ᠬᠤᠸᠠᠳᠧ ᠵᠠᠰᠠᠭ ᠦᠰᠦᠭ〔2023〕 179 ᠳ᠋ᠦ᠋ᠭᠡᠷ ᠲᠣᠭᠠᠲᠤ | ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠸᠠᠳᠧ ᠰᠢᠶᠠᠨ ᠤ ᠴᠠᠬᠢᠯᠭᠠᠨ ᠬᠠᠩᠭᠠᠬᠤ ᠬᠤᠪᠢᠶᠠᠷᠢ | ᠺᠣᠮᠫᠠᠨᠢ ᠳᠤ ᠄ | ᠮᠠᠨ ᠤ ᠰᠢᠶᠠᠨ ᠤ ᠨᠡᠭᠦᠷᠡᠰᠦ ᠰᠢᠲᠠᠭᠠᠬᠤ ᠶᠢ ᠴᠠᠬᠢᠯᠭᠠᠨ ᠬᠡᠷᠡᠭᠯᠡᠬᠦ ᠪᠣᠯᠭᠠᠨ ᠥᠭᠡᠷᠡᠴᠢᠯᠡᠬᠦ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠵᠦᠢ ᠵᠣᠬᠢᠰᠲᠠᠢ ᠪᠥᠭᠡᠳ ᠡᠮᠬᠢ ᠵᠢᠷᠤᠮ ᠲᠠᠢ ᠲᠦᠯᠬᠢᠨ ᠠᠬᠢᠭᠤᠯᠵᠤ ᠂ | ᠮᠠᠨ ᠤ ᠰᠢᠶᠠᠨ ᠤ ᠨᠡᠭᠦᠷᠡᠰᠦ ᠰᠢᠲᠠᠭᠠᠬᠤ ᠶᠢ ᠴᠠᠬᠢᠯᠭᠠᠨ ᠬᠡᠷᠡᠭᠯᠡᠬᠦ ᠪᠣᠯᠭᠠᠨ ᠥᠭᠡᠷᠡᠴᠢᠯᠡᠬᠦ ᠠᠵᠢᠯ ᠤᠨ ᠡᠭᠦᠷᠭᠡ ᠶᠢ | ᠴᠢᠷᠮᠠᠶᠢᠨ ᠪᠡᠶᠡᠯᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠠᠵᠢᠯ ᠤᠨ ᠱᠠᠭᠠᠷᠳᠠᠯᠭ᠎ᠠ ᠶᠢ ᠳᠤᠷᠠᠳᠤᠶ᠎ᠠ ᠄ | 1.ᠮᠠᠨ ᠤ ᠰᠢᠶᠠᠨ ᠤ ᠴᠠᠬᠢᠯᠭᠠᠨ ᠤ ᠲᠣᠣᠷ ᠤᠨ ᠣᠳᠣᠬᠢ ᠪᠠᠶᠢᠳᠠᠯ ᠢ ᠦᠨᠳᠦᠰᠦᠯᠡᠨ᠂ ᠲᠤᠰ ᠵᠢᠯ ᠳᠤ ᠨᠡᠶᠢᠳᠡ | 44 ᠠᠶᠢᠯ ᠲᠣᠰᠬᠤᠨ ᠳᠤ ᠨᠡᠭᠦᠷᠡᠰᠦ ᠰᠢᠲᠠᠭᠠᠬᠤ ᠶᠢ ᠴᠠᠬᠢᠯᠭᠠᠨ ᠬᠡᠷᠡᠭᠯᠡᠬᠦ ᠪᠣᠯᠭᠠᠨ ᠥᠭᠡᠷᠡᠴᠢᠯᠡᠬᠦ ᠴᠠᠬᠢᠯᠭᠠᠨ | ᠬᠠᠩᠭᠠᠯᠭ᠎ᠠ ᠶᠢᠨ ᠪᠠᠲᠤᠯᠠᠭ᠎ᠠ ᠶᠢ ᠬᠡᠷᠡᠭᠵᠢᠭᠦᠯᠦᠨ᠎ᠡ ᠂ ᠡᠯ᠎ᠡ ᠨᠢᠭᠡᠴᠡ ᠨᠦᠭᠦᠳ ᠨᠢᠭᠲᠠ ᠬᠠᠮᠵᠢᠯᠴᠠᠵᠤ ᠂ | ᠴᠠᠬᠢᠯᠭᠠᠨ ᠢᠶᠠᠷ ᠳᠤᠯᠠᠭᠠᠯᠠᠬᠤ ᠲᠥᠬᠦᠭᠡᠷᠦᠮᠵᠢ ᠶᠢ ᠤᠭᠰᠠᠷᠠᠬᠤ ᠲᠥᠯᠥᠪᠯᠡᠭᠡ ᠶᠢ ᠴᠠᠬᠢᠯᠭᠠᠨ ᠤ ᠲᠣᠣᠷ ᠤᠨ | ᠬᠠᠵᠠᠭᠤ ᠶᠢᠨ ᠥᠭᠡᠷᠡᠴᠢᠯᠡᠯᠲᠡ ᠶᠢᠨ ᠲᠥᠯᠥᠪᠯᠡᠭᠡ ᠲᠠᠢ ᠬᠠᠮᠵᠢᠯᠴᠠᠭᠤᠯᠤᠨ ᠵᠣᠬᠢᠴᠠᠭᠤᠯᠬᠤ ᠬᠡᠷᠡᠭᠲᠡᠢ ᠃ | 2. ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠴᠠᠬᠢᠯᠭᠠᠨ ᠬᠠᠩᠭᠠᠬᠤ | ᠺᠣᠮᠫᠠᠨᠢ ᠲᠠᠢ ᠨᠢᠭᠲᠠ ᠬᠠᠮᠵᠢᠯᠴᠠᠨ ᠴᠠᠬᠢᠯᠭᠠᠨ ᠬᠦᠴᠦᠨ ᠤ ᠢᠵᠢ ᠪᠦᠷᠢᠳᠦᠭᠦᠯᠬᠦ ᠪᠠᠷᠢᠯᠭ᠎ᠠ ᠶᠢᠨ ᠠᠵᠢᠯ ᠢ ᠬᠢᠵᠦ ᠂ | ᠪᠠᠷᠢᠯᠭ᠎ᠠ ᠶᠢᠨ ᠰᠠᠭᠠᠳ ᠲᠤ ᠤᠴᠠᠷᠠᠭᠰᠠᠨ ᠠᠰᠠᠭᠤᠳᠠᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ | ᠰᠢᠢᠳᠪᠦᠷᠢᠯᠡᠵᠦ ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠃ | 3. ᠣᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠢᠶᠠᠷ ᠡᠪᠦᠯᠵᠢᠬᠦ ᠶᠢᠨ ᠬᠤᠷᠢᠭ᠎ᠠ ᠱᠤᠭᠤᠮ ᠢ | ᠪᠠᠲᠤ ᠰᠠᠬᠢᠵᠤ᠂ ᠰᠢᠨ᠎ᠡ ᠬᠠᠭᠤᠴᠢᠨ ᠳᠤᠯᠠᠭᠠᠯᠭ᠎ᠠ ᠶᠢᠨ ᠠᠷᠭ᠎ᠠ ᠮᠠᠶ᠋ᠢᠭ ᠢ ᠵᠠᠪᠰᠠᠷ ᠦᠭᠡᠢ ᠵᠣᠯᠭᠠᠭᠤᠯᠬᠤ ᠶᠢ | ᠪᠡᠶᠡᠯᠡᠭᠦᠯᠬᠦ ᠶᠢᠨ ᠲᠤᠰᠠᠳᠠ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ︾ ᠵᠠᠷᠴᠢᠮ ᠢ ᠴᠢᠩᠭ᠎ᠠ | ᠬᠡᠷᠡᠭᠵᠢᠭᠦᠯᠵᠦ᠂ ᠰᠢᠨ᠎ᠡ ᠳᠤᠯᠠᠭᠠᠯᠭ᠎ᠠ ᠶᠢᠨ ᠲᠥᠬᠦᠭᠡᠷᠦᠮᠵᠢ ᠶᠢ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠭᠤᠯᠬᠤ | ᠠᠴᠠ ᠡᠮᠦᠨ᠎ᠡ᠂ ᠤᠤᠯ ᠤᠨ ᠳᠤᠯᠠᠭᠠᠯᠭ᠎ᠠ ᠶᠢᠨ ᠪᠡᠯᠡᠳᠬᠡᠮᠵᠢ ᠶᠢ ᠨᠤᠷᠠᠭᠠᠵᠤ ᠪᠣᠯᠬᠤ ᠦᠭᠡᠢ᠃ | 2023 ᠣᠨ ᠤ 10 ᠰᠠᠷ᠎ᠠ ᠶᠢᠨ 13 ᠤ ᠡᠳᠦᠷ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |