| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ | ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ | ᠤᠳᠤᠷᠢᠳᠬᠤ ᠺᠠᠳ᠋ᠷᠴᠤᠳ ᠤᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠴᠢᠳᠠᠪᠤᠷᠢ ᠪᠣᠯᠣᠨ ᠠᠶᠤᠯᠭᠦᠢ | ᠪᠠᠶᠢᠳᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ | ᠲᠥᠯᠥᠭᠡ ᠂10 ᠰᠠᠷ᠎ᠠ ᠶᠢᠨ 27 ᠤ ᠡᠳᠦᠷ ᠂ ᠮᠠᠨ ᠤ ᠰᠢᠶᠠᠨ 2023 ᠣᠨ ᠤ ᠠᠶᠤᠯᠭᠦᠢ ᠦᠢᠯᠡᠳᠪᠦᠷᠢᠯᠡᠯ ᠤᠨ | ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠪᠡ ᠃ ᠡᠯ᠎ᠡ ᠰᠢᠶᠠᠩ ᠪᠠᠯᠭᠠᠰᠤ ᠂ ᠡᠯ᠎ᠡ ᠨᠢᠭᠡᠴᠡ ᠶᠢᠨ | ᠬᠤᠪᠢᠳᠠᠨ ᠬᠠᠮᠢᠶᠠᠷᠴᠤ ᠪᠦᠬᠦᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠵᠠᠢ ᠃ | | ᠪᠣᠯᠪᠠᠰᠤᠷᠠᠯ ᠤᠨ ᠠᠩᠭᠢ ᠶᠢᠨ ᠬᠢᠨ ᠤᠯᠠᠭᠠᠨᠴᠠᠪ ᠬᠤᠳᠠ ᠶᠢᠨ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠴᠠᠭᠠᠵᠠ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠬᠤᠳᠠ ᠶᠢᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠬᠠᠭᠤᠯᠭ᠎ᠠ ᠬᠥᠮᠦᠵᠢᠯ ᠪᠣᠯᠪᠠᠰᠤᠷᠠᠯ ᠤᠨ ᠰᠠᠯᠠᠭᠠᠨ ᠤ | ᠳᠠᠷᠤᠭ᠎ᠠ ᠵᠧᠩ ᠵᠢᠶᠦ᠋ᠨ ᠢ ᠤᠷᠢᠵᠤ ᠂ ᠶᠡᠷᠦᠩᠬᠡᠢ ᠱᠦᠵᠢ ᠰᠢ ᠶᠢᠨ ᠫᠢᠩ ᠤ ᠠᠶᠤᠯᠭᠦᠢ ᠦᠢᠯᠡᠳᠪᠦᠷᠢᠯᠡᠯ ᠤᠨ | ᠲᠤᠬᠠᠢ ᠴᠢᠬᠤᠯᠠ ᠥᠭᠦᠯᠡᠯᠲᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠠᠶᠤᠯᠭᠦᠢ | ᠦᠢᠯᠡᠳᠪᠦᠷᠢᠯᠡᠯ ᠤᠨ ᠵᠢᠭᠠᠪᠤᠷᠢ ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | 15 ᠵᠤᠷᠪᠤᠰ ᠬᠠᠲᠠᠭᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢᠨ ᠲᠤᠬᠠᠢ ᠨᠠᠷᠢᠨ ᠲᠠᠶᠢᠯᠪᠤᠷᠢᠯᠠᠵᠠᠢ ᠃ | ᠬᠤᠷᠠᠯ ᠡᠴᠠᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠶᠡᠷᠦᠩᠬᠡᠢ | ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠵᠤ ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠣᠨ | ᠡᠭᠦᠷᠭᠡᠲᠦ ᠰᠡᠳᠬᠢᠯᠭᠡ ᠪᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠃ ᠦᠵᠡᠯ ᠰᠠᠨᠠᠭ᠎ᠠ ᠲᠠᠨᠢᠯᠲᠠ ᠪᠠᠨ | ᠴᠢᠩᠭᠠᠳᠬᠠᠵᠤ ᠂ ᠬᠤᠷᠢᠭ᠎ᠠ ᠱᠤᠭᠤᠮ ᠤᠨ ᠰᠡᠳᠬᠢᠬᠦᠢ ᠶᠢ ᠭᠤᠶᠢᠪᠢᠰᠢ ᠦᠭᠡᠢ ᠴᠢᠩᠭᠠᠳᠬᠠᠵᠤ ᠂ ᠠᠮᠤᠷ ᠲᠦᠪᠰᠢᠨ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ ᠃ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠶᠢ ᠴᠢᠩᠭᠠᠳᠬᠠᠵᠤ ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠪᠠᠶᠢᠭᠤᠯᠵᠤ ᠂ ᠠᠷᠠᠳ ᠤᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | | |