ᠮᠠᠨ ᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠵᠢᠩᠬᠢᠨᠢ ᠪᠠᠷ ᠡᠷᠦᠬᠡ ᠪᠠᠨ ᠰᠡᠬᠦᠪᠡ
ᠨᠡᠶᠢᠲᠡᠯᠡᠭᠰᠡᠨ ᠴᠠᠭ᠄
2023/10/27
    ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠶᠢᠨ ᠲᠦᠯᠦᠭᠡ ᠶᠤᠮ᠃

0.jpg

    10 ᠰᠠᠷ᠎ᠠ ᠶᠢᠨ 26  ᠤ ᠡᠳᠦᠷ ᠂ ᠮᠠᠨ ᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠲᠢᠩᠬᠢᠮ

ᠵᠢᠩᠬᠢᠨᠢ ᠪᠠᠷ ᠡᠷᠦᠬᠡ ᠪᠠᠨ ᠰᠡᠬᠦᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠂ ᠰᠢᠶᠠᠨ ᠤ

ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠧᠦ ᠵᠢᠢ ᠱᠧᠩ ᠂ ᠰᠢᠶᠠᠨ ᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠼᠠᠢ ᠰᠢᠶᠠ ᠵᠢᠴᠢ ᠰᠢᠶᠠᠨ ᠤ

ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ

ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠣᠷᠳᠣᠨ ᠨᠡᠭᠡᠭᠡᠬᠦ ᠠᠵᠢᠯᠯᠠᠭ᠎ᠠ ᠳᠤ ᠣᠷᠣᠯᠴᠠᠪᠠ ᠃

00.jpg

     ᠮᠠᠨ ᠤ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ

ᠪᠠᠬᠢᠵᠢᠭᠦᠯᠬᠦ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠲᠢᠩᠬᠢᠮ  ᠨᠢ ᠰᠢᠶᠠᠨ ᠤ ᠵᠠᠯᠠᠭᠤᠴᠤᠳ

ᠪᠠᠭᠠᠴᠤᠳ ᠤᠨ ᠬᠥᠳᠡᠯᠭᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠲᠤ ᠪᠠᠶᠢᠷᠢᠯᠠᠵᠤ᠂ ᠦᠵᠡᠭᠦᠯᠦᠯᠭᠡ ᠶᠢᠨ 

ᠲᠢᠩᠭᠢᠮ ᠤᠨ ᠲᠠᠯᠠᠪᠡᠢ ᠨᠢ 60 ᠲᠡᠭᠰᠢ ᠳᠦᠷᠪᠡᠯᠵᠢᠨ ᠮᠧᠲᠷ ᠪᠠᠶᠢᠵᠤ᠂ ᠦᠵᠡᠭᠦᠯᠦᠯᠭᠡ ᠶᠢᠨ ᠲᠢᠩᠬᠢᠮ ᠨᠢ

ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ

ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ

ᠵᠢᠭᠠᠪᠤᠷᠢ ᠶᠢᠨ ᠵᠣᠷᠢᠭ ᠰᠠᠨᠠᠭ᠎ᠠ ᠪᠠᠷ ᠭᠤᠣᠯ ᠰᠡᠳᠦᠪ ᠪᠣᠯᠭᠠᠵᠤ᠂ ︽ᠰᠢᠭᠤᠳ ᠦᠵᠡᠭᠦᠯᠬᠦ᠂ ᠰᠤᠷᠭᠠᠨ

ᠬᠥᠮᠥᠵᠢᠭᠦᠯᠬᠦ᠂ ᠪᠡᠶᠡᠴᠢᠯᠡᠨ ᠣᠶᠢᠯᠠᠭᠠᠬᠤ︾ ᠭᠤᠷᠪᠠᠨ ᠶᠡᠭᠡ ᠴᠢᠳᠠᠮᠵᠢ ᠶᠢ ᠭᠤᠣᠯᠳᠠᠯᠭ᠎ᠠ ᠲᠠᠢ ᠳᠣᠪᠤᠶᠢᠯᠭᠠᠵᠤ᠂

ᠥᠰᠥᠭ ᠪᠢᠴᠢᠭ᠂ ᠬᠡᠷᠡᠯ ᠵᠢᠷᠤᠭ᠂ VR᠂ ᠸᠢᠳᠢᠤ᠋᠂ ᠪᠣᠳᠠᠲᠤ ᠪᠣᠳᠠᠰ ᠵᠡᠷᠭᠡ ᠣᠯᠠᠨ ᠵᠦᠢᠯ ᠤᠨ ᠠᠷᠭ᠎ᠠ

ᠬᠡᠯᠪᠡᠷᠢ ᠪᠠᠷ ᠳᠡᠯᠭᠡᠨ ᠦᠵᠡᠭᠦᠯᠵᠦ᠂ ᠬᠤᠸᠠᠳᠧ ᠰᠢᠶᠠᠨ ᠤ ᠦᠨᠳᠦᠰᠦᠲᠡᠨ ᠨᠦᠭᠦᠳ ᠤᠨ ᠬᠤᠭᠤᠷᠣᠨᠳᠣᠬᠢ

ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠂ ᠬᠠᠮᠲᠤ ᠪᠠᠷ ᠪᠦᠯᠬᠦᠮᠳᠡᠨ ᠳᠠᠪᠰᠢᠬᠤ᠂ ᠬᠠᠮᠲᠤ ᠪᠠᠷ ᠴᠡᠴᠡᠭᠯᠡᠨ

ᠬᠥᠭᠵᠢᠬᠦ ᠰᠢᠨ᠎ᠡ ᠴᠠᠭ ᠦᠶ᠎ᠡ ᠶᠢᠨ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠦᠨ᠎ᠡ᠃

000.jpg

     ᠴᠠᠩ ᠳ᠋ᠠ ᠸᠧᠢ ᠵᠢᠭᠠᠵᠤ ᠭᠠᠷᠭᠠᠬᠤ ᠳᠠᠭᠠᠨ᠂ ᠬᠤᠸᠠᠳᠧ ᠰᠢᠶᠠᠨ ᠳᠤᠮᠳᠠᠳᠤ ᠶᠢᠨ ᠦᠨᠳᠦᠰᠦᠲᠡᠨ ᠤ

ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ

ᠲᠢᠩᠬᠢᠮ ᠢ ᠪᠠᠶᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ

ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ  ᠶᠢ ᠪᠦᠬᠦ ᠲᠠᠯ᠎ᠠ  ᠪᠠᠷ ᠲᠤᠤᠱᠯᠠᠭᠤᠯᠵᠤ᠂ ᠬᠤᠸᠠᠳᠧ ᠰᠢᠶᠠᠨ ᠤ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠠᠮᠢᠳᠤᠯᠢᠭ

ᠦᠢᠯᠡᠳᠦᠯᠭᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ ᠂ ᠨᠠᠮ ᠤᠨ ᠭᠡᠰᠢᠭᠦᠨ ᠺᠠᠳ᠋ᠷᠴᠤᠳ ᠲᠤ ᠨᠢᠭᠡᠨ ᠡᠷᠬᠢᠮ

ᠨᠠᠨᠳᠢᠨ ᠤᠶᠤᠨ ᠰᠠᠨᠠᠭᠠᠨ ᠤ ᠭᠡᠷ ᠣᠷᠣᠨ ᠢ ᠬᠠᠩᠭᠠᠵᠤ ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠪᠠ ᠥᠷᠭᠡᠨ

ᠤᠯᠠᠨ ᠵᠠᠯᠠᠭᠤᠴᠤᠳ ᠪᠠᠭᠠᠴᠤᠳ ᠤᠨ ᠨᠠᠮ ᠤᠨ ᠦᠨᠳᠦᠰᠦᠲᠡᠨ ᠤ ᠤᠨᠤᠯ ᠢ ᠪᠦᠬᠦ ᠲᠠᠯ᠎ᠠ ᠪᠠᠷ ᠂ ᠵᠥᠪ ᠣᠨᠣᠪᠴᠢᠲᠠᠢ

ᠰᠤᠷᠤᠯᠴᠠᠬᠤ ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠪᠠ ᠰᠢᠨ᠎ᠡ

ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ

ᠬᠤᠯᠪᠣᠭᠳᠠᠯ ᠲᠠᠢ ᠶᠤᠮ ᠃

    ᠴᠠᠩ ᠳ᠋ᠠ ᠸᠧᠢ ᠴᠢᠬᠤᠯᠠᠴᠢᠯᠠᠭᠰᠠᠨ ᠨᠢ᠂ ᠬᠤᠸᠠᠳᠧ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠲᠢᠩᠬᠢᠮ  ᠨᠢ ᠮᠠᠨ ᠤ

ᠰᠢᠶᠠᠨ ᠤ ᠨᠢᠭᠡᠨᠲᠡ ᠪᠠᠶᠢᠭᠤᠯᠤᠭᠰᠠᠨ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ

ᠤᠨᠤᠯ ᠤᠨ ᠰᠤᠳᠤᠯᠭᠠᠨ ᠤ ᠲᠥᠪ︾ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ

ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠪᠠᠲᠤ ᠴᠣᠭᠴᠠᠯᠠᠬᠤ︾ ᠵᠡᠷᠭᠡ ᠡᠬᠢ ᠪᠠᠶᠠᠯᠢᠭ ᠤᠨ ᠳᠠᠪᠠᠭᠤᠯᠢᠭ

ᠪᠣᠯᠣᠨ ᠲᠦᠷᠦᠯ ᠲᠡᠮᠳᠡᠭ ᠤᠨ ᠦᠢᠯᠡᠳᠦᠯ ᠲᠠᠢ ᠤᠶᠠᠯᠳᠤᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠤᠨ ᠦᠵᠡᠯ ᠰᠠᠨᠠᠭᠠᠨ ᠤ ᠵᠢᠭᠰᠠᠭᠠᠯ ᠤᠨ ᠭᠠᠵᠠᠷ ᠢ ᠦᠷᠭᠦᠯᠵᠢᠯᠡᠨ ᠪᠠᠲᠤᠳᠬᠠᠬᠤ ᠬᠡᠷᠡᠭᠲᠡᠢ ᠃

 ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠲᠡᠦᠬᠡ ᠶᠢᠨ ᠤᠬᠢ ᠰᠣᠳᠣ ᠶᠢ ᠭᠦᠢᠴᠡᠳ

ᠠᠭᠤᠳᠠᠯᠵᠤ ᠂ ᠬᠤᠸᠠᠳᠧ ᠶᠢᠨ ᠦᠯᠢᠭᠡᠷ ᠢ ᠪᠦᠬᠦ ᠲᠠᠯ᠎ᠠ ᠪᠠᠷ ᠂ ᠤᠯᠠᠨ ᠲᠠᠯ᠎ᠠ ᠠᠴᠠ ᠰᠠᠶᠢᠲᠤᠷ ᠶᠠᠷᠢᠬᠤ ᠬᠡᠷᠡᠭᠲᠡᠢ ᠃ 

ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ

ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ︽ᠤᠶᠤᠨ ᠰᠠᠨᠠᠭᠠᠨ ᠤ ᠭᠡᠷ ᠣᠷᠣᠨ︾ ᠪᠣᠯᠭᠠᠵᠤ ᠂

ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠬ᠎ᠠ ᠳᠡᠭᠦᠦ ᠬᠠᠷᠢᠯᠴᠠᠨ ᠳᠣᠲᠣᠨᠣᠴᠢᠯᠠᠬᠤ ᠂ ᠰᠠᠬᠢᠨ ᠪᠠᠷᠠᠯᠠᠵᠤ

ᠬᠠᠷᠢᠯᠴᠠᠨ ᠬᠠᠪᠰᠤᠷᠤᠯᠴᠠᠬᠤ ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠂ ᠤᠶᠤᠨ ᠰᠠᠨᠠᠭ᠎ᠠ ᠶᠢ ᠲᠦᠰᠢᠭᠯᠡᠬᠦ ᠶᠢ

ᠠᠬᠢᠭᠤᠯᠵᠤ ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠭᠦᠯᠦᠨ ᠳᠡᠯᠭᠡᠷᠡᠭᠦᠯᠬᠦ ᠬᠡᠷᠡᠭᠲᠡᠢ ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2