ᠦᠷᠬᠦᠯᠵᠢ ᠵᠢᠭᠠᠰᠤᠨ ᠮᠢᠬ᠎ᠠ ᠢᠳᠡᠪᠡᠯ ᠨᠣᠶᠢᠷ ᠤᠨ ᠪᠤᠯᠴᠢᠷᠬᠠᠢ ᠶᠢᠨ ᠦᠮᠡᠨ ᠢ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2023/10/27
    ᠵᠢᠭᠠᠰᠤ᠂ ᠢᠯᠠᠩᠭᠤᠶ᠎ᠠ ᠭᠦᠨ ᠳᠠᠯᠠᠢ ᠳᠠᠬᠢ ᠵᠢᠭᠠᠰᠤᠨ ᠮᠢᠬ᠎ᠠ ᠶᠢ ᠦᠷᠬᠦᠯᠵᠢ ᠢᠳᠡᠬᠦ ᠨᠢ ᠵᠢᠷᠦᠬᠡ ᠲᠠᠷᠢᠬᠢᠨ ᠤ ᠡᠷᠡᠭᠦᠯᠵᠢᠯ ᠳᠤ ᠲᠤᠰᠠᠲᠠᠢ ᠭᠡᠯᠴᠡᠳᠡᠭ᠃ ᠣᠶᠢᠷ᠎ᠠ ᠳᠤ᠂ ︽ᠠᠮᠧᠷᠢᠺᠠ ᠶᠢᠨ ᠡᠮᠴᠢᠯᠡᠭᠡᠨ ᠤ ᠰᠢᠮ᠎ᠡ ᠲᠡᠵᠢᠭᠡᠯ ᠤᠨ ᠰᠤᠳᠤᠯᠤᠯ ᠰᠡᠳᠬᠦᠯ︾ ᠶᠠᠫᠤᠨ ᠤ ᠨᠢᠭᠡᠨ ᠰᠢᠨ᠎ᠡ ᠰᠤᠳᠤᠯᠭᠠᠨ ᠤ ᠪᠦᠲᠦᠭᠡᠯ ᠢ ᠨᠡᠶᠢᠲᠡᠯᠡᠵᠦ᠂ ᠵᠢᠭᠠᠰᠤᠨ ᠮᠢᠬ᠎ᠠ ᠦᠷᠬᠦᠯᠵᠢ ᠢᠳᠡᠪᠡᠯ ᠪᠠᠰᠠ ᠨᠣᠶᠢᠷ ᠤᠨ ᠪᠤᠯᠴᠢᠷᠬᠠᠢ ᠶᠢᠨ ᠦᠮᠡᠨ ᠤ ᠲᠦᠭᠰᠢᠭᠦᠷᠢ ᠶᠢ ᠪᠠᠭᠠᠰᠬᠠᠳᠠᠭ ᠭᠡᠪᠡ᠃ ᠵᠢᠭᠠᠰᠤᠨ ᠮᠢᠬ᠎ᠠ ᠦᠷᠬᠦᠯᠵᠢ ᠢᠳᠡᠳᠡᠭ ᠬᠥᠮᠥᠨ ᠤ ᠨᠣᠶᠢᠷ ᠤᠨ ᠪᠤᠯᠴᠢᠷᠬᠠᠢ ᠶᠢᠨ ᠦᠮᠡᠨ ᠳᠤ ᠨᠡᠷᠪᠡᠭᠳᠡᠬᠦ ᠲᠦᠭᠰᠢᠭᠦᠷᠢ ᠨᠢ ᠪᠤᠰᠤᠳ ᠠᠴᠠ 30% ᠢᠶᠠᠷ ᠳᠣᠣᠷ᠎ᠠ ᠪᠠᠶᠢᠪᠠ᠃ ᠰᠤᠳᠤᠯᠭᠠᠲᠠᠳ ᠤᠨ ᠵᠢᠭᠠᠵᠤ ᠭᠠᠷᠭᠠᠭᠰᠠᠨ ᠢᠶᠠᠷ᠂ ᠵᠢᠭᠠᠰᠤᠨ ᠳᠠᠬᠢ ᠬᠠᠨᠤᠭᠰᠠᠨ ᠦᠭᠡᠢ ᠥᠭᠡᠬᠦᠨ ᠬᠦᠴᠢᠯ ᠨᠢ ᠦᠷᠪᠢᠰᠦᠯ ᠢ ᠡᠰᠡᠷᠭᠦᠴᠡᠬᠦ ᠪᠠ ᠦᠯᠦ ᠬᠠᠯᠳᠠᠭᠠᠬᠤ ᠴᠢᠳᠠᠯ ᠢ ᠵᠣᠬᠢᠴᠠᠭᠤᠯᠬᠤ ᠦᠢᠯᠡᠳᠦᠯ ᠲᠠᠢ ᠮᠥᠷᠲᠡᠭᠡᠨ ᠨᠣᠶᠢᠷ ᠤᠨ ᠪᠤᠯᠴᠢᠷᠬᠠᠢ ᠶᠢᠨ ᠦᠷᠪᠢᠰᠦᠯ ᠢ ᠳᠠᠷᠤᠳᠠᠭ ᠠᠴᠠ ᠨᠣᠶᠢᠷ ᠤᠨ ᠪᠤᠯᠴᠢᠷᠬᠠᠢ ᠶᠢᠨ ᠦᠮᠡᠨ ᠤ ᠲᠦᠭᠰᠢᠭᠦᠷᠢ ᠴᠤ  ᠪᠠᠭᠠᠰᠤᠨ᠎ᠠ᠃ ᠡᠶᠢᠮᠦ ᠠᠴᠠ ᠦᠷᠬᠦᠯᠵᠢ ᠵᠢᠭᠠᠰᠤᠨ ᠮᠢᠬ᠎ᠠ ᠢᠳᠡᠬᠦ ᠨᠢ ᠮᠠᠬᠠᠪᠤᠳ ᠤᠨ ᠡᠷᠡᠭᠦᠯᠵᠢᠯ ᠳᠤ ᠮᠠᠰᠢ ᠲᠤᠰᠠᠲᠠᠢ ᠶᠤᠮ᠃    ᠢᠷᠡᠯᠲᠡ᠄ ᠰᠢᠯᠤᠭᠤᠨ ᠬᠥᠬᠡ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ 
 
ᠢᠷᠡᠯᠲᠡ᠄ ᠰᠢᠯᠤᠭᠤᠨ ᠬᠥᠬᠡ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2