ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠮᠲᠤᠷᠠᠨ ᠪᠠᠭᠠᠴᠤᠳ ᠤᠨ ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ ᠢ ᠵᠢᠷᠤᠮᠵᠢᠭᠤᠯᠤᠨ ᠵᠢᠭᠰᠠᠭᠠᠨ ᠪᠠᠶᠢᠴᠠᠭᠠᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2023/10/27
    ᠰᠢ ᠶᠢᠨ ᠫᠢᠩ ᠶᠡᠷᠦᠩᠬᠡᠢ ᠱᠦᠵᠢ ᠶᠢᠨ ᠪᠠᠭᠠᠴᠤᠳ ᠬᠡᠦᠬᠡᠳ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ ᠤᠨ ᠵᠢᠷᠤᠮᠵᠢᠯ ᠪᠠ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ ᠂ ᠢᠯᠡᠳᠬᠡᠮᠵᠢ ᠲᠡᠮᠳᠡᠭ ᠤᠨ ᠵᠢᠷᠤᠮᠵᠢᠯᠳᠤ ᠴᠢᠨᠠᠷ ᠂ ᠨᠢᠭᠡᠳᠦᠯᠲᠦ ᠴᠢᠨᠠᠷ ᠂ ᠲᠥᠪ ᠴᠢᠩᠭ᠎ᠠ ᠴᠢᠨᠠᠷ ᠢ  ᠬᠠᠮᠠᠭᠠᠯᠠᠵᠤ᠂ ᠶᠡᠷᠦᠩᠬᠡᠢ ᠱᠦᠵᠢ ᠶᠢᠨ ᠪᠠᠭᠠᠴᠤᠳ ᠬᠡᠦᠬᠡᠳ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠣᠶᠢᠷ᠎ᠠ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠮᠲᠤᠷᠠᠨ ᠪᠠᠭᠠᠴᠤᠳ ᠤᠨ ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ ᠢ ᠵᠢᠷᠤᠮᠵᠢᠭᠤᠯᠤᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠤᠷᠭᠠᠭᠤᠯᠢ ᠶᠢᠨ ᠡᠷᠬᠢᠨ ᠲᠣᠭᠤᠷᠢᠨ ᠤ ᠲᠣᠭᠲᠠᠭᠠᠯ ᠠᠴᠠ ᠵᠥᠷᠢᠴᠡᠨ ᠪᠣᠷᠣᠯᠠᠭᠤᠯᠤᠭᠰᠠᠨ ᠪᠠᠷᠢᠮᠵᠢᠶ᠎ᠠ ᠦᠭᠡᠢ ᠤᠯᠠᠭᠠᠨ ᠪᠦᠴᠡ᠂ ᠠᠩᠭᠢ ᠶᠢᠨ ᠲᠤᠭ᠂ ᠠᠩᠭᠢ ᠶᠢᠨ ᠰᠦᠯᠳᠡ᠂ ᠢᠯᠡᠳᠬᠡᠮᠵᠢ ᠲᠡᠮᠳᠡᠭ ᠵᠡᠷᠭᠡ ᠦᠵᠡᠭᠳᠡᠯ ᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠪᠠ᠃

0.jpg

    ᠵᠢᠭᠰᠠᠭᠠᠨ ᠪᠠᠶᠢᠴᠠᠭᠠᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠡᠷᠬᠢᠨ ᠲᠣᠭᠤᠷᠢᠨ ᠤ ᠬᠤᠳᠠᠯᠳᠤᠭᠠᠨ ᠤ

ᠡᠷᠦᠬᠡ ᠪᠠᠷ ᠬᠦᠷᠴᠦ᠂ ᠲᠣᠭᠲᠠᠭᠠᠯ ᠢ ᠵᠥᠷᠢᠴᠡᠨ ᠪᠠᠭᠠᠴᠤᠳ ᠤᠨ ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ ᠢ

ᠪᠣᠷᠣᠯᠠᠭᠤᠯᠤᠭᠰᠠᠨ ᠦᠶᠯᠡ ᠠᠵᠢᠯᠯᠠᠭ᠎ᠠ ᠳᠤ ᠪᠠᠶᠢᠴᠠᠭᠠᠯᠲᠠ ᠬᠢᠪᠡ᠃ ᠲᠣᠭᠲᠠᠭᠠᠯ ᠳᠤ ᠨᠡᠶᠢᠴᠡᠬᠦ ᠦᠭᠡᠢ ᠦᠵᠡᠭᠳᠡᠯ

ᠣᠷᠣᠰᠢᠵᠤ ᠪᠠᠶᠢᠭ᠎ᠠ ᠬᠡᠰᠡᠭ ᠬᠤᠳᠠᠯᠳᠤᠭᠠᠨ ᠤ ᠡᠷᠦᠬᠡ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠴᠡᠭᠴᠡᠯᠡᠨ

ᠰᠠᠶᠢᠵᠢᠷᠠᠭᠤᠯᠬᠤ ᠰᠠᠨᠠᠯ ᠳᠤᠷᠠᠳᠪᠠ᠃ ᠡᠭᠦᠨ ᠤ ᠵᠡᠷᠭᠡ ᠳᠤ ᠪᠠᠰᠠ ᠬᠤᠳᠠᠯᠳᠤᠭᠠᠨ ᠤ ᠡᠷᠦᠬᠡ ᠳᠤ ᠪᠠᠭᠠᠴᠤᠳ ᠤᠨ

ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ  ᠢ ᠵᠢᠷᠤᠮᠵᠢᠭᠤᠯᠬᠤ ᠮᠡᠳᠡᠯᠭᠡ ᠶᠢ ᠲᠦᠭᠡᠮᠡᠯᠵᠢᠭᠦᠯᠵᠦ᠂ ᠤᠯᠠᠭᠠᠨ

ᠪᠦᠴᠡᠲᠡᠨ ᠤ ᠬᠡᠮ ᠬᠡᠮᠵᠢᠶ᠎ᠡ ᠶᠢᠨ ᠬᠡᠪ ᠪᠠᠷᠢᠮᠵᠢᠶ᠎ᠠ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠲᠠᠨᠢᠯᠴᠠᠭᠤᠯᠵᠤ᠂

ᠬᠤᠳᠠᠯᠳᠤᠭᠠᠴᠢᠳ ᠢ ᠵᠢᠯᠣᠭᠤᠳᠤᠨ ᠪᠠᠭᠠᠴᠤᠳ ᠤᠨ ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ ᠤᠨ ᠭᠦᠨ

ᠠᠭᠤᠯᠭ᠎ᠠ ᠶᠢ ᠭᠦᠢᠴᠡᠳ ᠲᠠᠨᠢᠭᠤᠯᠵᠤ᠂ ᠬᠤᠯᠪᠣᠭᠳᠠᠯ ᠪᠦᠬᠦᠢ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠦᠭᠡᠢ

ᠦᠢᠯᠡᠳᠬᠦᠨ ᠢ ᠪᠣᠷᠣᠯᠠᠭᠤᠯᠬᠤ ᠶᠢ ᠲᠠᠰᠤ ᠵᠣᠭᠰᠣᠭᠠᠵᠠᠢ᠃

    ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠪᠣᠯ ᠳᠤᠮᠳᠠᠳᠤ ᠤᠯᠤᠰ ᠤᠨ ᠡᠪ ᠬᠠᠮᠲᠤ

ᠨᠠᠮ ᠤᠨ ᠤᠳᠤᠷᠢᠳᠤᠭᠰᠠᠨ ᠪᠠᠭᠠᠴᠤᠳ ᠬᠡᠦᠬᠡᠳ ᠤᠨ ᠤᠯᠡᠠ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ

ᠮᠥᠨ᠂ ᠤᠯᠠᠭᠠᠨ ᠪᠦᠴᠡ ᠪᠠ ᠪᠠᠭᠠᠴᠤᠳ ᠤᠨ ᠬᠤᠰᠢᠭᠤᠴᠢ ᠠᠩᠭᠢ ᠶᠢᠨ ᠰᠦᠯᠳᠡ ᠵᠡᠷᠭᠡ ᠪᠠᠭᠠᠴᠤᠳ ᠤᠨ

ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ ᠪᠣᠯ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ

ᠢᠷᠠᠭᠤ ᠠᠯᠳᠠᠷᠲᠤ ᠪᠡᠯᠭᠡ ᠲᠡᠮᠳᠡᠭ ᠮᠥᠨ᠃ ᠪᠠᠭᠠᠴᠤᠳ ᠤᠨ ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ ᠤᠨ

ᠵᠢᠷᠤᠮᠵᠢᠯ ᠪᠠ ᠬᠠᠮᠠᠭᠠᠯᠠᠯᠲᠠ ᠶᠢ ᠴᠢᠩᠭᠠᠳᠬᠠᠬᠤ ᠨᠢ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ

ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ ᠪᠠ ᠴᠡᠪᠡᠷ ᠴᠢᠨᠠᠷ ᠢ ᠬᠠᠮᠠᠭᠠᠯᠠᠵᠤ ᠂ ᠪᠠᠭᠠᠴᠤᠳ ᠤᠨ ᠬᠤᠰᠢᠭᠤᠴᠢ

ᠠᠩᠭᠢ ᠶᠢᠨ ᠭᠡᠰᠢᠭᠦᠳ ᠤᠨ ᠢᠷᠠᠭᠤ ᠠᠯᠳᠠᠷᠲᠤ ᠰᠡᠳᠬᠢᠯᠭᠡ ᠶᠢ ᠨᠡᠮᠡᠭᠳᠡᠭᠦᠯᠵᠦ ᠂ ᠪᠠᠭᠠᠴᠤᠳ ᠬᠡᠦᠬᠡᠳ ᠤᠨ

ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

    ᠲᠠᠷᠠᠭᠠᠴᠢ ᠶᠢᠨ ᠠᠯᠬᠤᠮ ᠳᠤ᠂ ᠡᠪᠯᠡᠯ ᠤᠨ ᠰᠢᠶᠠᠨ ᠤ ᠨᠠᠮ ᠤᠨ ᠬᠤᠷᠢᠶ᠎ᠠ ᠲᠣᠰ ᠤᠳᠠᠭᠠᠨ ᠤ ᠲᠤᠰᠬᠠᠢ

ᠠᠵᠢᠯᠯᠠᠭ᠎ᠠ ᠶᠢᠨ ᠰᠠᠭᠤᠷᠢᠨ ᠳᠡᠭᠡᠷ᠎ᠡ᠂ ᠪᠠᠭᠠᠴᠤᠳ ᠤᠨ ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ ᠤᠨ

ᠬᠡᠷᠡᠭᠯᠡᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠡᠶᠢᠭᠡᠮ ᠤᠨ ᠡᠯ᠎ᠡ ᠡᠲᠡᠭᠡᠳ ᠢ ᠬᠥᠲᠥᠯᠥᠨ ᠵᠢᠯᠤᠭᠤᠳᠴᠤ

ᠪᠠᠶᠢᠭᠠᠳ ᠪᠠᠭᠠᠴᠤᠳ ᠤᠨ ᠬᠤᠰᠢᠭᠤᠴᠢ ᠠᠩᠭᠢ ᠶᠢᠨ ᠢᠯᠡᠳᠬᠡᠮᠵᠢ ᠲᠡᠮᠳᠡᠭ ᠤᠨ ᠪᠠᠭᠠᠴᠤᠳ ᠤᠨ ᠬᠤᠰᠢᠭᠤᠴᠢ

ᠠᠩᠭᠢ ᠶᠢᠨ ᠭᠡᠰᠢᠭᠦᠳ ᠲᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠪᠠᠭᠠᠴᠤᠳ ᠤᠨ

ᠬᠤᠰᠢᠭᠤᠴᠢ ᠠᠩᠭᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ

ᠠᠮᠢᠰᠬᠤᠯ ᠢ ᠪᠣᠶ ᠪᠣᠯᠭᠠᠨ᠎ᠠ᠃

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ  

 

 

 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2