ᠪᠣᠳᠣᠯᠭ᠎ᠠ ᠶᠢᠨ ᠨᠡᠪᠲᠡᠷᠡᠯᠴᠡᠭᠡ᠂ᠰᠠᠭᠤᠷᠢ ᠲᠥᠬᠦᠭᠡᠷᠦᠮᠵᠢ ᠶᠢᠨ ᠨᠡᠪᠲᠡᠷᠡᠯᠴᠡᠭᠡ᠂ ᠠᠷᠠᠯᠵᠢᠶ᠎ᠠ | ᠬᠤᠳᠠᠯᠳᠤᠭᠠᠨ ᠤ ᠨᠡᠪᠲᠡᠷᠡᠯᠴᠡᠭᠡ᠂ᠪᠡᠯᠡ ᠮᠥᠩᠭᠦᠨ ᠤ ᠨᠡᠪᠲᠡᠷᠡᠯᠴᠡᠭᠡ᠂ᠠᠷᠠᠳ ᠤᠨ ᠰᠡᠳᠬᠢᠯ ᠤᠨ ᠨᠡᠪᠲᠡᠷᠡᠯᠴᠡᠭᠡ ᠪᠠᠨ | ᠴᠢᠩᠭᠠᠳᠬᠠᠵᠤ᠂ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ᠪᠦᠭᠦ | ᠪᠥᠮᠪᠥᠷᠴᠡᠭ ᠤᠨ ᠬᠥᠭᠵᠢᠯᠲᠡ ᠳᠤ ᠰᠢᠨ᠎ᠡ ᠣᠷᠣᠨ ᠵᠠᠢ ᠶᠢ ᠨᠡᠭᠡᠭᠡᠵᠦ᠂ᠤᠯᠠᠨ ᠤᠯᠤᠰ ᠤᠨ ᠠᠵᠤ ᠠᠬᠤᠢ ᠶᠢᠨ | ᠬᠠᠮᠲᠤᠷᠠᠯᠴᠠᠭ᠎ᠠ ᠳᠤ ᠰᠢᠨ᠎ᠡ ᠲᠠᠪᠴᠠᠩ ᠡᠭᠦᠳᠬᠦ ᠶᠠᠪᠤᠳᠠᠯ ᠪᠣᠯᠣᠨ᠎ᠠ᠃ | 10 ᠵᠢᠯ ᠤᠨ ᠲᠤᠷᠰᠢ᠂ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ᠭᠠᠷ ᠬᠤᠯᠪᠣᠨ ᠬᠠᠮᠲᠤ ᠪᠠᠷ ᠤᠷᠤᠭᠰᠢᠯᠠᠵᠤ᠂︽ᠨᠢᠭᠡ | ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭ᠎ᠠ ᠵᠢᠨᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ᠥᠷᠨᠢᠨ | ᠬᠥᠭᠵᠢᠵᠦ᠂ᠦᠯᠡᠮᠵᠢ ᠦᠷ᠎ᠡ ᠪᠦᠲᠦᠭᠡᠯ ᠣᠯᠬᠤ ᠶᠢ ᠠᠬᠢᠭᠤᠯᠪᠠ᠃ ︽ᠨᠢᠭᠡ ᠪᠦᠰᠡ ᠨᠢᠭᠡ ᠵᠠᠮ︾ ᠤᠨᠬᠠᠮᠲᠤᠷᠠᠯᠴᠠᠭᠠ ᠠᠽᠢᠶ᠎ᠠ | ᠡᠸᠦ᠋ᠷᠦᠫᠡ ᠶᠢᠨ ᠡᠬᠡ ᠬᠠᠭᠤᠷᠠᠢ ᠠᠴᠠ ᠠᠹᠷᠢᠺᠠ ᠲᠢᠪ ᠪᠣᠯᠣᠨ ᠯᠠᠲ᠋ᠢᠨ ᠠᠮᠧᠷᠢᠺᠠ ᠲᠢᠪ ᠭᠦᠷᠲᠡᠯ᠎ᠡ ᠥᠷᠭᠡᠵᠢᠵᠦ᠂150 | ᠭᠠᠷᠤᠢ ᠤᠯᠤᠰ᠂30 ᠭᠠᠷᠤᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ︽ᠨᠢᠭᠡ ᠪᠦᠰᠡ ᠨᠢᠭᠡ ᠵᠠᠮ︾ ᠢᠬᠠᠮᠲᠤ ᠪᠠᠷ | ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ᠲᠤᠰᠬᠠᠢ ᠮᠡᠷᠭᠡᠵᠢᠯ ᠤᠨ | ᠬᠦᠷᠢᠶᠡᠨ ᠤ ᠤᠯᠠᠨ ᠲᠠᠯᠠᠲᠤ ᠬᠠᠮᠲᠤᠷᠠᠯᠴᠠᠭᠠᠨ ᠤ 20 ᠭᠠᠷᠤᠢ ᠲᠠᠪᠴᠠᠩ ᠢ ᠪᠠᠶᠢᠭᠤᠯᠪᠠ︔ᠨᠢᠭᠡ ᠪᠦᠯᠦᠭ ᠪᠡᠯᠭᠡ | ᠲᠡᠮᠳᠡᠭ ᠤᠨ ᠴᠢᠨᠠᠷᠲᠠᠢ ᠲᠦᠷᠦᠯ ᠵᠦᠢᠯ ᠪᠣᠯᠣᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠪᠠᠭ᠎ᠠ ᠮᠥᠷᠲᠡᠭᠡᠨ | ᠭᠤᠶᠢᠳᠠ︾ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠠᠢ︔ᠬᠠᠮᠲᠤ ᠪᠠᠷ ᠵᠥᠪᠳᠡᠬᠦ | ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ᠂ᠨᠡᠭᠡᠭᠡᠯᠲᠡᠲᠤ ᠪᠣᠬᠢᠷᠳᠤᠯ ᠦᠭᠡᠢ ᠠᠷᠢᠭᠤᠨ ᠴᠢᠬᠡᠴᠢ᠂ᠥᠨᠳᠥᠷ ᠪᠠᠷᠢᠮᠵᠢᠶ᠎ᠠ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠦᠷᠭᠦᠯᠵᠢᠯᠡᠬᠦ ᠴᠢᠨᠠᠷ ᠨᠢ ︽ᠨᠢᠭᠡ ᠪᠦᠰᠡ ᠨᠢᠭᠡ ᠵᠠᠮ︾ ᠢᠬᠠᠮᠲᠤ ᠪᠠᠷ ᠴᠢᠨᠠᠷ | ᠰᠠᠶᠢᠲᠠᠢ ᠪᠦᠲᠦᠭᠡᠨ ᠪᠠᠶᠢᠭᠤᠯᠬᠤ ᠶᠢᠨ ᠴᠢᠬᠤᠯᠠ ᠵᠢᠯᠤᠭᠤᠳᠬᠤ ᠵᠠᠷᠴᠢᠮ ᠪᠣᠯᠵᠠᠢ᠃ 10 ᠵᠢᠯ ᠤᠨ ᠲᠤᠷᠰᠢ᠂ᠪᠢᠳᠡ ᠠᠵᠤ | ᠠᠬᠤᠢ ᠶᠢᠨ ᠬᠤᠩᠭᠢᠯ ᠢᠶᠠᠷ ᠵᠢᠯᠣᠭᠤᠳᠤᠮᠵᠢ ᠪᠤᠯᠭᠠᠵᠤ᠂ᠶᠡᠭᠡ ᠵᠠᠮ ᠪᠣᠯᠣᠨ ᠮᠡᠳᠡᠭᠡ ᠵᠠᠩᠭᠢ ᠶᠢᠨ ᠲᠦᠷᠭᠡᠨ ᠤ ᠵᠠᠮ ᠢᠶᠠᠷ | ᠠᠷᠤᠭ ᠶᠠᠰᠤ ᠪᠤᠯᠭᠠᠵᠤ᠂ᠲᠡᠮᠦᠷ ᠵᠠᠮ᠂ᠵᠠᠰᠠᠮᠠᠯ ᠵᠠᠮ᠂ᠨᠢᠰᠬᠡᠯ ᠤᠨ ᠪᠠᠭᠤᠳᠠᠯ᠂ᠭᠠᠷᠠᠮ᠂ᠬᠤᠭᠤᠯᠠᠢ ᠶᠢᠨ ᠲᠣᠣᠷ ᠢᠶᠠᠷ ᠲᠤᠯᠭᠠᠭᠤᠷᠢᠯᠠᠯ | ᠪᠤᠯᠭᠠᠵᠤ᠂ᠡᠬᠡ ᠬᠠᠭᠤᠷᠠᠢ᠂ ᠳᠠᠯᠠᠢ ᠲᠠᠩᠭᠢᠰ᠂ᠣᠭᠲᠠᠷᠭᠤᠢ᠂ᠢᠨᠲ᠋ᠧᠷ ᠰᠦᠯᠵᠢᠶ᠎ᠡ ᠵᠢᠬᠠᠮᠤᠷᠤᠭᠰᠠᠨ ᠪᠦᠭᠦ ᠪᠥᠮᠪᠥᠷᠴᠡᠭ ᠤᠨ | ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠬᠤ ᠪᠠᠷ ᠴᠢᠷᠮᠠᠶᠢᠵᠤ᠂ ᠡᠯ᠎ᠡ ᠤᠯᠤᠰ ᠤᠨ ᠲᠠᠸᠠᠷ᠂ᠪᠡᠯᠡ ᠮᠥᠩᠭᠦ᠂ᠮᠡᠷᠭᠡᠵᠢᠯ᠂ | ᠬᠥᠮᠥᠰ ᠤᠨ ᠶᠡᠭᠡ ᠭᠦᠢᠯᠭᠡᠭᠡ ᠶᠢ ᠪᠦᠲᠦᠮᠵᠢᠲᠡᠢ ᠠᠬᠢᠭᠤᠯᠵᠤ᠂ᠮᠢᠩᠭᠠᠨ ᠵᠢᠯ ᠦᠷᠭᠦᠯᠵᠢᠯᠡᠭᠰᠡᠨ ᠡᠷᠲᠡᠨ ᠤ ᠲᠣᠷᠭᠠᠨ ᠵᠠᠮ ᠤᠨ | ᠰᠢᠨ᠎ᠡ ᠴᠠᠭ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠤᠯᠬᠤ ᠶᠢ ᠠᠬᠢᠭᠤᠯᠪᠠ᠃︽ᠨᠢᠭᠡ ᠪᠦᠰᠡ ᠨᠢᠭᠡ ᠵᠠᠮ︾ | ᠢᠬᠠᠮᠲᠤ ᠪᠠᠷ ᠪᠦᠲᠦᠭᠡᠨ ᠪᠠᠶᠢᠭᠤᠯᠬᠤ ᠳᠤ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ | ᠪᠠᠷᠢᠮᠲᠠᠯᠠᠵᠤ᠂ᠠᠳᠠᠯᠢ ᠪᠤᠰᠤ ᠪᠣᠯᠪᠠᠰᠤᠨ᠂ᠰᠣᠶᠣᠯ᠂ᠨᠡᠶᠢᠭᠡᠮ ᠤᠨ ᠪᠠᠶᠢᠭᠤᠯᠤᠯ᠂ᠬᠥᠭᠵᠢᠯᠲᠡ ᠶᠢᠨ ᠱᠠᠲᠤᠨ ᠤ | ᠢᠯᠭᠠᠭ᠎ᠠ ᠵᠢᠲ᠋ᠡᠪᠴᠢᠵᠦ᠂ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ᠂ᠤᠯᠠᠨ ᠤᠯᠤᠰ ᠤᠨ ᠬᠠᠮᠲᠤᠷᠠᠯᠴᠠᠭᠠᠨ ᠤ | ᠰᠢᠨ᠎ᠡ ᠪᠣᠷᠣ ᠲᠥᠯᠥᠪ ᠢ ᠪᠠᠶᠢᠭᠤᠯᠵᠤ᠂ᠬᠥᠮᠥᠨ ᠲᠥᠷᠥᠯᠬᠢᠲᠡᠨ ᠤ ᠬᠠᠮᠲᠤ ᠶᠢᠨ ᠬᠥᠭᠵᠢᠯᠲᠡ ᠶᠢᠨ ᠬᠠᠮᠤᠭ ᠤᠨ ᠶᠡᠭᠡ | ᠶᠡᠷᠦᠩᠬᠡᠢ ᠬᠤᠷᠢᠶᠠᠭᠴᠢ ᠲᠤᠭ᠎ᠠ ᠶᠢ ᠲᠥᠪᠯᠡᠷᠡᠭᠦᠯᠪᠡ ᠭᠡᠵᠦ ᠵᠢᠭᠠᠵᠤ ᠭᠠᠷᠭᠠᠪᠠ᠃ | ᠰᠢ ᠵᠢᠨᠫᠢᠩ᠂ᠥᠩᠭᠡᠷᠡᠭᠰᠡᠨ 10 ᠵᠢᠯ ᠳᠤ ᠣᠯᠣᠭᠰᠠᠨ ᠠᠮᠵᠢᠯᠲᠠ ᠪᠦᠲᠦᠮᠵᠢ ᠪᠣᠯ ᠲᠤᠶᠢᠯ ᠤᠨ ᠡᠷᠬᠢᠮ ᠨᠠᠨᠳᠢᠨ ᠶᠤᠮ᠂ | ᠲᠤᠷᠰᠢᠯᠭ᠎ᠠ ᠶᠢ ᠳ᠋ᠦᠩᠨᠡᠭᠦᠰᠢᠲᠡᠢ᠃ ᠬᠥᠮᠥᠨ ᠲᠥᠷᠥᠯᠬᠢᠲᠡᠨ ᠪᠣᠯ ᠬᠠᠷᠢᠯᠴᠠᠨ ᠲᠦᠰᠢᠭᠯᠡᠯᠴᠡᠨ ᠣᠷᠣᠰᠢᠬᠤ ᠬᠤᠪᠢ | ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢᠪᠢᠳᠡ ᠭᠦᠨᠵᠡᠭᠡᠢ ᠲᠠᠨᠢᠵᠠᠢ᠃ ᠳᠡᠯᠡᠬᠡᠢ ᠶᠢᠷᠲᠢᠨᠴᠦ ᠰᠠᠶᠢᠨ ᠪᠠᠶᠢᠪᠠᠯ | ᠳᠤᠮᠳᠠᠳᠤ ᠤᠯᠤᠰ ᠰᠠᠶ᠋ᠢ ᠰᠠᠶᠢᠨ ᠪᠠᠶᠢᠵᠤ ᠴᠢᠳᠠᠨ᠎ᠠ︔ᠳᠤᠮᠳᠠᠳᠤ ᠤᠯᠤᠰ ᠰᠠᠶᠢᠨ ᠪᠠᠶᠢᠪᠠᠯ ᠳᠡᠯᠡᠬᠡᠢ ᠶᠢᠷᠲᠢᠨᠴᠦ ᠨᠡᠩ ᠰᠠᠶᠢᠨ | ᠪᠣᠯᠣᠨ᠎ᠠ᠃︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠠᠮᠵᠢᠨ᠂ᠳᠤᠮᠳᠠᠳᠤ ᠤᠯᠤᠰ ᠤᠨ | ᠭᠠᠳᠠᠭᠰᠢ ᠨᠡᠭᠡᠭᠡᠯᠲᠡ ᠬᠢᠬᠦ ᠡᠭᠦᠳᠡ ᠤᠯᠠᠮ ᠶᠡᠭᠡ ᠨᠡᠭᠡᠭᠡᠭᠳᠡᠵᠦ᠂ᠳᠤᠮᠳᠠᠳᠤ ᠤᠯᠤᠰ ᠤᠨ ᠵᠠᠬ᠎ᠠ ᠳᠡᠯᠭᠡᠭᠦᠷ ᠪᠣᠯᠣᠨ | ᠳᠡᠯᠡᠬᠡᠢ ᠶᠢᠨ ᠵᠠᠬ᠎ᠠ ᠳᠡᠯᠭᠡᠭᠦᠷ ᠤᠨ ᠬᠠᠷᠢᠯᠴᠠᠭ᠎ᠠ ᠤᠯᠠᠮ ᠨᠢᠭᠲᠠ ᠪᠣᠯᠵᠠᠢ᠃ᠭᠠᠭᠴᠠ ᠬᠦ ᠬᠠᠮᠲᠤᠷᠠᠯᠴᠠᠨ ᠬᠠᠮᠲᠤ ᠪᠠᠷ ᠠᠰᠢᠭ | ᠭᠦᠷᠳᠡᠪᠡᠯ ᠰᠠᠶ᠋ᠢ ᠤᠴᠢᠷ ᠶᠠᠪᠤᠳᠠᠯ ᠢ ᠪᠦᠲᠦᠭᠡᠵᠦ᠂ᠤᠴᠢᠷ ᠶᠠᠪᠤᠳᠠᠯ ᠢ ᠰᠠᠶᠢᠲᠤᠷ ᠪᠦᠲᠦᠭᠡᠵᠦ᠂ᠶᠡᠭᠡ ᠶᠠᠪᠤᠳᠠᠯ ᠢ ᠪᠦᠲᠦᠭᠡᠵᠦ | ᠴᠢᠳᠠᠨ᠎ᠠ ᠭᠡᠳᠡᠭ ᠢᠪᠢᠳᠡ ᠭᠦᠨᠵᠡᠭᠡᠢ ᠲᠠᠨᠢᠵᠠᠢ᠃ᠵᠦᠪᠭᠡᠨ ᠡᠯ᠎ᠡ ᠤᠯᠤᠰ ᠬᠠᠮᠲᠤᠷᠠᠯᠴᠠᠬᠤ ᠬᠦᠰᠡᠯ ᠲᠠᠢ᠂ᠵᠣᠬᠢᠴᠠᠩᠭᠤᠢ | ᠬᠥᠳᠡᠯᠦᠯᠴᠡᠳᠡᠭ ᠯᠠ ᠶᠤᠮ ᠪᠣᠯ ᠪᠠᠶᠢᠭᠠᠯᠢ ᠶᠢᠨ ᠪᠠᠷᠳᠠᠭ᠎ᠠ ᠶᠢ ᠳᠠᠷᠳᠠᠩ ᠵᠠᠮ ᠪᠣᠯᠭᠠᠨ ᠬᠤᠪᠢᠷᠠᠭᠤᠯᠵᠤ ᠪᠣᠯᠣᠨ᠎ᠠ᠂︽ᠡᠬᠡ | ᠬᠠᠭᠤᠷᠠᠢ ᠶᠢᠨ ᠪᠢᠲᠡᠭᠦᠮᠵᠢᠲᠦ ᠤᠯᠤᠰ︾ ᠢ︽ᠡᠬᠡ ᠬᠠᠭᠤᠷᠠᠢ ᠶᠢᠨ ᠵᠠᠮ ᠬᠠᠷᠢᠯᠴᠠᠭᠠᠨ ᠤᠬᠦ᠋ᠢᠰᠦ ᠤᠯᠤᠰ︾ ᠪᠣᠯᠭᠠᠨ | ᠬᠤᠪᠢᠷᠠᠭᠤᠯᠵᠤ ᠪᠣᠯᠣᠨ᠎ᠠ᠂ᠬᠥᠭᠵᠢᠯᠲᠡ ᠶᠢᠨ ᠨᠥᠬᠦᠴᠡᠯ ᠪᠠᠷᠤᠭᠲᠠᠢ ᠣᠷᠣᠨ ᠢ ᠬᠥᠭᠵᠢᠨ ᠴᠡᠴᠡᠭᠯᠡᠭᠰᠡᠨ ᠥᠨᠳᠦᠷᠯᠢᠭ ᠪᠣᠯᠭᠠᠨ | ᠬᠤᠪᠢᠷᠠᠭᠤᠯᠵᠤ ᠪᠣᠯᠣᠨ᠎ᠠ᠃ᠡᠶ᠎ᠡ ᠨᠠᠶᠢᠷᠲᠠᠢ ᠬᠠᠮᠲᠤᠷᠠᠯᠴᠠᠬᠤ᠂ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ᠂ᠬᠠᠷᠢᠯᠴᠠᠨ ᠰᠤᠷᠤᠯᠴᠠᠵᠤ | ᠬᠠᠷᠢᠯᠴᠠᠨ ᠲᠣᠯᠢ ᠪᠤᠯᠭᠠᠬᠤ᠂ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠲᠣᠷᠭᠠᠨ ᠵᠠᠮ ᠤᠨ ᠵᠣᠷᠢᠭ ᠰᠠᠨᠠᠭ᠎ᠠ ᠪᠣᠯ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠴᠢᠬᠤᠯᠠ ᠬᠦᠴᠦᠨ ᠴᠢᠳᠠᠯ ᠤᠨ ᠡᠬᠢ | ᠪᠤᠯᠠᠭ ᠮᠥᠨ ᠭᠡᠳᠡᠭ ᠢ ᠪᠢᠳᠡ ᠭᠦᠨᠵᠡᠭᠡᠢ ᠲᠠᠨᠢᠵᠤ ᠣᠯᠪᠠ᠃︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ | ᠪᠠᠶᠢᠭᠤᠯᠬᠤ ᠳᠤ ᠤᠯᠠᠨ ᠤ ᠬᠦᠴᠦᠨ ᠳᠤ ᠣᠪᠣᠭ᠎ᠠ ᠪᠣᠰᠣᠨ᠎ᠠ᠂ᠬᠠᠷᠢᠯᠴᠠᠨ ᠬᠠᠪᠰᠤᠷᠤᠯᠴᠠᠵᠤ ᠲᠤᠰᠠᠯᠠᠯᠴᠠᠪᠠᠯ ᠬᠤᠯᠠ | ᠠᠶᠠᠯᠠᠵᠤ ᠳᠡᠶᠢᠯᠦᠨ᠎ᠡ ᠭᠡᠳᠡᠭ ᠢ ᠴᠢᠬᠤᠯᠠᠴᠢᠯᠠᠵᠤ᠂ᠥᠪᠡᠷ ᠢᠶᠠᠨ ᠰᠠᠶᠢᠨ ᠠᠮᠢᠳᠤᠷᠠᠬᠤ ᠮᠥᠷᠲᠡᠭᠡᠨ ᠪᠠᠰᠠ ᠪᠤᠰᠤᠳ ᠢ ᠰᠠᠶᠢᠬᠠᠨ | ᠠᠮᠢᠳᠤᠷᠠᠭᠤᠯᠬᠤ ᠵᠢᠡᠷᠬᠢᠮᠯᠡᠵᠦ᠂ᠬᠠᠷᠢᠯᠴᠠᠨ ᠬᠤᠯᠪᠣᠯᠳᠤᠨ ᠨᠡᠪᠲᠡᠷᠡᠯᠴᠡᠬᠦ᠂ᠬᠠᠷᠢᠯᠴᠠᠨ ᠠᠰᠢᠭᠲᠠᠢ ᠬᠠᠷᠢᠯᠴᠠᠨ | ᠬᠠᠷᠠᠭᠠᠯᠵᠠᠬᠤ ᠵᠢᠦᠢᠯᠡᠳᠦᠯᠭᠡᠵᠢᠭᠦᠯᠵᠦ᠂ᠬᠠᠮᠲᠤ ᠪᠠᠷ ᠬᠥᠭᠵᠢᠬᠦ᠂ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ | ᠰᠦᠪᠡᠭᠴᠢᠯᠡᠬᠦ ᠶᠤᠮ᠃ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠢ ᠪᠤᠢ ᠪᠤᠯᠭᠠᠬᠤ ᠦᠭᠡᠢ᠂ᠭᠠᠵᠠᠷ ᠣᠷᠣᠨ ᠤ | ᠤᠯᠤᠰ ᠲᠦᠷᠦ ᠶᠢᠨ ᠦᠵᠡᠯᠴᠡᠭᠡᠨ ᠢ ᠶᠠᠪᠤᠭᠤᠯᠬᠤ ᠦᠭᠡᠢ᠂ᠪᠦᠯᠦᠭᠯᠡᠯ ᠤᠨ ᠤᠯᠤᠰ ᠲᠦᠷᠦ ᠶᠢᠨ ᠡᠰᠡᠷᠭᠦᠴᠡᠯᠳᠦᠯ ᠢ ᠴᠦ | ᠡᠭᠦᠰᠬᠡᠬᠦ ᠦᠭᠡᠢ᠂ᠭᠠᠭᠴᠠ ᠲᠠᠯ᠎ᠠ ᠶᠢᠨ ᠵᠠᠯᠬᠠᠭᠠᠯ ᠢ ᠡᠰᠡᠷᠭᠦᠴᠡᠵᠦ᠂ᠠᠵᠤ ᠠᠬᠤᠢ ᠶᠢᠨ ᠰᠦᠷᠳᠡᠭᠦᠯᠦᠯ ᠢ ᠡᠰᠡᠷᠭᠦᠴᠡᠵᠦ᠂ | ᠪᠠᠰᠠ︽ᠬᠠᠷᠢᠴᠠᠭ᠎ᠠ ᠬᠤᠯᠪᠤᠭ᠎ᠠ ᠪᠠᠨ ᠲᠠᠰᠤᠯᠬᠤ ᠵᠢᠡᠰᠡᠷᠭᠦᠴᠡᠶᠡ᠃︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ | ᠪᠠᠶᠢᠭᠤᠯᠬᠤ ᠨᠢ ᠲᠡᠦᠬᠡ ᠶᠢᠨ ᠵᠥᠪ ᠲᠠᠯ᠎ᠠ ᠳᠤ ᠵᠣᠭᠰᠣᠵᠤ᠂ᠴᠠᠭ ᠦᠶ᠎ᠡ ᠶᠢᠨ ᠲᠠᠪᠰᠢᠯᠳᠠ ᠶᠢᠨ ᠯᠣᠭᠢᠭ ᠲᠠᠢ ᠨᠡᠶᠢᠴᠡᠵᠦ᠂ | ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠭᠰᠠᠨ ᠭᠡᠳᠡᠭ ᠢ 10 ᠵᠢᠯ ᠤᠨ ᠲᠡᠦᠬᠡᠨ ᠶᠠᠪᠤᠴᠠ ᠭᠡᠷᠡᠴᠢᠯᠡᠪᠡ᠃ᠪᠢᠳᠡ | ᠡᠭᠡᠳᠡᠷᠡᠭᠡᠨ ᠪᠤᠳᠤᠯᠢᠶᠠᠨᠲᠠᠢ ᠶᠢᠷᠲᠢᠨᠴᠦ ᠳᠤ ᠠᠵᠢᠭ ᠴᠤ ᠦᠭᠡᠢ ᠤᠷᠤᠭᠰᠢᠯᠠᠬᠤ ᠲᠣᠭᠲᠠᠯ ᠬᠦᠴᠦᠨ ᠲᠠᠢ ᠪᠠᠶᠢᠵᠤ᠂ᠲᠡᠦᠬᠡ᠂ | ᠠᠷᠠᠳ ᠲᠦᠮᠡᠨ᠂ᠳᠡᠯᠡᠬᠡᠢ ᠳ᠋ᠠᠬᠢᠨ ᠳᠤ ᠬᠠᠷᠢᠭᠤᠴᠠᠬᠤ ᠣᠪᠣᠷ ᠢᠶᠠᠷ᠂ ᠪᠦᠭᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ | ᠠᠶᠤᠯ ᠲᠦᠭᠰᠢᠭᠦᠷᠢ ᠪᠣᠯᠣᠨ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ᠦᠷ᠎ᠡ ᠬᠤᠶᠢᠴᠢᠰ ᠲᠠᠭᠠᠨ ᠡᠩᠬᠡ ᠲᠠᠶᠢᠪᠤᠩ᠂ | ᠬᠥᠭᠵᠢᠯᠲᠡ ᠲᠠᠢ᠂ᠬᠠᠮᠲᠤᠷᠠᠯᠴᠠᠵᠤ᠂ᠬᠠᠮᠲᠤ ᠪᠠᠷ ᠠᠰᠢᠭ ᠭᠥᠷᠳᠡᠭᠰᠡᠨ ᠰᠠᠶᠢᠨ ᠰᠠᠶᠢᠬᠠᠨ ᠢᠷᠡᠭᠡᠳᠦᠢ ᠶᠢ ᠪᠠᠶᠢᠭᠤᠯᠵᠤ ᠥᠭᠭᠦᠶ᠎ᠡ | ᠭᠡᠵᠦ ᠴᠢᠬᠤᠯᠠᠴᠢᠯᠠᠵᠠᠢ᠃ | ᠰᠢ ᠵᠢᠨᠫᠢᠩ᠂ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠵᠤ ᠪᠠᠶᠢᠨ᠎ᠠ᠃ᠪᠢᠳᠠᠨ ᠤ ᠬᠥᠭᠡᠭᠡᠴᠡᠯᠳᠦᠵᠦ ᠪᠠᠶᠢᠭ᠎ᠠ ᠨᠢ ᠳᠤᠮᠳᠠᠳᠤ ᠤᠯᠤᠰ ᠤᠨ ᠪᠡᠶ᠎ᠡ ᠪᠠᠨ ᠪᠤᠳᠤᠭᠠᠳ | ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠪᠢᠰᠢ᠂ᠬᠠᠷᠢᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ | ᠬᠠᠮᠲᠤ ᠪᠠᠷ ᠣᠳᠣᠬᠢᠴᠢᠯᠠᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠭ᠎ᠠ ᠶᠤᠮ᠃ᠳᠡᠯᠡᠬᠡᠢ ᠶᠢᠨ ᠣᠳᠣᠬᠢᠴᠢᠯᠠᠯᠲᠠ ᠪᠣᠯ ᠡᠩᠬᠡ | ᠲᠠᠶᠢᠪᠤᠩ ᠢᠶᠠᠷ ᠬᠥᠭᠵᠢᠭᠰᠡᠨ ᠣᠳᠣᠬᠢᠴᠢᠯᠠᠯᠲᠠ᠂ᠬᠠᠷᠢᠯᠴᠠᠨ ᠠᠰᠢᠭᠲᠠᠢ ᠬᠠᠮᠲᠤᠷᠠᠯᠴᠠᠭᠰᠠᠨ ᠣᠳᠣᠬᠢᠴᠢᠯᠠᠯᠲᠠ᠂ᠬᠠᠮᠲᠤ ᠪᠠᠷ | ᠴᠡᠴᠡᠭᠯᠡᠨ ᠬᠥᠭᠵᠢᠭᠰᠡᠨ ᠣᠳᠣᠬᠢᠴᠢᠯᠠᠯᠲᠠ ᠪᠠᠶᠢᠬᠤ ᠶᠣᠰᠣᠲᠠᠢ᠃ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ | ︽ᠨᠢᠭᠡ ᠪᠦᠰᠡ ᠨᠢᠭᠡ ᠵᠠᠮ︾ ᠤᠨᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂︽ᠨᠢᠭᠡ ᠪᠦᠰᠡ | ᠨᠢᠭᠡ ᠵᠠᠮ︾ ᠢᠬᠠᠮᠲᠤ ᠪᠠᠷ ᠪᠦᠲᠦᠭᠡᠨ ᠪᠠᠶᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ | ᠣᠷᠣᠭᠤᠯᠬᠤ ᠶᠢ ᠠᠬᠢᠭᠤᠯᠵᠤ᠂ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ | ᠴᠥᠬᠦᠷᠡᠰᠢ ᠦᠭᠡᠢ ᠴᠢᠷᠮᠠᠶᠢᠨ᠎ᠠ ᠭᠡᠵᠦ ᠵᠢᠭᠠᠵᠤ ᠭᠠᠷᠭᠠᠪᠠ᠃ | ᠰᠢ ᠵᠢᠨᠫᠢᠩ ︽ᠨᠢᠭᠡ ᠪᠦᠰᠡ ᠨᠢᠭᠡ ᠵᠠᠮ︾ ᠢᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠳᠡᠮᠵᠢᠬᠦ | ᠳᠤᠮᠳᠠᠳᠤ ᠤᠯᠤᠰ ᠤᠨ ᠨᠠᠢᠮᠠᠨ ᠵᠦᠢᠯ ᠤᠨ ᠠᠵᠢᠯᠯᠠᠭ᠎ᠠ ᠶᠢ ᠨᠡᠶᠢᠲᠡᠯᠡᠪᠡ᠄ | ᠨᠢᠭᠡ᠂︽ᠨᠢᠭᠡ ᠪᠦᠰᠡ ᠨᠢᠭᠡ ᠵᠠᠮ︾ ᠤᠨᠪᠣᠰᠤᠭᠠ ᠴᠣᠭᠴᠠᠲᠤ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠲᠣᠣᠷ ᠢ | ᠪᠠᠶᠢᠭᠤᠯᠤᠨ᠎ᠠ᠃ᠳᠤᠮᠳᠠᠳᠤ ᠤᠯᠤᠰ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠵᠤ᠂ᠺᠠᠰᠫᠢ ᠲᠠᠩᠭᠢᠰ ᠢ ᠰᠤᠨᠳᠠᠯᠠᠭᠰᠠᠨ ᠣᠯᠠᠨ ᠤᠯᠤᠰ ᠤᠨ ᠲᠡᠭᠡᠭᠡᠪᠦᠷᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ | ᠣᠯᠠᠨ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ᠂ᠡᠯ᠎ᠡ ᠲᠠᠯ᠎ᠠ ᠶᠢᠨ ᠬᠢᠨ ᠲᠠᠢ | ᠬᠠᠮᠲᠤᠷᠠᠨ ᠲᠡᠮᠦᠷ ᠵᠠᠮ᠂ᠵᠠᠰᠠᠮᠠᠯ ᠵᠠᠮ ᠤᠨ ᠰᠢᠭᠤᠳ ᠬᠦᠷᠬᠦ ᠲᠡᠭᠡᠭᠡᠪᠦᠷᠢ ᠪᠠᠷ ᠲᠤᠯᠭᠠᠭᠤᠷᠢᠯᠠᠯ ᠪᠤᠯᠭᠠᠬᠰᠠᠨ ᠠᠽᠢᠶ᠎ᠠ | ᠡᠸᠦ᠋ᠷᠦᠫᠡ ᠶᠢᠨ ᠡᠬᠡ ᠬᠠᠭᠤᠷᠠᠢ ᠶᠢᠨ ᠪᠠᠷᠠᠭᠠᠨ ᠤ ᠭᠦᠢᠯᠭᠡᠭᠡ ᠵᠢᠨᠰᠢᠨ᠎ᠡ ᠵᠠᠮ ᠢ ᠪᠠᠶᠢᠭᠤᠯᠤᠨ᠎ᠠ᠃︽ᠲᠣᠷᠭᠠᠨ ᠵᠠᠮ ᠤᠨ | ᠳᠠᠯᠠᠢ ᠶᠢᠨ ᠲᠡᠭᠡᠭᠡᠪᠦᠷᠢ︾ ᠵᠢᠨᠭᠠᠷᠠᠮ ᠤᠨ ᠤᠰᠤᠨ ᠵᠠᠮ ᠤᠨ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠢᠳᠡᠪᠬᠢᠲᠡᠢ ᠠᠬᠢᠭᠤᠯᠵᠤ᠂ᠬᠠᠭᠤᠷᠠᠢ ᠳᠠᠯᠠᠢ ᠶᠢ ᠨᠡᠪᠲᠡᠷᠡᠭᠦᠯᠬᠦ ᠰᠢᠨ᠎ᠡ ᠵᠠᠮ᠂ᠠᠭᠠᠷ ᠤᠨ ᠲᠣᠷᠭᠠᠨ ᠵᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ | ᠬᠤᠶᠠᠷ᠂ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠲᠡᠮᠵᠢᠨ᠎ᠠ᠃ᠳᠤᠮᠳᠠᠳᠤ ᠤᠯᠤᠰ | ︽ᠲᠣᠷᠭᠠᠨ ᠵᠠᠮ ᠤᠨ ᠡᠯᠧᠺᠲᠷᠣᠨ ᠬᠤᠳᠠᠯᠳᠤᠭ᠎ᠠ︾ ᠵᠢᠨᠬᠠᠮᠲᠤᠷᠠᠯᠴᠠᠭᠠᠨ ᠤ ᠤᠷᠢᠳ ᠢᠶᠠᠷ ᠬᠡᠷᠡᠭᠵᠢᠭᠦᠯᠬᠦ ᠣᠷᠣᠨ ᠢ | ᠡᠭᠦᠳᠦᠨ ᠪᠠᠶᠢᠭᠤᠯᠵᠤ᠂ᠨᠡᠩ ᠤᠯᠠᠨ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ᠂ᠪᠡᠯᠡ ᠣᠷᠣᠭᠤᠯᠤᠯᠲᠠ ᠶᠢ | ᠬᠠᠮᠠᠭᠠᠯᠠᠬᠤ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ᠃ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ | ᠣᠷᠣᠬᠤ ᠵᠥᠪᠰᠢᠶᠡᠷᠡᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ᠣᠯᠠᠨ | ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ | ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠥᠨᠳᠥᠷ ᠲᠦᠪᠰᠢᠨ ᠪᠦᠬᠦᠢ | ᠨᠡᠭᠡᠭᠡᠯᠲᠡ ᠶᠢ ᠭᠦᠨᠵᠡᠭᠡᠢ ᠠᠬᠢᠭᠤᠯᠵᠤ᠂ᠲᠣᠭᠠᠴᠢᠯᠠᠭᠰᠠᠨ ᠦᠢᠯᠡᠳᠬᠦᠨ ᠵᠡᠷᠭᠡ ᠶᠢᠨ ᠵᠠᠬ᠎ᠠ ᠳᠡᠯᠭᠡᠭᠦᠷ ᠲᠤ | ᠣᠷᠣᠬᠤ ᠵᠢᠵᠥ᠋ᠪᠰᠢᠶᠡᠷᠡᠬᠦ ᠶᠢ ᠥᠷᠭᠡᠳᠬᠡᠵᠦ᠂ᠤᠯᠤᠰ ᠤᠨ ᠥᠮᠴᠢᠯᠡᠯ ᠤᠨ ᠠᠵᠤ ᠠᠬᠤᠶᠢᠯᠠᠯ᠂ᠲᠣᠭᠠᠴᠢᠯᠠᠭᠰᠠᠨ ᠠᠵᠤ ᠠᠬᠤᠢ᠂ | ᠮᠡᠳᠡᠯᠭᠡ ᠶᠢᠨ ᠥᠮᠴᠢᠯᠡᠯ ᠤᠨ ᠡᠷᠬᠡ᠂ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠬᠦᠷᠢᠶᠡᠨ ᠳᠠᠬᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ᠳᠤᠮᠳᠠᠳᠤ ᠤᠯᠤᠰ ᠵᠢᠯ ᠪᠦᠷᠢ︽ᠪᠦᠭᠦ ᠪᠥᠮᠪᠥᠷᠴᠡᠭ ᠤᠨ ᠲᠣᠭᠠᠴᠢᠯᠠᠭᠰᠠᠨ | ᠠᠷᠠᠯᠵᠢᠶᠠᠨ ᠤ ᠦᠵᠡᠰᠭᠦᠯᠡᠩ︾ ᠢ ᠡᠷᠭᠢᠯᠡᠨ ᠶᠠᠪᠤᠭᠳᠠᠭᠤᠯᠤᠨ᠎ᠠ᠃ | ᠭᠤᠷᠪᠠ᠂ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠵᠢᠥᠷᠨᠢᠭᠦᠯᠦᠨᠡ᠃ᠳᠤᠮᠳᠠᠳᠤ ᠤᠯᠤᠰ ᠪᠡᠯᠭᠡ ᠲᠡᠮᠳᠡᠭ ᠤᠨ | ᠴᠢᠨᠠᠷᠲᠠᠢ ᠢᠨᠵᠧᠨᠧᠷᠢᠩ ᠪᠣᠯᠣᠨ ︽ᠪᠠᠭ᠎ᠠ ᠮᠥᠷᠲᠡᠭᠡᠨ ᠭᠤᠶᠢᠳᠠ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ᠳᠤᠮᠳᠠᠳᠤ ᠤᠯᠤᠰ ᠤᠨ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ᠂ | ᠳᠤᠮᠳᠠᠳᠤ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠩᠬᠢ ᠠᠷᠠᠳ ᠤᠨ ᠵᠣᠭᠤᠰ ᠤᠨ ᠪᠡᠯᠡ | ᠬᠤᠷᠠᠮᠳᠤᠭᠤᠯᠬᠤ ᠴᠣᠩᠬᠤᠪᠴᠢ ᠵᠢᠲ᠋ᠣᠬᠢᠷᠠᠭᠤᠯᠵᠤ᠂ᠲᠣᠷᠭᠠᠨ ᠵᠠᠮ ᠤᠨ ᠰᠠᠭᠤᠷᠢ ᠮᠥᠩᠭᠦ ᠳᠤ ᠰᠢᠨ᠎ᠡ ᠪᠠᠷ ᠪᠡᠯᠡ ᠮᠥᠩᠭᠦ | ᠨᠡᠮᠡᠭᠳᠡᠭᠦᠯᠵᠦ᠂ᠵᠠᠬ᠎ᠠ ᠳᠡᠯᠭᠡᠭᠦᠷᠴᠢᠯᠡᠬᠦ᠂ᠬᠤᠳᠠᠯᠳᠤᠭᠠᠴᠢᠯᠠᠬᠤ ᠭᠡᠯᠪᠡᠷᠢ ᠪᠠᠷ︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ | ᠪᠠᠶᠢᠭᠤᠯᠬᠤ ᠲᠦᠷᠦᠯ ᠵᠦᠢᠯ ᠢ ᠳᠡᠮᠵᠢᠬᠦ ᠪᠠᠷ ᠪᠠᠶᠢᠨ᠎ᠠ᠃ ᠳᠤᠮᠳᠠᠳᠤ ᠤᠯᠤᠰ ᠪᠠᠰᠠ 1000 ᠪᠠᠭ᠎ᠠ ᠭᠡᠯᠪᠡᠷᠢ ᠶᠢᠨ | ᠠᠷᠠᠳ ᠤᠨ ᠠᠮᠢᠳᠤᠷᠠᠯ ᠢ ᠲᠤᠰᠠᠯᠠᠬᠤ ᠲᠥᠷᠥᠯ ᠵᠦᠢᠯ ᠢ ᠬᠡᠷᠡᠭᠵᠢᠭᠦᠯᠵᠦ᠂ᠯᠦ ᠪᠠᠨ ᠤ ᠦᠢᠯᠡᠳᠬᠡᠯ ᠤᠨ ᠭᠠᠵᠠᠷ ᠵᠡᠷᠭᠡ ᠪᠠᠷ | ᠳᠠᠮᠵᠢᠭᠤᠯᠤᠨ ᠳᠤᠮᠳᠠᠳᠤ ᠭᠠᠳᠠᠭᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠠᠬᠢᠭᠤᠯᠬᠤ | ᠪᠥᠭᠡᠳ ᠡᠯ᠎ᠡ ᠲᠠᠯ᠎ᠠ ᠶᠢᠨ ᠬᠢᠨ ᠲᠠᠢ ︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ ᠪᠠᠶᠢᠭᠤᠯᠬᠤ ᠲᠥᠷᠥᠯ ᠵᠦᠢᠯ | ᠪᠣᠯᠣᠨ ᠠᠵᠢᠯᠲᠠᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ | ᠳᠥᠷᠪᠡ᠂ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ᠳᠤᠮᠳᠠᠳᠤ ᠤᠯᠤᠰ ᠪᠣᠬᠢᠷᠳᠤᠯ ᠦᠭᠡᠢ ᠰᠠᠭᠤᠷᠢ ᠪᠦᠲᠦᠭᠡᠨ | ᠪᠠᠶᠢᠭᠤᠯᠤᠯᠲᠠ᠂ᠪᠣᠬᠢᠷᠳᠤᠯ ᠦᠭᠡᠢ ᠡᠨᠧᠷᠭᠢ᠂ᠪᠣᠬᠢᠷᠳᠤᠯ ᠦᠭᠡᠢ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂︽ᠨᠢᠭᠡ ᠪᠦᠰᠡ ᠨᠢᠭᠡ ᠵᠠᠮ︾ ᠤᠨᠪᠣᠬᠢᠷᠳᠤᠯ ᠦᠭᠡᠢ | ᠬᠥᠭᠵᠢᠯᠲᠡ ᠶᠢᠨ ᠣᠯᠠᠨ ᠤᠯᠤᠰ ᠤᠨ ᠬᠤᠯᠪᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂︽ᠨᠢᠭᠡ ᠪᠦᠰᠡ ᠨᠢᠭᠡ ᠵᠠᠮ︾ | ᠤᠨ ᠪᠣᠬᠢᠷᠳᠤᠯ ᠦᠭᠡᠢ ᠰᠢᠨ᠎ᠡ ᠶᠢ ᠡᠭᠦᠳᠬᠦ ᠶᠡᠭᠡ ᠬᠤᠷᠠᠯ ᠢ ᠦᠷᠭᠦᠯᠵᠢᠯᠡᠨ ᠡᠷᠭᠢᠯᠡᠵᠦ᠂ᠭᠡᠷᠡᠯᠴᠢ ᠴᠡᠨᠡᠭ ᠤᠨ ᠠᠵᠤ | ᠦᠢᠯᠡᠰ ᠤᠨ ᠶᠠᠷᠢᠯᠴᠠᠭ᠎ᠠ ᠰᠣᠯᠢᠯᠴᠠᠭᠠᠨ ᠤ ᠲᠣᠭᠲᠠᠴᠠ ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠶᠢᠨ ᠲᠤᠰᠬᠠᠢ | ᠮᠡᠷᠭᠡᠵᠢᠯᠲᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃︽ᠨᠢᠭᠡ ᠪᠦᠰᠡ ᠨᠢᠭᠡ ᠵᠠᠮ︾ ᠤᠨᠪᠣᠬᠢᠷᠳᠤᠯ ᠦᠭᠡᠢ ᠪᠡᠯᠡ | ᠣᠷᠣᠭᠤᠯᠤᠯᠲᠠ ᠶᠢᠨ ᠵᠠᠷᠴᠢᠮ ᠢ ᠨᠠᠶᠢᠳᠠᠪᠤᠷᠢᠵᠢᠭᠤᠯᠵᠤ᠂2030 ᠣᠨ ᠪᠤᠯᠬᠤ ᠳᠤ ᠬᠠᠨᠢᠲᠠᠨ ᠤᠯᠤᠰ ᠲᠤ 10 ᠲᠦᠮᠡᠨ | ᠬᠥᠮᠥᠨ ᠤᠳᠠᠭ᠎ᠠ ᠶᠢ ᠪᠤᠯᠪᠠᠰᠤᠷᠠᠭᠤᠯᠵᠤ ᠥᠭᠭᠦᠨ᠎ᠡ᠃ | ᠲᠠᠪᠤ᠂ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ᠳᠤᠮᠳᠠᠳᠤ ᠤᠯᠤᠰ ︽ᠨᠢᠭᠡ | ᠪᠦᠰᠡ ᠨᠢᠭᠡ ᠵᠠᠮ︾ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭᠠᠨ ᠤ ᠲᠥᠯᠥᠪᠯᠡᠭᠡ ᠶᠢ | ᠦᠷᠭᠦᠯᠵᠢᠯᠡᠨ ᠬᠡᠷᠡᠭᠵᠢᠭᠦᠯᠵᠦ᠂ᠠᠩᠬᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠣᠯᠢᠯᠴᠠᠭᠠᠨ ᠤ ᠶᠡᠭᠡ ᠬᠤᠷᠠᠯ ᠢ ᠡᠷᠭᠢᠯᠡᠨ᠂ᠢᠷᠡᠬᠦ 5 ᠵᠢᠯ ᠳᠤ ᠡᠯ᠎ᠡ ᠲᠠᠯ᠎ᠠ ᠶᠢᠨ ᠬᠢᠨ ᠲᠠᠢ | ᠬᠠᠮᠲᠤ ᠪᠠᠷ ᠪᠠᠶᠢᠭᠤᠯᠬᠤ ᠬᠠᠮᠲᠤᠷᠠᠭᠰᠠᠨ ᠲᠤᠷᠰᠢᠯᠲᠠ ᠶᠢᠨ ᠲᠠᠰᠤᠭ ᠢ 100 ᠪᠤᠯᠳᠠᠯ᠎ᠠ ᠨᠡᠮᠡᠭᠳᠡᠭᠦᠯᠵᠦ᠂ᠡᠯ᠎ᠡ ᠤᠯᠤᠰ ᠤᠨ | ᠵᠠᠯᠠᠭᠤ ᠰᠢᠨᠵᠢᠯᠡᠬᠦ ᠤᠬᠠᠭᠠᠨᠲᠠᠨ ᠤ ᠳᠤᠮᠳᠠᠳᠤ ᠤᠯᠤᠰ ᠲᠤ ᠢᠷᠡᠵᠦ ᠣᠬᠤᠷ ᠬᠤᠭᠤᠴᠠᠭ᠎ᠠ ᠪᠠᠷ ᠠᠵᠢᠯᠯᠠᠬᠤ ᠶᠢ ᠳᠡᠮᠵᠢᠨ᠎ᠡ᠃ | ᠳᠤᠮᠳᠠᠳᠤ ᠤᠯᠤᠰ ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠳᠡᠭᠡᠷ᠎ᠡ ᠪᠦᠭᠦ ᠪᠥᠮᠪᠥᠷᠴᠡᠭ ᠤᠨ ᠵᠣᠬᠢᠶᠠᠮᠠᠯ ᠤᠶᠤᠨ | ᠴᠢᠳᠠᠪᠤᠷᠢ ᠶᠢᠨ ᠵᠠᠰᠠᠯᠲᠠ ᠶᠢᠨ ᠰᠠᠨᠠᠭᠠᠴᠢᠯᠠᠭ᠎ᠠ ᠶᠢ ᠳᠤᠷᠠᠳᠴᠤ᠂ᠳᠤᠷᠠᠲᠠᠶ᠎ᠠ ᠡᠯ᠎ᠡ ᠤᠯᠤᠰ ᠯᠤᠭ᠎ᠠ ᠰᠣᠯᠢᠯᠴᠠᠭ᠎ᠠ ᠪᠠ | ᠶᠠᠷᠢᠯᠴᠠᠭ᠎ᠠ ᠪᠠᠨ ᠴᠢᠩᠭᠠᠳᠬᠠᠵᠤ᠂ᠪᠦᠭᠦ ᠪᠥᠮᠪᠥᠷᠴᠡᠭ ᠤᠨ ᠵᠣᠬᠢᠶᠠᠮᠠᠯ ᠤᠶᠤᠨ ᠴᠢᠳᠠᠪᠤᠷᠢ ᠶᠢᠨ ᠡᠷᠡᠭᠦᠯ ᠪᠥᠭᠡᠳ ᠡᠮᠬᠢ | ᠳᠢᠭᠯᠢᠮ ᠲᠠᠢ ᠠᠮᠤᠷ ᠲᠦᠪᠰᠢᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ | ᠵᠢᠷᠭᠤᠭ᠎ᠠ᠂ᠠᠷᠠᠳ ᠤᠨ ᠬᠤᠭᠤᠷᠣᠨᠳᠣᠭᠢ ᠶᠠᠪᠤᠯᠴᠠᠭ᠎ᠠ ᠶᠢ ᠲᠡᠮᠵᠢᠨ᠎ᠡ᠃ᠳᠤᠮᠳᠠᠳᠤ ᠤᠯᠤᠰ ︽ᠯᠢᠶᠠᠩ ᠵᠦ ᠵᠢᠨᠶᠠᠷᠢᠶᠠᠨ ᠤ | ᠲᠠᠪᠴᠠᠩ︾ ᠢᠡᠷᠭᠢᠯᠡᠵᠦ᠂ ︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ | ᠪᠣᠯᠪᠠᠰᠤᠨ ᠤ ᠶᠠᠷᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ᠲᠣᠷᠭᠠᠨ ᠵᠠᠮ ᠤᠨ ᠣᠯᠠᠨ ᠤᠯᠤᠰ ᠤᠨ ᠲᠢᠶᠠᠲᠷ᠂ᠤᠷᠠᠯᠢᠭ ᠤᠨ ᠨᠠᠶᠢᠷ᠂ | ᠮᠦᠽᠧᠢ᠂ᠤᠷᠠᠨ ᠵᠢᠷᠤᠭ ᠤᠨ ᠣᠷᠳᠣᠨ᠂ᠨᠣᠮ ᠤᠨ ᠰᠠᠩ ᠤᠨ ᠬᠤᠯᠪᠤᠭ᠎ᠠ ᠶᠢ ᠪᠠᠶᠢᠭᠤᠯᠤᠭᠰᠠᠨ ᠰᠠᠭᠤᠷᠢᠨ ᠳᠡᠭᠡᠷ᠎ᠡ ᠲᠣᠷᠭᠠᠨ | ᠵᠠᠮ ᠤᠨ ᠵᠢᠭᠤᠯᠴᠢᠯᠠᠯ ᠤᠨ ᠬᠤᠲᠠ ᠶᠢᠨ ᠬᠤᠯᠪᠤᠭ᠎ᠠ ᠶᠢ ᠪᠠᠶᠢᠭᠤᠯᠤᠨ᠎ᠠ᠃︽ᠲᠣᠷᠭᠠᠨ ᠵᠠᠮ︾ ᠳᠤᠮᠳᠠᠳᠤ ᠤᠯᠤᠰ ᠤᠨ | ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠦᠨ᠎ᠡ᠃ | ᠳᠣᠯᠤᠭ᠎ᠠ᠂ᠠᠷᠢᠭᠤᠨ ᠴᠢᠬᠡᠴᠢ ᠵᠠᠮ ᠢ ᠪᠦᠲᠦᠭᠡᠨ ᠪᠠᠶᠢᠭᠤᠯᠤᠨ᠎ᠠ᠃ᠳᠤᠮᠳᠠᠳᠤ ᠤᠯᠤᠰ ᠬᠠᠮᠲᠤᠷᠠᠯᠴᠠᠭᠠᠨ ᠤ ᠬᠠᠨᠢᠲᠠᠨ ᠲᠠᠢ | ᠬᠠᠮᠲᠤᠷᠠᠨ ︽︿ᠨᠢᠭᠡ ᠪᠦᠰᠡ ᠨᠢᠭᠡ ᠵᠠᠮ﹀ ᠤᠨᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠪᠣᠯᠣᠨ | ᠪᠠᠷᠠᠯᠠᠯ︾ ᠢᠨᠡᠶᠢᠲᠡᠯᠡᠵᠦ᠂︽︿ᠨᠢᠭᠡ ᠪᠦᠰᠡ ᠨᠢᠭᠡ ᠵᠠᠮ﹀ ᠤᠨ ᠠᠷᠢᠭᠤᠨ ᠴᠢᠬᠡᠴᠢ ᠶᠢᠨ ᠪᠠᠶᠢᠭᠤᠯᠤᠯᠲᠠ ᠶᠢᠨ ᠳᠡᠭᠡᠳᠦ ᠲᠡᠰ ᠤᠨ | ᠵᠠᠷᠴᠢᠮ︾ ᠢᠲ᠋ᠣᠭᠲᠠᠭᠠᠵᠤ᠂︽ᠨᠢᠭᠡ ᠪᠦᠰᠡ ᠨᠢᠭᠡ ᠵᠠᠮ︾ ᠤᠨᠠᠵᠤ ᠠᠬᠤᠶᠢᠯᠠᠯ ᠤᠨ ᠠᠷᠢᠭᠤᠨ ᠴᠢᠬᠡᠴᠢ ᠳᠦᠷᠢᠮ | ᠲᠣᠭᠲᠠᠭᠠᠯ ᠳᠤ ᠨᠡᠶᠢᠴᠡᠭᠰᠡᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ | ᠬᠠᠮᠲᠤᠷᠠᠨ︽ᠨᠢᠭᠡ ᠪᠦᠰᠡ ᠨᠢᠭᠡ ᠵᠠᠮ︾ ᠤᠨᠠᠷᠢᠭᠤᠨ ᠴᠢᠬᠡᠴᠢ ᠶᠢᠨ ᠰᠤᠳᠤᠯᠭᠠᠨ ᠪᠠ ᠪᠣᠯᠪᠠᠰᠤᠷᠠᠯ ᠢ ᠥᠷᠨᠢᠭᠦᠯᠦᠨ᠎ᠡ᠃ | ᠨᠠᠢᠮᠠ᠂︽ᠨᠢᠭᠡ ᠪᠦᠰᠡ ᠨᠢᠭᠡ ᠵᠠᠮ︾ ᠤᠨᠤᠯᠠᠨ ᠤᠯᠤᠰ ᠤᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠳᠤᠮᠳᠠᠳᠤ ᠤᠯᠤᠰ︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ ᠪᠠᠶᠢᠭᠤᠯᠬᠤ ᠡᠯ᠎ᠡ ᠤᠯᠤᠰ ᠯᠤᠭ᠎ᠠ ᠡᠨᠧᠷᠭᠢ᠂ᠭᠠᠶᠢᠯᠢ᠂ | ᠮᠥᠩᠭᠦᠨ ᠭᠦᠢᠯᠭᠡᠭᠡ᠂ᠪᠣᠬᠢᠷᠳᠤᠯ ᠦᠭᠡᠢ ᠬᠥᠭᠵᠢᠯᠲᠡ᠂ ᠭᠠᠮᠰᠢᠭ ᠢ ᠪᠠᠭᠠᠰᠬᠠᠬᠤ᠂ᠢᠯᠵᠢᠷᠡᠯ ᠢ ᠡᠰᠡᠷᠭᠦᠴᠡᠬᠦ᠂ᠤᠶᠤᠨ ᠤ | ᠬᠥᠮᠥᠷᠭᠡ᠂ᠵᠠᠭᠤᠴᠢᠯᠠᠭᠤᠷ᠂ᠰᠣᠶᠣᠯ ᠵᠡᠷᠭᠡ ᠬᠦᠷᠢᠶᠡᠨ ᠳᠠᠬᠢ ᠤᠯᠠᠨ ᠲᠠᠯ᠎ᠠ ᠶᠢᠨ ᠬᠠᠮᠲᠤᠷᠠᠯᠴᠠᠭᠠᠨ ᠤ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠨ᠎ᠠ᠃︽ᠨᠢᠭᠡ ᠪᠦᠰᠡ ᠨᠢᠭᠡ ᠵᠠᠮ︾ ᠤᠨᠤᠯᠠᠨ ᠤᠯᠤᠰ ᠤᠨ ᠬᠠᠮᠲᠤᠷᠠᠯᠴᠠᠭᠠᠨ ᠤ | ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠢ ᠦᠷᠭᠦᠯᠵᠢᠯᠡᠨ ᠡᠷᠭᠢᠯᠡᠭᠦ ᠶᠢᠨ ᠬᠠᠮᠲᠤ ᠲᠦᠷᠦᠭᠦᠴᠦᠳ ᠤᠨ | ᠶᠠᠷᠢᠯᠴᠠᠭᠠᠨ ᠤ ᠲᠠᠪᠴᠠᠩ ᠤᠨ ᠨᠠᠷᠢᠨ ᠪᠢᠴᠢᠭ ᠤᠨ ᠭᠠᠵᠠᠷ ᠢ ᠪᠠᠶᠢᠭᠤᠯᠤᠨ᠎ᠠ᠃ | ᠰᠢ ᠵᠢᠨᠫᠢᠩ ᠬᠠᠮᠤᠭ ᠤᠨ ᠰᠡᠭᠦᠯ ᠳᠤ᠂︽ᠨᠢᠭᠡ ᠪᠦᠰᠡ ᠨᠢᠭᠡ ᠵᠠᠮ︾ ᠢᠬᠠᠮᠲᠤ ᠪᠠᠷ ᠪᠦᠲᠦᠭᠡᠨ ᠪᠠᠶᠢᠭᠤᠯᠬᠤ ᠨᠢ | ᠳᠤᠮᠳᠠᠳᠤ ᠤᠯᠤᠰ ᠠᠴᠠ ᠢᠷᠡᠯᠲᠡ ᠲᠠᠢ᠂ ᠦᠷ᠎ᠡ ᠪᠦᠲᠦᠭᠡᠯ ᠪᠠ ᠠᠵᠠ ᠲᠣᠭᠢᠶᠠᠯ ᠨᠢ ᠳᠡᠯᠡᠬᠡᠢ ᠳ᠋ᠠᠬᠢᠨ ᠳᠤ ᠬᠠᠷᠢᠶᠠᠯᠠᠭᠳᠠᠨ᠎ᠠ᠃ | ᠪᠢᠳᠡ ᠠᠷᠠᠳ ᠲᠦᠮᠡᠨ ᠤ ᠬᠦᠰᠡᠯ ᠡᠷᠡᠮᠡᠯᠵᠡᠯ ᠢ ᠪᠠᠲᠤ ᠴᠡᠭᠡᠵᠢᠯᠡᠵᠦ᠂ ᠲᠡᠦᠬᠡ ᠶᠢᠨ ᠬᠦᠨᠳᠦ ᠡᠭᠦᠷᠭᠡ ᠶᠢ ᠵᠣᠷᠢᠭᠲᠠᠢ | ᠡᠭᠦᠷᠭᠡᠯᠡᠵᠦ᠂ᠴᠠᠭ ᠦᠶ᠎ᠡ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠵᠦ᠂ᠡᠷᠡᠮᠡᠬᠡᠶᠢᠯᠡᠨ ᠤᠷᠤᠭᠰᠢᠯᠠᠵᠤ᠂︽ᠨᠢᠭᠡ ᠪᠦᠰᠡ ᠨᠢᠭᠡ ᠵᠠᠮ︾ ᠤᠨᠤᠯᠠᠨ ᠤᠯᠤᠰ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠡᠩ ᠴᠢᠨᠠᠷ ᠰᠠᠶᠢᠲᠠᠢ᠂ᠨᠡᠩ | ᠥᠨᠳᠥᠷ ᠲᠦᠪᠰᠢᠨ ᠪᠦᠬᠦᠢ ᠰᠢᠨ᠎ᠡ ᠬᠥᠭᠵᠢᠯᠲᠡ ᠶᠢ ᠤᠭᠲᠤᠵᠤ᠂ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ | ᠪᠡᠶᠡᠯᠡᠭᠦᠯᠬᠦ ᠶᠢ ᠠᠬᠢᠭᠤᠯᠵᠤ᠂ᠨᠡᠭᠡᠭᠡᠯᠲᠡᠲᠡᠢ ᠪᠠᠭᠲᠠᠭᠠᠮᠵᠢᠲᠠᠢ᠂ᠬᠤᠯᠪᠣᠯᠳᠤᠨ ᠨᠡᠪᠲᠡᠷᠡᠯᠴᠡᠵᠦ᠂ᠬᠠᠮᠲᠤ ᠪᠠᠷ ᠬᠥᠭᠵᠢᠭᠰᠡᠨ ᠳᠡᠯᠡᠬᠡᠢ | ᠶᠢᠷᠲᠢᠨᠴᠦ ᠶᠢ ᠪᠠᠶᠢᠭᠤᠯᠵᠤ᠂ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠬᠠᠮᠲᠤ ᠪᠠᠷ ᠠᠬᠢᠭᠤᠯᠤᠶ᠎ᠠ︕ ᠭᠡᠵᠦ ᠵᠢᠭᠠᠵᠤ ᠭᠠᠷᠭᠠᠪᠠ᠃ | | | | | 10 ᠰᠠᠷ᠎ᠠ ᠶᠢᠨ 18 ᠤᠦᠳᠡ ᠶᠢᠨ ᠡᠮᠦᠨ᠎ᠡ᠂ᠤᠯᠤᠰ ᠤᠨ ᠲᠡᠷᠢᠭᠦᠯᠡᠭᠴᠢ ᠰᠢ ᠵᠢᠨᠫᠢᠩ ᠪᠡᠭᠡᠵᠢᠩ ᠳᠠᠬᠢ ᠠᠷᠠᠳ ᠤᠨ | ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨᠤᠯᠠᠨ ᠤᠯᠤᠰ ᠤᠨ | ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ | ᠪᠥᠭᠡᠳ ︽ᠨᠡᠭᠡᠭᠡᠯᠲᠡᠲᠡᠢ ᠪᠠᠭᠲᠠᠭᠠᠮᠵᠢᠲᠠᠢ᠂ᠬᠤᠯᠪᠣᠯᠳᠤᠨ ᠨᠡᠪᠲᠡᠷᠡᠯᠴᠡᠵᠦ᠂ᠬᠠᠮᠲᠤ ᠪᠠᠷ ᠬᠥᠭᠵᠢᠭᠰᠡᠨ ᠳᠡᠯᠡᠬᠡᠢ ᠶᠢᠷᠲᠢᠨᠴᠦ ᠶᠢ | ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ᠵᠢᠷᠤᠭ ᠪᠣᠯ᠂ᠬᠤᠷᠠᠯ ᠠᠴᠠ | ᠡᠮᠦᠨ᠎ᠡ᠂ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠶᠢᠨ ᠤᠯᠤᠰ ᠤᠨ ᠲᠡᠷᠢᠭᠦᠨ᠂ᠵᠠᠰᠠᠭ ᠤᠨ | ᠣᠷᠳᠣᠨ ᠤ ᠲᠦᠷᠦᠭᠦᠴᠦᠳ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ ᠤᠯᠠᠨ | ᠤᠯᠤᠰ ᠤᠨ ᠬᠦᠨᠳᠦᠲᠦ ᠵᠣᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠵᠢᠨᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠠᠷᠭᠧᠨ᠋ᠲ᠋ᠢᠨ ᠤ ᠶᠡᠷᠦᠩᠬᠡᠶᠢᠯᠡᠭᠴᠢ ᠹᠧᠶᠢᠷᠨᠠᠨᠳᠧᠰ᠂ᠴᠢᠯᠢ ᠶᠢᠨ ᠶᠡᠷᠦᠩᠬᠡᠶᠢᠯᠡᠭᠴᠢ ᠪᠦᠸᠧᠯᠢᠴᠢ᠂ᠪᠦᠭᠦᠳᠡ ᠨᠠᠶᠢᠷᠠᠮᠳᠠᠬᠤ | ᠺᠣᠩᠭᠣ᠋ ᠤᠯᠤᠰ ᠤᠨ ᠶᠡᠷᠦᠩᠬᠡᠶᠢᠯᠡᠭᠴᠢ ᠰᠠᠰᠦ᠋᠂ᠢᠨᠳᠤᠨᠧᠰᠢᠶ᠎ᠠ ᠶᠢᠨ ᠶᠡᠷᠦᠩᠬᠡᠶᠢᠯᠡᠭᠴᠢ ᠽᠥᠥᠸ᠋ᠺᠧ᠂ᠺᠠᠽᠠᠬᠰᠲ᠋ᠠᠨ ᠤ | ᠶᠡᠷᠦᠩᠬᠡᠶᠢᠯᠡᠭᠴᠢᠲ᠋ᠦ᠋ᠸᠧᠺᠠᠶᠧᠹ᠂ᠺᠧᠨᠢᠶᠠ ᠶᠢᠨ ᠶᠡᠷᠦᠩᠬᠡᠶᠢᠯᠡᠭᠴᠢ ᠷᠦᠲ᠋ᠤ᠋᠂ᠯᠠᠤᠰ ᠤᠨ ᠤᠯᠤᠰ ᠤᠨ ᠲᠡᠷᠢᠭᠦᠯᠡᠭᠴᠢ ᠲᠦᠩᠯᠥ᠋ᠨ᠂ | ᠮᠣᠩᠭᠤᠯ ᠤᠯᠤᠰ ᠤᠨ ᠶᠡᠷᠦᠩᠬᠡᠶᠢᠯᠡᠭᠴᠢ ᠬᠦᠷᠡᠯᠰᠦ᠋ᠬᠡ᠂ᠣᠷᠣᠰ ᠤᠨ ᠶᠡᠷᠦᠩᠬᠡᠶᠢᠯᠡᠭᠴᠢ ᠫᠦᠲ᠋ᠢᠨ᠂ᠰᠧᠷᠪᠢᠶ᠎ᠠ ᠶᠢᠨ | ᠶᠡᠷᠦᠩᠬᠡᠶᠢᠯᠡᠭᠴᠢ ᠥᠴᠢᠴᠢ᠂ᠰᠷᠢᠯᠠᠨᠺᠠ ᠶᠢᠨ ᠶᠡᠷᠦᠩᠬᠡᠶᠢᠯᠡᠭᠴᠢ ᠸᠢᠺᠷᠧᠮᠧᠰᠢᠩᠾᠧ᠂ᠲᠦᠷᠺᠮᠧᠨ᠋ᠰᠲ᠋ᠠᠠ ᠤ ᠦᠨᠳᠦᠰᠦᠲᠡᠨ ᠤ | ᠤᠳᠤᠷᠢᠳᠤᠭᠴᠢ᠂ᠠᠷᠠᠳ ᠤᠨ ᠬᠤᠷᠢᠶ᠎ᠠ ᠵᠢᠨᠲ᠋ᠡᠷᠢᠭᠦᠯᠡᠭᠴᠢ ᠪᠢᠷᠳᠢᠮᠥ᠋ᠬᠠᠮᠧᠳᠤᠹ᠂ᠦᠽᠪᠧᠺᠰᠲ᠋ᠠᠨ ᠤ ᠶᠡᠷᠦᠩᠬᠡᠶᠢᠯᠡᠭᠴᠢ | ᠮᠢᠷᠵᠢᠶᠤᠤᠶᠧᠹ᠂ᠸᠢᠶᠧᠲᠨᠠᠮ ᠤᠨ ᠤᠯᠤᠰ ᠤᠨ ᠲᠡᠷᠢᠭᠦᠯᠡᠭᠴᠢ ᠦ᠋ ᠸᠧᠨ ᠱᠠᠩ᠂ᠺᠠᠮᠪᠤᠵᠠ ᠶᠢᠨ ᠲᠡᠷᠢᠭᠦᠨ ᠰᠠᠶᠢᠳ ᠬᠤᠩᠮᠠᠨᠠᠢ᠂ | ᠶᠧᠵᠢᠫᠲ ᠤᠨ ᠶᠡᠷᠦᠩᠬᠡᠢ ᠰᠠᠶᠢᠳ ᠮᠠᠳᠧᠪᠦ᠋ᠯᠢ᠂ᠧᠽᠢᠦᠫᠢᠶᠠ ᠶᠢᠨ ᠶᠡᠷᠦᠩᠬᠡᠢ ᠰᠠᠶᠢᠳ ᠠᠪᠢ᠂ ᠬᠠᠩᠭᠠᠷᠢ ᠶᠢᠨ ᠶᠡᠷᠦᠩᠬᠡᠢ | ᠰᠠᠶᠢᠳ ᠡᠸᠦᠷᠪᠠᠨ᠂ᠮᠣᠽᠠᠮᠪᠢᠺ ᠤᠨ ᠶᠡᠷᠦᠩᠬᠡᠢ ᠰᠠᠶᠢᠳ ᠮᠠᠯᠠᠶᠢᠶᠠᠨᠧ᠂ᠫᠠᠺᠢᠰᠲ᠋ᠠᠨ ᠤ ᠶᠡᠷᠦᠩᠬᠡᠢ ᠰᠠᠶᠢᠳᠺᠠᠺᠠᠯ᠂ᠫᠠᠫᠦ᠋ᠶᠠ ᠰᠢᠨ᠎ᠡ | ᠭᠢᠨᠧᠶᠠ ᠶᠢᠨ ᠶᠡᠷᠦᠩᠬᠡᠢ ᠰᠠᠶᠢᠳ ᠮᠠᠯᠠᠫᠸᠢ᠂ ᠲᠠᠢ ᠤᠯᠤᠰ ᠤᠨ ᠶᠡᠷᠦᠩᠬᠡᠢ ᠰᠠᠶᠢᠳ ᠰᠠᠶᠢᠲ᠋ᠠ᠂ᠨᠢᠭᠧᠷᠢᠶ᠎ᠠ ᠶᠢᠨ ᠳᠡᠳ᠋ | ᠶᠡᠷᠦᠩᠬᠡᠶᠢᠯᠡᠭᠴᠢ ᠰᠢᠶᠧᠳᠢᠮᠠ᠂ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠶᠡᠷᠦᠩᠬᠡᠶᠢᠯᠡᠭᠴᠢ ᠶᠢᠨ ᠣᠨᠴᠠ | ᠲᠥᠯᠥᠭᠡᠯᠡᠭᠴᠢ᠂ᠬᠠᠶᠢᠮᠠ ᠬᠤᠱᠣᠣ ᠠᠬᠠᠮᠠᠳ ᠤᠯᠤᠰ ᠤᠨ ᠠᠬᠠᠯᠠᠭᠴᠢ ᠺᠠᠰᠢᠮᠢ᠂ ᠹᠷᠠᠨᠼᠢ ᠶᠢᠨ ᠶᠡᠷᠦᠩᠬᠡᠶᠢᠯᠡᠭᠴᠢ ᠶᠢᠨ | ᠲᠤᠰᠬᠠᠢ ᠲᠥᠯᠥᠭᠡᠯᠡᠭᠴᠢ᠂ᠤᠤᠯ ᠤᠨ ᠶᠡᠷᠦᠩᠬᠡᠢ ᠰᠠᠶᠢᠳ ᠯᠠᠹᠠᠯᠠᠨ᠂ᠭᠷᠧᠭ ᠤᠨ ᠶᠡᠷᠦᠩᠬᠡᠢ ᠰᠠᠶᠢᠳ ᠤᠨ ᠳᠡᠭᠡᠳᠦ ᠵᠡᠷᠭᠡ ᠶᠢᠨ | ᠲᠥᠯᠥᠭᠡᠯᠡᠭᠴᠢ᠂ᠬᠥᠭᠵᠢᠭᠦᠯᠦᠯᠲᠡ ᠶᠢᠨ ᠶᠠᠮᠤᠨ ᠤ ᠰᠠᠶᠢᠳᠰᠺᠧᠯᠸᠢᠢᠺᠠᠰᠵᠡᠷᠭᠡ 20 ᠭᠠᠷᠤᠢ ᠤᠯᠤᠰ ᠤᠨ ᠤᠯᠤᠰ ᠤᠨ | ᠲᠡᠷᠢᠭᠦᠨ᠂ᠵᠠᠰᠠᠭ ᠤᠨ ᠣᠷᠳᠣᠨ ᠤ ᠲᠦᠷᠦᠭᠦᠴᠦᠳ᠂ᠳᠡᠭᠡᠳᠦ ᠲᠡᠰ ᠤᠨ ᠲᠥᠯᠥᠭᠡᠯᠡᠭᠴᠢ ᠵᠢᠴᠢ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠧᠶᠢᠰ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ | ᠪᠠᠩᠬᠢ ᠶᠢᠨ ᠳᠠᠷᠤᠭ᠎ᠠ ᠯᠦᠸᠧᠰᠠᠶᠢᠹ ᠵᠡᠷᠭᠡ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ | ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃ | ᠫᠦᠲ᠋ᠢᠨ᠂ᠲᠦᠸᠧᠺᠠᠶᠧᠹ᠂ᠽᠦᠥᠸ᠋ᠺᠧ᠂ᠹᠧᠷᠨᠠᠨᠳᠧᠰ᠂ᠠᠪᠢ᠂ᠭᠦᠲ᠋ᠧᠯᠧᠶᠢᠰ ᠪᠠᠰᠠ ᠡᠭᠢᠯᠡᠯᠲᠡ ᠶᠢᠨ ᠶᠣᠰᠣᠯᠠᠯ ᠳᠡᠭᠡᠷ᠎ᠡ | ᠪᠠᠶᠠᠷ ᠤᠨ ᠦᠭᠡ ᠬᠡᠯᠡᠪᠡ᠃ | ᠳ᠋ᠢᠩ ᠰᠢᠤᠸᠠᠢ ᠰᠢᠶᠠᠩ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ | ᠼᠠᠢ ᠴᠢ᠂ᠸᠠᠩ ᠢ᠂ᠶᠢᠨ ᠯᠢ᠂ᠾᠧ ᠯᠢ ᠹᠧᠩ᠂ᠸᠠᠩ ᠰᠢᠶᠣᠣ ᠬᠤᠩ ᠨᠠᠷ ᠣᠷᠣᠯᠴᠠᠵᠠᠢ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | | | |