| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 24 ᠤ ᠴᠠᠬᠢᠯᠭᠠᠨ ᠮᠡᠳᠡᠭᠡ ᠳᠤᠮᠳᠠᠳᠤ ᠶᠢᠨ ᠪᠦᠬᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ᠂ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ | ᠬᠠᠯᠠᠭᠤᠨ ᠪᠠᠶᠠᠷ ᠬᠦᠷᠭᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠪᠦᠬᠦ ᠺᠠᠳ᠋ᠷ ᠠᠵᠢᠯᠲᠠᠨ | ᠠᠵᠢᠯᠴᠢᠨ ᠪᠣᠯᠣᠨ ᠪᠦᠬᠦ ᠤᠯᠤᠰ ᠤᠨ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠲᠤ | ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠪᠣᠯ ᠨᠠᠮ ᠤᠨ | ᠨᠢᠭᠡᠳᠦᠮᠡᠯ ᠹᠷᠣᠨᠲ ᠤᠨ ᠠᠵᠢᠯ ᠪᠣᠯᠣᠨ ᠠᠵᠤ ᠠᠬᠤᠢ ᠶᠢᠨ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ 70 | ᠵᠢᠯ ᠤᠨ ᠲᠤᠷᠰᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠢᠮᠠᠭᠲᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ | ᠨᠠᠮ ᠪᠣᠯᠣᠨ ᠤᠯᠤᠰ ᠤᠨ ᠭᠤᠣᠯ ᠠᠵᠢᠯ ᠳᠤ ᠦᠢᠯᠡᠴᠢᠯᠡᠬᠦ ᠶᠢᠨ ᠲᠣᠭᠤᠷᠢᠨ ᠳᠤ ᠰᠢᠨ᠎ᠡ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ᠂ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠠᠭᠤᠤ | ᠶᠡᠭᠡ ᠦᠢᠯᠡᠳᠦᠯᠭᠡ ᠳᠤᠮᠳᠠ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠠᠮ ᠠᠴᠠ | ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠦᠵᠡᠯ ᠰᠠᠨᠠᠭ᠎ᠠ ᠤᠯᠤᠰ ᠲᠦᠷᠦ ᠶᠢᠨ | ᠵᠢᠯᠣᠭᠤᠳᠤᠮᠵᠢ ᠶᠢ ᠴᠢᠩᠭᠠᠳᠬᠠᠬᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ | ᠲᠠᠯ᠎ᠠ ᠪᠠᠷ ᠬᠦᠴᠦ ᠣᠷᠣᠭᠤᠯᠵᠤ᠂ ᠢᠲᠡᠭᠡᠯ ᠵᠣᠷᠢᠭ ᠢᠶᠠᠨ ᠬᠥᠪᠴᠢᠯᠡᠨ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ | ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠨᠠᠮ ᠤᠨ ᠲᠣᠭᠤᠷᠢᠨ ᠳᠤ ᠨᠡᠩ ᠨᠢᠭᠲᠠᠷᠠᠨ | ᠪᠦᠯᠬᠦᠮᠳᠡᠭᠦᠯᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠬᠦ ᠶᠢ ᠬᠦᠰᠡᠪᠡ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠮᠥᠰ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠨᠡᠨ ᠬᠦ ᠲᠤᠭᠤᠰᠢᠯᠠᠭᠤᠯᠵᠤ᠂ ᠠᠵᠤ ᠠᠬᠤᠶᠢᠯᠠᠯᠲᠠᠨ ᠤ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠢ | ᠰᠠᠬᠢᠵᠤ ᠡᠵᠡᠩᠨᠡᠬᠦ᠂ ᠦᠢᠯᠡᠰ ᠪᠣᠰᠬᠠᠵᠤ ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠬᠤ ᠬᠡᠪ ᠳᠠᠭᠤᠷᠢᠶᠠᠯ | ᠪᠣᠯᠬᠤ ᠪᠠᠷ ᠴᠢᠷᠮᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠬᠦ ᠶᠢ ᠬᠦᠰᠡᠪᠡ᠃ | ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ | ᠶᠡᠭᠡ ᠬᠤᠷᠠᠯ 24 ᠤ ᠡᠳᠦᠷ ᠪᠡᠭᠡᠵᠢᠩ ᠳᠤ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ | ᠬᠤ᠋ ᠨᠢᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ | ᠲᠤᠰᠬᠠᠶᠢᠯᠠᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠣᠶ ᠳᠤ | ᠪᠠᠶᠠᠷ ᠤᠨ ᠵᠠᠬᠢᠳᠠᠯ ᠢᠯᠡᠭᠡᠵᠦ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠵᠡᠭᠦᠯᠦᠭᠰᠡᠨ | ᠴᠢᠬᠤᠯᠠ ᠬᠤᠪᠢ ᠨᠡᠮᠡᠷᠢ ᠶᠢ ᠨᠤᠲᠠᠯᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠤᠨ ᠠᠴᠢ ᠬᠤᠯᠪᠣᠭᠳᠠᠯ | ᠂ ᠴᠢᠭᠯᠡᠯ᠂ ᠭᠤᠣᠯ ᠰᠡᠳᠦᠪ᠂ ᠡᠭᠦᠷᠭᠡ ᠶᠢ ᠲᠣᠳᠣᠷᠬᠠᠶᠢᠯᠠᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠮᠥᠰ ᠲᠤ ᠨᠠᠨᠳᠢᠨ ᠬᠦᠰᠡᠯ ᠨᠠᠶᠢᠳᠠᠯᠭ᠎ᠠ ᠪᠠ ᠲᠣᠳᠣᠷᠬᠠᠢ ᠱᠠᠭᠠᠷᠳᠠᠯᠭ᠎ᠠ ᠳᠤᠷᠠᠳᠴᠤ᠂ ᠰᠢᠨ᠎ᠡ ᠴᠠᠭ | ᠦᠶ᠎ᠡ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠰᠠᠶᠢᠲᠤᠷ ᠬᠢᠬᠦ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠠ ᠨᠠᠷᠢᠨ | ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ | ᠢᠯᠡᠳᠬᠡᠪᠡ᠃ | ᠸᠠᠩ ᠬᠤ᠋ ᠨᠢᠩ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯ ᠨᠠᠮ ᠤᠨ ᠤᠳᠤᠷᠢᠳᠤᠭᠰᠠᠨ ᠠᠷᠠᠳ ᠤᠨ ᠪᠦᠯᠬᠦᠮ | ᠪᠣᠯᠣᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ᠎ᠠ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠦᠢᠯᠡᠰ ᠪᠣᠯ ᠨᠠᠮ ᠪᠣᠯᠣᠨ ᠤᠯᠤᠰ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠰᠢᠨ᠎ᠡ | ᠠᠶᠠᠨ ᠳᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠣᠨ ᠤᠯᠤᠰ ᠤᠨ ᠭᠤᠣᠯ ᠡᠭᠦᠷᠭᠡ ᠶᠢ ᠪᠠᠲᠤ ᠡᠵᠡᠮᠳᠡᠵᠦ᠂ ᠢᠲᠡᠭᠡᠬᠦ᠂ | ᠪᠦᠯᠬᠦᠮᠳᠡᠬᠦ᠂ ᠦᠢᠯᠡᠴᠢᠯᠡᠬᠦ᠂ ᠬᠥᠲᠥᠯᠥᠨ ᠵᠢᠯᠤᠭᠤᠳᠬᠤ᠂ ᠰᠤᠷᠭᠠᠨ ᠬᠥᠮᠥᠵᠢᠭᠦᠯᠬᠦ ᠴᠢᠭᠯᠡᠯᠲᠡ ᠶᠢ ᠪᠠᠷᠢᠮᠲᠠᠯᠠᠵᠤ᠂ ︽ | ᠬᠤᠶᠠᠷ ᠡᠷᠡᠭᠦᠯ ᠮᠡᠨᠳᠤ︾ ᠶᠢ ᠠᠬᠢᠭᠤᠯᠬᠤ ᠠᠵᠢᠯ ᠲᠠᠢ ᠨᠢᠭᠲᠠ ᠤᠶᠠᠯᠳᠤᠭᠤᠯᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ | ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠬᠦᠴᠦᠨ ᠴᠢᠳᠠᠯ ᠢᠶᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ | ᠴᠢᠩᠭᠠᠳᠬᠠᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠬᠥᠲᠥᠯᠥᠨ ᠵᠢᠯᠤᠭᠤᠳᠴᠤ | ᠪᠠᠶᠢᠭᠠᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠤᠬᠠᠮᠰᠠᠷ ᠠᠴᠠ ᠪᠠᠨ | ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠣᠰᠬᠠᠵᠤ ᠰᠢᠨ᠎ᠡ ᠶᠢ | ᠡᠭᠦᠳᠬᠦ᠂ ᠨᠡᠶᠢᠭᠡᠮ ᠳᠤ ᠠᠴᠢ ᠬᠠᠷᠢᠭᠤᠯᠬᠤ ᠬᠡᠪ ᠳᠠᠭᠤᠷᠢᠶᠠᠯ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠣᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ | ᠭᠤᠣᠯ ᠠᠵᠢᠯ ᠢᠶᠠᠨ ᠪᠠᠲᠤ ᠰᠠᠬᠢᠵᠤ᠂ ᠠᠵᠤ ᠦᠢᠯᠡᠰ ᠢᠶᠠᠨ ᠬᠦᠴᠦᠷᠬᠡᠭᠵᠢᠭᠦᠯᠬᠦ ᠬᠡᠷᠡᠭᠲᠡᠢ᠃ ᠥᠷᠭᠡᠨ ᠤᠯᠠᠨ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠠᠷᠠᠳ ᠲᠦᠮᠡᠨ ᠳᠤ ᠨᠡᠩ ᠰᠠᠶᠢᠨ | ᠪᠤᠶᠠᠨ ᠦᠢᠯᠡᠳᠬᠦ ᠬᠡᠷᠡᠭᠲᠡᠢ᠃ ᠤᠯᠤᠰ ᠲᠦᠷᠦ ᠪᠠᠷ ᠬᠤᠯᠪᠣᠭ᠎ᠠ ᠪᠠᠶᠢᠭᠤᠯᠬᠤ᠂ ᠪᠦᠯᠬᠦᠮᠳᠡᠨ ᠬᠤᠯᠪᠣᠭ᠎ᠠ ᠪᠠᠶᠢᠭᠤᠯᠬᠤ᠂ | ᠦᠢᠯᠡᠴᠢᠯᠡᠭᠡ ᠪᠠᠷ ᠬᠤᠯᠪᠣᠭ᠎ᠠ ᠪᠠᠨ ᠮᠠᠨᠳᠤᠭᠤᠯᠬᠤ᠂ ᠥᠭᠡᠷᠡᠴᠢᠯᠡᠯᠲᠡ ᠪᠠᠷ ᠬᠤᠯᠪᠣᠭ᠎ᠠ ᠪᠠᠨ ᠬᠦᠴᠦᠷᠬᠡᠭᠵᠢᠭᠦᠯᠬᠦ ᠶᠢ | ᠪᠠᠷᠢᠮᠲᠠᠯᠠᠵᠤ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠢᠮᠠᠭᠲᠠ ᠪᠠᠷᠢᠮᠲᠠᠯᠠᠨ | ᠴᠢᠩᠭᠠᠳᠬᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠥᠭᠦᠷᠭᠡ ᠬᠤᠯᠪᠣᠭᠠᠰᠤ ᠪᠠ ᠬᠠᠪᠰᠤᠷᠤᠭᠴᠢ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠱᠢ ᠲᠠᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ | ᠳᠠᠷᠤᠭ᠎ᠠ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢᠨ | ᠲᠡᠷᠢᠭᠦᠯᠡᠭᠴᠢ ᠬᠤᠤ ᠮᠢᠩ ᠶᠢᠨ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠰᠢᠦᠢ ᠯᠢᠦ ᠫᠢᠩ ᠤᠷᠢᠳ | ᠬᠤᠵᠢᠳ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠠᠷᠠᠳ ᠤᠨ ᠪᠦᠯᠬᠦᠮ ᠢ ᠲᠥᠯᠥᠭᠡᠯᠡᠨ ᠪᠠᠶᠠᠷ ᠤᠨ | ᠦᠭᠡ ᠬᠡᠯᠡᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠯᠢᠦ ᠭᠦᠸᠧ ᠵᠦᠩ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠭᠤᠮᠢᠨᠳᠠᠩ ᠤᠨ | ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ᠂ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠶᠦᠩ ᠶᠡᠭᠡ ᠬᠤᠷᠠᠯ ᠳᠤ ᠣᠷᠣᠯᠴᠠᠪᠠ᠃ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠲᠡᠷᠢᠭᠦᠯᠡᠭᠴᠢ ᠭᠤᠤ ᠶᠦᠨ ᠯᠦᠩ ᠶᠡᠭᠡ ᠬᠤᠷᠠᠯ ᠢ ᠡᠷᠬᠢᠯᠡᠪᠡ᠃ | ᠶᠡᠭᠡ ᠬᠤᠷᠠᠯ ᠠᠴᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠪᠣᠯᠣᠨ | ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠪᠠ᠃ | ᠬᠤᠷᠠᠯ ᠠᠴᠠ ᠡᠮᠦᠨ᠎ᠡ᠂ ᠸᠠᠩ ᠬᠤ᠋ ᠨᠢᠩ ᠵᠡᠷᠭᠡ ᠤᠳᠤᠷᠢᠳᠬᠤ ᠨᠥᠬᠦᠳ ᠪᠦᠬᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠬᠥᠬᠢᠭᠦᠯᠦᠭᠳᠡᠨ ᠰᠠᠶᠢᠰᠢᠶᠠᠭᠳᠠᠭᠰᠠᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠪᠣᠯᠣᠨ | ᠲᠡᠷᠢᠭᠦᠨ ᠤ ᠠᠵᠢᠯᠲᠠᠳ ᠲᠠᠢ ᠠᠭᠤᠯᠵᠠᠵᠠᠢ᠃ | ᠲᠥᠪ ᠤᠨ ᠪᠠ ᠲᠦᠷᠦ ᠶᠢᠨ ᠪᠠᠶᠢᠭᠤᠯᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠠᠷᠠᠳ ᠤᠨ ᠪᠦᠯᠬᠦᠮ ᠤᠨ ᠬᠠᠷᠢᠭᠤᠴᠠᠯᠭᠠᠲᠠᠨ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠶᠢᠨ | ᠬᠠᠷᠢᠭᠤᠴᠠᠯᠭᠠᠲᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠰᠲ᠋ᠧᠮ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠵᠢᠴᠢ ᠲᠥᠯᠥᠭᠡᠯᠡᠭᠴᠢ᠂ ᠬᠥᠬᠢᠭᠦᠯᠦᠯ ᠭᠥᠷᠳᠡᠭᠰᠡᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠰᠢᠰᠲ᠋ᠧᠮ ᠤᠨ ᠲᠡᠷᠢᠭᠦᠨ ᠤ ᠬᠠᠮᠲᠤ ᠶᠢᠨ ᠲᠥᠯᠥᠭᠡᠯᠡᠭᠴᠢ ᠪᠠ ᠲᠡᠷᠢᠭᠦᠨ ᠤ ᠠᠵᠢᠯᠲᠠᠨ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠮᠥᠰ ᠤᠨ ᠲᠥᠯᠥᠭᠡᠯᠡᠭᠴᠢ ᠶᠡᠭᠡ ᠬᠤᠷᠠᠯ ᠳᠤ ᠣᠷᠣᠯᠴᠠᠪᠠ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | | |